ᠣᠶᠢᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠴᠢᠨ ᠤ ᠡᠪᠯᠡᠯ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 2024 ᠣᠨ ᠤ ᠬᠥᠳᠡᠯᠮᠦᠷᠢ ᠪᠠ ᠤᠷ᠎ᠠ ᠴᠢᠳᠠᠪᠤᠷᠢ ᠶᠢᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠶᠠᠪᠣᠭᠳᠠᠪᠠ᠃
ᠨᠡᠶᠢᠲᠡᠯᠡᠭᠰᠡᠨ ᠴᠠᠭ᠄
2024/4/8
    ᠣᠶᠢᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠴᠢᠨ ᠤ ᠡᠪᠯᠡᠯ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 2024 ᠣᠨ ᠤ ᠬᠥᠳᠡᠯᠮᠦᠷᠢ ᠪᠠ ᠤᠷ᠎ᠠ ᠴᠢᠳᠠᠪᠤᠷᠢ ᠶᠢᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠶᠠᠪᠣᠭᠳᠠᠪᠠ᠃
    ᠬᠤᠷᠠᠯ ᠳᠡᠭᠡᠷ᠎ᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠴᠢᠨ ᠤ ᠡᠪᠯᠡᠯ ︽ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠴᠢᠨ ᠤ ᠡᠪᠯᠡᠯ ᠤᠨ 2024 ᠣᠨ ᠤ ᠬᠥᠳᠡᠯᠮᠦᠷᠢ ᠪᠠ ᠤᠷ᠎ᠠ ᠮᠡᠷᠭᠡᠵᠢᠯ ᠤᠨ ᠤᠷᠤᠯᠳᠤᠭᠠᠨ ᠤ ᠠᠵᠢᠯ ᠤᠨ ᠮᠡᠳᠡᠭᠳᠡᠯ︾  ᠲᠠᠷᠭᠠᠭᠠᠨ᠂ ᠡᠭᠦᠨ ᠤ ᠬᠠᠮᠲᠤ ᠡᠨᠡ ᠵᠢᠯ ᠤᠨ ᠬᠥᠳᠡᠯᠮᠦᠷᠢ ᠪᠣᠯᠣᠨ ᠤᠷ᠎ᠠ ᠮᠡᠷᠭᠡᠵᠢᠯ ᠤᠨ ᠤᠷᠤᠯᠳᠤᠭᠠᠨ ᠤ ᠬᠤᠯᠪᠣᠭᠳᠠᠯ ᠪᠦᠬᠦᠢ ᠭᠤᠣᠯᠳᠠᠯᠭ᠎ᠠ  ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠠᠵᠤ ᠠᠬᠤᠶᠢᠯᠠᠯ ᠢ ︽ᠠᠵᠢᠯᠲᠠᠨ ᠠᠵᠢᠯᠴᠢᠨ ᠤ ᠤᠷ᠎ᠠ ᠮᠡᠷᠭᠡᠵᠢᠯ ᠤᠨ ᠬᠢᠷᠢ ᠬᠡᠮᠵᠢᠶ᠎ᠡ ᠪᠠ ᠰᠢᠨ᠎ᠡ ᠶᠢ ᠡᠭᠦᠳᠬᠦ ᠴᠢᠳᠠᠪᠤᠷᠢ  ᠶᠢ ᠳᠡᠭᠡᠭᠰᠢᠯᠡᠭᠦᠯᠬᠦ︾᠎ ᠪᠠᠷ ᠬᠠᠷᠠᠯᠲᠠ ᠪᠣᠯᠭᠠᠵᠤ᠂ ᠰᠢᠨ᠎ᠡ ᠶᠢ ᠡᠭᠦᠳᠬᠦ ᠬᠥᠭᠵᠢᠯᠲᠡ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠠᠵᠢᠯᠲᠠᠨ ᠠᠵᠢᠯᠴᠢᠨ ᠪᠦᠬᠦᠨ ᠢᠶᠠᠷ ᠢᠶᠠᠨ ᠣᠷᠣᠯᠴᠠᠬᠤ ᠪᠠᠷ ᠤᠳᠤᠷᠢᠳᠤᠮᠵᠢ ᠪᠣᠯᠭᠠᠨ᠂ ᠬᠥᠳᠡᠯᠮᠦᠷᠢ ᠪᠠ ᠤᠷ᠎ᠠ ᠮᠡᠷᠭᠡᠵᠢᠯ ᠤᠨ ᠤᠷᠤᠯᠳᠤᠭᠠᠨ ᠢ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠥᠷᠨᠢᠭᠦᠯᠵᠦ᠂ ︽ᠲᠠᠪᠤᠨ ᠪᠠᠭ᠎ᠠ︾᠎ ᠶᠢᠨ ᠠᠵᠢᠯᠯᠠᠭ᠎ᠠ ᠂ ᠵᠦᠢ ᠵᠣᠬᠢᠰᠲᠠᠢ ᠰᠠᠨᠠᠭᠤᠯᠭ᠎ᠠ᠂ ᠠᠵᠢᠯ ᠤᠨ ᠪᠠᠶᠢᠷᠢ ᠶᠢᠨ ᠪᠣᠯᠪᠠᠰᠤᠷᠠᠯ ᠵᠡᠷᠭᠡ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠬᠥᠳᠡᠯᠮᠦᠷᠢ ᠶᠢᠨ ᠵᠢᠱᠢᠶᠡᠴᠢ ︵ᠠᠵᠢᠯᠲᠠᠨ ᠠᠵᠢᠯᠴᠢᠨ︶᠎ ᠶᠢᠨ ᠰᠢᠨ᠎ᠡ ᠶᠢ ᠡᠭᠦᠳᠬᠦ ᠠᠵᠢᠯ ᠤᠨ ᠲᠠᠰᠤᠭ ᠢᠶᠠᠷ ᠠᠴᠢᠶᠠᠯᠠᠪᠤᠷᠢ ᠪᠣᠯᠭᠠᠨ ᠠᠵᠢᠯᠲᠠᠨ ᠠᠵᠢᠯᠴᠢᠨ ᠢ ᠥᠷᠭᠡᠨ ᠢᠶᠠᠷ ᠵᠣᠬᠢᠶᠠᠨ ᠪᠠᠶᠢᠭᠤᠯᠤᠨ ᠠᠵᠢᠯᠲᠠᠨ ᠠᠵᠢᠯᠴᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ ᠶᠢ ᠥᠷᠨᠢᠭᠦᠯᠵᠦ᠂ ᠥᠷᠭᠡᠨ ᠣᠯᠠᠨ ᠠᠵᠤ ᠦᠢᠯᠡᠰ ᠤᠨ ᠠᠵᠢᠯᠴᠢᠨ ᠤ ᠮᠡᠷᠭᠡᠵᠢᠯ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠥᠨᠳᠥᠷ ᠬᠡᠪ ᠪᠣᠯᠪᠠᠰᠤᠷᠠᠯ ᠲᠠᠢ ᠠᠵᠤ ᠦᠢᠯᠡᠰ ᠤᠨ ᠠᠵᠢᠯᠴᠢᠨ ᠤ ᠡᠩᠨᠡᠭᠡ ᠶᠢ ᠤᠯᠠᠮ ᠨᠢᠭᠡ ᠠᠯᠬᠤᠮ ᠠᠭᠤᠳᠠᠯᠤᠨ ᠬᠥᠮᠥᠵᠢᠭᠦᠯᠵᠦ᠂ ᠪᠥᠬᠦ ᠣᠷᠣᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃
    ᠳᠠᠷᠠᠭᠠᠴᠢ ᠶᠢᠨ ᠠᠯᠬᠤᠮ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠴᠢᠨ ᠤ ᠡᠪᠯᠡᠯ ᠪᠦᠬᠦ ᠣᠷᠣᠨ ᠤ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠦᠷᠦᠯ ᠵᠦᠢᠯ ᠤᠨ ᠲᠣᠭᠤᠷᠢᠨ ᠳᠤ ᠦᠷᠭᠦᠯᠵᠢᠯᠡᠨ ᠥᠨᠳᠥᠷ ᠪᠠᠷᠢᠮᠵᠢᠶ᠎ᠠ ᠪᠠᠷ ᠬᠥᠳᠡᠯᠮᠦᠷᠢ ᠪᠣᠯᠣᠨ ᠤᠷ᠎ᠠ ᠴᠢᠳᠠᠪᠤᠷᠢ ᠶᠢᠨ ᠤᠷᠤᠯᠳᠤᠭᠠᠨ ᠤ ᠡᠯ᠎ᠡ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ ᠤ ᠡᠭᠦᠳᠦᠨ ᠪᠦᠲᠦᠭᠡᠬᠦ ᠬᠠᠯᠠᠭᠤᠨ ᠰᠡᠳᠬᠢᠯᠭᠡ ᠪᠠ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠤᠨ ᠳᠠᠶᠢᠴᠢᠯᠠᠵᠤ᠂ ᠥᠷᠭᠡᠨ ᠣᠯᠠᠨ ᠠᠵᠢᠯᠲᠠᠨ ᠠᠵᠢᠯᠴᠢᠨ ᠤ ᠣᠶᠤᠨ ᠤᠬᠠᠭᠠᠨ ᠪᠠ ᠬᠦᠴᠦᠨ ᠴᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠤᠨ᠂ ︽ᠤᠷᠤᠯᠳᠤᠭᠠᠨ︾᠎ ᠢᠶᠠᠷ ᠰᠢᠪᠲᠤᠯᠤᠯᠲᠠ ᠶᠢᠨ ᠡᠷᠴᠢ ᠵᠣᠷᠢᠭ ᠢ ᠪᠣᠶ ᠪᠣᠯᠭᠠᠵᠤ᠂ ︽ᠤᠷᠤᠯᠳᠤᠭᠠᠨ︾᠎ ᠢᠶᠠᠷ ᠮᠡᠷᠭᠡᠵᠢᠯ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠤᠨ᠂ ︽ᠤᠷᠤᠯᠳᠤᠭᠠᠨ︾᠎ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾᠎ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠲᠠᠯ᠎ᠠ ᠪᠠᠷ ᠰᠢᠨ᠎ᠡ ᠵᠢᠳᠬᠦᠯ ᠭᠠᠷᠭᠠᠵᠤ᠂ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号