ᠨᠡᠶᠢᠭᠡᠮ ᠳᠤ ᠬᠠᠨᠳᠤᠭᠤᠯᠤᠨ ᠰᠢᠨ᠎ᠡ ᠭᠡᠰᠢᠭᠦᠨ ᠡᠯᠰᠡᠬᠦ ᠲᠤᠬᠠᠢ ᠪᠤᠭᠤᠲᠤ ᠬᠤᠲᠠ ᠶᠢᠨ ᠢᠨᠲ᠋ᠧᠷ ᠰᠦᠯᠵᠢᠶᠡᠨ ᠤ ᠠᠵᠢᠯ ᠲᠥᠷᠥᠯ ᠤᠨ ᠬᠤᠯᠪᠣᠭᠠᠲᠤ ᠬᠤᠷᠠᠯ ᠤᠨ ᠠᠯᠪᠠᠨ ᠵᠠᠷ
ᠨᠡᠶᠢᠲᠡᠯᠡᠭᠰᠡᠨ ᠴᠠᠭ᠄
2024/4/8
   ᠪᠤᠭᠤᠲᠤ ᠬᠤᠲᠠ ᠶᠢᠨ ᠢᠨᠲ᠋ᠧᠷ ᠰᠦᠯᠵᠢᠶᠡᠨ ᠤ ᠠᠵᠢᠯ ᠲᠥᠷᠥᠯ ᠤᠨ ᠬᠤᠯᠪᠣᠭᠠᠲᠤ ᠬᠤᠷᠠᠯ ᠪᠣᠯ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠭᠤᠣᠯᠯᠠᠨ ᠬᠠᠮᠢᠶᠠᠷᠴᠤ ᠪᠠᠶᠢᠭ᠎ᠠ ᠰᠦᠯᠵᠢᠶᠡᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ᠎ᠠ᠃ ᠣᠳᠣᠬᠠᠨ ᠤ ᠢᠨᠲ᠋ᠧᠷ ᠰᠦᠯᠵᠢᠶᠡᠨ ᠤ ᠬᠥᠭᠵᠢᠯᠲᠡ ᠶᠢᠨ ᠣᠳᠣᠬᠢ ᠪᠠᠶᠢᠳᠠᠯ ᠪᠠ ᠪᠤᠭᠤᠲᠤ ᠬᠤᠲᠠ ᠶᠢᠨ ᠢᠨᠲ᠋ᠧᠷ ᠰᠦᠯᠵᠢᠶᠡᠨ ᠤ ᠠᠵᠢᠯ ᠲᠥᠷᠥᠯ ᠤᠨ ᠬᠤᠯᠪᠣᠭᠠᠲᠤ  ᠨᠡᠶᠢᠭᠡᠮᠯᠢᠭ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠣᠲᠣ ᠨᠡᠶᠢᠭᠡᠮ ᠳᠤ ᠬᠠᠨᠳᠤᠭᠤᠯᠤᠨ ᠰᠢᠨ᠎ᠡ ᠭᠡᠰᠢᠭᠦᠨ ᠡᠯᠰᠡᠵᠦ ᠪᠠᠶᠢᠨ᠎ᠠ᠂ ᠥᠷᠭᠡᠨ ᠣᠯᠠᠨ ᠢᠨᠲ᠋ᠧᠷ ᠰᠦᠯᠵᠢᠶᠡᠨ ᠤ ᠠᠵᠤ ᠠᠬᠤᠶᠢᠯᠠᠯ᠂ ᠰᠦᠯᠵᠢᠶᠡᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠦᠯᠵᠢᠶᠡᠨ ᠤ ᠨᠠᠷᠠᠲᠤ ᠬᠥᠮᠥᠰ ᠤᠨ ᠪᠤᠭᠤᠲᠤ ᠬᠤᠲᠠ ᠶᠢᠨ ᠢᠨᠲ᠋ᠧᠷ ᠰᠦᠯᠵᠢᠶᠡᠨ ᠤ ᠠᠵᠢᠯ ᠲᠥᠷᠥᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ ᠪᠠᠶᠢᠭ᠎ᠠ ᠨᠥᠬᠦᠳ ᠢᠳᠡᠪᠬᠢᠲᠡᠢ ᠪᠠᠷ ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕    ᠨᠢᠭᠡ᠂ ᠣᠷᠣᠯᠴᠠᠬᠤ ᠨᠥᠬᠦᠴᠡᠯ᠄ ︵ᠨᠢᠭᠡ︶ ᠤᠯᠤᠰ ᠤᠨ ᠦᠨᠳᠦᠰᠦᠨ ᠬᠠᠤᠯᠢ᠂ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠨ ᠰᠠᠬᠢᠵᠤ᠂ ᠲᠣᠰ ᠬᠤᠯᠪᠣᠭᠠᠲᠤ ᠬᠤᠷᠠᠯ ᠤᠨ ᠲᠣᠭᠲᠠᠭᠠᠭᠰᠠᠨ ᠳᠦᠷᠢᠮ ᠢ ᠬᠦᠷᠢᠶᠡᠯᠡᠬᠦ ᠶᠢᠨ ᠬᠠᠮᠲᠤ ᠮᠡᠳᠡᠷᠡᠵᠦ᠂ ᠬᠠᠤᠯᠢ ᠰᠠᠬᠢᠯᠭ᠎ᠠ ᠶᠢ ᠵᠥᠷᠢᠴᠡᠵᠦ ᠳᠦᠷᠢᠮ ᠲᠣᠭᠲᠠᠭᠠᠯ ᠢ ᠵᠥᠷᠢᠴᠡᠭᠰᠡᠨ ᠵᠢᠴᠢ ᠢᠲᠡᠭᠡᠯ ᠠᠯᠳᠠᠭᠰᠠᠨ ᠵᠡᠷᠭᠡ ᠮᠠᠭᠤ ᠲᠡᠮᠳᠡᠭᠯᠡᠯ ᠪᠠᠶᠢᠬᠤ ᠦᠭᠡᠢ᠃  ︵ᠬᠤᠶᠠᠷ︶ ᠲᠤᠰ ᠬᠤᠯᠪᠣᠭᠠᠲᠤ ᠬᠤᠷᠠᠯ ᠳᠤ ᠰᠠᠶᠢᠨ ᠳᠤᠷ᠎ᠠ ᠠᠴᠠ ᠪᠠᠨ ᠣᠷᠣᠯᠴᠠᠵᠤ᠂ ᠲᠤᠰ ᠬᠤᠯᠪᠣᠭᠠᠲᠤ ᠬᠤᠷᠠᠯ ᠤᠨ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠵᠤ᠂ ᠲᠤᠰ ᠬᠤᠯᠪᠣᠭᠠᠲᠤ ᠬᠤᠷᠠᠯ ᠤᠨ ᠠᠵᠢᠯ ᠢ ᠲᠡᠮᠵᠢᠨ᠎ᠡ᠃ ︵ᠭᠤᠷᠪᠠ︶ ᠪᠦᠯᠬᠦᠮ ᠤᠨ ᠭᠡᠰᠢᠭᠦᠨ᠄ ᠬᠠᠤᠯᠢ ᠶᠣᠰᠣᠭᠠᠷ ᠪᠦᠷᠢᠳᠬᠡᠨ ᠳᠠᠩᠰᠠᠯᠠᠭᠤᠯᠵᠤ ᠪᠠᠶᠢᠭᠤᠯᠤᠭᠰᠠᠨ ᠰᠦᠯᠵᠢᠶᠡᠨ ᠤ ᠤᠬᠠᠭᠤᠯᠭ᠎ᠠ᠂ ᠰᠦᠯᠵᠢᠶᠡᠨ ᠤ ᠠᠮᠤᠷ ᠲᠦᠪᠰᠢᠨ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠵᠡᠷᠭᠡ ᠢᠨᠲ᠋ᠧᠷ ᠰᠦᠯᠵᠢᠶᠡᠨ ᠤ ᠠᠵᠤ ᠠᠬᠤᠶᠢᠯᠠᠯ ᠵᠢᠴᠢ ᠢᠨᠲ᠋ᠧᠷ ᠰᠦᠯᠵᠢᠶᠡᠨ ᠤ ᠠᠵᠢᠯ ᠲᠥᠷᠥᠯ ᠲᠠᠢ ᠨᠢᠭᠲᠠ ᠬᠤᠯᠪᠣᠭ᠎ᠠ ᠲᠠᠢ᠂ ᠢᠨᠲ᠋ᠧᠷ ᠰᠦᠯᠵᠢᠶᠡᠨ ᠤ ᠠᠵᠢᠯ ᠲᠥᠷᠥᠯ ᠤᠨ ᠬᠦᠷᠢᠶᠡᠨ ᠤ ᠬᠥᠭᠵᠢᠯᠲᠡ ᠳᠤ ᠦᠢᠯᠡᠴᠢᠯᠡᠵᠦ ᠳᠡᠶᠢᠯᠬᠦ᠂ ᠵᠣᠬᠢᠬᠤ ᠨᠥᠯᠥᠭᠡᠯᠡᠬᠦ ᠬᠦᠴᠦᠨ ᠲᠠᠢ ᠠᠵᠤ ᠠᠬᠤᠶᠢᠯᠠᠯ᠂ ᠰᠦᠯᠵᠢᠶᠡᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ᠃ ︵ᠳᠥᠷᠪᠡ︶ ᠬᠤᠪᠢ ᠬᠥᠮᠥᠨ ᠤ ᠭᠡᠰᠢᠭᠦᠨ᠄ ᠵᠣᠬᠢᠬᠤ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠲᠠᠢ ᠰᠦᠯᠵᠢᠶᠡᠨ ᠤ ᠨᠠᠷᠠᠲᠤ ᠬᠥᠮᠥᠨ᠂ ᠰᠢᠨ᠎ᠡ ᠵᠠᠭᠤᠴᠢᠯᠠᠭᠤᠷ ᠤᠨ ᠠᠵᠢᠯᠲᠠᠨ ᠵᠢᠴᠢ ᠢᠨᠲ᠋ᠧᠷ ᠰᠦᠯᠵᠢᠶᠡᠨ ᠤ ᠰᠣᠶᠣᠯ ᠤᠨ  ᠪᠠᠭ᠋ᠠᠷᠬᠠᠭᠠᠴᠢ ᠪᠠ ᠠᠵᠢᠯᠲᠠᠨ᠃    ᠬᠤᠶᠠᠷ᠂ ᠭᠤᠶᠤᠴᠢᠯᠠᠬᠤ ᠬᠡᠯᠪᠡᠷᠢ ᠳᠤ ᠰᠠᠨᠠᠭ᠎ᠠ ᠲᠠᠢ ᠨᠢᠭᠡᠴᠡ ᠪᠤᠶᠤ ᠬᠤᠪᠢ ᠬᠥᠮᠥᠨ᠂ ᠨᠡᠶᠢᠭᠡᠮᠯᠢᠭ ᠲᠤ ᠣᠷᠣᠬᠤ ᠭᠤᠶᠤᠴᠢᠯᠠᠯ ᠤᠨ ᠪᠢᠴᠢᠭ ᠢᠶᠠᠨ ᠲᠠᠭᠯᠠᠭᠰᠠᠨ ᠤ ᠳᠠᠷᠠᠭ᠎ᠠ ᠰᠢᠤᠳᠠᠨ ᠤ ᠬᠠᠶᠢᠷᠴᠠᠭ btswwxbzfshk@163.com ᠲᠤ ᠶᠠᠪᠤᠭᠤᠯᠤᠭᠠᠷᠠᠢ᠂ ᠣᠷᠣᠯᠴᠠᠬᠤ ᠪᠠᠷ ᠭᠤᠶᠤᠴᠢᠯᠠᠬᠤ ᠴᠠᠭ ᠢ 2024 ᠣᠨ ᠤ 4 ᠰᠠᠷ᠎ᠠ ᠶᠢᠨ 6 ᠤ ᠡᠳᠦᠷ ᠤᠨ 24:00 ᠪᠣᠯᠲᠠᠯ᠎ᠠ ᠬᠢᠵᠠᠭᠠᠷᠯᠠᠨ᠎ᠠ᠃ ᠬᠠᠷᠢᠯᠴᠠᠬᠤ ᠬᠥᠮᠥᠨ᠄ ᠭᠦᠸᠧ ᠵᠢᠶᠠᠨ᠂ ᠬᠠᠷᠢᠯᠴᠠᠬᠤ ᠤᠲᠠᠰᠤ᠄ 5619402  17614748997                           ᠪᠤᠭᠤᠲᠤ ᠬᠤᠲᠠ ᠶᠢᠨ ᠢᠨᠲ᠋ᠧᠷ ᠰᠦᠯᠵᠢᠶᠡᠨ ᠤ ᠠᠵᠢᠯ                          ᠲᠥᠷᠥᠯ ᠤᠨ ᠬᠤᠯᠪᠣᠭᠠᠲᠤ ᠨᠡᠶᠢᠭᠡᠮᠯᠢᠭ                                                    2024 ᠣᠨ ᠤ 3 ᠰᠠᠷ᠎ᠠ ᠶᠢᠨ 29 ᠤ ᠡᠳᠦᠷ
   ᠮᠡᠷᠭᠡᠨ ᠴᠣᠬᠤᠷ ᠢ ᠰᠢᠷᠪᠢᠵᠣ ᠪᠤᠭᠤᠲᠤ ᠬᠤᠲᠠ ᠶᠢᠨ ᠢᠨᠲ᠋ᠧᠷ ᠰᠦᠯᠵᠢᠶᠡᠨ ᠤ ᠠᠵᠢᠯ ᠲᠥᠷᠥᠯ ᠤᠨ ᠬᠤᠯᠪᠣᠭᠠᠲᠤ ᠨᠡᠶᠢᠭᠡᠮᠯᠢᠭ ᠤᠨ ᠭᠡᠰᠢᠭᠦᠨ ᠢ ᠪᠠᠭᠤᠯᠭᠠᠵᠤ ᠨᠡᠶᠢᠭᠡᠮᠯᠢᠭ ᠲᠤ ᠣᠷᠣᠬᠤ ᠭᠤᠶᠤᠴᠢᠯᠠᠯ ᠤᠨ ᠪᠢᠴᠢᠭ ᠢ ᠪᠠᠭᠤᠯᠭᠠᠬᠤ
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号