ᠤᠯᠤᠰ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ︵ᠬᠤᠪᠣᠷ ᠰᠢᠷᠣᠢ︶ ᠢ | 2019 ᠣᠨ ᠤ 2 ᠰᠠᠷ᠎ᠠ ᠳᠤ ᠪᠠᠶᠢᠭᠤᠯᠬᠤ ᠪᠠᠷ ᠵᠥᠪᠰᠢᠶᠡᠷᠡᠭᠳᠡᠵᠦ᠂ 2023 ᠣᠨ ᠤ 11 ᠰᠠᠷ᠎ᠠ ᠳᠤ ᠥᠨᠳᠥᠷ | ᠬᠤᠪᠢ ᠪᠠᠷ ᠰᠢᠯᠭᠠᠨ ᠠᠪᠬᠤ ᠳᠤ ᠬᠢᠷᠢ ᠲᠡᠩᠴᠡᠪᠡ᠃ ᠲᠣᠰ ᠤᠳᠠᠭ᠎ᠠ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ | ᠲᠥᠷᠥᠯ ᠵᠦᠢᠯ ᠵᠢᠩᠬᠢᠨᠢ ᠪᠠᠷ ᠵᠥᠪᠰᠢᠶᠡᠷᠡᠭᠳᠡᠵᠦ᠂ ᠬᠤᠪᠣᠷ ᠰᠢᠷᠣᠢ ᠶᠢᠨ ᠠᠵᠤ ᠦᠢᠯᠡᠰ ᠤᠨ ᠤᠯᠤᠰ ᠤᠨ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠪᠠ ᠪᠠᠷᠢᠮᠵᠢᠶᠠᠵᠢᠭᠤᠯᠤᠯᠲᠠ ᠶᠢᠨ ᠠᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠣᠲᠣᠭᠠᠳᠤ | ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠪᠣᠯᠣᠨ᠎ᠠ᠃ ᠪᠠᠷᠢᠮᠵᠢᠶᠠᠵᠢᠭᠰᠠᠨ | ᠬᠠᠮᠢᠶᠠᠷᠤᠯᠲᠠ ᠶᠢᠨ ᠰᠢᠰᠲ᠋ᠧᠮ ᠪᠣᠯᠣᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠪᠠᠷᠢᠮᠵᠢᠶᠠᠲᠤ ᠪᠦᠲᠦᠮᠵᠢᠲᠡᠶ ᠬᠠᠩᠭᠠᠯᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠬᠤᠪᠣᠷ ᠰᠢᠷᠣᠢ ᠶᠢᠨ ᠪᠠᠷᠢᠮᠵᠢᠶ᠎ᠠ ᠶᠢ ᠳᠡᠯᠡᠬᠡᠶᠢᠴᠢᠯᠡᠬᠦ ᠶᠢ ᠠᠬᠢᠭᠤᠯᠵᠤ᠂ ᠪᠠᠷᠢᠮᠵᠢᠶᠠᠵᠢᠭᠤᠯᠬᠤ | ᠠᠵᠢᠯ ᠤᠨ ᠰᠠᠭᠤᠷᠢ ᠶᠢ ᠪᠠᠬᠢᠵᠢᠭᠦᠯᠵᠦ᠂ ᠪᠠᠷᠢᠮᠵᠢᠶ᠎ᠠ ᠶᠢᠨ ᠰᠠᠭᠤᠷᠢᠯᠠᠬᠤ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠪᠠ ᠬᠥᠲᠥᠯᠥᠨ ᠳᠠᠭᠠᠭᠤᠯᠬᠤ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠤᠨ᠂ ᠪᠠᠷᠢᠮᠵᠢᠶ᠎ᠠ ᠪᠠᠷ | ᠬᠤᠪᠣᠷ ᠰᠢᠷᠣᠢ ᠶᠢᠨ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ | ᠪᠦᠲᠦᠭᠡᠯ ᠢ ᠠᠵᠤ ᠦᠶᠢᠯᠡᠰᠵᠢᠭᠦᠯᠬᠦ᠂ ᠵᠠᠬ᠎ᠠ ᠳᠡᠯᠭᠡᠭᠦᠷᠴᠢᠯᠡᠬᠦ ᠪᠠ ᠳᠡᠯᠡᠬᠡᠶᠢᠴᠢᠯᠡᠬᠦ ᠬᠥᠭᠵᠢᠯᠲᠡ ᠶᠢ ᠠᠬᠢᠭᠤᠯᠵᠤ᠂ | ᠬᠤᠪᠣᠷ ᠰᠢᠷᠣᠢ ᠶᠢᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠬᠤᠪᠣᠷ ᠰᠢᠷᠣᠢ ᠶᠢᠨ | ᠠᠵᠤ ᠦᠢᠯᠡᠰ ᠤᠨ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠤ | ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠳᠠᠷᠠᠭᠠᠴᠢ ᠶᠢᠨ ᠠᠯᠬᠤᠮ ᠳᠤ᠂ ᠬᠤᠪᠣᠷ | ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ | ᠬᠤᠪᠢᠶᠠᠷᠢ ᠲᠣᠪᠴᠢᠶ᠎ᠠ ᠤᠯᠤᠰ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠰᠠᠭᠤᠷᠢᠨ︵ᠬᠤᠪᠣᠷ ᠰᠢᠷᠣᠢ︶ | ᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠭᠤᠷᠢᠨ ᠭᠠᠵᠠᠷ ᠢ | ᠤᠯᠤᠰ ᠤᠨ ᠳᠣᠲᠣᠭᠠᠳᠤ ᠶᠢᠨ ᠲᠡᠷᠢᠭᠦᠨ ᠤ᠂ ᠳᠡᠯᠡᠬᠡᠢ ᠳᠤ ᠠᠯᠳᠠᠷᠲᠠᠢ ᠬᠤᠪᠣᠷ ᠰᠢᠷᠣᠢ ᠶᠢᠨ ᠪᠠᠷᠢᠮᠵᠢᠶ᠎ᠠ ᠶᠢᠨ ᠰᠢᠨ᠎ᠡ | ᠶᠢ ᠡᠭᠦᠳᠬᠦ ᠥᠨᠳᠦᠷᠯᠢᠭ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠠᠷ ᠭᠤᠣᠯᠳᠠᠭᠤᠯᠵᠤ᠂ ᠬᠤᠪᠣᠷ ᠰᠢᠷᠣᠢ ᠶᠢᠨ | ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢᠨ ᠪᠥᠬᠦ ᠤᠯᠤᠰ ᠤᠨ ᠨᠥᠯᠥᠭᠡᠯᠡᠬᠦ ᠬᠦᠴᠦᠨ ᠲᠠᠢ ᠪᠠᠷᠢᠮᠵᠢᠶᠠᠵᠢᠭᠤᠯᠤᠭᠰᠠᠨ ᠴᠢᠳᠠᠪᠤᠷᠢᠲᠠᠨ ᠢ | ᠬᠥᠮᠥᠵᠢᠭᠦᠯᠬᠦ ᠰᠠᠭᠤᠷᠢᠨ ᠭᠠᠵᠠᠷ ᠪᠠ ᠪᠠᠷᠢᠮᠵᠢᠶᠠᠵᠢᠭᠤᠯᠤᠭᠰᠠᠨ ᠦᠢᠯᠡᠴᠢᠯᠡᠭᠡᠨ ᠤ ᠬᠠᠩᠭᠠᠯᠭ᠎ᠠ ᠶᠢᠨ ᠰᠠᠭᠤᠷᠢᠨ | ᠭᠠᠵᠠᠷ ᠤᠨ ᠶᠡᠷᠦᠩᠬᠡᠢ ᠬᠠᠷᠠᠯᠲᠠ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠬᠤᠪᠣᠷ ᠰᠢᠷᠣᠢ ᠶᠢᠨ ᠬᠠᠮᠢᠶ᠎ᠠ | ᠪᠦᠬᠦᠢ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠬᠦ ᠭᠤᠷᠪᠠᠨ ᠵᠢᠯ ᠤᠨ | ᠠᠵᠢᠯᠯᠠᠭᠠᠨ ᠤ ᠲᠥᠯᠥᠪᠯᠡᠭᠡ ᠪᠠ ᠬᠤᠶᠠᠷ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠴᠢᠩᠭ᠎ᠠ ᠬᠦᠴᠦᠲᠡᠢ | ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠬᠤᠪᠣᠷ ᠰᠢᠷᠣᠢ ᠶᠢᠨ ᠠᠵᠤ ᠦᠢᠯᠡᠰ ᠤᠨ ᠨᠡᠭᠦᠷᠡᠰᠦᠲᠥ᠋ᠷᠥᠭᠴᠢ ᠪᠠᠭ᠎ᠠ | ᠪᠥᠭᠡᠳ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ |