ᠦᠨᠡᠨᠴᠢ ᠢᠲᠡᠭᠡᠮᠵᠢ ᠶᠢᠨ ᠠᠯᠳᠠᠷ ᠢᠶᠠᠨ ᠬᠢᠯᠠᠷᠠᠭᠤᠯᠵᠣ ᠬᠤᠳᠠᠯᠳᠤᠭ᠎ᠠ ᠡᠵᠡᠩᠨᠡᠬᠦ ᠰᠢᠮᠡᠯᠢᠭ ᠬᠥᠷᠥᠰᠥ ᠶᠢ ᠵᠤᠵᠠᠭᠠᠳᠬᠠᠨ᠎ᠠ
ᠨᠡᠶᠢᠲᠡᠯᠡᠭᠰᠡᠨ ᠴᠠᠭ᠄
2024/4/29
   ᠦᠨᠡᠨᠴᠢ ᠢᠲᠡᠭᠡᠮᠵᠢᠲᠡᠢ ᠪᠠᠶᠢᠬᠤ ᠪᠣᠯ ᠬᠤᠪᠢ ᠬᠥᠮᠥᠨ ᠤ ᠣᠷᠣᠰᠢᠨ ᠲᠣᠭᠲᠠᠨᠢᠬᠤ ᠶᠢᠨ ᠦᠨᠳᠦᠰᠦ᠂ ᠨᠡᠶᠢᠭᠡᠮ ᠤᠨ ᠬᠥᠭᠵᠢᠯᠲᠡ ᠶᠢᠨ ᠰᠠᠭᠤᠷᠢ᠂ ᠬᠤᠳᠠ ᠶᠢᠨ ᠪᠣᠯᠪᠠᠰᠤᠨ ᠤ ᠰᠦᠭ ᠰᠦᠨᠡᠰᠦ ᠮᠥᠨ᠃     ᠬᠡᠷᠬᠢᠨ ︽ᠦᠨᠡᠨᠴᠢ ᠢᠲᠡᠭᠡᠮᠵᠢᠲᠡᠢ︾ ᠠᠯᠳᠠᠷ ᠢᠶᠠᠨ ᠨᠡᠩ ᠰᠠᠶᠢᠨ ᠲᠠᠭᠤᠷᠢᠰᠣᠭᠤᠯᠵᠣ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠪᠣᠶ︖ ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠢᠮᠠᠭᠲᠠ ᠲᠤᠤᠱᠯᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ ᠬᠠᠮᠤᠭ ᠤᠨ ᠲᠦᠷᠦᠭᠦᠨ ᠳᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠭᠦᠷᠭᠡ ᠶᠢᠨ ᠨᠠᠷᠢᠨ ᠳᠠᠩᠰᠠ ᠪᠣᠯᠣᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ︽ᠠᠮᠠᠯᠠᠯᠲᠠ ᠪᠠᠨ ᠪᠠᠲᠤ ᠰᠠᠬᠢᠨ ᠰᠢᠨ᠎ᠡ ᠨᠣᠶᠠᠨ ᠬᠠᠭᠤᠴᠢᠨ ᠳᠠᠩᠰᠠ ᠶᠢ ᠬᠠᠮᠢᠶᠠᠷᠴᠤ᠂ ᠢᠲᠡᠭᠡᠮᠵᠢ ᠶᠢ ᠬᠥᠩᠭᠡᠪᠴᠢᠯᠡᠬᠦ︾ ᠪᠠᠷ ᠠᠵᠢᠯ ᠤᠨ ᠣᠶᠢᠯᠠᠭᠠᠭᠳᠠᠬᠤᠨ ᠪᠣᠯᠭᠠᠵᠤ᠂ ᠢᠲᠡᠭᠡᠮᠵᠢ ᠶᠢᠨ ᠱᠠᠩᠨᠠᠵᠤ ᠲᠣᠷᠭᠠᠬᠤ ᠲᠣᠭᠲᠠᠴᠠ ᠶᠢ ᠲᠡᠭᠦᠯᠳᠡᠷᠵᠢᠭᠦᠯᠦᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠶᠡᠯᠡᠭᠦᠯᠬᠦ ᠳᠤ ᠬᠦᠴᠢᠷ ᠬᠠᠮᠲᠤᠷᠠᠯᠴᠠᠭᠠᠨ ᠤ ᠵᠦᠢᠯᠡᠰ ᠢ ᠳᠤᠷ᠎ᠠ ᠪᠠᠷ ᠢᠶᠠᠨ ᠠᠮᠠᠯᠠᠬᠤ ᠶᠢ ᠴᠢᠩᠭ᠎ᠠ ᠬᠤᠷᠢᠭᠯᠠᠪᠠ᠃ ᠠᠵᠤ ᠠᠬᠤᠶᠢᠯᠠᠯ᠂ ᠴᠢᠳᠠᠪᠤᠷᠢᠲᠠᠨ ᠳᠤ ᠠᠮᠠᠯᠳᠠᠭᠰᠠᠨ ᠠᠮᠠᠯᠠᠯᠲᠠ ᠶᠢᠨ ᠬᠦᠴᠢᠷᠳᠡᠯ ᠬᠡᠳᠦᠢ ᠶᠡᠭᠡ ᠪᠠᠶᠢᠭᠰᠠᠨ ᠴᠤ ᠪᠡᠶᠡᠯᠡᠭᠦᠯᠬᠦ ᠬᠡᠷᠡᠭᠲᠡᠢ᠃ ᠠᠵᠤ ᠠᠬᠤᠶᠢᠯᠠᠯ ᠳᠤ ᠬᠤᠯᠪᠣᠭᠳᠠᠬᠤ ᠲᠦᠷᠦ ᠶᠢᠨ ᠪᠣᠳᠣᠯᠭ᠎ᠠ᠂ ᠴᠢᠳᠠᠪᠤᠷᠢᠲᠠᠨ ᠤ ᠲᠦᠷᠦ ᠶᠢᠨ ᠪᠣᠳᠣᠯᠭ᠎ᠠ ᠶᠢ ᠤᠬᠠᠭᠤᠯᠵᠤ ᠮᠡᠳᠡᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ᠂ ᠴᠢᠳᠠᠪᠤᠷᠢᠲᠠᠨ ᠢ ᠡᠳ᠋ᠯᠡᠪᠡᠰᠦ ᠵᠣᠬᠢᠬᠤ ᠶᠢ ᠨᠢ ᠪᠦᠬᠦᠨ ᠢ ᠡᠳ᠋ᠯᠡᠭᠦᠯᠦᠨ ᠵᠠᠰᠠᠭ ᠤᠨ ᠶᠠᠪᠤᠳᠠᠯ ᠂ ᠬᠤᠳᠠᠯᠳᠤᠭᠠᠨ ᠤ ᠶᠠᠪᠤᠳᠠᠯ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠪᠠ᠃
  ︽ᠦᠨᠡᠨᠴᠢ ᠢᠲᠡᠭᠡᠮᠵᠢ +︾ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠴᠢᠳᠠᠮᠵᠢ ᠶᠢ ᠳᠡᠭᠡᠭᠰᠢᠯᠡᠭᠦᠯᠦᠨ᠎ᠡ    ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠡᠬᠢᠯᠡᠭᠰᠡᠨ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠳᠤᠮᠳᠠᠬᠢ ᠴᠣᠩᠬᠤᠪᠴᠢ ᠦᠢᠯᠡᠴᠢᠯᠡᠭᠡᠨ ᠤ ᠵᠢᠱᠢᠶ᠎ᠡ ᠦᠵᠡᠭᠦᠯᠦᠨ ᠦᠯᠢᠭᠡᠷ ᠳᠠᠭᠤᠷᠢᠶᠠᠯ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠨᠳᠥᠷ ᠪᠦᠲᠦᠮᠵᠢᠲᠡᠶ᠂ ᠠᠷᠢᠭᠤᠨ ᠴᠢᠬᠡᠴᠢ᠂ ᠢᠯᠡ ᠲᠣᠳᠣ ᠪᠠᠶᠢᠬᠤ ᠪᠠᠷ ᠵᠣᠷᠢᠯᠲᠠ ᠪᠣᠯᠭᠠᠵᠤ᠂ ︽ᠲᠠᠪᠤ ᠶᠢ ᠨᠢᠭᠡ ᠴᠣᠭᠴᠠᠵᠢᠭᠤᠯᠬᠤ︾ ᠰᠢᠨ᠎ᠡ ᠮᠠᠶ᠋ᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠬᠠᠮᠢᠶᠠᠷᠤᠯᠲᠠ᠂ ᠬᠢᠨᠠᠯᠲᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠪᠠᠨ ᠭᠦᠢᠴᠡᠳᠬᠡᠬᠦ ᠪᠦᠬᠦ ᠶᠠᠪᠤᠴᠠ ᠳᠤ ᠲᠤᠤᠱᠯᠠᠭᠤᠯᠵᠤ᠂ ︽ᠦᠨᠡᠨᠴᠢ ᠢᠲᠡᠭᠡᠮᠵᠢ + ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡ︾ ︽ᠦᠨᠡᠨᠴᠢ ᠢᠲᠡᠭᠡᠮᠵᠢ + ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠭᠦᠢᠴᠡᠳᠬᠡᠬᠦ︾ ︽ᠦᠨᠡᠨᠴᠢ ᠢᠲᠡᠭᠡᠮᠵᠢ + ᠲᠤᠰᠬᠠᠢ ᠪᠤᠯᠤᠩ ᠢ ᠲᠦᠷᠭᠡᠨ ᠭᠦᠢᠴᠡᠳᠬᠡᠬᠦ︾ ︽ᠦᠨᠡᠨᠴᠢ ᠢᠲᠡᠭᠡᠮᠵᠢ + ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠣᠷᠣᠨ︾ ︽ᠦᠨᠡᠨᠴᠢ ᠢᠲᠡᠭᠡᠮᠵᠢ + ᠰᠦᠢᠳᠬᠡᠯ ᠬᠤᠷᠢᠶᠠᠬᠤ ᠦᠭᠡᠢ ᠲᠦᠷᠭᠡᠨ ᠦᠢᠯᠡᠴᠢᠯᠡᠭᠡ︾ ︽ᠦᠨᠡᠨᠴᠢ ᠢᠲᠡᠭᠡᠮᠵᠢ +︾  ᠪᠠᠷ ᠭᠤᠣᠯ ᠪᠣᠯᠭᠠᠭᠰᠠᠨ 5 ᠡᠵᠡᠩᠨᠡᠯᠲᠡ ᠶᠢᠨ ᠣᠷᠴᠢᠨ ᠲᠣᠭᠤᠷᠢᠨ ᠤ ᠦᠢᠯᠡᠴᠢᠯᠡᠭᠡᠨ ᠤ ᠲᠣᠭᠲᠠᠴᠠ ᠶᠢ  ᠪᠠᠶᠢᠭᠤᠯᠪᠠ᠃ ᠴᠣᠩᠬᠤᠨ ᠤ ᠪᠠᠶᠢᠷᠢᠰᠢᠯ ᠢ ᠰᠢᠯᠢᠳᠡᠭᠵᠢᠭᠦᠯᠵᠦ᠂ ︽ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶᠢᠯᠡᠭᠰᠡᠨ ᠴᠣᠩᠬᠤ ᠪᠠᠷ ᠮᠠᠲ᠋ᠧᠷᠢᠶᠠᠯ ᠭᠠᠷᠭᠠᠬᠤ︾ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠲᠥᠪᠯᠡᠷᠡᠭᠦᠯᠦᠨ ᠦᠢᠯᠡᠴᠢᠯᠡᠬᠦ︾ ᠵᠠᠭᠪᠤᠷ ᠢ ᠲᠡᠭᠦᠯᠳᠡᠷᠵᠢᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠪᠠ ᠲᠤᠬᠠᠶᠢᠯᠠᠭᠰᠠᠨ ᠠᠵᠢᠯ ᠤᠨ ᠠᠵᠢᠯᠲᠠᠨ ᠢ ᠬᠠᠮᠤᠭ ᠤᠨ ᠶᠡᠭᠡ ᠬᠡᠮᠵᠢᠶ᠎ᠡ ᠪᠠᠷ ᠴᠤᠭᠯᠠᠷᠠᠭᠤᠯᠵᠤ᠂ ᠣᠷᠣᠨ ᠵᠠᠢ᠂ ᠵᠦᠢᠯᠡᠰ᠂ ᠠᠵᠢᠯᠲᠠᠨ ᠤ ᠣᠯᠠᠨ ᠲᠠᠯ᠎ᠠ ᠶᠢᠨ ᠠᠭᠤᠰᠤᠯᠴᠠᠯ ᠢ ᠪᠡᠶᠡᠯᠡᠭᠦᠯᠪᠠ  ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠡᠷᠡᠶᠢᠳᠦᠯ᠂ ᠳ᠋ᠤᠭᠠᠷᠯᠠᠯ᠂ ᠦᠨᠳᠦᠰᠦᠯᠡᠯ᠂ ᠲᠥᠷᠥᠯ ᠬᠡᠯᠪᠡᠷᠢ ᠵᠡᠷᠭᠡ ᠡᠯᠧᠮᠧᠨ᠋ᠲ ᠢ ᠨᠢᠭᠡᠳᠬᠡᠵᠦ᠂ 1221 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠮᠬᠢᠯᠡᠨ ᠳᠢᠭᠯᠡᠵᠦ᠂ ᠪᠦᠬᠦᠨ ᠢ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠬᠠᠮᠢᠶᠠᠷᠤᠯᠲᠠ ᠳᠤ ᠣᠷᠣᠭᠤᠯᠤᠨ᠂ ᠢᠲᠡᠭᠡᠯ ᠬᠦᠨᠳᠦ ᠪᠠᠷ ᠰᠠᠶᠢᠨ ᠠᠵᠤ ᠠᠬᠤᠶᠢᠯᠠᠯ ᠵᠢᠴᠢ ᠬᠤᠪᠢ ᠬᠥᠮᠥᠨ ᠤ ᠬᠡᠷᠡᠭ ᠭᠦᠢᠴᠡᠳᠬᠡᠬᠦ ᠲᠠᠰ ᠳᠠᠷᠠᠭᠠᠯᠠᠯ ᠢ ᠳᠥᠭᠦᠮᠴᠢᠯᠡᠵᠦ᠂ ᠰᠢᠢᠳᠪᠦᠷᠢᠯᠡᠵᠦ ᠳᠠᠭᠤᠰᠬᠠᠬᠤ ᠴᠠᠭ ᠤᠨ ᠬᠢᠵᠠᠭᠠᠷ ᠢ ᠪᠠᠭᠠᠰᠬᠠᠨ᠂ ᠰᠢᠢᠳᠪᠦᠷᠢᠯᠡᠬᠦ ᠳᠤ ᠠᠮᠠᠷ ᠮᠥᠷᠲᠡᠭᠡᠨ ᠲᠦᠷᠭᠡᠨ ᠭᠦᠢᠴᠡᠳᠬᠡᠬᠦ ᠶᠢ ᠪᠡᠶᠡᠯᠡᠭᠦᠯᠵᠦ᠂ ︽ᠨᠢᠭᠡ ᠶᠠᠪᠤᠳᠠᠯ︾ ᠪᠠ ︽ᠪᠥᠬᠦ ᠣᠷᠣᠨ ᠤ ᠨᠡᠶᠢᠳᠡᠮ ᠰᠢᠢᠳᠪᠦᠷᠢᠯᠡᠬᠦ︾ ᠲᠤᠰᠬᠠᠢ ᠪᠤᠯᠤᠩ ᠢ ᠠᠰᠢᠭᠯᠠᠨ᠂ ᠨᠢᠭᠡᠨᠲᠡ ᠡᠯ᠎ᠡ ᠲᠥᠷᠥᠯ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠬᠡᠷᠡᠭ ᠶᠠᠪᠤᠳᠠᠯ ᠢ 213 ᠬᠤᠪᠢ ᠭᠦᠢᠴᠡᠳᠬᠡᠵᠦ᠂ ᠪᠥᠬᠦ ᠣᠷᠣᠨ ᠤ ᠨᠡᠶᠢᠳᠡᠮ ᠰᠢᠢᠳᠪᠦᠷᠢᠯᠡᠬᠦ ᠬᠡᠷᠡᠭ ᠶᠠᠪᠤᠳᠠᠯ ᠢ 31 ᠬᠤᠪᠢ ᠭᠦᠢᠴᠡᠳᠬᠡᠪᠡ᠃ ᠠᠵᠤ ᠠᠬᠤᠶᠢᠯᠠᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠲᠤᠰᠬᠠᠢ ᠣᠷᠣᠨ ᠢ ᠲᠣᠬᠢᠷᠠᠭᠤᠯᠵᠤ᠂ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠳᠤ ᠭᠤᠶᠤᠴᠢᠯᠠᠨ ᠮᠡᠳᠡᠭᠦᠯᠵᠦ ᠳᠠᠩᠰᠠᠯᠠᠭᠤᠯᠬᠤ᠂ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠥᠭᠬᠦ ᠵᠡᠷᠭᠡ ︽ᠬᠠᠮᠢᠶᠠᠷᠤᠭᠴᠢ ᠮᠠᠶ᠋ᠢᠭ︾ ᠤᠨ ᠦᠢᠯᠡᠴᠢᠯᠡᠭᠡ ᠬᠠᠩᠭᠠᠵᠤ᠂ ︽ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ᠂ ᠲᠦᠷᠭᠡᠨ ᠳᠠᠭᠠᠬᠤ᠂ ᠲᠤᠰᠬᠠᠢ ᠮᠡᠷᠭᠡᠵᠢᠯ ᠢᠶᠠᠷ ᠬᠠᠪᠰᠤᠷᠤᠨ ᠭᠦᠢᠴᠡᠳᠬᠡᠬᠦ᠂ ᠥᠨᠳᠥᠷ ᠦᠷ᠎ᠡ ᠪᠦᠲᠦᠮᠵᠢᠲᠡᠶ ᠪᠠᠷ ᠦᠢᠯᠡᠴᠢᠯᠡᠬᠦ︾ ᠰᠢᠨ᠎ᠡ ᠪᠠᠶᠢᠷᠢᠰᠢᠯ ᠢ ᠪᠣᠶ ᠪᠣᠯᠭᠠᠪᠠ᠃
        ᠦᠨᠡᠨᠴᠢ ᠢᠲᠡᠭᠡᠮᠵᠢᠲᠡᠢ ᠪᠠᠶᠢᠬᠤ ᠪᠣᠯ ᠬᠠᠮᠤᠭ ᠤᠨ ᠦᠨᠳᠦᠰᠦᠨ ︽ᠬᠤᠶᠠᠷ ᠢ ᠡᠯᠰᠡᠵᠦ ᠬᠤᠶᠠᠷ ᠢ ᠲᠠᠲᠠᠬᠤ︾ ᠨᠡᠷ᠎ᠡ ᠶᠢᠨ ᠬᠠᠭᠤᠳᠠᠰᠤ ᠮᠥᠨ᠂ ᠰᠠᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠪᠣᠯ ᠶᠠᠭᠤᠨ ᠤ ᠡᠮᠦᠨ᠎ᠡ ᠦᠨᠡᠨᠴᠢ ᠢᠲᠡᠭᠡᠮᠵᠢᠲᠡᠢ ᠪᠠᠶᠢᠬᠤ ᠶᠢ ᠡᠷᠬᠢᠮᠯᠡᠬᠦ ᠶᠠᠪᠤᠳᠠᠯ ᠪᠣᠯᠣᠨ᠎ᠠ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠲᠥᠷᠥᠯ ᠵᠦᠢᠯ ᠢ ᠣᠷᠣᠭᠤᠯᠤᠨ ᠠᠪᠴᠢᠷᠠᠬᠤ᠂ ᠭᠡᠷ᠎ᠡ ᠲᠣᠭᠲᠠᠬᠤ   ᠠᠴᠠ ᠭᠠᠷᠳᠠᠮ ᠭᠦᠢᠴᠡᠳᠬᠡᠬᠦ᠂ ᠠᠵᠢᠯ ᠡᠬᠢᠯᠡᠭᠦᠯᠦᠨ ᠪᠣᠳᠠᠲᠠᠶᠢᠵᠢᠭᠤᠯᠬᠤ᠂ ︽ᠨᠢᠭᠡ ᠳᠤᠭᠤᠶᠢᠯᠠᠩ ᠢᠶᠠᠷ ᠡᠴᠦᠰ ᠲᠤᠨᠢ ᠲᠤᠯᠲᠠᠯ᠎ᠠ ᠬᠠᠮᠢᠶᠠᠷᠬᠤ︾ ᠦᠨᠡᠨᠴᠢ ᠢᠲᠡᠭᠡᠮᠵᠢ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ︽ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠬᠡᠢ ᠲᠦᠰᠦᠭᠡᠯᠡᠭᠦ︾ ︽ᠠᠮᠠᠯᠠᠯᠲᠠ ᠶᠢᠨ ᠵᠦᠢᠯᠡᠰ ᠢᠶᠠᠨ ᠥᠯᠥ ᠪᠡᠶᠡᠯᠡᠭᠦᠯᠬᠦ︾ ᠵᠡᠷᠭᠡ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠬᠦᠨᠳᠦ ᠨᠣᠴᠢᠲᠠᠢ ᠡᠪᠳᠡᠭᠰᠡᠨ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠪᠡᠯᠡ ᠲᠣᠬᠢᠷᠠᠭᠤᠯᠭ᠎ᠠ ᠶᠢᠨ ᠢᠲᠡᠭᠡᠮᠵᠢ ᠶᠢᠨ ᠦᠢᠯᠡᠴᠢᠯᠡᠭᠡᠨ ᠤ ᠦᠢᠯᠡᠳᠬᠦᠨ ᠪᠠ ᠬᠡᠷᠡᠭᠯᠡᠭᠡᠨ ᠳᠤ ᠰᠢᠨ᠎ᠡ ᠶᠢ ᠡᠭᠦᠳᠴᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠪᠣᠯᠣᠮᠵᠢᠲᠤ ᠴᠢᠨᠠᠷ᠂ ᠲᠥᠬᠦᠮ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠬᠦ ᠶᠢ ᠠᠬᠢᠭᠤᠯᠵᠤ᠂ ᠢᠲᠡᠭᠡᠮᠵᠢ ᠪᠠᠷ ᠠᠭᠤᠰᠤᠯᠴᠠᠯ ᠢ ᠠᠬᠢᠭᠤᠯᠬᠤ ᠶᠢ ᠪᠡᠶᠡᠯᠡᠭᠦᠯᠪᠠ᠃     ︽ᠢᠲᠡᠭᠡᠯ ᠢᠶᠠᠷ ᠠᠮᠠᠯᠠᠯᠲᠠ ᠪᠠᠨ ᠪᠡᠶᠡᠯᠡᠭᠦᠯᠬᠦ︾ ᠪᠠᠷ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠤᠨ᠎ᠠ     ᠣᠳᠣᠬᠠᠨ ᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ︽ᠬᠤᠶᠠᠷ ᠬᠤᠪᠣᠷ ᠰᠢᠷᠣᠢ ᠶᠢᠨ ᠰᠠᠭᠤᠷᠢᠨ︾ ᠢ ᠪᠠᠶᠢᠭᠤᠯᠬᠤ ᠪᠠ ︽ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 50 ᠬᠦᠴᠦᠷᠬᠡᠭ ᠲᠤ ᠲᠦᠷᠭᠡᠨ ᠲᠠᠪᠰᠢᠬᠤ︾ ᠵᠠᠩᠭᠢᠯᠠᠭ᠎ᠠ ᠶᠢᠨ ᠴᠠᠭ ᠦᠶ᠎ᠡ ᠳᠤ ᠲᠣᠬᠢᠶᠠᠯᠳᠤᠵᠤ ᠪᠠᠶᠢᠨ᠎ᠠ᠃ ᠠᠵᠤ ᠦᠢᠯᠡᠰ ᠤᠨ ᠠᠵᠤ ᠠᠬᠤᠢ ᠶᠢᠨ ᠬᠥᠭᠵᠢᠯᠲᠡ ᠶᠢᠨ ᠬᠠᠮᠤᠭ ᠤᠨ ᠶᠡᠭᠡ ᠳᠤᠲᠠᠭᠤᠳᠠᠯ ᠨᠢ ᠴᠢᠳᠠᠪᠤᠷᠢᠲᠠᠨ ᠳᠤ ᠪᠤᠢ᠂ ᠬᠠᠮᠤᠭ ᠤᠨ ᠳᠤᠲᠠᠭᠳᠠᠵᠤ ᠪᠠᠶᠢᠭ᠎ᠠ ᠡᠬᠢ ᠪᠠᠶᠠᠯᠢᠭ ᠪᠣᠯ ᠴᠢᠳᠠᠪᠤᠷᠢᠲᠠᠨ ᠪᠣᠯᠣᠨ᠎ᠠ᠃ ᠦᠳᠲᠡᠷ ᠲᠦᠷᠭᠡᠨ ᠢᠶᠠᠷ ᠬᠥᠭᠵᠢᠭᠦᠯᠵᠦ᠂ ᠲᠠᠪᠠᠯᠳᠠᠳᠦ ᠬᠥᠭᠵᠢᠯᠲᠡ ᠶᠢ ᠪᠡᠶᠡᠯᠡᠭᠦᠯᠵᠦ ᠴᠢᠳᠠᠬᠤ ᠡᠰᠡᠬᠦ ᠶᠢᠨ ᠵᠠᠩᠭᠢᠯᠠᠭ᠎ᠠ ᠨᠢ ︽ᠪᠦᠬᠦ ᠣᠷᠣᠨ ᠤ ᠬᠦᠴᠦᠨ ᠢ ᠳᠠᠶᠢᠴᠢᠯᠠᠵᠤ᠂ ᠳᠦᠷᠪᠡᠨ ᠲᠠᠯ᠎ᠠ ᠶᠢᠨ ᠴᠢᠳᠠᠪᠤᠷᠢᠲᠠᠨ ᠢ ᠴᠤᠭᠯᠠᠷᠠᠭᠤᠯᠵᠤ︾᠂ ︽ᠣᠶᠢᠷ᠎ᠠ ᠶᠢᠨ ᠬᠥᠮᠥᠰ ᠪᠠᠶᠠᠷᠯᠠᠵᠤ᠂ ᠬᠤᠯᠠ ᠶᠢᠨ ᠬᠥᠮᠥᠰ ᠢᠷᠡᠬᠦ︾ ᠴᠢᠳᠠᠪᠤᠷᠢᠲᠠᠨ ᠤ ᠴᠤᠭᠯᠠᠷᠠᠯ ᠤᠨ ᠦᠢᠯᠡᠳᠦᠯ ᠢ ᠪᠦᠷᠢᠯᠳᠦᠭᠦᠯᠵᠦ ᠴᠢᠳᠠᠬᠤ ᠡᠰᠡᠬᠦ ᠳᠤ ᠪᠤᠢ᠃ ᠡᠯ᠎ᠡ ᠲᠦᠷᠦᠯ ᠤᠨ ᠴᠢᠳᠠᠪᠤᠷᠢᠲᠠᠨ ᠤ ᠢᠷᠡᠬᠦ ᠳᠤᠷᠠᠲᠠᠢ ᠡᠰᠡᠬᠦ᠂ ᠦᠯᠡᠳᠡᠵᠦ ᠳᠡᠶᠢᠯᠬᠦ ᠡᠰᠡᠬᠦ ᠶᠢ ᠪᠦᠬᠦ ᠣᠷᠣᠨ ᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ᠂ ᠴᠢᠳᠠᠪᠤᠷᠢᠲᠠᠨ ᠢ ᠲᠠᠲᠠᠵᠤ ᠠᠪᠴᠢᠷᠠᠬᠤ ᠦᠨᠡᠨᠴᠢ ᠰᠡᠳᠬᠢᠯ ᠵᠢᠴᠢ ᠦᠢᠯᠡᠴᠢᠯᠡᠭᠡᠨ ᠤ ᠴᠢᠳᠠᠪᠤᠷᠢᠲᠠᠨ ᠤ ᠴᠢᠨᠠᠷ ᠴᠢᠨᠰᠠᠭ᠎ᠠ ᠪᠠᠷ ᠦᠵᠡᠬᠦ ᠬᠡᠷᠡᠭᠲᠡᠢ᠃ ᠲᠦᠷᠦ ᠶᠢᠨ ᠪᠣᠳᠣᠯᠭ᠎ᠠ ᠪᠠᠷ ᠬᠥᠮᠥᠨ ᠡᠯᠰᠡᠬᠦ ᠳᠤ ᠴᠦ ᠲᠡᠷᠡ᠂ ᠠᠵᠤ ᠦᠢᠯᠡᠰ ᠢᠶᠠᠷ ᠬᠥᠮᠥᠨ ᠣᠷᠣᠭᠤᠯᠬᠤ᠂ ᠣᠷᠴᠢᠨ ᠲᠣᠭᠤᠷᠢᠨ ᠢᠶᠠᠷ ᠬᠥᠮᠥᠨ ᠣᠷᠣᠭᠤᠯᠬᠤ ᠳᠤ ᠴᠤ ᠲᠡᠷᠡ᠂ ᠴᠥᠮ ︽ᠦᠨᠡᠨᠴᠢ ᠢᠲᠡᠭᠡᠮᠵᠢ︾  ᠭᠡᠬᠦ ᠬᠤᠶᠠᠷ ᠦᠰᠦᠭ ᠠᠴᠠ ᠰᠠᠯᠵᠤ ᠴᠢᠳᠠᠬᠤ ᠦᠭᠡᠢ ᠶᠤᠮ᠂ ᠡᠷᠬᠡᠪᠰᠢ ᠦᠨᠡᠨᠴᠢ ᠢᠲᠡᠭᠡᠮᠵᠢ ᠶᠢ ᠬᠠᠮᠤᠭ ᠤᠨ ᠶᠡᠭᠡ ᠴᠢᠳᠠᠪᠤᠷᠢᠲᠠᠨ ᠤ ᠲᠦᠷᠦ ᠶᠢᠨ ᠪᠣᠳᠣᠯᠭ᠎ᠠ ᠪᠠᠷ ᠠᠳᠬᠤᠬᠤ ᠬᠡᠷᠡᠭᠲᠡᠢ᠃
    ᠴᠢᠳᠠᠪᠤᠷᠢᠲᠠᠨ ᠤ ᠠᠵᠢᠯ ᠤᠨ ᠴᠢᠬᠤᠯᠠ ᠴᠢᠨᠠᠷ ᠤᠨ ᠲᠤᠬᠠᠢ ᠭᠦᠨᠵᠡᠭᠡᠢ ᠲᠠᠨᠢᠯᠲᠠ ᠳᠤ ᠰᠠᠭᠤᠷᠢᠯᠠᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠦᠢᠯᠡᠳᠪᠦᠷᠢᠯᠡᠯ ᠢᠶᠠᠷ ᠴᠢᠳᠠᠪᠤᠷᠢᠲᠠᠨ ᠢ ᠬᠤᠷᠠᠮᠳᠤᠭᠤᠯᠬᠤ᠂ ᠴᠢᠳᠠᠪᠤᠷᠢᠲᠠᠨ ᠢᠶᠠᠷ ᠦᠢᠯᠡᠳᠪᠦᠷᠢᠯᠡᠯ ᠢ ᠬᠥᠭᠵᠢᠭᠦᠯᠬᠦ᠂ ᠦᠢᠯᠡᠳᠪᠦᠷᠢᠯᠡᠬᠦ ᠴᠢᠳᠠᠪᠤᠷᠢᠲᠠᠨ ᠢ ᠠᠭᠤᠰᠤᠯᠴᠠᠭᠤᠯᠬᠤ ᠶᠢ ᠶᠡᠬᠡᠪᠡᠷ ᠠᠬᠢᠭᠤᠯᠵᠤ᠂ ︽ᠠᠵᠢᠯ ᠦᠢᠯᠡᠰ ᠤᠨ ᠣᠷᠣᠨ ᠲᠤᠭ᠎ᠠ ᠶᠢ ᠠᠵᠤ ᠠᠬᠤᠶᠢᠯᠠᠯ ᠤᠨ ᠬᠡᠷᠡᠭᠯᠡᠭᠡᠨ ᠳᠤ ᠣᠷᠣᠭᠤᠯᠬᠤ︾ ︽ᠡᠷᠳᠡᠮᠲᠡᠨ ᠴᠢᠳᠠᠪᠤᠷᠢᠲᠠᠨ ᠡᠯᠰᠡᠬᠦ︾ ᠵᠡᠷᠭᠡ ᠴᠢᠳᠠᠪᠤᠷᠢᠲᠠᠨ ᠣᠷᠣᠭᠤᠯᠬᠤ ᠲᠥᠷᠥ ᠶᠢᠨ ᠪᠣᠳᠣᠯᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠨᠠᠶᠢᠳᠠᠪᠤᠷᠢᠵᠢᠭᠤᠯᠵᠤ᠂ ᠲᠡᠳᠡᠨ ᠣᠷᠣᠭᠤᠯᠬᠤ ᠴᠢᠳᠠᠪᠤᠷᠢᠲᠠᠨ ᠢ ᠬᠤᠶᠢᠰᠢᠳᠠ ᠶᠢᠨ ᠵᠣᠪᠠᠨᠢᠯ ᠦᠭᠡᠢ ᠪᠣᠯᠭᠠᠨ᠎ᠠ᠃ ︽ᠠᠺᠠᠳᠧᠮᠢᠴᠢ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠶᠠᠯᠠᠯ︾ ᠤᠨ ᠴᠢᠳᠠᠪᠤᠷᠢᠲᠠᠨ ᠲᠠᠲᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠫᠤᠰᠲ ᠳ᠋ᠣᠺᠲ᠋ᠣᠷ ᠤᠨ ᠠᠵᠢᠯ ᠤᠨ ᠥᠷᠲᠡᠭᠡ᠂ ᠫᠤᠰᠲ ᠳ᠋ᠣᠺᠲ᠋ᠣᠷ ᠤᠨ ᠰᠢᠨ᠎ᠡ ᠶᠢ ᠡᠭᠦᠳᠬᠦ ᠦᠢᠯᠡᠳᠦᠯᠭᠡ ᠶᠢᠨ ᠰᠠᠭᠤᠷᠢᠨ ᠭᠠᠵᠠᠷ ᠢ ᠥᠨᠳᠥᠷ ᠬᠢᠷᠢ ᠲᠦᠪᠰᠢᠨ ᠢᠶᠠᠷ ᠪᠦᠲᠦᠭᠡᠨ ᠪᠠᠶᠢᠭᠤᠯᠵᠤ᠂ ︽ᠬᠤᠪᠣᠷ ᠰᠢᠷᠣᠢ +︾ ᠫᠤᠰᠲ ᠳ᠋ᠣᠺᠲ᠋ᠣᠷ ᠤᠨ ᠡᠷᠳᠡᠮ ᠰᠢᠨᠵᠢᠯᠡᠭᠡᠨ ᠤ ᠶᠠᠷᠢᠯᠴᠠᠭᠠᠨ ᠤ ᠲᠠᠪᠴᠠᠩ ᠤᠨ ᠠᠵᠢᠯᠯᠠᠭ᠎ᠠ ᠶᠢ ᠥᠨᠳᠥᠷ ᠪᠠᠷᠢᠮᠵᠢᠶ᠎ᠠ ᠪᠠᠷ ᠡᠷᠭᠢᠯᠡᠵᠦ᠂ ︽ᠳᠡᠭᠡᠳᠦ ᠰᠢᠨ᠎ᠡ ᠮᠡᠷᠭᠡᠵᠢᠯ ᠤᠨ ᠴᠢᠳᠠᠪᠤᠷᠢᠲᠠᠨ︾ ᠤ ᠬᠤᠯᠪᠣᠭ᠎ᠠ ᠶᠢ ᠵᠣᠬᠢᠶᠠᠨ ᠪᠠᠶᠢᠭᠤᠯᠵᠤ ᠳᠡᠭᠡᠳᠦ ᠰᠢᠨ᠎ᠡ ᠮᠡᠷᠭᠡᠵᠢᠯ ᠳᠤ ᠶᠣᠰᠣᠷᠬᠠᠭ ᠬᠠᠷᠠᠭᠠᠯᠵᠠᠯ ᠦᠵᠡᠭᠦᠯᠦᠨ᠎ᠡ᠃    ︽ᠢᠲᠡᠭᠡᠯ ᠢᠶᠠᠷ ᠬᠥᠮᠥᠨ ᠢ ᠬᠦᠯᠢᠶᠡᠨ ᠠᠪᠤᠪᠠᠰᠤ ᠳᠡᠯᠡᠬᠡᠢ ᠳ᠋ᠠᠬᠢᠨ ᠢᠶᠠᠷ ᠢᠶᠠᠨ ᠢᠲᠡᠭᠡᠮᠦᠢ︕︾ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠴᠢᠳᠠᠪᠤᠷᠢᠲᠠᠨ ᠡᠯᠰᠡᠵᠦ ᠤᠶᠤᠨ ᠤᠬᠠᠭᠠᠨ ᠣᠷᠣᠭᠤᠯᠬᠤ ᠳᠤᠮᠳᠠ ᠠᠵᠤ ᠠᠬᠤᠶᠢᠯᠠᠯ᠂ ᠴᠢᠳᠠᠪᠤᠷᠢᠲᠠᠨ ᠳᠤ ᠠᠮᠠᠯᠳᠠᠭᠰᠠᠨ ᠠᠮᠠᠯᠠᠯᠲᠠ ᠳᠤ ᠪᠠᠨ ᠬᠦᠴᠢᠷᠳᠡᠯ ᠬᠡᠳᠦᠢ ᠶᠡᠭᠡ ᠪᠠᠶᠢᠭᠰᠠᠨ ᠴᠤ ᠠᠷᠭ᠎ᠠ ᠪᠦᠬᠦᠨ ᠢ ᠰᠦᠪᠡᠭᠴᠢᠯᠡᠨ ᠪᠡᠶᠡᠯᠡᠭᠦᠯᠵᠦ᠂ ᠦᠨᠡᠨᠴᠢ ᠢᠲᠡᠭᠡᠮᠵᠢᠲᠡᠢ ᠪᠠᠶᠢᠬᠤ ᠶᠢ ᠡᠷᠬᠢᠮᠯᠡᠬᠦ᠂ ᠭᠡᠷ᠎ᠡ ᠶᠢ ᠰᠠᠬᠢᠬᠤ ᠠᠵᠢᠯᠯᠠᠭ᠎ᠠ ᠪᠠᠷ ᠮᠠᠭᠲᠠᠭᠠᠯ ᠰᠠᠶᠢᠰᠢᠶᠠᠯ ᠢ ᠣᠯᠵᠤ᠂ ᠲᠦᠷᠦᠯ ᠲᠡᠮᠳᠡᠭ ᠢ ᠪᠤᠢ ᠪᠣᠯᠭᠠᠵᠤ᠂ ᠨᠡᠩ ᠤᠯᠠᠨ ᠠᠵᠤ ᠠᠬᠤᠶᠢᠯᠠᠯ ᠪᠣᠯᠣᠨ ᠴᠢᠳᠠᠪᠤᠷᠢᠲᠠᠨ ᠢ ᠲᠠᠲᠠᠵᠤ ᠪᠤᠭᠤᠲᠤ ᠶᠢ ᠰᠣᠩᠭᠤᠭᠤᠯᠬᠤ ᠬᠡᠷᠡᠭᠲᠡᠢ ᠭᠡᠪᠠ᠃ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠤᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠠᠨ ᠨᠡᠶᠢᠲᠡ ᠪᠠᠷ ᠢᠶᠠᠨ ᠣᠷᠣᠯᠴᠠᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠵᠠᠪᠠᠯ ᠥᠩᠭᠡᠷᠡᠭᠡᠬᠦ ᠵᠢᠷᠤᠮ ᠢ ᠴᠢᠩᠭ᠎ᠠ ᠭᠦᠢᠴᠡᠳᠬᠡᠵᠦ᠂ ᠲᠣᠭᠲᠠᠭᠠᠭᠰᠠᠨ ᠶᠠᠪᠤᠳᠠᠯ ᠤᠨ ᠶᠠᠪᠤᠭᠳᠠᠭᠤᠰᠢᠲᠠᠢ ᠪᠠᠶᠢᠬᠤ ᠶᠢ ᠦᠨᠡᠨ ᠬᠦ ᠪᠠᠲᠤᠯᠠᠵᠤ᠂ ᠰᠢᠢᠳᠪᠦᠷᠢᠲᠦ ᠪᠣᠳᠣᠯᠭ᠎ᠠ ᠶᠢᠨ ᠠᠯᠳᠠᠰᠢ ᠠᠴᠠ ᠪᠣᠯᠵᠤ ᠢᠲᠡᠭᠡᠯ ᠠᠯᠳᠠᠬᠤ ᠶᠢ ᠰᠡᠷᠭᠡᠶᠢᠯᠡᠨ᠎ᠡ᠃     ᠡᠭᠦᠨ ᠤ ᠵᠡᠷᠭᠡ ᠳᠤ᠂ ᠣᠷᠣᠨ ᠳᠤ ᠰᠠᠭᠤᠭ᠎ᠠ ᠠᠵᠤ ᠠᠬᠤᠶᠢᠯᠠᠯ ᠤᠨ ᠬᠥᠭᠵᠢᠯᠲᠡ ᠳᠤ ᠪᠥᠬᠦ ᠬᠦᠴᠦᠨ ᠢᠶᠠᠷ ᠢᠶᠠᠨ ᠰᠠᠶᠢᠲᠤᠷ ᠦᠢᠯᠡᠴᠢᠯᠡᠬᠦ ᠶᠢᠨ ᠲᠥᠯᠥᠭᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠪᠤᠭᠤᠲᠤ ᠬᠤᠲᠠ ᠶᠢᠨ ᠠᠩᠬᠠᠳᠠᠭᠴᠢ ᠴᠠᠭᠳᠠᠭᠠᠨ ᠤ ᠠᠵᠤ ᠠᠬᠤᠶᠢᠯᠠᠯ ᠤᠨ ᠬᠠᠮᠲᠤ ᠪᠠᠷ ᠪᠠᠶᠢᠭᠤᠯᠤᠭᠰᠠᠨ ᠴᠠᠭᠳᠠᠭᠠᠨ ᠤ ᠶᠠᠪᠤᠳᠠᠯ ᠤᠨ ᠲᠠᠰᠤᠭ ︱ ᠱᠤᠸᠠᠩ ᠯᠢᠶᠠᠩ ᠪᠦᠯᠦᠭᠯᠡᠯ ᠤᠨ ᠴᠠᠭᠳᠠᠭᠠᠨ ᠤ ᠶᠠᠪᠤᠳᠠᠯ ᠤᠨ ᠲᠠᠰᠤᠭ ᠢ ᠪᠠᠶᠢᠭᠤᠯᠵᠤ᠂ ᠥᠷᠲᠡᠭᠡᠨ ᠳᠤ 12 ᠬᠥᠮᠥᠨ ᠢ ᠲᠣᠮᠢᠯᠠᠨ ᠰᠠᠭᠤᠯᠭᠠᠵᠤ᠂ ᠠᠵᠤ ᠠᠬᠤᠶᠢᠯᠠᠯ ᠳᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠬᠠᠤᠯᠢ ᠴᠠᠭᠠᠵᠠ ᠶᠢᠨ ᠯᠠᠪᠯᠠᠭ᠎ᠠ ᠵᠡᠷᠭᠡ ︽ᠲᠣᠪᠶᠤᠭ︾ ᠤᠨ ᠦᠢᠯᠡᠴᠢᠯᠡᠭᠡ ᠬᠠᠩᠭᠠᠵᠤ᠂ 300 ᠭᠠᠷᠤᠢ ᠠᠵᠤ ᠠᠬᠤᠶᠢᠯᠠᠯ ᠢ ᠦᠢᠯᠡᠴᠢᠯᠡᠭᠡ ᠬᠠᠩᠭᠠᠪᠠ᠃ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮᠵᠢ ᠪᠠ ᠢᠲᠡᠭᠡᠮᠵᠢ ᠶᠢᠨ ᠵᠠᠯᠬᠠᠭᠠᠯ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠢᠲᠡᠭᠡᠯ ᠠᠯᠳᠠᠭᠰᠠᠨ ᠭᠤᠣᠯ ᠴᠣᠭᠴᠠ ᠶᠢ ᠵᠠᠯᠬᠠᠭᠠᠨ ᠰᠢᠢᠳᠬᠡᠬᠦ ᠡᠷᠴᠢᠮ ᠢᠶᠠᠨ ᠴᠢᠩᠭᠠᠷᠠᠭᠤᠯᠵᠤ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠳᠤ ᠢᠲᠡᠭᠡᠮᠵᠢ ᠣᠯᠭᠤᠬᠤ ᠲᠤᠭ᠎ᠠ ᠬᠡᠮᠵᠢᠶ᠎ᠡ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠵᠡᠷᠭᠡ ᠲᠠᠯ᠎ᠠ ᠪᠠᠷ ᠨᠠᠩ ᠣᠯᠠᠨ ᠲᠥᠬᠦᠮ ᠦᠵᠡᠭᠦᠯᠬᠦ ᠪᠠ ᠬᠠᠷᠠᠭᠠᠯᠵᠠᠯ ᠦᠵᠡᠭᠦᠯᠵᠦ᠂ ᠢᠲᠡᠭᠡᠮᠵᠢ ᠶᠢ ᠦᠨᠡᠨ ᠬᠦ ︽ᠪᠡᠯᠡᠨ ᠵᠣᠭᠤᠰ ᠪᠣᠯᠭᠠᠬᠤ︾ ᠬᠡᠷᠡᠭᠲᠡᠢ᠃ ᠨᠢᠭᠡ ᠪᠦᠯᠦᠭ ᠦᠨᠡᠨᠴᠢ ᠢᠲᠡᠭᠡᠮᠵᠢᠲᠡᠢ ᠪᠠᠷ ᠡᠵᠡᠩᠨᠡᠬᠦ᠂ ᠢᠲᠡᠭᠡᠮᠵᠢᠲᠡᠢ ᠪᠠᠷ ᠠᠮᠠᠯᠠᠯᠲᠠ ᠪᠠᠨ ᠦᠢᠯᠡᠳᠦᠯᠭᠡᠵᠢᠭᠦᠯᠦᠭᠰᠡᠨ ᠬᠡᠪ ᠳᠠᠭᠤᠷᠢᠶᠠᠯ ᠠᠵᠤ ᠠᠬᠤᠶᠢᠯᠠᠯ ᠪᠠ ᠦᠨᠡᠨᠴᠢ ᠢᠲᠡᠭᠡᠮᠵᠢ ᠲᠠᠢ ᠬᠤᠪᠢ ᠬᠥᠮᠥᠨ᠂ ᠦᠨᠡᠨᠴᠢ ᠢᠲᠡᠭᠡᠮᠵᠢ ᠲᠠᠢ ᠬᠤᠳᠠᠯᠳᠤᠭᠠᠨ ᠤ ᠡᠷᠦᠬᠡ ᠶᠢ ᠭᠦᠢᠴᠡᠳ ᠠᠭᠤᠳᠠᠯᠬᠤ ᠪᠠ ᠰᠣᠩᠭᠤᠨ ᠪᠣᠶ ᠪᠣᠯᠭᠠᠵᠤ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠣᠨᠣᠯᠵᠢᠬᠤᠨ ᠢ ᠪᠠᠲᠤ ᠰᠠᠬᠢᠵᠤ᠂ ᠦᠨᠡᠨᠴᠢ ᠢᠲᠡᠭᠡᠮᠵᠢ ᠶᠢᠨ ᠵᠣᠷᠢᠭ ᠰᠠᠨᠠᠭ᠎ᠠ ᠶᠢ ᠬᠢᠴᠢᠶᠡᠩᠭᠦᠶᠢᠯᠡᠨ ᠰᠠᠬᠢᠵᠤ᠂ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号