︽ᠰᠢᠲᠠᠮᠠᠬᠠᠢ ᠬᠡᠢ ᠶᠢᠨ ᠠᠮᠤᠷ ᠲᠦᠪᠰᠢᠨ︾᠎ ᠨᠢ ᠰᠢᠲᠠᠮᠠᠬᠠᠢ ᠬᠡᠢ ᠶᠢᠨ ︽ᠠᠮᠤᠷ ᠲᠦᠪᠰᠢᠨ ᠤ ᠨᠡᠭᠡᠯᠡᠭᠡᠢ︾᠎ ᠶᠢ ᠴᠢᠩᠭᠠᠯᠠᠵᠤ᠂ ᠮᠢᠨ ᠰᠢᠨ ᠵᠠᠮ ᠤᠨ ᠵᠡᠭᠡᠯᠢ ᠭᠤᠳᠤᠮᠵᠢ ᠳᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠥᠷᠨᠢᠭᠦᠯᠵᠡᠢ
ᠨᠡᠶᠢᠲᠡᠯᠡᠭᠰᠡᠨ ᠴᠠᠭ᠄
2024/4/8
     ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ︽ᠪᠤᠭᠤᠲᠤ ᠬᠤᠲᠠ ᠶᠢᠨ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠬᠦᠷᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠶᠢᠨ ᠬᠡᠷᠡᠭᠵᠢᠭᠦᠯᠬᠦ ᠲᠥᠰᠥᠯ︾ ︵ᠪᠣᠭᠤᠳᠣ ᠶᠢᠨ ᠵᠠᠰᠠᠭ ᠤᠨ ᠣᠷᠳᠣᠨ ᠤ ᠲᠠᠷᠬᠠᠭᠠᠭᠰᠠᠨ ﹇2024﹈ 17 ᠳ᠋ᠤᠭᠠᠷ ᠲᠣᠭᠠᠲᠤ︶ ᠵᠢᠴᠢ ︽ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠬᠦᠷᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠶᠢᠨ ᠬᠡᠷᠡᠭᠵᠢᠭᠦᠯᠬᠦ ᠲᠥᠰᠥᠯ︾᠎ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ᠂ 4 ᠳ᠋ᠦ᠋ᠭᠡᠷ ᠰᠠᠷ᠎ᠠ ᠶᠢᠨ 3᠎ ᠤ ᠡᠳᠦᠷ᠂ ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠬᠢᠨ ᠰᠢᠲᠠᠮᠠᠬᠠᠢ ᠬᠡᠢ ᠶᠢᠨ ᠬᠦᠷᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃
︵ᠱᠧᠩ ᠲᠠᠩ ᠵᠠᠮ ᠤᠨ ᠨᠡᠶᠢᠭᠡᠮ ᠲᠣᠭᠤᠷᠢᠭ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠠᠶᠢᠴᠠᠭᠠᠯᠲᠠ︶
︵ᠵᠢᠩ ᠲᠠᠢ ᠵᠠᠮ ᠤᠨ ᠨᠡᠶᠢᠭᠡᠮ ᠲᠣᠭᠤᠷᠢᠭ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠠᠶᠢᠴᠠᠭᠠᠯᠲᠠ︶
︵ᠷᠦᠩ ᠲᠠᠢ ᠯᠦ ᠨᠡᠶᠢᠭᠡᠮ ᠲᠣᠭᠤᠷᠢᠭ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠠᠶᠢᠴᠠᠭᠠᠯᠲᠠ︶
︵ᠭᠠᠯ ᠪᠠᠮᠪᠠᠷ ᠵᠠᠮ ᠤᠨ ᠨᠡᠶᠢᠭᠡᠮ ᠲᠣᠭᠤᠷᠢᠭ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠠᠶᠢᠴᠠᠭᠠᠯᠲᠠ︶
︵ᠮᠢᠨ ᠰᠢᠨ ᠭᠡᠷ ᠣᠷᠣᠨ ᠨᠡᠶᠢᠭᠡᠮ ᠲᠣᠭᠤᠷᠢᠭ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠠᠶᠢᠴᠠᠭᠠᠯᠲᠠ︶    ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠬᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ  ᠲᠠᠢ ᠴᠢᠩᠭ᠎ᠠ ᠬᠠᠷᠢᠴᠠᠭᠤᠯᠤᠨ᠂ ︽ᠠᠰᠠᠭᠤᠳᠠᠯ ᠲᠠᠢ ᠬᠡᠢ︾᠂ ︽ᠠᠰᠠᠭᠤᠳᠠᠯ ᠲᠠᠢ ᠯᠣᠩᠬᠤ︾᠂ ︽ᠠᠰᠠᠭᠤᠳᠠᠯ ᠲᠠᠢ ᠨᠡᠭᠡᠯᠡᠭᠡᠢ︾᠂ ︽ᠠᠰᠠᠭᠤᠳᠠᠯ ᠲᠠᠢ ᠬᠤᠭᠤᠯᠠᠢ︾᠂ ︽ᠠᠰᠠᠭᠤᠳᠠᠯ ᠲᠠᠢ ᠵᠤᠤᠬ᠎ᠠ︾ ᠵᠢᠴᠢ ᠰᠢᠲᠠᠮᠠᠬᠠᠢ ᠬᠡᠢ ᠯᠡᠪᠡᠷᠡᠭᠰᠡᠨ ᠲᠦᠭᠰᠢᠭᠦᠷᠢ ᠮᠡᠳᠡᠭᠡᠯᠡᠬᠦ ᠮᠠᠰᠢᠨ ᠤ ᠪᠠᠴᠢᠮ ᠲᠠᠰᠤᠯᠬᠤ ᠨᠡᠭᠡᠯᠡᠭᠡᠢ ᠵᠡᠷᠭᠡ ᠪᠠᠶᠢᠳᠠᠯ ᠤᠨ ᠲᠣᠭᠤᠷᠢᠨ ᠳᠤ᠂ ᠨᠢᠭᠡᠳ ᠨᠢᠭᠡ ᠪᠠᠷ ᠨᠠᠷᠢᠨ ᠨᠢᠭᠲᠠ ᠪᠠᠶᠢᠴᠠᠭᠠᠬᠤ ᠶᠢᠨ ᠬᠠᠮᠲᠤ ᠰᠢᠲᠠᠮᠠᠬᠠᠢ ᠬᠡᠢ ᠶᠢ ᠬᠡᠷᠡᠭᠯᠡᠬᠦ ᠬᠡᠯᠡᠯᠴᠡᠭᠡᠷ ᠲᠣᠭᠲᠠᠭᠰᠠᠨ ᠡᠰᠡᠬᠦ᠂ ᠰᠢᠲᠠᠮᠠᠬᠠᠢ ᠬᠡᠢ ᠶᠢᠨ ᠯᠣᠩᠬᠤ ᠬᠢᠷᠢ ᠲᠡᠩᠴᠡᠭᠰᠡᠨ ᠡᠰᠡᠬᠦ ᠶᠢ ᠲᠤᠬᠠᠢ ᠶᠢᠨ ᠲᠠᠯᠠᠪᠤᠷ ᠲᠤᠨᠢ ᠪᠠᠶᠢᠴᠠᠭᠠᠨ ᠠᠰᠠᠭᠤᠵᠤ᠂ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠢ ᠴᠠᠭ ᠲᠤᠬᠠᠢ ᠳᠤᠨᠢ ᠵᠢᠭᠠᠨ ᠭᠠᠷᠭᠠᠵᠤ᠂ ᠪᠠᠶᠢᠴᠠᠭᠠᠬᠤ ᠦᠶ᠎ᠡ ᠳᠤ ᠣᠯᠵᠤ ᠮᠡᠳᠡᠭᠰᠡᠨ ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠲᠤᠰᠢᠶᠠᠨ ᠰᠢᠢᠳᠪᠦᠷᠢᠯᠡᠭᠦᠯᠵᠦ᠂ ᠡᠵᠡᠩᠨᠡᠯᠲᠡ ᠶᠢᠨ ᠥᠮᠴᠢᠲᠡᠨ ᠢ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠪᠠ᠃ ᠡᠭᠦᠨ ᠤ ᠬᠠᠮᠲᠤ᠂ ᠡᠵᠡᠩᠨᠡᠭᠴᠢ ᠶᠢᠨ ᠨᠡᠭᠦᠷᠡᠰᠦᠨ ᠬᠡᠢ ᠶᠢᠨ ᠰᠠᠪᠠ ᠶᠢ ᠵᠥᠪ ᠣᠨᠣᠪᠴᠢᠲᠠᠶ ᠠᠮᠤᠷ ᠲᠦᠪᠰᠢᠨ ᠢᠶᠠᠷ ᠬᠡᠷᠡᠭᠯᠡᠬᠦ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ ᠠᠵᠢᠯᠲᠠᠳ ᠪᠣᠳᠠᠲᠠᠢ ᠬᠡᠷᠡᠭ ᠤᠨ ᠵᠢᠱᠢᠶ᠎ᠡ᠂ ᠲᠤᠬᠠᠢ ᠶᠢᠨ ᠲᠠᠯᠠᠪᠤᠷ ᠲᠤ ᠵᠢᠱᠢᠶ᠎ᠡ ᠦᠵᠡᠭᠦᠯᠬᠦ᠂ ᠰᠠᠭᠤᠭᠠᠯᠢ ᠠᠷᠠᠳ ᠤᠨ ᠳᠤᠮᠳᠠ ᠰᠠᠨᠠᠭᠤᠯᠤᠮᠵᠢ ᠨᠡᠶᠢᠲᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠮᠤᠷ ᠲᠦᠪᠰᠢᠨ ᠢᠶᠠᠷ ᠬᠡᠷᠡᠭᠯᠡᠬᠦ ᠶᠡᠷᠦ ᠶᠢᠨ ᠮᠡᠳᠡᠯᠭᠡ ᠶᠢ ᠶᠡᠭᠡ ᠪᠠᠷ ᠤᠬᠠᠭᠤᠯᠵᠤ᠂ ᠤᠬᠠᠭᠤᠯᠬᠤ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠨ᠂ ᠰᠠᠭᠤᠭᠠᠯᠢ ᠠᠷᠠᠳ ᠲᠤ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠪᠠᠨ ᠰᠠᠶᠢᠲᠤᠷ ᠬᠢᠬᠦ ᠶᠢ ᠰᠠᠨᠠᠭᠤᠯᠵᠠᠢ᠃ ᠢᠯᠡᠭᠦᠬᠡᠨ ᠤᠬᠠᠭᠤᠯᠵᠤ᠂ ᠪᠠᠶᠢᠩᠭᠤ ᠪᠠᠶᠢᠴᠠᠭᠠᠵᠤ᠂ ᠪᠠᠶᠢᠩᠭᠤ ᠬᠠᠮᠠᠭᠠᠯᠠᠵᠤ᠂ ᠠᠮᠤᠷ ᠲᠦᠪᠰᠢᠨ ᠤ ᠬᠡᠮ ᠰᠣᠭᠤᠭ ᠢ ᠴᠤᠬᠤᠶᠢᠵᠤ ᠪᠠᠶᠢᠭ᠎ᠠ ᠦᠶ᠎ᠡ ᠳᠤᠨᠢ ᠠᠷᠢᠯᠭᠠᠬᠤ ᠪᠠᠷ ᠴᠢᠷᠮᠠᠶᠢᠬᠤ ᠬᠡᠷᠡᠭᠲᠡᠢ᠃ ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠬᠠᠷᠢᠶᠠᠲᠤ ᠣᠷᠣᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠰᠢᠲᠠᠮᠠᠬᠠᠢ ᠬᠡᠢ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠦᠨᠡᠨ ᠬᠦ ᠠᠷᠢᠯᠭᠠᠪᠠ᠃ ᠳᠠᠷᠠᠭᠠᠴᠢ ᠶᠢᠨ ᠠᠯᠬᠤᠮ ᠳᠤ᠂ ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠬᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠬᠠᠷᠢᠶ᠎ᠠ ᠣᠷᠣᠨ ᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号