ᠣᠶᠢᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠴᠢᠨ ᠤ ᠡᠪᠯᠡᠯ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 2024 ᠣᠨ ᠤ ᠬᠥᠳᠡᠯᠮᠦᠷᠢ ᠪᠠ ᠤᠷ᠎ᠠ ᠴᠢᠳᠠᠪᠤᠷᠢ ᠶᠢᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠶᠠᠪᠣᠭᠳᠠᠪᠠ᠃
ᠨᠡᠶᠢᠲᠡᠯᠡᠭᠰᠡᠨ ᠴᠠᠭ᠄
2024/4/8
    ᠣᠶᠢᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠴᠢᠨ ᠤ ᠡᠪᠯᠡᠯ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 2024 ᠣᠨ ᠤ ᠬᠥᠳᠡᠯᠮᠦᠷᠢ ᠪᠠ ᠤᠷ᠎ᠠ ᠴᠢᠳᠠᠪᠤᠷᠢ ᠶᠢᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠶᠠᠪᠣᠭᠳᠠᠪᠠ᠃
    ᠬᠤᠷᠠᠯ ᠳᠡᠭᠡᠷ᠎ᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠴᠢᠨ ᠤ ᠡᠪᠯᠡᠯ ︽ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠴᠢᠨ ᠤ ᠡᠪᠯᠡᠯ ᠤᠨ 2024 ᠣᠨ ᠤ ᠬᠥᠳᠡᠯᠮᠦᠷᠢ ᠪᠠ ᠤᠷ᠎ᠠ ᠮᠡᠷᠭᠡᠵᠢᠯ ᠤᠨ ᠤᠷᠤᠯᠳᠤᠭᠠᠨ ᠤ ᠠᠵᠢᠯ ᠤᠨ ᠮᠡᠳᠡᠭᠳᠡᠯ︾  ᠲᠠᠷᠭᠠᠭᠠᠨ᠂ ᠡᠭᠦᠨ ᠤ ᠬᠠᠮᠲᠤ ᠡᠨᠡ ᠵᠢᠯ ᠤᠨ ᠬᠥᠳᠡᠯᠮᠦᠷᠢ ᠪᠣᠯᠣᠨ ᠤᠷ᠎ᠠ ᠮᠡᠷᠭᠡᠵᠢᠯ ᠤᠨ ᠤᠷᠤᠯᠳᠤᠭᠠᠨ ᠤ ᠬᠤᠯᠪᠣᠭᠳᠠᠯ ᠪᠦᠬᠦᠢ ᠭᠤᠣᠯᠳᠠᠯᠭ᠎ᠠ  ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠠᠵᠤ ᠠᠬᠤᠶᠢᠯᠠᠯ ᠢ ︽ᠠᠵᠢᠯᠲᠠᠨ ᠠᠵᠢᠯᠴᠢᠨ ᠤ ᠤᠷ᠎ᠠ ᠮᠡᠷᠭᠡᠵᠢᠯ ᠤᠨ ᠬᠢᠷᠢ ᠬᠡᠮᠵᠢᠶ᠎ᠡ ᠪᠠ ᠰᠢᠨ᠎ᠡ ᠶᠢ ᠡᠭᠦᠳᠬᠦ ᠴᠢᠳᠠᠪᠤᠷᠢ  ᠶᠢ ᠳᠡᠭᠡᠭᠰᠢᠯᠡᠭᠦᠯᠬᠦ︾ ᠪᠠᠷ ᠬᠠᠷᠠᠯᠲᠠ ᠪᠣᠯᠭᠠᠵᠤ᠂ ᠰᠢᠨ᠎ᠡ ᠶᠢ ᠡᠭᠦᠳᠬᠦ ᠬᠥᠭᠵᠢᠯᠲᠡ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠠᠵᠢᠯᠲᠠᠨ ᠠᠵᠢᠯᠴᠢᠨ ᠪᠦᠬᠦᠨ ᠢᠶᠠᠷ ᠢᠶᠠᠨ ᠣᠷᠣᠯᠴᠠᠬᠤ ᠪᠠᠷ ᠤᠳᠤᠷᠢᠳᠤᠮᠵᠢ ᠪᠣᠯᠭᠠᠨ᠂ ᠬᠥᠳᠡᠯᠮᠦᠷᠢ ᠪᠠ ᠤᠷ᠎ᠠ ᠮᠡᠷᠭᠡᠵᠢᠯ ᠤᠨ ᠤᠷᠤᠯᠳᠤᠭᠠᠨ ᠢ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠥᠷᠨᠢᠭᠦᠯᠵᠦ᠂ ︽ᠲᠠᠪᠤᠨ ᠪᠠᠭ᠎ᠠ︾ ᠶᠢᠨ ᠠᠵᠢᠯᠯᠠᠭ᠎ᠠ ᠂ ᠵᠦᠢ ᠵᠣᠬᠢᠰᠲᠠᠢ ᠰᠠᠨᠠᠭᠤᠯᠭ᠎ᠠ᠂ ᠠᠵᠢᠯ ᠤᠨ ᠪᠠᠶᠢᠷᠢ ᠶᠢᠨ ᠪᠣᠯᠪᠠᠰᠤᠷᠠᠯ ᠵᠡᠷᠭᠡ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠬᠥᠳᠡᠯᠮᠦᠷᠢ ᠶᠢᠨ ᠵᠢᠱᠢᠶᠡᠴᠢ ︵ᠠᠵᠢᠯᠲᠠᠨ ᠠᠵᠢᠯᠴᠢᠨ︶ ᠶᠢᠨ ᠰᠢᠨ᠎ᠡ ᠶᠢ ᠡᠭᠦᠳᠬᠦ ᠠᠵᠢᠯ ᠤᠨ ᠲᠠᠰᠤᠭ ᠢᠶᠠᠷ ᠠᠴᠢᠶᠠᠯᠠᠪᠤᠷᠢ ᠪᠣᠯᠭᠠᠨ ᠠᠵᠢᠯᠲᠠᠨ ᠠᠵᠢᠯᠴᠢᠨ ᠢ ᠥᠷᠭᠡᠨ ᠢᠶᠠᠷ ᠵᠣᠬᠢᠶᠠᠨ ᠪᠠᠶᠢᠭᠤᠯᠤᠨ ᠠᠵᠢᠯᠲᠠᠨ ᠠᠵᠢᠯᠴᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ ᠶᠢ ᠥᠷᠨᠢᠭᠦᠯᠵᠦ᠂ ᠥᠷᠭᠡᠨ ᠣᠯᠠᠨ ᠠᠵᠤ ᠦᠢᠯᠡᠰ ᠤᠨ ᠠᠵᠢᠯᠴᠢᠨ ᠤ ᠮᠡᠷᠭᠡᠵᠢᠯ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠥᠨᠳᠥᠷ ᠬᠡᠪ ᠪᠣᠯᠪᠠᠰᠤᠷᠠᠯ ᠲᠠᠢ ᠠᠵᠤ ᠦᠢᠯᠡᠰ ᠤᠨ ᠠᠵᠢᠯᠴᠢᠨ ᠤ ᠡᠩᠨᠡᠭᠡ ᠶᠢ ᠤᠯᠠᠮ ᠨᠢᠭᠡ ᠠᠯᠬᠤᠮ ᠠᠭᠤᠳᠠᠯᠤᠨ ᠬᠥᠮᠥᠵᠢᠭᠦᠯᠵᠦ᠂ ᠪᠥᠬᠦ ᠣᠷᠣᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃
    ᠳᠠᠷᠠᠭᠠᠴᠢ ᠶᠢᠨ ᠠᠯᠬᠤᠮ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠴᠢᠨ ᠤ ᠡᠪᠯᠡᠯ ᠪᠦᠬᠦ ᠣᠷᠣᠨ ᠤ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠦᠷᠦᠯ ᠵᠦᠢᠯ ᠤᠨ ᠲᠣᠭᠤᠷᠢᠨ ᠳᠤ ᠦᠷᠭᠦᠯᠵᠢᠯᠡᠨ ᠥᠨᠳᠥᠷ ᠪᠠᠷᠢᠮᠵᠢᠶ᠎ᠠ ᠪᠠᠷ ᠬᠥᠳᠡᠯᠮᠦᠷᠢ ᠪᠣᠯᠣᠨ ᠤᠷ᠎ᠠ ᠴᠢᠳᠠᠪᠤᠷᠢ ᠶᠢᠨ ᠤᠷᠤᠯᠳᠤᠭᠠᠨ ᠤ ᠡᠯ᠎ᠡ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ ᠤ ᠡᠭᠦᠳᠦᠨ ᠪᠦᠲᠦᠭᠡᠬᠦ ᠬᠠᠯᠠᠭᠤᠨ ᠰᠡᠳᠬᠢᠯᠭᠡ ᠪᠠ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠤᠨ ᠳᠠᠶᠢᠴᠢᠯᠠᠵᠤ᠂ ᠥᠷᠭᠡᠨ ᠣᠯᠠᠨ ᠠᠵᠢᠯᠲᠠᠨ ᠠᠵᠢᠯᠴᠢᠨ ᠤ ᠣᠶᠤᠨ ᠤᠬᠠᠭᠠᠨ ᠪᠠ ᠬᠦᠴᠦᠨ ᠴᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠤᠨ᠂ ︽ᠤᠷᠤᠯᠳᠤᠭᠠᠨ︾ ᠢᠶᠠᠷ ᠰᠢᠪᠲᠤᠯᠤᠯᠲᠠ ᠶᠢᠨ ᠡᠷᠴᠢ ᠵᠣᠷᠢᠭ ᠢ ᠪᠣᠶ ᠪᠣᠯᠭᠠᠵᠤ᠂ ︽ᠤᠷᠤᠯᠳᠤᠭᠠᠨ︾ ᠢᠶᠠᠷ ᠮᠡᠷᠭᠡᠵᠢᠯ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠤᠨ᠂ ︽ᠤᠷᠤᠯᠳᠤᠭᠠᠨ︾ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠲᠠᠯ᠎ᠠ ᠪᠠᠷ ᠰᠢᠨ᠎ᠡ ᠵᠢᠳᠬᠦᠯ ᠭᠠᠷᠭᠠᠵᠤ᠂ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号