ᠨᠡᠶᠢᠭᠡᠮ ᠤᠨ ᠡᠯ᠎ᠡ ᠡᠲᠡᠭᠡᠳ ᠤᠨ ᠬᠢᠨ ᠪᠠ ᠥᠷᠭᠡᠨ ᠤᠯᠠᠨ ᠰᠠᠭᠤᠭᠠᠯᠢ ᠠᠷᠠᠳ ᠨᠠᠶᠢᠵᠠ ᠨᠠᠷ᠄ ︽ | ᠡᠷᠲᠡᠨ ᠠᠴᠠ ᠠᠪᠤᠭᠠᠳ ᠴᠥᠮ ᠦᠬᠦᠵᠦ ᠰᠥᠨᠥᠬᠦ ᠶᠠᠪᠤᠳᠠᠯ ᠪᠤᠢ᠂ ᠠᠷᠠᠳ ᠢᠷᠭᠡᠳ ᠢᠲᠡᠭᠡᠯ ᠦᠭᠡᠢ ᠪᠣᠯ | ᠲᠣᠭᠲᠠᠵᠤ ᠴᠢᠳᠠᠬᠤ ᠦᠭᠡᠢ︾ ᠭᠡᠵᠡᠭᠡᠳᠡᠭ᠃ ᠦᠨᠡᠨᠴᠢ ᠢᠲᠡᠭᠡᠮᠵᠢᠲᠡᠢ ᠪᠠᠶᠢᠬᠤ ᠪᠣᠯ ᠨᠡᠶᠢᠭᠡᠮ ᠵᠢᠷᠤᠮ ᠤᠨ | ᠭᠤᠣᠯᠯᠠᠬᠤ ᠦᠷᠳᠡᠭ ᠤᠨ ᠦᠵᠡᠯᠲᠡ ᠶᠢᠨ ᠴᠢᠬᠤᠯᠠ ᠠᠭᠤᠯᠭ᠎ᠠ ᠮᠥᠨ᠂ ᠬᠤᠪᠢ ᠬᠥᠮᠥᠨ ᠤ ᠣᠷᠣᠰᠢᠨ | ᠲᠣᠭᠲᠠᠨᠢᠬᠤ ᠶᠢᠨ ᠦᠨᠳᠦᠰᠦ᠂ ᠨᠡᠶᠢᠭᠡᠮ ᠤᠨ ᠬᠥᠭᠵᠢᠯᠲᠡ ᠶᠢᠨ ᠰᠠᠭᠤᠷᠢ᠂ ᠬᠤᠳᠠ ᠶᠢᠨ ᠪᠣᠯᠪᠠᠰᠤᠨ ᠤ ᠰᠦᠭ | ᠰᠦᠨᠡᠰᠦ ᠮᠥᠨ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠵᠢᠷᠤᠮᠵᠢᠭᠤᠯᠬᠤ᠂ ᠤᠷᠳᠤ ᠬᠤᠭᠤᠴᠠᠭ᠎ᠠ ᠪᠠᠷ | ᠪᠦᠲᠦᠮᠵᠢᠲᠡᠢ ᠪᠠᠶᠢᠯᠭᠠᠬᠤ ᠶᠢ ᠬᠦᠴᠦᠯᠡᠨ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠶᠢ ᠪᠠᠳᠠᠷᠠᠭᠤᠯᠣᠨ ᠠᠮᠠᠯᠠᠯᠲᠠ ᠪᠠᠨ ᠪᠡᠶᠡᠯᠡᠭᠦᠯᠬᠦ ᠶᠢ ᠥᠷᠨᠢᠭᠦᠯᠵᠦ᠂ ᠦᠨᠡᠨᠴᠢ ᠰᠢᠳᠤᠷᠭᠤ᠂ ᠢᠲᠡᠭᠡᠯ ᠲᠠᠢ᠂ | ᠪᠡᠶ᠎ᠡ ᠪᠠᠨ ᠱᠠᠭᠠᠷᠳᠠᠬᠤ᠂ ᠬᠠᠷᠢᠯᠴᠠᠨ ᠢᠲᠡᠭᠡᠯᠴᠡᠬᠦ ᠨᠡᠶᠢᠭᠡᠮ ᠤᠨ ᠢᠲᠡᠭᠡᠮᠵᠢ ᠶᠢᠨ ᠣᠷᠴᠢᠨ ᠲᠣᠭᠤᠷᠢᠨ ᠢ ᠪᠤᠢ | ᠪᠣᠯᠭᠠᠬᠤ ᠶᠢᠨ ᠲᠥᠯᠥᠭᠡ᠂ ᠠᠳᠡ ᠪᠢᠳᠡ ᠳᠣᠣᠷᠠᠬᠢ ᠮᠡᠲᠦ ᠶᠢ ᠰᠠᠨᠠᠭᠠᠴᠢᠯᠠᠶ᠎ᠠ᠄ 1. ᠵᠠᠰᠠᠭ ᠤᠨ ᠶᠠᠪᠤᠳᠠᠯ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠦᠢᠯᠡᠴᠢᠯᠡᠭᠡᠨ ᠤ | ᠦᠵᠡᠯᠲᠡ ᠶᠢ ᠪᠠᠲᠤ ᠪᠤᠢ ᠪᠣᠯᠭᠠᠨ᠎ᠠ᠃ ᠵᠠᠰᠠᠭ ᠤᠨ ᠣᠷᠳᠣᠨ ᠤ ᠠᠮᠠᠯᠠᠯᠲᠠ ᠪᠠᠨ ᠦᠨᠡᠨ ᠬᠦ ᠪᠡᠶᠡᠯᠡᠭᠦᠯᠵᠦ᠂ | ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠬᠠᠮᠢᠶᠠᠷᠤᠯᠲᠠ | ᠂ ᠬᠢᠨᠠᠯᠲᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠪᠠᠨ ᠭᠦᠢᠴᠡᠳᠬᠡᠬᠦ ᠪᠦᠬᠦ ᠶᠠᠪᠤᠴᠠ ᠳᠤ ᠤᠬᠠᠮᠰᠠᠷ ᠠᠴᠠ ᠪᠠᠨ | ᠲᠤᠤᠱᠯᠠᠭᠤᠯᠵᠤ᠂ ᠢᠯᠡ ᠲᠣᠳᠣ ᠵᠠᠰᠠᠭ ᠤᠨ ᠶᠠᠪᠤᠳᠠᠯ ᠢ ᠰᠠᠨᠠᠭᠠᠴᠢᠯᠠᠨ᠂ ᠨᠠᠮ ᠤᠨ ᠶᠠᠪᠤᠳᠠᠯ ᠵᠠᠰᠠᠭ ᠤᠨ ᠶᠠᠪᠤᠳᠠᠯ ᠢ | ᠢᠯᠡ ᠪᠣᠯᠭᠠᠬᠤ ᠶᠢ ᠠᠬᠢᠭᠤᠯᠵᠤ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ ᠳᠥᠭᠦᠮᠴᠢᠯᠡᠨ᠂ ᠵᠠᠰᠠᠭ | ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠭᠠᠷᠳᠠᠮ ᠲᠥᠬᠦᠮ᠂ ᠴᠠᠭ ᠲᠦᠷᠭᠡᠨ᠂ ᠦᠢᠯᠡᠴᠢᠯᠡᠭᠡ | ᠴᠢᠨᠠᠷ ᠰᠠᠶᠢᠲᠠᠢ᠂ ᠥᠪᠡᠷ ᠤᠨ ᠥᠷᠲᠡᠭ ᠢ ᠠᠷᠪᠢᠯᠠᠬᠤ ᠪᠠ ᠦᠢᠯᠡᠴᠢᠯᠡᠬᠦ ᠶᠠᠪᠤᠴᠠ ᠳᠤ ᠬᠠᠷᠰᠢ ᠰᠠᠭᠠᠳ ᠦᠭᠡᠢ᠂ | ᠦᠢᠯᠡᠴᠢᠯᠡᠭᠡᠨ ᠤ ᠠᠷᠭ᠎ᠠ ᠮᠠᠶ᠋ᠢᠭ ᠲᠤ ᠵᠠᠢ ᠵᠠᠪᠰᠠᠷ ᠦᠭᠡᠢ᠂ ᠦᠢᠯᠡᠴᠢᠯᠡᠭᠡᠨ ᠤ ᠶᠠᠰᠤ ᠴᠢᠨᠠᠷ ᠲᠤ ᠳᠤᠲᠠᠭᠳᠠᠯ ᠦᠭᠡᠢ | ᠂ ᠦᠢᠯᠡᠴᠢᠯᠡᠭᠡᠨ ᠤ ᠵᠦᠢᠯᠡᠰ ᠲᠤ ᠳᠠᠷᠤᠭᠳᠠᠯ ᠦᠭᠡᠢ᠂ ᠦᠢᠯᠡᠴᠢᠯᠡᠭᠡᠨ ᠤ ᠬᠦᠴᠦᠨ ᠴᠢᠳᠠᠪᠤᠷᠢ ᠳᠤ ᠵᠠᠭᠠᠯᠳᠤᠯᠭ᠎ᠠ | ᠭᠠᠷᠭᠠᠬᠤ ᠦᠭᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠢᠳᠡᠪᠬᠢᠲᠡᠢ ᠪᠠᠷ ᠪᠣᠶ | ᠪᠣᠯᠭᠠᠨ᠎ᠠ᠃ 2. ᠦᠨᠡᠨᠴᠢ ᠢᠲᠡᠭᠡᠮᠵᠢᠲᠡᠢ ᠪᠠᠷ ᠬᠥᠮᠥᠨ ᠳᠤ ᠬᠠᠨᠳᠤᠬᠤ ᠤᠬᠠᠮᠰᠠᠷ ᠢ ᠪᠣᠶ ᠪᠣᠯᠭᠠᠵᠤ᠂ ᠨᠡᠶᠢᠭᠡᠮ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠦᠨᠡᠨᠴᠢ ᠬᠡᠮᠡᠭᠴᠢ ᠲᠡᠭᠷᠢ ᠶᠢᠨ ᠶᠣᠰᠣᠨ ᠪᠤᠯᠠᠢ ᠃ | ᠦᠨᠡᠨᠴᠢ ᠪᠤᠳᠤᠯ ᠪᠣᠯᠪᠠᠰᠤ ᠬᠥᠮᠥᠨ ᠤ ᠶᠣᠰᠣ ᠪᠤᠯᠠᠢ᠃ ᠦᠨᠡᠨᠴᠢ ᠢᠲᠡᠭᠡᠮᠵᠢᠲᠡᠢ ᠬᠥᠮᠥᠨ᠂ ᠦᠨᠡᠨᠴᠢ ᠰᠢᠳᠤᠷᠭᠤ | ᠦᠭᠡ ᠶᠠᠷᠢᠶ᠎ᠠ ᠦᠶᠯᠡ ᠠᠵᠢᠯᠯᠠᠭ᠎ᠠ ᠪᠠᠨ ᠨᠢᠭᠡᠳᠬᠡᠵᠦ᠂ ᠠᠮᠠᠯᠠᠯᠲᠠ ᠪᠠᠨ ᠬᠢᠴᠢᠶᠡᠩᠭᠦᠶᠢᠯᠡᠨ ᠰᠠᠬᠢᠵᠤ᠂ ᠦᠨᠡᠨᠴᠢ ᠪᠠᠷ | ᠬᠠᠨᠳᠤᠵᠤ᠂ ᠬᠤᠳᠠᠯ ᠬᠠᠭᠤᠷᠮᠠᠭ ᠪᠢᠰᠢ᠂ ᠬᠠᠭᠤᠷᠴᠤ ᠮᠡᠬᠡᠯᠡᠬᠦ ᠦᠭᠡᠢ ᠪᠠᠶᠢᠬᠤ ᠬᠡᠷᠡᠭᠲᠡᠢ ᠃ ᠦᠨᠡᠨᠴᠢ | ᠢᠲᠡᠭᠡᠮᠵᠢᠲᠡᠢ ᠪᠠᠷ ᠤᠴᠢᠷ ᠶᠠᠪᠤᠳᠠᠯ ᠢ ᠰᠢᠢᠳᠪᠦᠷᠢᠯᠡᠵᠦ᠂ ᠬᠡᠯᠡᠪᠡᠯ ᠢᠲᠡᠭᠡᠮᠵᠢᠲᠡᠢ᠂ ᠬᠢᠪᠡᠯ ᠦᠷ᠎ᠡ ᠳ᠋ᠦᠩ ᠲᠠᠢ᠂ | ᠬᠡᠲᠦᠷᠡᠭᠦᠯᠪᠡᠯ ᠵᠠᠯᠠᠷᠠᠭᠤᠯᠵᠤ ᠴᠢᠳᠠᠨ᠎ᠠ᠂ ᠬᠤᠳᠠᠯ ᠬᠡᠯᠡᠬᠦ ᠦᠭᠡᠢ᠂ ᠪᠣᠳᠠᠲᠤ ᠬᠡᠷᠡᠭ ᠤᠨ ᠦᠨᠡᠨ ᠪᠠᠶᠢᠳᠠᠯ ᠢ ᠨᠢᠭᠤᠨ | ᠳᠠᠯᠳᠠᠯᠠᠬᠤ ᠦᠭᠡᠢ᠂ ᠬᠤᠪᠢ ᠶᠢᠨ ᠠᠰᠢᠭ ᠲᠤᠰᠠ ᠶᠢ ᠬᠥᠭᠡᠭᠡᠴᠡᠯᠳᠦᠬᠦ ᠦᠭᠡᠢ ᠃ ᠦᠨᠡᠨᠴᠢ ᠢᠲᠡᠭᠡᠮᠵᠢᠲᠡᠢ ᠪᠠᠷ | ᠡᠷᠳᠡᠮ ᠮᠡᠳᠡᠯᠭᠡ ᠰᠤᠷᠴᠤ᠂ ᠰᠢᠨᠵᠢᠯᠡᠬᠦ ᠤᠬᠠᠭᠠᠨ ᠢ ᠡᠷᠬᠢᠮᠯᠡᠨ᠂ ᠵᠢᠮ᠎ᠡ ᠶᠣᠰᠣ ᠶᠢ ᠬᠦᠨᠳᠦᠳᠬᠡᠵᠦ᠂ ᠦᠨᠡᠨ | ᠶᠣᠰᠣ ᠶᠢ ᠡᠷᠢᠯᠬᠢᠯᠡᠨ᠂ ᠦᠨᠡᠨ ᠠᠴᠠ ᠵᠥᠪ ᠢ ᠡᠷᠢᠵᠦ᠂ ᠭᠡᠮ ᠬᠢᠬᠦ ᠦᠭᠡᠢ᠂ ᠬᠠᠭᠤᠯᠬᠤ ᠦᠭᠡᠢ᠂ ᠬᠠᠷᠢᠭᠤᠴᠠᠯᠭ᠎ᠠ | ᠦᠭᠡᠢ ᠦᠭᠡ ᠶᠠᠷᠢᠶ᠎ᠠ ᠶᠢ ᠲᠠᠷᠬᠠᠭᠠᠬᠤ ᠦᠭᠡᠢ᠂ ᠶᠠᠮᠠᠷᠪᠠ ᠠᠰᠢᠭ ᠬᠤᠨᠵᠢᠪᠤᠷᠢ ᠣᠯᠬᠤ ᠠᠵᠢᠯᠯᠠᠭ᠎ᠠ ᠶᠢ | ᠤᠬᠠᠭᠤᠯᠬᠤ ᠦᠭᠡᠢ᠃ 3. ᠦᠨᠡᠨᠴᠢ ᠢᠲᠡᠭᠡᠮᠵᠢᠲᠡᠢ ᠪᠠᠷ ᠡᠵᠡᠩᠨᠡᠬᠦ ᠣᠨᠣᠯᠵᠢᠬᠤᠨ ᠢ ᠪᠠᠲᠤ ᠰᠠᠬᠢᠵᠤ᠂ | ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠵᠣᠷᠢᠭ ᠰᠠᠨᠠᠭ᠎ᠠ ᠶᠢ ᠶᠣᠰᠣ ᠰᠤᠷᠲᠠᠬᠤᠨ ᠤ ᠬᠤᠷᠢᠭ᠎ᠠ | ᠱᠤᠭᠤᠮ ᠢ ᠬᠦᠨᠳᠡᠵᠦ ᠪᠣᠯᠬᠤ ᠦᠭᠡᠢ᠂ ᠬᠠᠤᠯᠢ ᠴᠠᠭᠠᠵᠠ ᠶᠢᠨ ᠤᠯᠠᠭᠠᠨ ᠱᠤᠭᠤᠮ ᠢ ᠳᠠᠪᠠᠵᠤ ᠪᠣᠯᠬᠤ ᠦᠭᠡᠢ | ᠭᠡᠳᠡᠭ ᠢ ᠪᠠᠲᠤ ᠴᠡᠭᠡᠵᠢᠯᠡᠵᠦ᠂ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠤᠬᠠᠮᠰᠠᠷ ᠢᠶᠠᠨ ᠴᠢᠩᠭᠠᠳᠬᠠᠵᠤ᠂ | ᠦᠨᠡᠨᠴᠢ ᠢᠲᠡᠭᠡᠮᠵᠢᠲᠡᠢ ᠡᠵᠡᠩᠨᠡᠯᠲᠡ ᠶᠢᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠵᠠᠰᠠᠭ ᠤᠨ ᠣᠷᠳᠣᠨ ᠳᠤ | ᠦᠨᠡᠨᠴᠢ ᠢᠲᠡᠭᠡᠮᠵᠢᠲᠡᠢ ᠪᠠᠶᠢᠬᠤ᠂ ᠳᠦᠷᠢᠮ ᠶᠣᠰᠣᠭᠠᠷ ᠭᠠᠶᠢᠯᠢ ᠲᠤᠰᠢᠶᠠᠬᠤ᠂ ᠨᠡᠶᠢᠭᠡᠮ ᠤᠨ ᠬᠠᠷᠢᠭᠤᠴᠠᠯᠭ᠎ᠠ ᠶᠢ | ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ ᠃ ᠬᠡᠷᠡᠭᠯᠡᠭᠴᠢᠳ ᠲᠤ ᠦᠨᠡᠨᠴᠢ ᠢᠲᠡᠭᠡᠮᠵᠢᠲᠡᠢ ᠪᠠᠶᠢᠵᠤ᠂ ᠦᠢᠯᠡᠳᠬᠦᠨ ᠤ | ᠠᠮᠤᠷ ᠲᠦᠪᠰᠢᠨ ᠡᠷᠡᠭᠦᠯ ᠮᠡᠨᠳᠤ ᠶᠢ ᠪᠠᠲᠤᠯᠠᠨ᠎ᠠ ᠃ ᠬᠠᠩᠭᠠᠯᠭ᠎ᠠ ᠶᠢᠨ ᠬᠤᠳᠠᠯᠳᠤᠭᠠᠴᠢᠨ᠂ ᠡᠵᠡᠩᠨᠡᠨ | ᠪᠣᠷᠣᠯᠠᠭᠤᠯᠬᠤ ᠬᠤᠳᠠᠯᠳᠤᠭᠠᠴᠢᠨ ᠳᠤ ᠦᠨᠡᠨᠴᠢ ᠢᠲᠡᠭᠡᠮᠵᠢᠲᠡᠢ ᠪᠠᠶᠢᠵᠤ᠂ ᠬᠠᠮᠲᠤᠷᠠᠨ ᠠᠵᠢᠯᠯᠠᠵᠤ ᠬᠠᠮᠲᠤ ᠪᠠᠷ | ᠠᠰᠢᠭ ᠭᠥᠷᠳᠡᠬᠦ ᠶᠢ ᠪᠡᠶᠡᠯᠡᠭᠦᠯᠦᠨ᠎ᠡ ᠃ ᠠᠵᠢᠯᠲᠠᠳ ᠲᠠᠭᠠᠨ ᠦᠨᠡᠨᠴᠢ ᠢᠲᠡᠭᠡᠮᠵᠢᠲᠡᠢ ᠪᠠᠶᠢᠵᠤ᠂ ᠲᠡᠳᠡᠨ ᠳᠤ ᠠᠵᠤ | ᠠᠬᠤᠶᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠳᠣ ᠪᠠᠷ ᠡᠳ᠋ᠯᠡᠭᠦᠯᠬᠦ ᠬᠡᠷᠡᠭᠲᠡᠢ᠃ ᠲᠡᠷᠭᠡᠨ ᠳᠤ ᠠᠷᠠᠯ | ᠦᠭᠡᠢ ᠪᠣᠯ ᠪᠣᠯᠬᠤ ᠦᠭᠡᠢ᠂ ᠬᠥᠮᠥᠨ ᠢᠲᠡᠭᠡᠯ ᠦᠭᠡᠢ ᠪᠣᠯ ᠪᠦᠲᠦᠵᠦ ᠴᠢᠳᠠᠬᠤ ᠦᠭᠡᠢ᠂ ᠦᠢᠯᠡᠰ ᠢᠲᠡᠭᠡᠯ ᠦᠭᠡᠢ | ᠪᠣᠯ ᠬᠥᠭᠵᠢᠵᠦ ᠴᠢᠳᠠᠬᠤ ᠦᠭᠡᠢ᠂ ᠤᠯᠤᠰ ᠢᠲᠡᠭᠡᠯ ᠦᠭᠡᠢ ᠪᠣᠯ ᠬᠦᠴᠦᠷᠬᠡᠭᠵᠢᠵᠦ ᠴᠢᠳᠠᠬᠤ ᠦᠭᠡᠢ᠃ ᠪᠢᠳᠠ | ᠪᠦᠭᠦᠳᠡᠭᠡᠷ ᠬᠥᠳᠡᠯᠦᠯᠴᠡᠵᠦ᠂ ᠳᠡᠷᠭᠡᠳᠡᠬᠢ ᠪᠠᠭ᠎ᠠ ᠶᠠᠪᠤᠳᠠᠯ ᠠᠴᠠ ᠪᠠᠨ ᠡᠬᠢᠯᠡᠨ᠂ ᠲᠤᠬᠠᠶᠢᠯᠠᠭᠰᠠᠨ ᠠᠵᠢᠯ ᠠᠴᠠ ᠪᠠᠨ | ᠭᠠᠷᠳᠠᠵᠣ᠂ ᠦᠨᠡᠨᠴᠢ ᠢᠲᠡᠭᠡᠮᠵᠢᠲᠡᠢ ᠬᠤᠪᠢ ᠬᠥᠮᠥᠨ ᠪᠣᠯᠬᠤ ᠪᠠᠷ ᠴᠢᠷᠮᠠᠶᠢᠵᠤ᠂ ᠦᠨᠡᠨᠴᠢ ᠢᠲᠡᠭᠡᠮᠵᠢᠲᠡᠢ ᠰᠣᠶᠣᠯ ᠢ | ᠬᠠᠮᠳᠣ ᠪᠠᠷ ᠪᠠᠶᠢᠭᠤᠯᠣᠨ ︽ᠦᠨᠡᠨᠴᠢ ᠢᠲᠡᠭᠡᠮᠵᠢᠲᠡᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ | ︾ ᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠬᠠᠮᠲᠤᠪᠠᠷ ᠪᠤᠢ ᠪᠣᠯᠭᠠᠶ᠎ᠠ︕ | | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠪᠠ | ᠣᠯᠠᠨ ᠲᠦᠮᠡᠨ ᠤ ᠠᠵᠢᠯ ᠤᠨ ᠬᠡᠯᠳᠡᠰ | 2024 ᠣᠨ ᠤ 3 ᠰᠠᠷ᠎ᠠ ᠶᠢᠨ 29 ᠤ ᠡᠳᠦᠷ | |