︽ᠨᠠᠮ ᠤᠨ ᠠᠴᠢ ᠳᠤ  ᠲᠠᠯᠠᠷᠬᠠᠨ᠂ ᠨᠠᠮ ᠤᠨ ᠦᠭᠡ  ᠶᠢ ᠰᠣᠨᠣᠰᠴᠤ᠂ ᠨᠠᠮ ᠢᠶᠠᠨ ᠲᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ  ᠶᠢᠨ ᠠᠵᠢᠯᠯᠠᠭ᠎ᠠ  ᠶᠢᠨ ᠤᠬᠠᠭᠤᠯᠤᠨ ᠲᠠᠶᠢᠯᠪᠤᠷᠢᠯᠠᠬᠤ ︽ᠳᠠᠭᠤᠨ︾ ᠬᠥᠮᠥᠰ ᠤᠨ ᠰᠡᠳᠬᠢᠯ ᠳᠤ ᠬᠠᠳᠠᠩᠰᠢᠵᠠᠢ
ᠨᠡᠶᠢᠲᠡᠯᠡᠭᠰᠡᠨ ᠴᠠᠭ᠄
2024/4/8
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠨᠠᠮ ᠤᠨ ᠠᠴᠢ ᠳᠤ  ᠲᠠᠯᠠᠷᠬᠠᠨ᠂ ᠨᠠᠮ ᠤᠨ ᠦᠭᠡ   ᠶᠢ ᠰᠣᠨᠣᠰᠴᠤ᠂ ᠨᠠᠮ ᠢᠶᠠᠨ ᠲᠠᠭᠠᠬᠤ︾  ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠶᠢᠨ ᠲᠥᠯᠥᠭᠡ  ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ 2 ᠰᠠᠷ᠎ᠠ ᠠᠴᠠ 3 ᠰᠠᠷ᠎ᠠ ᠪᠣᠯᠲᠠᠯ᠎ᠠ ᠲᠤᠰ ᠲᠤᠰ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠤᠷᠭᠠᠭᠤᠯᠢ᠂ ᠲᠣᠰᠬᠤᠨ᠂ ᠨᠡᠶᠢᠭᠡᠮ ᠲᠣᠭᠤᠷᠢᠭ᠂ ᠱᠠᠰᠢᠨ ᠰᠤᠷᠲᠠᠬᠤᠨ ᠤ ᠲᠠᠯᠠᠪᠤᠷ ᠲᠤ ᠬᠦᠷᠴᠦ ᠳ᠋ᠦᠢᠰᠢᠶᠠᠩᠴᠢᠯᠠᠬᠤ᠂ ᠤᠯᠠᠨ ᠲᠦᠮᠡᠨᠴᠢᠯᠡᠬᠦ᠂ ᠬᠠᠷᠢᠯᠴᠠᠨ ᠤᠬᠠᠭᠤᠯᠬᠤ ᠠᠵᠢᠯ ᠦᠷᠨᠢᠭᠦᠯᠪᠠ᠃ ︽ᠪᠠᠭ᠎ᠠ ᠬᠡᠷᠴᠢᠶᠡᠰᠦ︾ ᠪᠠᠷ ︽ᠶᠡᠭᠡ ᠶᠣᠰᠣ︾ ᠶᠢ ᠰᠠᠶᠢᠲᠤᠷ ᠶᠠᠷᠢᠵᠤ᠂ ︽ᠳᠡᠷᠭᠡᠳᠡᠬᠢ ᠶᠠᠪᠤᠳᠠᠯ︾ ᠢᠶᠠᠷ ᠢᠶᠠᠨ ︽ᠲᠣᠮᠣ ᠭᠤᠣᠯ ᠰᠡᠳᠦᠪ︾ ᠢ ᠲᠣᠳᠣᠷᠬᠠᠶᠢᠯᠠᠨ ᠶᠠᠷᠢᠵᠤ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠶᠡᠷᠦᠩᠬᠡᠢ ᠱᠦᠵᠢ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠤᠨ ᠠᠷᠠᠳ ᠲᠦᠮᠡᠨ ᠢ ᠬᠠᠯᠠᠮᠵᠢᠯᠠᠨ ᠳᠡᠮᠵᠢᠵᠦ ᠪᠠᠶᠢᠭ᠎ᠠ ᠪᠠᠶᠢᠳᠠᠯ ᠢ ᠭᠦᠨᠵᠡᠭᠡᠢ ᠣᠶᠢᠯᠠᠭᠠᠭᠤᠯᠵᠤ᠂ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠣᠶᠢᠯᠠᠭᠠᠵᠤ᠂ ︽ᠰᠠᠨᠠᠯ︾  ᠤᠨ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠠᠬᠢ ᠬᠥᠰᠢᠶ᠎ᠡ ᠳᠤᠷᠠᠰᠬᠠᠯ ᠪᠦᠭᠦᠢ ᠠᠴᠢ ᠬᠤᠯᠪᠣᠭᠳᠠᠯ ᠢ ᠭᠦᠨᠵᠡᠭᠡᠢ ᠲᠠᠨᠢᠨ ᠤᠬᠠᠮᠰᠠᠷ ᠠᠴᠠ ᠪᠠᠨ ᠨᠠᠮ᠂ ᠨᠠᠮ ᠤᠨ ᠲᠥᠪ ᠬᠤᠷᠢᠶ᠎ᠠ ᠳᠤ ᠬᠠᠨᠳᠤᠭᠤᠯᠤᠭᠰᠠᠨ ᠬᠤᠪᠢᠰᠬᠠᠯ ᠤᠨ ᠣᠳᠣᠮᠯᠠᠯ ᠢ ᠤᠯᠠᠮᠵᠢᠯᠠᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠦᠷᠭᠦᠯᠵᠢᠯᠡᠨ ᠪᠠᠳᠠᠷᠠᠭᠤᠯᠣᠨ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ   ᠶᠢ ᠰᠣᠨᠣᠰᠴᠤ᠂ ᠨᠠᠮ ᠢᠶᠠᠨ ᠲᠠᠭᠠᠬᠤ︾ ᠶᠢ  ᠦᠢᠯᠡᠳᠦᠯᠭᠡᠵᠢᠭᠦᠯᠪᠠ᠃
    ᠵᠢᠯ ᠤᠨ ᠡᠬᠢᠨ ᠳᠤ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠲᠣᠬᠢᠷᠠᠭᠤᠯᠭ᠎ᠠ ᠶᠣᠰᠣᠭᠠᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ  ︽ᠨᠠᠮ ᠤᠨ ᠠᠴᠢ ᠳᠤ  ᠲᠠᠯᠠᠷᠬᠠᠨ ᠂ ᠨᠠᠮ ᠤᠨ ᠦᠭᠡ   ᠶᠢ ᠰᠣᠨᠣᠰᠴᠤ᠂ ᠨᠠᠮ ᠢᠶᠠᠨ ᠲᠠᠭᠠᠬᠤ︾ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠦᠳᠲᠡᠷ ᠲᠦᠷᠭᠡᠨ ᠵᠣᠬᠢᠶᠠᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠥᠷᠲᠡᠭᠡ︶᠂ ᠡᠯ᠎ᠡ ᠱᠠᠲᠤᠨ ᠤ ︽ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ︾ ᠵᠡᠷᠭᠡ ᠶᠢ ᠭᠦᠢᠴᠡᠳ ᠠᠰᠢᠭᠯᠠᠨ ᠤᠬᠠᠭᠤᠯᠤᠨ ᠲᠠᠶᠢᠯᠪᠤᠷᠢᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠦᠨᠡᠨᠬᠦ ᠰᠠᠶᠢᠲᠤᠷ ᠶᠠᠷᠢᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠤᠨ ᠲᠡᠦᠬᠡᠨ ᠰᠠᠶᠢᠬᠠᠨ ᠳᠠᠭᠤᠷᠢᠰᠬᠠᠯ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ ᠪᠠᠬᠢᠵᠢᠭᠦᠯᠵᠦ᠂ ᠣᠯᠠᠨ ᠲᠦᠮᠡᠨ ᠤ ᠣᠶᠢᠯᠠᠭᠠᠬᠤ ᠨᠣᠷᠮ᠎ᠠ ᠪᠠ ᠣᠷᠣᠯᠴᠠᠬᠤ ᠬᠡᠮᠵᠢᠶ᠎ᠡ ᠶᠢ ᠲᠠᠰᠤᠷᠠᠯᠲᠠ ᠦᠭᠡᠢ ᠲᠡᠭᠡᠭᠰᠢᠯᠡᠭᠦᠯᠪᠠ᠃
   ᠣᠳᠣᠬᠠᠨ ᠪᠣᠯᠲᠠᠯ᠎ᠠ᠂ ᠨᠡᠶᠢᠳᠡ 14 ᠲᠠᠯᠠᠪᠤᠷ ᠤᠬᠠᠭᠤᠯᠤᠨ ᠲᠠᠶᠢᠯᠪᠤᠷᠢᠯᠠᠵᠤ᠂ 1300 ᠭᠠᠷᠤᠢ ᠬᠥᠮᠥᠨ ᠢ ᠬᠦᠯᠢᠶᠡᠨ ᠠᠪᠴᠠᠢ᠃ ᠤᠯᠠᠨ ᠲᠦᠮᠡᠨ ᠲᠠᠢ ᠣᠶᠢᠷᠠᠲᠤᠭᠰᠠᠨ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠪᠠᠷ ᠳᠠᠮᠵᠢᠭᠤᠯᠵᠤ᠂ ︽ᠨᠠᠮ ᠤᠨ ᠠᠴᠢ ᠳᠤ  ᠲᠠᠯᠠᠷᠬᠠᠨ᠂ ᠨᠠᠮ ᠤᠨ ᠦᠭᠡ   ᠶᠢ ᠰᠣᠨᠣᠰᠴᠤ᠂ ᠨᠠᠮ ᠢᠶᠠᠨ ᠲᠠᠭᠠᠬᠤ︾  ᠶᠢ ᠦᠨᠡᠨᠬᠦ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠤᠯᠠᠨ ᠲᠦᠮᠡᠨ ᠣᠶᠢᠯᠠᠭᠠᠵᠣ ᠮᠡᠳᠡᠭᠦ ᠂ ᠨᠠᠮ ᠤᠨ ᠭᠡᠰᠢᠭᠦᠨ ᠺᠠᠳ᠋ᠷ ᠪᠣᠯᠣᠨ ᠤᠯᠠᠨ ᠲᠦᠮᠡᠨ ᠢ ᠦᠵᠡᠯ ᠰᠠᠨᠠᠭᠠᠨ ᠤ ᠣᠯᠣᠯᠲᠠ ᠲᠠᠢ᠂ ᠤᠶᠤᠨ ᠰᠠᠨᠠᠭᠠᠨ ᠤ ᠭᠦᠨᠳᠡᠯ ᠲᠠᠢ ᠪᠣᠯᠭᠠᠵᠤ᠂ ᠤᠬᠠᠭᠤᠯᠤᠨ ᠲᠠᠶᠢᠯᠪᠤᠷᠢᠯᠠᠬᠤ ᠦᠷ᠎ᠡ ᠪᠦᠲᠦᠮᠵᠢ ᠶᠢ ᠬᠠᠮᠤᠭ ᠤᠨ ᠶᠡᠭᠡ ᠪᠣᠯᠭᠠᠵᠠᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号