ᠡᠨᠡ ᠵᠢᠯ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ 71 ᠴᠢᠬᠤᠯᠠ ᠶᠡᠭᠡ ᠲᠥᠷᠥᠯ | ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 573.84 ᠳ᠋ᠦᠩᠰᠢᠭᠤᠷ | ᠲᠥᠭᠦᠷᠢᠭ ᠪᠣᠯᠣᠨ᠎ᠠ᠃ ᠠᠵᠤ ᠦᠢᠯᠡᠰ ᠤᠨ ᠲᠥᠷᠥᠯ ᠤᠨ ᠲᠥᠷᠥᠯ ᠵᠦᠢᠯ 61 ᠪᠠᠶᠢᠵᠤ᠂ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠤᠨ ᠲᠥᠷᠥᠯ ᠵᠦᠢᠯ 42 ᠶᠢ ᠰᠢᠨ᠎ᠡ ᠪᠠᠷ ᠠᠵᠢᠯ | ᠡᠬᠢᠯᠡᠭᠦᠯᠪᠡ᠃ ᠪᠠᠶᠢᠯᠳᠤᠬᠤ ᠪᠣᠳᠣᠯᠭ᠎ᠠ ᠶᠢᠨ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ 32 ᠴᠢᠬᠤᠯᠠ ᠶᠡᠭᠡ | ᠵᠦᠢᠯᠡᠰ ᠢ ᠰᠢᠨ᠎ᠡ ᠪᠠᠷ ᠠᠵᠢᠯ ᠡᠬᠢᠯᠡᠭᠦᠯᠪᠡ᠃ | ᠭᠤᠣᠯᠳᠠᠯᠭ᠎ᠠ ᠲᠠᠢ ᠲᠦᠷᠦᠯ ᠵᠦᠢᠯ ᠨᠢ ᠠᠵᠤ ᠠᠬᠤᠢ ᠶᠢᠨ ︽ᠲᠣᠭᠲᠠᠪᠤᠷᠢᠵᠢᠭᠤᠯᠤᠭᠴᠢ︾ ᠪᠣᠯᠬᠤ ᠪᠠᠷ | ᠪᠠᠷᠠᠬᠤ ᠦᠭᠡᠢ᠂ ᠨᠡᠩ ᠴᠤ ᠬᠥᠭᠵᠢᠯᠲᠡ ᠶᠢᠨ ︽ᠠᠬᠢᠭᠤᠯᠤᠭᠴᠢ︾ ᠪᠣᠯᠣᠨ᠎ᠠ᠃ ᠡᠨᠡ ᠵᠢᠯ᠂ ᠬᠤᠪᠣᠷ ᠰᠢᠷᠣᠢ ᠶᠢᠨ | ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠮᠵᠢ ᠣᠯᠬᠤ ᠠᠵᠢᠯᠯᠠᠭ᠎ᠠ᠂ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠶᠠᠰᠤ ᠴᠢᠨᠠᠷ ᠢ ᠳᠡᠭᠡᠭᠰᠢᠯᠡᠭᠦᠯᠬᠦ | ᠠᠵᠢᠯᠯᠠᠭ᠎ᠠ᠂ ᠡᠯᠧᠮᠧᠨ᠋ᠲ ᠤᠨ ᠪᠠᠲᠤᠯᠠᠭ᠎ᠠ ᠶᠢ ᠰᠢᠯᠢᠳᠡᠭᠵᠢᠭᠦᠯᠬᠦ ᠠᠵᠢᠯᠯᠠᠭ᠎ᠠ ︽ᠭᠤᠷᠪᠠᠨ ᠠᠵᠢᠯᠯᠠᠭ᠎ᠠ︾ ᠪᠠᠷ | ᠡᠬᠢᠯᠡᠪᠡ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠤᠨ ᠡᠯᠭᠦᠭᠡ ᠵᠢᠷᠤᠭ ᠲᠠᠢ | ᠪᠠᠶᠢᠯᠳᠤᠭᠠᠨ ᠤ ᠰᠢᠪᠠᠳᠠᠨ ᠭᠦᠢᠴᠡᠳᠬᠡᠬᠦ ᠰᠢᠰᠲ᠋ᠧᠮ ᠢ ᠪᠠᠶᠢᠭᠤᠯᠵᠤ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ | ᠴᠠᠬᠢᠯᠭᠠᠨ ᠮᠠᠰᠢᠨ᠂ ᠲᠠᠯᠠᠰᠲᠤ ᠴᠠᠬᠢᠭᠤᠷ ᠬᠡᠷᠡᠯ ᠸᠣᠯᠲ᠂ ᠡᠨᠧᠷᠭᠢ ᠬᠠᠳᠠᠭᠠᠯᠠᠬᠤ ︵ᠤᠰᠤᠲᠥ᠋ᠷᠥᠭᠴᠢ ᠡᠨᠧᠷᠭᠢ︶ | ᠶᠢᠨ ᠠᠵᠤ ᠦᠢᠯᠡᠰ᠂ ᠵᠡᠰ ᠬᠥᠩᠭᠡᠨ ᠴᠠᠭᠠᠨ ᠢ ᠨᠠᠷᠢᠯᠢᠭ ᠡᠳ᠋ᠰᠢᠭᠦᠯᠬᠦ ᠵᠡᠷᠭᠡ 20 ᠬᠤᠳᠠᠯᠳᠤᠭᠠᠴᠢᠨ ᠤᠷᠢᠬᠤ | ᠳᠤᠭᠤᠶᠢᠯᠠᠩ ᠢ ᠵᠣᠬᠢᠶᠠᠨ ᠪᠠᠶᠢᠭᠤᠯᠵᠤ᠂ ᠭᠠᠵᠠᠷ ᠰᠢᠷᠣᠢ ᠶᠢ ᠲᠠᠳᠠᠪᠦᠷᠢᠯᠠᠬᠤ᠂ ᠵᠠᠮ᠂ ᠪᠠᠷᠢᠮᠵᠢᠶᠠᠲᠤ | ᠦᠢᠯᠡᠳᠪᠦᠷᠢ ᠶᠢᠨ ᠭᠡᠷ ᠪᠠᠶᠢᠰᠢᠩ ᠵᠡᠷᠭᠡ ᠰᠠᠭᠤᠷᠢ ᠢᠵᠢ ᠪᠦᠷᠢᠳᠦᠭᠦᠯᠬᠦ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠲᠥᠷᠥᠯ ᠵᠦᠢᠯ ᠢ | ᠳᠠᠭᠠᠵᠤ᠂ ᠠᠵᠤ ᠠᠬᠤᠶᠢᠯᠠᠯ ᠢ ᠲᠣᠭᠤᠷᠢᠨ ᠰᠢᠯᠵᠢᠵᠦ᠂ ᠪᠥᠬᠦ ᠬᠦᠴᠦᠨ ᠢᠶᠠᠷ ᠢᠶᠠᠨ ᠪᠥᠬᠦ ᠣᠷᠣᠨ ᠤ ᠠᠵᠤ ᠠᠬᠤᠢ | ᠨᠡᠶᠢᠭᠡᠮ ᠤᠨ ᠬᠥᠭᠵᠢᠯᠲᠡ ᠳᠤ ᠰᠠᠶᠢᠨ ᠡᠬᠢᠯᠡᠯᠲᠡ ᠲᠠᠢ᠂ ᠤᠯᠠᠷᠢᠯ ᠤᠨ ᠬᠥᠭᠵᠢᠯᠲᠡ ᠶᠢ ᠪᠡᠶᠡᠯᠡᠭᠦᠯᠵᠦ᠂ ᠪᠥᠬᠦ | ᠵᠢᠯ ᠳᠤ ᠰᠠᠭᠤᠷᠢ ᠶᠢ ᠪᠠᠲᠤ ᠪᠠᠬᠢ ᠴᠣᠭᠴᠠᠯᠪᠠ᠃ | | | | ᠣᠷᠣᠨ ᠳᠤ ᠰᠠᠭᠤᠵᠤ ᠠᠰᠢᠭᠯᠠᠯᠲᠠ ᠳᠤ ᠣᠷᠣᠭᠤᠯᠤᠭᠰᠠᠨ ᠠᠵᠤ ᠠᠬᠤᠶᠢᠯᠠᠯ ᠪᠣᠯᠣᠨ ᠪᠦᠲᠦᠭᠡᠨ ᠪᠠᠶᠢᠭᠤᠯᠵᠤ | ᠪᠠᠶᠢᠭ᠎ᠠ ᠲᠥᠷᠥᠯ ᠵᠦᠢᠯ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢ ᠡᠷᠲᠡᠬᠡᠨ ᠵᠥᠪ ᠵᠠᠮ ᠳᠤ | ᠣᠷᠣᠭᠤᠯᠬᠤ ᠶᠢ ᠠᠬᠢᠭᠤᠯᠬᠤ ᠶᠢᠨ ᠲᠥᠯᠥᠭᠡ᠂ ᠵᠢᠯ ᠤᠨ ᠡᠬᠢᠨ ᠠᠴᠠ ᠡᠬᠢᠯᠡᠨ᠂ ᠬᠤᠪᠣᠷ ᠰᠢᠷᠣᠢ ᠶᠢᠨ ᠳᠡᠭᠡᠳᠦ | ᠰᠢᠨ᠎ᠡ ᠮᠡᠷᠭᠡᠵᠢᠯ ᠤᠨ ᠣᠷᠣᠨ ᠤ ᠬᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠵᠤ ᠠᠬᠤᠢ ᠶᠢᠨ | ᠬᠥᠭᠵᠢᠯᠲᠡ ᠶᠢᠨ ︽ᠨᠢᠭᠡᠳᠦᠭᠡᠷ ᠬᠥᠳᠡᠯᠭᠡᠭᠦᠷ︾ ᠪᠣᠯᠭᠠᠵᠤ᠂ ︽ᠡᠬᠢᠯᠡᠯᠲᠡ ᠶᠢᠨ ᠠᠵᠢᠯ ᠪᠣᠯ ᠰᠢᠪᠲᠤᠯᠤᠯᠲᠠ ᠶᠢᠨ | ᠠᠵᠢᠯ ᠮᠥᠨ᠂ ᠠᠩᠬᠠᠨ ᠤ ᠳᠠᠶᠢᠯᠠᠯᠳᠤᠭᠠᠨ ᠪᠣᠯ ᠰᠢᠢᠳᠪᠦᠷᠢᠲᠦ ᠳᠠᠶᠢᠯᠠᠯᠳᠤᠭᠠᠨ ᠮᠥᠨ︾ ᠭᠡᠬᠦ ᠵᠠᠪᠠᠯ ᠢᠯᠠᠬᠤ | ᠰᠡᠳᠬᠢᠯ ᠢᠶᠠᠷ᠂ ︽ᠠᠵᠢᠯᠯᠠᠪᠠᠯ ᠰᠠᠶᠢᠲᠤᠷ ᠬᠢᠵᠦ᠂ ᠬᠠᠮᠤᠭ ᠤᠨ ᠰᠠᠶᠢᠨ ᠬᠢᠬᠦ︾ ᠬᠠᠷᠢᠭᠤᠴᠠᠯᠭᠠᠲᠤ ᠰᠡᠳᠬᠢᠯᠭᠡ ᠪᠠᠷ | ︽ᠣᠮᠤᠭ ᠵᠣᠷᠢᠭ ᠲᠡᠭᠦᠯᠳᠡᠷ ᠢᠶᠠᠷ ᠡᠷᠡᠯᠬᠡᠭᠯᠡᠨ ᠤᠷᠤᠭᠰᠢᠯᠠᠬᠤ︾ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠠᠢ᠃ ᠲᠦᠷᠦᠯ ᠵᠦᠢᠯ | ᠨᠢᠭᠡᠪᠦᠷᠢ ᠶᠢᠨ ᠪᠣᠳᠠᠲᠠᠢ ᠠᠵᠢᠯ ᠡᠬᠢᠯᠡᠭᠦᠯᠬᠦ᠂ ᠬᠥᠮᠥᠷᠭᠡ ᠳᠤ ᠣᠷᠣᠭᠤᠯᠬᠤ᠂ ᠠᠰᠢᠭᠯᠠᠯᠲᠠ ᠳᠤ ᠣᠷᠣᠭᠤᠯᠬᠤ᠂ | ᠨᠢᠭᠡᠳᠦᠯᠲᠡᠢ ᠪᠣᠯᠭᠠᠬᠤ ᠴᠠᠭ ᠬᠤᠭᠤᠴᠠᠭ᠎ᠠ ᠶᠢ ᠨᠢᠭᠡᠳ ᠨᠢᠭᠡ ᠪᠠᠷ ᠲᠣᠳᠣᠷᠬᠠᠶᠢᠯᠠᠵᠤ᠂ ᠲᠦᠷᠦᠯ ᠵᠦᠢᠯ | ᠨᠢᠭᠡᠪᠦᠷᠢ ᠶᠢᠨ ᠭᠤᠭᠴᠤᠭ᠎ᠠ ᠶᠢᠨ ᠠᠬᠢᠴᠠ ᠶᠢ ᠪᠣᠳᠠᠲᠠᠢ ᠠᠯᠢ ᠡᠳᠦᠷ ᠲᠤ ᠬᠦᠷᠲᠡᠯ᠎ᠡ ᠲᠣᠭᠲᠠᠭᠠᠬᠤ ᠶᠢᠨ ᠬᠠᠮᠲᠤ | ᠠᠵᠢᠯ ᠤᠨ ᠬᠤᠭᠤᠴᠠᠭ᠎ᠠ ᠶᠢ ᠪᠤᠴᠠᠭᠠᠨ ᠪᠠᠶᠢᠷᠢᠯᠠᠭᠤᠯᠵᠤ᠂ ᠪᠠᠷᠢᠯᠭ᠎ᠠ ᠶᠢᠨ ᠶᠠᠰᠤ ᠴᠢᠨᠠᠷ ᠪᠣᠯᠣᠨ ᠪᠠᠷᠢᠯᠭ᠎ᠠ ᠶᠢᠨ | ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠡᠷᠴᠢᠯᠡᠭᠦᠷ ᠢᠶᠠᠨ ᠴᠢᠩᠭᠠᠯᠠᠵᠤ᠂ ᠡᠷᠴᠢ ᠵᠣᠷᠢᠭ ᠢᠶᠠᠨ | ᠬᠥᠪᠴᠢᠯᠡᠵᠦ᠂ ᠴᠢᠬᠤᠯᠠ ᠶᠡᠭᠡ ᠲᠦᠷᠦᠯ ᠵᠦᠢᠯ ᠢ ᠠᠯᠢ ᠲᠦᠷᠭᠡᠨ ᠢᠶᠠᠷ ᠦᠨᠡᠨ ᠪᠣᠳᠠᠲᠠᠢ ᠪᠠᠷ ᠠᠵᠢᠯ ᠡᠬᠢᠯᠡᠭᠦᠯᠬᠦ᠂ | ᠠᠯᠢ ᠲᠦᠷᠭᠡᠨ ᠢᠶᠠᠷ ᠠᠵᠢᠯ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ | ᠠᠬᠢᠭᠤᠯᠪᠠ᠃ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠦᠷᠦᠯ ᠤᠨ ᠤᠳᠤᠷᠢᠳᠤᠯᠭ᠎ᠠ ᠪᠠ ᠬᠤᠪᠢᠳᠠᠨ ᠬᠠᠮᠢᠶᠠᠷᠴᠤ | ᠪᠠᠶᠢᠭ᠎ᠠ ᠲᠦᠷᠦᠯ ᠵᠦᠢᠯ ᠤᠨ ᠤᠳᠤᠷᠢᠳᠤᠯᠭ᠎ᠠ ᠶᠢᠨ ᠬᠤᠣᠰ ᠲᠣᠬᠢᠷᠠᠭᠤᠯᠤᠯᠲᠠ᠂ ᠭᠠᠷᠠᠭ ᠤᠨ ᠲᠣᠭᠲᠠᠮᠠᠯ | ᠬᠤᠷᠠᠯ ᠤᠨ ᠳᠦᠷᠢᠮ ᠢ ᠪᠠᠶᠢᠭᠤᠯᠵᠤ᠂ ᠡᠯ᠎ᠡ ᠰᠠᠯᠠᠭ᠎ᠠ ᠮᠥᠴᠢᠷ ᠢ ᠠᠵᠤ ᠠᠬᠤᠶᠢᠯᠠᠯ ᠢ ᠬᠠᠮᠵᠢᠨ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠡᠯᠡᠳᠬᠡᠯ ᠢ ᠰᠠᠶᠢᠲᠤᠷ ᠬᠢᠵᠦ᠂ ᠠᠵᠤ ᠠᠬᠤᠶᠢᠯᠠᠯ ᠳᠤ ᠡᠯᠧᠮᠧᠨ᠋ᠲ ᠤᠨ | ᠪᠠᠲᠤᠯᠠᠭ᠎ᠠ ᠶᠢᠨ ᠠᠵᠢᠯ ᠢ ᠢᠳᠡᠪᠬᠢᠲᠡᠢ ᠪᠠᠷ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ | ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠡᠨᠡ ᠬᠦ ᠲᠡᠷᠢᠭᠦᠨ | ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠶᠢᠨ ᠯᠢ ᠲᠣᠭᠲᠠᠮᠠᠯ ᠰᠣᠷᠢᠨᠵᠢᠨ ᠤ ᠵᠢᠯ ᠳᠤ 15000 | ᠲᠣᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠤ ᠮᠠᠲ᠋ᠧᠷᠢᠶᠠᠯ ᠦᠢᠯᠡᠳᠪᠦᠷᠢᠯᠡᠬᠦ᠂ ᠠᠨ ᠲᠠᠢ ᠰᠢᠨᠵᠢᠯᠡᠬᠦ | ᠤᠬᠠᠭᠠᠨ ᠮᠡᠷᠭᠡᠵᠢᠯ ᠤᠨ ᠵᠢᠯ ᠳᠤ 15000 ᠲᠣᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠤ ᠮᠠᠲ᠋ᠧᠷᠢᠶᠠᠯ | ᠦᠢᠯᠡᠳᠪᠦᠷᠢᠯᠡᠬᠦ᠂ ᠬᠤᠸᠠ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠵᠢᠯ ᠳᠤ 20000 ᠲᠣᠨ ᠬᠤᠪᠣᠷ | ᠰᠢᠷᠣᠢ ᠶᠢᠨ ᠲᠣᠭᠲᠠᠮᠠᠯ ᠰᠣᠷᠢᠨᠵᠢᠨ ᠤ ᠮᠠᠲ᠋ᠧᠷᠢᠶᠠᠯ ᠦᠢᠯᠡᠳᠪᠦᠷᠢᠯᠡᠬᠦ ᠵᠢᠴᠢ ᠬᠤᠪᠣᠷ ᠰᠢᠷᠣᠢ ᠶᠢᠨ ᠲᠣᠭᠲᠠᠮᠠᠯ | ᠰᠣᠷᠢᠨᠵᠢᠨ ᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠪᠣᠷ ᠰᠢᠷᠣᠢ ᠶᠢᠨ ᠠᠵᠤ ᠦᠢᠯᠡᠰ ᠢ ᠳᠡᠯᠡᠬᠡᠢ ᠶᠢᠨ ᠲᠠᠰ ᠤᠨ | ᠲᠡᠷᠢᠭᠦᠨ ᠤ ᠦᠢᠯᠡᠳᠬᠦ ᠦᠢᠯᠡᠰ ᠤᠨ ᠪᠦᠯᠦᠭᠯᠡᠯ ᠪᠣᠯᠭᠠᠬᠤ ᠪᠠᠷ ᠴᠢᠷᠮᠠᠶᠢᠵᠤ᠂ ᠬᠤᠪᠣᠷ ᠰᠢᠷᠣᠢ ᠶᠢᠨ ᠠᠵᠤ | ᠦᠢᠯᠡᠰ ᠤᠨ ᠦᠢᠯᠡᠳᠬᠦᠨ ᠤ ᠥᠷᠲᠡᠭ ᠢ 600 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠵᠣ | ᠪᠠᠶᠢᠨ᠎ᠠ᠃ | | | | | ᠡᠭᠦᠨ ᠤ ᠬᠠᠮᠲᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠭᠦᠨᠵᠡᠭᠡᠢ ᠨᠤᠲᠠᠯᠠᠯᠲᠠ | ᠬᠢᠵᠦ᠂ ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠵᠤ᠂ ᠲᠦᠷᠦᠯ ᠵᠦᠢᠯ ᠢ ᠨᠥᠭᠡᠴᠡᠯᠡᠬᠦ ᠠᠵᠢᠯ ᠢ | ᠤᠷᠳᠤ ᠬᠤᠭᠤᠴᠠᠭ᠎ᠠ ᠪᠠᠷ ᠠᠳᠬᠤᠬᠤ᠂ ᠦᠷᠭᠦᠯᠵᠢᠯᠡᠨ ᠠᠳᠬᠤᠬᠤ᠂ ᠬᠥᠳᠡᠯᠦᠩᠭᠦᠢ ᠪᠠᠷ ᠠᠳᠬᠤᠬᠤ ᠶᠢ | ᠪᠠᠷᠢᠮᠲᠠᠯᠠᠵᠤ᠂ ᠨᠢᠭᠡ ᠪᠦᠯᠦᠭ ᠢ ᠲᠥᠯᠥᠪᠵᠢᠭᠦᠯᠵᠦ᠂ ᠨᠢᠭᠡ ᠪᠦᠯᠦᠭ ᠢ ᠠᠵᠢᠯ ᠡᠬᠢᠯᠡᠭᠦᠯᠦᠨ ᠨᠢᠭᠡ ᠪᠦᠯᠦᠭ ᠢ | ᠠᠰᠢᠭᠯᠠᠯᠲᠠ ᠳᠤ ᠣᠷᠣᠭᠤᠯᠵᠤ᠂ ᠸᠧ ᠯᠦᠩ ᠴᠠᠬᠢᠯᠭᠠᠨ ᠬᠥᠳᠡᠯᠭᠡᠭᠦᠷ᠂ ᠬᠤᠢ ᠴᠤᠸᠠᠨ ᠮᠡᠷᠭᠡᠵᠢᠯ ᠵᠡᠷᠭᠡ 54 | ᠲᠦᠷᠦᠯ ᠵᠦᠢᠯ ᠢ ᠢᠳᠡᠪᠬᠢᠲᠡᠢ ᠵᠣᠯᠭᠠᠭᠤᠯᠵᠤ᠂ ᠪᠦᠬᠦ ᠵᠢᠯ ᠳᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ | ᠴᠠᠬᠢᠯᠭᠠᠨ ᠮᠠᠰᠢᠨ᠂ ᠰᠢᠨ᠎ᠡ ᠮᠠᠲ᠋ᠧᠷᠢᠶᠠᠯ ᠵᠡᠷᠭᠡ ᠲᠦᠷᠦᠯ ᠵᠦᠢᠯ ᠢ 45 ᠠᠴᠠ ᠳᠡᠭᠡᠭᠰᠢ ᠣᠷᠣᠭᠤᠯᠤᠨ ᠠᠪᠴᠢᠷᠠᠵᠤ᠂ | ᠤᠯᠤᠰ ᠤᠨ ᠳᠣᠲᠣᠭᠠᠳᠤ ᠶᠢᠨ ᠪᠡᠯᠡ ᠮᠥᠩᠭᠦ ᠶᠢ ᠣᠷᠣᠭᠤᠯᠤᠨ ᠠᠪᠴᠢᠷᠠᠭᠠᠳ ᠠᠳᠠᠯᠢ ᠬᠤᠭᠤᠴᠠᠭᠠᠨ ᠤ ᠬᠢ ᠠᠴᠠ | 15% ᠠᠴᠠ ᠳᠡᠭᠡᠭᠰᠢ ᠨᠡᠮᠡᠭᠳᠡᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠪᠠᠷᠠᠭᠳᠠᠰᠢ ᠦᠭᠡᠢ ᠬᠥᠳᠡᠯᠭᠡᠬᠦ | ᠬᠦᠴᠦᠨ ᠢ ᠬᠤᠷᠠᠮᠳᠤᠭᠤᠯᠬᠤ ᠪᠠᠷ ᠴᠢᠷᠮᠠᠶᠢᠨ᠎ᠠ᠃ |