ᠪᠠᠰᠠ ᠨᠢᠭᠡᠨ ᠤᠯᠤᠰ ᠤᠨ ᠰᠠᠭᠤᠷᠢᠨ ᠭᠠᠵᠠᠷ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠨᠤᠲᠤᠭᠰᠢᠪᠠ
ᠨᠡᠶᠢᠲᠡᠯᠡᠭᠰᠡᠨ ᠴᠠᠭ᠄
2024/4/8
  ᠤᠯᠤᠰ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ︵ᠬᠤᠪᠣᠷ ᠰᠢᠷᠣᠢ︶᠎ ᠢ 2019 ᠣᠨ ᠤ 2 ᠰᠠᠷ᠎ᠠ ᠳᠤ ᠪᠠᠶᠢᠭᠤᠯᠬᠤ ᠪᠠᠷ ᠵᠥᠪᠰᠢᠶᠡᠷᠡᠭᠳᠡᠵᠦ᠂ 2023 ᠣᠨ ᠤ 11 ᠰᠠᠷ᠎ᠠ ᠳᠤ ᠥᠨᠳᠥᠷ ᠬᠤᠪᠢ ᠪᠠᠷ ᠰᠢᠯᠭᠠᠨ ᠠᠪᠬᠤ ᠳᠤ ᠬᠢᠷᠢ ᠲᠡᠩᠴᠡᠪᠡ᠃ ᠲᠣᠰ ᠤᠳᠠᠭ᠎ᠠ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠲᠥᠷᠥᠯ ᠵᠦᠢᠯ ᠵᠢᠩᠬᠢᠨᠢ ᠪᠠᠷ ᠵᠥᠪᠰᠢᠶᠡᠷᠡᠭᠳᠡᠵᠦ᠂ ᠬᠤᠪᠣᠷ ᠰᠢᠷᠣᠢ ᠶᠢᠨ ᠠᠵᠤ ᠦᠢᠯᠡᠰ ᠤᠨ ᠤᠯᠤᠰ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠ ᠪᠠᠷᠢᠮᠵᠢᠶᠠᠵᠢᠭᠤᠯᠤᠯᠲᠠ ᠶᠢᠨ ᠠᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠣᠲᠣᠭᠠᠳᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠪᠣᠯᠣᠨ᠎ᠠ᠃ ᠪᠠᠷᠢᠮᠵᠢᠶᠠᠵᠢᠭᠰᠠᠨ ᠬᠠᠮᠢᠶᠠᠷᠤᠯᠲᠠ ᠶᠢᠨ ᠰᠢᠰᠲ᠋ᠧᠮ ᠪᠣᠯᠣᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠠᠷᠢᠮᠵᠢᠶᠠᠲᠤ ᠪᠦᠲᠦᠮᠵᠢᠲᠡᠶ ᠬᠠᠩᠭᠠᠯᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠣᠷ ᠰᠢᠷᠣᠢ ᠶᠢᠨ ᠪᠠᠷᠢᠮᠵᠢᠶ᠎ᠠ ᠶᠢ ᠳᠡᠯᠡᠬᠡᠶᠢᠴᠢᠯᠡᠬᠦ ᠶᠢ ᠠᠬᠢᠭᠤᠯᠵᠤ᠂ ᠪᠠᠷᠢᠮᠵᠢᠶᠠᠵᠢᠭᠤᠯᠬᠤ ᠠᠵᠢᠯ ᠤᠨ ᠰᠠᠭᠤᠷᠢ ᠶᠢ ᠪᠠᠬᠢᠵᠢᠭᠦᠯᠵᠦ᠂ ᠪᠠᠷᠢᠮᠵᠢᠶ᠎ᠠ ᠶᠢᠨ ᠰᠠᠭᠤᠷᠢᠯᠠᠬᠤ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠ ᠬᠥᠲᠥᠯᠥᠨ ᠳᠠᠭᠠᠭᠤᠯᠬᠤ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠤᠨ᠂ ᠪᠠᠷᠢᠮᠵᠢᠶ᠎ᠠ ᠪᠠᠷ ᠬᠤᠪᠣᠷ ᠰᠢᠷᠣᠢ ᠶᠢᠨ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ ᠦᠶᠢᠯᠡᠰᠵᠢᠭᠦᠯᠬᠦ᠂ ᠵᠠᠬ᠎ᠠ ᠳᠡᠯᠭᠡᠭᠦᠷᠴᠢᠯᠡᠬᠦ ᠪᠠ ᠳᠡᠯᠡᠬᠡᠶᠢᠴᠢᠯᠡᠬᠦ ᠬᠥᠭᠵᠢᠯᠲᠡ ᠶᠢ ᠠᠬᠢᠭᠤᠯᠵᠤ᠂ ᠬᠤᠪᠣᠷ ᠰᠢᠷᠣᠢ ᠶᠢᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠬᠤᠪᠣᠷ ᠰᠢᠷᠣᠢ ᠶᠢᠨ ᠠᠵᠤ ᠦᠢᠯᠡᠰ ᠤᠨ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠳᠠᠷᠠᠭᠠᠴᠢ ᠶᠢᠨ ᠠᠯᠬᠤᠮ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠬᠤᠪᠢᠶᠠᠷᠢ ᠲᠣᠪᠴᠢᠶ᠎ᠠ ᠤᠯᠤᠰ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠰᠠᠭᠤᠷᠢᠨ︵ᠬᠤᠪᠣᠷ ᠰᠢᠷᠣᠢ︶᠎ ᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠭᠤᠷᠢᠨ ᠭᠠᠵᠠᠷ ᠢ ᠤᠯᠤᠰ ᠤᠨ ᠳᠣᠲᠣᠭᠠᠳᠤ ᠶᠢᠨ ᠲᠡᠷᠢᠭᠦᠨ ᠤ᠂ ᠳᠡᠯᠡᠬᠡᠢ ᠳᠤ ᠠᠯᠳᠠᠷᠲᠠᠢ ᠬᠤᠪᠣᠷ ᠰᠢᠷᠣᠢ ᠶᠢᠨ ᠪᠠᠷᠢᠮᠵᠢᠶ᠎ᠠ ᠶᠢᠨ ᠰᠢᠨ᠎ᠡ ᠎ ᠶᠢ ᠡᠭᠦᠳᠬᠦ ᠥᠨᠳᠦᠷᠯᠢᠭ ᠭᠠᠵᠠᠷ ᠪᠣᠯᠭᠠᠨ ᠪᠦᠲᠦᠭᠡᠨ ᠪᠠᠶᠢᠭᠤᠯᠬᠤ  ᠪᠠᠷ ᠭᠤᠣᠯᠳᠠᠭᠤᠯᠵᠤ᠂ ᠬᠤᠪᠣᠷ ᠰᠢᠷᠣᠢ ᠶᠢᠨ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ  ᠶᠢ ᠡᠭᠦᠳᠬᠦ ᠪᠠ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠪᠥᠬᠦ ᠤᠯᠤᠰ ᠤᠨ ᠨᠥᠯᠥᠭᠡᠯᠡᠬᠦ ᠬᠦᠴᠦᠨ ᠲᠠᠢ ᠪᠠᠷᠢᠮᠵᠢᠶᠠᠵᠢᠭᠤᠯᠤᠭᠰᠠᠨ ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ ᠭᠠᠵᠠᠷ ᠪᠠ ᠪᠠᠷᠢᠮᠵᠢᠶᠠᠵᠢᠭᠤᠯᠤᠭᠰᠠᠨ ᠦᠢᠯᠡᠴᠢᠯᠡᠭᠡᠨ ᠤ ᠬᠠᠩᠭᠠᠯᠭ᠎ᠠ ᠶᠢᠨ ᠰᠠᠭᠤᠷᠢᠨ ᠭᠠᠵᠠᠷ ᠤᠨ ᠶᠡᠷᠦᠩᠬᠡᠢ ᠬᠠᠷᠠᠯᠲᠠ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠬᠤᠪᠣᠷ ᠰᠢᠷᠣᠢ ᠶᠢᠨ ᠬᠠᠮᠢᠶ᠎ᠠ ᠪᠦᠬᠦᠢ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠪᠠ ᠬᠤᠶᠠᠷ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠴᠢᠩᠭ᠎ᠠ ᠬᠦᠴᠦᠲᠡᠢ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠬᠤᠪᠣᠷ ᠰᠢᠷᠣᠢ ᠶᠢᠨ ᠠᠵᠤ ᠦᠢᠯᠡᠰ ᠤᠨ ᠨᠡᠭᠦᠷᠡᠰᠦᠲᠥ᠋ᠷᠥᠭᠴᠢ ᠪᠠᠭ᠎ᠠ ᠪᠥᠭᠡᠳ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号