ᠪᠣᠭᠤᠳᠣ ᠬᠤᠳᠠ ᠶᠢᠨ ᠬᠤᠪᠣᠷ ᠰᠢᠷᠣᠢ ᠶᠢᠨ ᠲᠡᠭᠡᠳᠣ ᠰᠢᠨ᠎ᠠ ᠮᠡᠷᠭᠡᠵᠢᠯ ᠤᠨ ᠣᠷᠣᠨ ᠤ ᠬᠠᠮᠢᠶᠠᠷᠣᠯᠳᠠ ᠶᠢᠨ | ᠵᠦᠪᠯᠡᠯ ᠤᠨ 2024 ᠣᠨ ᠤ ᠠᠵᠢᠯ ᠤᠨ ᠬᠠᠷᠢᠭᠤ ᠮᠡᠳᠡᠭᠦᠯᠦᠯᠳᠡ | ᠨᠥᠬᠦᠳ ᠠ᠋᠄ | ᠬᠤᠷᠠᠯ ᠤᠨ ᠲᠣᠬᠢᠷᠠᠭᠤᠯᠤᠯᠲᠠ ᠪᠠᠷ᠂ ᠳᠣᠣᠷ᠎ᠠ ᠪᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠬᠠᠮᠢᠶᠠᠷᠤᠯᠲᠠ ᠶᠢᠨ ᠵᠥᠪᠯᠡᠯ ᠤᠨ 2023 ᠣᠨ ᠤ ᠠᠵᠢᠯ ᠤᠨ ᠪᠠᠶᠢᠳᠠᠯ ᠪᠠ 2024 ᠣᠨ ᠤ | ᠠᠵᠢᠯ ᠤᠨ ᠲᠣᠬᠢᠷᠠᠭᠤᠯᠤᠯᠲᠠ ᠶᠢᠨ ᠲᠤᠬᠠᠢ ᠳᠣᠣᠷᠠᠬᠢ ᠮᠡᠲᠦ ᠮᠡᠳᠡᠭᠦᠯᠦᠶ᠎ᠡ᠄ | ᠨᠢᠭᠡ᠂ 2023 ᠣᠨ ᠤ ᠠᠵᠢᠯ ᠤᠨ ᠡᠷᠭᠢᠴᠡᠭᠦᠯᠦᠯ | 2023 ᠣᠨ ᠳᠤ᠂ ᠶᠡᠷᠦᠩᠬᠡᠢ ᠱᠦᠵᠢ ᠰᠢ ᠶᠢᠨ ᠫᠢᠩ ᠳᠥᠷᠪᠡᠳᠡᠬᠢ ᠤᠳᠠᠭ᠎ᠠ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠵᠤ᠂ ᠪᠢᠳᠡᠨ ᠳᠤ ᠰᠢᠨ᠎ᠡ ᠴᠠᠭ ᠦᠶ᠎ᠡ ᠶᠢᠨ ᠬᠤᠪᠣᠷ ᠰᠢᠷᠣᠢ ᠶᠢᠨ ᠠᠵᠤ ᠦᠢᠯᠡᠰ ᠤᠨ | ᠬᠥᠭᠵᠢᠯᠲᠡ ᠶᠢᠨ ᠠᠤᠭ᠎ᠠ ᠲᠥᠰᠥᠪ ᠢ ᠵᠢᠷᠤᠭᠯᠠᠵᠤ᠂ ᠪᠢᠳᠡᠨ ᠳᠤ ᠯᠤᠲᠤ ᠶᠡᠭᠡ ᠬᠠᠯᠠᠮᠵᠢᠯᠠᠯ ᠵᠣᠷᠢᠭᠵᠢᠭᠤᠯᠤᠯ ᠪᠠ | ᠡᠷᠬᠢᠮ ᠨᠠᠨᠳᠢᠨ ᠬᠥᠭᠵᠢᠯᠲᠡ ᠶᠢᠨ ᠠᠵᠠ ᠲᠣᠬᠢᠶᠠᠯ ᠣᠯᠭᠤᠵᠠᠢ᠃ ᠨᠢᠭᠡ ᠵᠢᠯ ᠤᠨ ᠲᠤᠷᠰᠢ᠂ ᠪᠢᠳᠠ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ | ᠤᠷᠤᠭᠰᠢᠯᠠᠵᠤ᠂ ᠪᠦᠬᠦ ᠣᠷᠣᠨ ᠢᠶᠠᠷ ᠢᠶᠠᠨ ︽ᠬᠤᠶᠠᠷ ᠬᠤᠪᠣᠷ ᠰᠢᠷᠣᠢ ᠶᠢᠨ ᠰᠠᠭᠤᠷᠢᠨ︾ ᠤ ᠪᠦᠲᠦᠭᠡᠨ | ᠪᠠᠶᠢᠭᠤᠯᠤᠯᠲᠠ ᠶᠢ ᠲᠦᠷᠭᠡᠳᠬᠡᠬᠦ ᠪᠠᠷ ᠨᠢᠭᠡᠳᠦᠯᠲᠡᠢ ᠵᠢᠯᠣᠭᠤᠳᠤᠯᠭ᠎ᠠ ᠪᠣᠯᠭᠠᠵᠤ᠂ 1+7 ᠠᠵᠢᠯ ᠤᠨ ᠲᠥᠰᠥᠯ ᠢ | ᠲᠣᠭᠲᠠᠭᠠᠵᠤ᠂ ᠭᠤᠣᠯ ᠠᠵᠢᠯ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠴᠢᠩᠭ᠎ᠠ ᠠᠳᠬᠤᠨ ᠲᠦᠷᠭᠡᠨ ᠠᠵᠢᠯᠯᠠᠵᠤ | ᠂ ᠡᠯ᠎ᠡ ᠵᠦᠢᠯ ᠤᠨ ᠠᠵᠢᠯ ᠳᠠᠭᠠᠨ ᠰᠢᠯᠢᠳᠡᠭ ᠠᠮᠵᠢᠯᠲᠠ ᠣᠯᠵᠠᠢ᠃ | ︱ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠬᠦ | ᠬᠤᠳᠠ ᠶᠢᠨ ᠡᠮᠦᠨ᠎ᠡ ᠡᠩᠨᠡᠭᠡᠨ ᠳᠤ ᠪᠠᠶᠢᠷᠢᠰᠢᠪᠠ᠃ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 657 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.3% ᠪᠠᠷ ᠨᠡᠮᠡᠭᠳᠡᠨ᠂ | ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠬᠢ ᠠᠴᠠ 2.1 ᠵᠠᠭᠤᠨ ᠤ ᠨᠢᠭᠡᠴᠢ ᠥᠨᠳᠥᠷ ᠪᠣᠯᠵᠤ᠂ ᠪᠥᠬᠦ | ᠬᠤᠲᠠ ᠳᠤ ᠬᠤᠶᠠᠳᠤᠭᠠᠷ ᠲᠤ ᠣᠷᠣᠵᠤ᠂ ᠬᠤᠲᠠ ᠶᠢᠨ ᠲᠠᠪᠤᠨ ᠲᠣᠭᠤᠷᠢᠭ ᠲᠤ ᠨᠢᠭᠡᠳᠦᠭᠡᠷ ᠲᠤ ᠣᠷᠣᠪᠠ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | 33.2% ᠨᠡᠮᠡᠭᠳᠡᠵᠦ᠂ ᠪᠥᠬᠦ ᠬᠤᠲᠠ ᠶᠢᠨ ᠬᠢ ᠠᠴᠠ 9.8 ᠵᠠᠭᠤᠨ ᠤ ᠨᠢᠭᠡᠴᠢ ᠥᠨᠳᠥᠷ ᠪᠣᠯᠵᠤ᠂ ᠪᠥᠬᠦ | ᠬᠤᠲᠠ ᠶᠢᠨ ᠬᠤᠶᠠᠳᠤᠭᠠᠷ ᠲᠤ ᠣᠷᠣᠵᠤ᠂ ᠬᠤᠲᠠ ᠶᠢᠨ ᠲᠠᠪᠤᠨ ᠲᠣᠭᠤᠷᠢᠭ ᠤᠨ ᠨᠢᠭᠡᠳᠦᠭᠡᠷ ᠲᠤ ᠣᠷᠣᠪᠠ᠂ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 155 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 51.5% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ 27.2 | ᠵᠠᠭᠤᠨ ᠤ ᠨᠢᠭᠡᠴᠢ ᠠᠴᠠ ᠥᠨᠳᠥᠷ ᠪᠠᠶᠢᠵᠤ᠂ ᠪᠥᠬᠦ ᠬᠤᠲᠠ ᠶᠢᠨ ᠬᠤᠶᠠᠳᠤᠭᠠᠷ ᠲᠤ ᠣᠷᠣᠵᠤ᠂ ᠬᠤᠲᠠ ᠶᠢᠨ | ᠲᠠᠪᠤᠨ ᠲᠣᠭᠤᠷᠢᠭ ᠤᠨ ᠨᠢᠭᠡᠳᠦᠭᠡᠷ ᠲᠤ ᠣᠷᠣᠪᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ 82.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 8.5% ᠪᠠᠷ ᠨᠡᠮᠡᠭᠳᠡᠨ᠂ ᠪᠥᠬᠦ ᠬᠤᠲᠠ ᠳᠤ ᠳᠥᠷᠪᠡᠳᠦᠭᠡᠷ ᠲᠤ ᠣᠷᠣᠪᠠ᠃ ᠡᠳᠡᠭᠡᠷ ᠠᠵᠤ ᠠᠬᠤᠢ ᠶᠢᠨ | ᠭᠦᠢᠴᠡᠳᠬᠡᠬᠦ ᠲᠤᠭ᠎ᠠ ᠨᠢ ᠴᠥᠮ ᠥᠨᠳᠥᠷ ᠰᠠᠭᠤᠷᠢ ᠲᠤᠭ᠎ᠠ ᠶᠢᠨ ᠰᠠᠭᠤᠷᠢᠨ ᠳᠡᠭᠡᠷ᠎ᠡ ᠳᠤᠮᠳᠠ ᠳᠡᠭᠡᠳᠦ | ᠬᠤᠷᠳᠤᠴᠠ ᠪᠠᠷ ᠨᠡᠮᠡᠭᠳᠡᠬᠦ ᠶᠢ ᠪᠡᠶᠡᠯᠡᠬᠦᠯᠪᠡ᠃ | ︱ ᠰᠢᠨ᠎ᠡ ᠪᠠᠷ ᠨᠡᠮᠡᠭᠳᠡᠭᠰᠡᠨ ︽ᠳᠥᠷᠪᠡ ᠶᠢ ᠳᠡᠭᠡᠭᠰᠢᠯᠡᠭᠦᠯᠬᠦ︾ ᠠᠵᠤ ᠠᠬᠤᠶᠢᠯᠠᠯ ᠤᠨ ᠲᠤᠭ᠎ᠠ ᠪᠥᠬᠦ | ᠬᠤᠲᠠ ᠳᠤ ᠬᠠᠮᠤᠭ ᠤᠨ ᠣᠯᠠᠨ ᠪᠣᠯᠪᠠ᠃ ᠲᠤᠭ᠎ᠠ ᠪᠦᠷᠢᠳᠬᠡᠯ᠂ ᠭᠠᠶᠢᠯᠢ ᠶᠢᠨ ᠶᠠᠪᠤᠳᠠᠯ᠂ ᠵᠠᠬ᠎ᠠ ᠳᠡᠯᠭᠡᠭᠦᠷ ᠤᠨ | ᠬᠢᠨᠠᠯᠲᠠ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠣᠳᠣᠬᠢ ᠪᠠᠶᠢᠳᠠᠯ ᠢ ᠪᠥᠬᠦ ᠲᠠᠯ᠎ᠠ ᠪᠠᠷ | ᠣᠶᠢᠯᠠᠭᠠᠨ ᠪᠠᠶᠢᠴᠠᠭᠠᠵᠤ᠂ ᠭᠤᠣᠯᠳᠠᠯᠭ᠎ᠠ ᠲᠠᠢ ᠮᠥᠷᠳᠡᠵᠦ᠂ ᠣᠨᠣᠪᠴᠢᠲᠠᠶ ᠡᠵᠡᠮᠰᠢᠨ᠂ ᠠᠵᠤ ᠠᠬᠤᠶᠢᠯᠠᠯ ᠢ ᠴᠠᠭ | ᠲᠤᠬᠠᠢ ᠳᠤᠨᠢ ᠰᠢᠮᠳᠠᠭᠤᠯᠤᠨ ᠮᠡᠳᠡᠭᠦᠯᠵᠦ ᠬᠥᠮᠥᠷᠭᠡ ᠳᠤ ᠣᠷᠣᠭᠤᠯᠬᠤ ᠬᠡᠷᠡᠭᠲᠡᠢ᠃ ᠪᠥᠬᠦ ᠵᠢᠯ ᠳᠤ ᠰᠢᠨ᠎ᠡ ᠪᠠᠷ | ᠨᠡᠮᠡᠭᠳᠡᠭᠰᠡᠨ ︽ᠳᠥᠷᠪᠡ ᠶᠢ ᠬᠥᠭᠵᠢᠭᠦᠯᠬᠦ︾ ᠠᠵᠤ ᠠᠬᠤᠶᠢᠯᠠᠯ 120 ᠡᠷᠦᠬᠡ ᠪᠠᠶᠢᠵᠤ᠂ ᠥᠩᠭᠡᠷᠡᠭᠰᠡᠨ 3 | ᠵᠢᠯ ᠤᠨ ᠨᠡᠶᠢᠯᠡᠪᠦᠷᠢ ᠪᠣᠯᠣᠨ᠎ᠠ᠂ ᠡᠭᠦᠨ ᠳᠤ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ 30 ᠡᠷᠦᠬᠡ᠂ ᠬᠢᠷᠢ | ᠬᠡᠮ ᠤᠨ ᠲᠠᠰ ᠤᠨ ᠪᠠᠷᠢᠯᠭ᠎ᠠ ᠶᠢᠨ ᠦᠢᠯᠡᠰ 17 ᠡᠷᠦᠬᠡ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ | ᠂ ᠣᠷᠣᠨ ᠰᠠᠭᠤᠴᠠ ᠬᠤᠭᠤᠯᠠ ᠤᠮᠳᠠ ᠶᠢᠨ ᠦᠢᠯᠡᠰ 62 ᠡᠷᠦᠬᠡ᠂ ᠭᠤᠣᠯᠳᠠᠯᠭ᠎ᠠ ᠲᠠᠢ ᠦᠢᠯᠡᠴᠢᠯᠡᠭᠡᠨ ᠤ ᠦᠢᠯᠡᠰ | 11 ᠡᠷᠦᠬᠡ ᠪᠣᠶ᠃ ᠨᠢᠳᠤᠨᠤᠨ ᠤ ᠪᠦᠬᠦ ᠬᠤᠳᠠ ᠶᠢᠨ 3 ᠤᠳᠠᠭ᠎ᠠ ᠶᠢᠨ ᠴᠢᠬᠤᠯᠠ ᠶᠡᠭᠡ ᠲᠦᠷᠦᠯ ᠵᠦᠢᠯ ᠤᠨ | ᠦᠵᠡᠭᠦᠯᠦᠯᠭᠡ ᠶᠢᠨ ᠴᠤᠭᠯᠠᠭᠠᠨ ᠳᠤ᠂ ︽ᠳᠥᠷᠪᠡ ᠶᠢ ᠳᠡᠭᠡᠭᠰᠢᠯᠡᠭᠦᠯᠬᠦ︾ ᠠᠵᠤ ᠠᠬᠤᠶᠢᠯᠠᠯ ᠤᠨ ᠪᠣᠳᠣᠯᠭ᠎ᠠ ᠶᠢᠨ | ᠬᠢᠷᠢ ᠪᠦᠲᠦᠮᠵᠢ ᠨᠢ ᠴᠢᠬᠤᠯᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ︽ᠭᠠᠷ ᠳᠠᠮᠵᠢᠭᠰᠠᠨ ᠮᠠᠰᠢᠨ ᠲᠡᠷᠭᠡ︾ | ᠶᠢᠨ ᠠᠵᠤ ᠠᠬᠤᠶᠢᠯᠠᠯ ᠤᠨ ᠳᠡᠭᠡᠳᠦ ᠬᠢᠵᠠᠭᠠᠷ ᠢ ᠨᠢᠭᠡᠳᠦᠯᠲᠡᠢ ᠲᠣᠭᠲᠠᠭᠠᠬᠤ ᠶᠢ ᠵᠣᠷᠢᠭᠵᠢᠭᠤᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠳᠡᠭᠡᠳᠦ ᠬᠢᠵᠠᠭᠠᠷ ᠤᠨ ᠠᠵᠤ ᠠᠬᠤᠶᠢᠯᠠᠯ ᠢ 12 | ᠡᠷᠦᠬᠡ ᠰᠢᠨ᠎ᠡ ᠪᠠᠷ ᠨᠡᠮᠡᠭᠳᠡᠭᠦᠯᠵᠦ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠢ ᠲᠤᠭ᠎ᠠ ᠶᠢᠨ ᠳᠤᠲᠠᠭᠤᠳᠠᠯ ᠢ ᠨᠥᠬᠦᠪᠦᠷᠢᠯᠡᠪᠡ᠃ | ︱ ᠵᠠᠰᠠᠭ ᠤᠨ ᠣᠷᠳᠣᠨ ᠤ ᠥᠷᠢ ᠥᠭᠴᠡᠭᠡᠨ ᠤ ᠨᠤᠷᠮ᠎ᠠ ᠤᠯᠠᠭᠠᠨ ᠳᠡᠰ ᠠᠴᠠ ᠭᠠᠷᠬᠤ ᠪᠣᠯᠣᠮᠵᠢ ᠲᠠᠢ | ᠪᠠᠶᠢᠨ᠎ᠠ᠃ ᠬᠡᠰᠡᠭ ᠭᠤᠣᠯᠳᠠᠯᠭ᠎ᠠ ᠲᠠᠢ ᠭᠠᠶᠢᠯᠢ ᠶᠢᠨ ᠢᠷᠡᠯᠲᠡ ᠲᠠᠢ ᠠᠵᠤ ᠠᠬᠤᠶᠢᠯᠠᠯ ᠲᠥᠷᠥ ᠶᠢᠨ ᠪᠣᠳᠣᠯᠭ᠎ᠠ ᠪᠠ | ᠦᠨ᠎ᠡ ᠬᠠᠩᠰᠢ ᠶᠢᠨ ᠳᠠᠪᠬᠤᠷ ᠨᠥᠯᠥᠭᠡᠯᠡᠯ ᠳᠣᠣᠷ᠎ᠠ᠂ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠡᠳ᠋ ᠤᠨ | ᠵᠠᠰᠠᠭ ᠤᠨ ᠣᠷᠣᠯᠭ᠎ᠠ ᠶᠢ ᠠᠳᠠᠯᠢ ᠬᠤᠭᠤᠴᠠᠭᠠᠨ ᠤ ᠬᠢ ᠠᠴᠠ 19.7% ᠪᠠᠷ ᠪᠠᠭᠤᠷᠠᠭᠤᠯᠪᠠ᠃ ᠳᠣᠣᠷ᠎ᠠ ᠬᠠᠭᠠᠰ | ᠵᠢᠯ ᠳᠤ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠰᠢᠷᠭᠠᠭᠤ ᠬᠥᠳᠡᠯᠮᠦᠷᠢ ᠪᠠ ᠰᠢᠷᠭᠠᠭᠤ | ᠴᠢᠷᠮᠠᠶᠢᠯᠭ᠎ᠠ ᠪᠠᠷ ᠵᠢᠯ ᠤᠨ ᠡᠴᠦᠰ ᠪᠣᠯᠬᠤ ᠳᠤ ᠪᠠᠭᠤᠷᠠᠯᠲᠠ ᠶᠢᠨ ᠬᠡᠮᠵᠢᠶ᠎ᠡ ᠨᠢ 13.4 ᠵᠠᠭᠤᠨ ᠤ ᠨᠢᠭᠡᠴᠢ ᠪᠠᠭᠠᠰᠪᠠ | ᠃ ᠦᠯᠡᠳᠡᠭᠡᠯ ᠡᠳ᠋ ᠬᠥᠷᠥᠩᠭᠡ ᠶᠢ ᠴᠢᠯᠦᠭᠡᠲᠡᠢ ᠪᠠᠷ ᠰᠢᠢᠳᠪᠦᠷᠢᠯᠡᠬᠦ ᠢᠨᠵᠧᠨᠧᠷᠢᠩ ᠤᠨ ᠥᠷᠢᠲᠦᠭᠰᠡᠨ ᠵᠣᠭᠤᠰ ᠵᠡᠷᠭᠡ | ᠳᠠᠯᠳᠠ ᠥᠭᠴᠡᠭᠡ ᠶᠢ ᠰᠢᠢᠳᠪᠦᠷᠢᠯᠡᠬᠦ ᠬᠡᠷᠡᠭᠵᠢᠭᠦᠯᠬᠦ ᠲᠥᠰᠥᠯ ᠢ ᠤᠷᠢᠳᠴᠢᠯᠠᠨ ᠲᠣᠭᠲᠠᠭᠠᠵᠤ᠂ ᠪᠥᠬᠦ ᠬᠤᠲᠠ ᠳᠤ | ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠲᠥᠯᠥᠬᠦ ᠡᠭᠦᠷᠭᠡ ᠶᠢ | ᠬᠠᠮᠤᠭ ᠲᠡᠷᠢᠭᠦᠨ ᠳᠤ ᠪᠡᠶᠡᠯᠡᠭᠦᠯᠪᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ | ᠴᠢᠩᠭ᠎ᠠ ᠬᠢᠵᠠᠭᠠᠷᠯᠠᠵᠤ᠂ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠣᠷᠣᠯᠭ᠎ᠠ ᠪᠠᠨ | ᠨᠡᠮᠡᠭᠳᠡᠭᠦᠯᠬᠦ᠂ ᠵᠠᠷᠤᠯᠭ᠎ᠠ ᠪᠠᠨ ᠠᠷᠪᠢᠯᠠᠬᠤ᠂ ᠥᠷᠢ ᠥᠭᠴᠡᠭᠡ ᠪᠠᠨ ᠲᠥᠯᠥᠬᠦ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ ᠣᠯᠠᠨ ᠲᠠᠯ᠎ᠠ ᠶᠢᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ᠂ ᠪᠥᠬᠦ ᠵᠢᠯ ᠳᠤ 14.06 | ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠪᠠᠭᠠᠰᠬᠠᠵᠤ᠂ ᠥᠷᠢ ᠥᠭᠴᠡᠭᠡ ᠶᠢᠨ ᠨᠣᠷᠮ᠎ᠠ ᠶᠢᠨ ᠲᠠᠰ ᠨᠢ | ᠤᠯᠠᠭᠠᠪᠲᠤᠷ ᠥᠩᠭᠡ ᠲᠠᠢ ᠪᠣᠯᠵᠤ ᠪᠠᠭᠤᠷᠠᠬᠤ ᠪᠣᠯᠣᠮᠵᠢ ᠲᠠᠢ ᠪᠠᠶᠢᠨ᠎ᠠ᠃ ᠤᠯᠤᠰ ᠤᠨ ᠥᠮᠴᠢᠯᠡᠯ ᠤᠨ ᠭᠤᠷᠪᠠᠨ | ᠺᠣᠮᠫᠠᠨᠢ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠪᠦᠬᠦ ᠣᠷᠣᠨ ᠤ ᠥᠷᠢ ᠥᠭᠴᠡᠭᠡ ᠶᠢ ᠠᠷᠢᠯᠭᠠᠬᠤ | ᠠᠵᠢᠯ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ | ︱ ᠴᠢᠨᠳᠠᠭᠠᠨ ᠴᠠᠭᠠᠨ ᠤ ᠭᠤᠣᠯ ᠤᠨ ᠣᠭᠲᠣᠯᠣᠭᠠᠰᠤ ᠶᠢᠨ ᠤᠰᠤᠨ ᠤ ᠮᠠᠭᠤᠳᠠᠯ ᠢ ᠠᠷᠢᠯᠭᠠᠪᠠ᠃ ᠳᠡᠭᠡᠳᠦ | ᠤᠷᠤᠰᠬᠠᠯ ᠤᠨ ᠪᠣᠷᠣᠭᠠᠨ ᠤ ᠪᠣᠬᠢᠷᠲᠤᠯ ᠬᠤᠯᠢᠮᠠᠭ ᠤᠷᠤᠰᠬᠠᠯ ᠤᠨ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠵᠦ | ᠴᠢᠳᠠᠭ᠎ᠠ ᠦᠭᠡᠢ ᠪᠠᠶᠢᠳᠠᠯ ᠳᠣᠣᠷ᠎ᠠ᠂ ᠤᠷᠤᠰᠬᠠᠯ ᠢ ᠲᠠᠰᠤᠯᠬᠤ ᠪᠠ ᠯᠠᠶᠢᠳᠠᠬᠤ ᠶᠢ ᠬᠠᠷᠢᠯᠴᠠᠨ ᠤᠶᠠᠯᠳᠤᠭᠤᠯᠵᠤ᠂ | ᠠᠯᠢ ᠴᠢᠳᠠᠬᠤ ᠪᠠᠷ ᠠᠶᠤᠯ ᠲᠦᠭᠰᠢᠭᠦᠷᠢ ᠶᠢ ᠡᠵᠡᠮᠳᠡᠬᠦ ᠬᠡᠷᠡᠭᠲᠡᠢ᠃ ᠬᠥᠳᠡᠯᠦᠩᠭᠦᠢ ᠪᠠᠶᠢᠳᠠᠯ ᠢ ᠬᠢᠨᠠᠨ ᠰᠢᠨᠵᠢᠵᠦ | ᠵᠠᠳᠠᠯᠤᠯᠲᠠ ᠬᠢᠬᠦ ᠶᠢ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠤᠨ ᠤᠰᠤ | ᠡᠯᠪᠡᠭᠵᠢᠬᠦ ᠬᠤᠭᠤᠴᠠᠭ᠎ᠠ ᠶᠢ ᠭᠠᠷᠠᠭ ᠪᠦᠷᠢ ᠨᠢᠭᠡ ᠤᠳᠠᠭ᠎ᠠ ᠬᠡᠮᠵᠢᠵᠦ᠂ ᠤᠰᠤᠨ ᠤ ᠴᠢᠨᠠᠷ ᠤᠨ ᠬᠤᠪᠢᠷᠠᠯᠲᠠ ᠶᠢᠨ | ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠪᠥᠬᠦ ᠵᠢᠯ ᠳᠤ ᠪᠠᠷᠢᠮᠵᠢᠶ᠎ᠠ ᠠᠴᠠ ᠬᠡᠲᠦᠷᠡᠭᠰᠡᠨ ᠦᠭᠡᠢ ᠪᠠᠶᠢᠬᠤ ᠶᠢ | ᠦᠨᠡᠨ ᠬᠦ ᠪᠠᠲᠤᠯᠠᠵᠤ᠂ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ | ᠴᠢᠩᠭ᠎ᠠ ᠠᠩᠬᠠᠷᠴᠤ ᠪᠠᠶᠢᠭ᠎ᠠ ᠡᠨᠡ ᠬᠦ ᠪᠡᠷᠬᠡ ᠲᠦᠪᠡᠭᠲᠡᠢ ᠠᠰᠠᠭᠤᠳᠠᠯ ᠢ ᠱᠠᠲᠤ ᠦᠶ᠎ᠡ ᠶᠢᠨ ᠴᠢᠨᠠᠷᠲᠠᠢ ᠪᠠᠷ | ᠰᠢᠢᠳᠪᠦᠷᠢᠯᠡᠭᠰᠡᠨ ᠪᠠᠶᠢᠨ᠎ᠠ᠃ ᠡᠭᠦᠨ ᠤ ᠬᠠᠮᠲᠤ᠂ ᠬᠦᠰᠡᠯ ᠡᠷᠡᠮᠡᠯᠵᠡᠯ ᠤᠨ ᠬᠥᠩᠭᠡᠨ ᠴᠠᠭᠠᠨ ᠤ ᠦᠢᠯᠡᠰ᠂ ᠬᠤᠸᠠ | ᠳ᠋ᠢᠩ ᠵᠡᠰ ᠤᠨ ᠦᠢᠯᠡᠰ ᠤᠨ ᠳᠠᠬᠢᠯᠲᠠ ᠤᠰᠤ ᠶᠢ ᠰᠣᠯᠢᠬᠤ ᠢᠨᠵᠧᠨᠧᠷᠢᠩ ᠤᠨ ᠠᠵᠢᠯ ᠤᠨ ᠠᠬᠢᠴᠠ ᠶᠢ ᠴᠢᠩᠭ᠎ᠠ | ᠠᠩᠬᠠᠷᠴᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠶᠢᠨ ᠠᠵᠤ ᠠᠬᠤᠶᠢᠯᠠᠯ ᠳᠤ ᠰᠠᠭᠤᠭ᠎ᠠ ᠰᠢᠪᠠᠳᠠᠨ | ᠰᠢᠢᠳᠪᠦᠷᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤᠨ ᠤ ᠬᠠᠮᠢᠶᠠᠷᠤᠯᠲᠠ ᠶᠢᠨ ᠲᠣᠪᠴᠢᠶ᠎ᠠ ᠳᠤ | ᠭᠠᠷᠠᠭ ᠤᠨ ᠮᠡᠳᠡᠭᠦᠯᠦᠯᠲᠡ ᠶᠢᠨ ᠳᠦᠷᠢᠮ ᠢ ᠬᠡᠷᠡᠭᠵᠢᠭᠦᠯᠦᠨ᠂ ᠬᠤᠶᠠᠷ ᠵᠦᠢᠯ ᠤᠨ ᠢᠨᠵᠧᠨᠧᠷᠢᠩ ᠢ | ᠦᠨᠳᠦᠰᠦᠨ ᠳᠡᠭᠡᠨ ᠴᠠᠭ ᠲᠤᠬᠠᠢ ᠳᠤᠨᠢ ᠳᠠᠭᠤᠰᠬᠠᠬᠤ ᠶᠢ ᠦᠨᠡᠨ ᠬᠦ ᠪᠠᠲᠤᠯᠠᠪᠠ᠃ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠪᠴᠢᠯᠡᠨ ᠭᠦᠢᠴᠡᠳᠬᠡᠬᠦ ᠶᠢᠨ ᠬᠠᠮᠲᠤ | ᠪᠦᠬᠦ ᠬᠤᠳᠠ ᠳᠤ ᠤᠷᠢᠳᠠᠪᠠᠷ ᠰᠢᠯᠵᠢᠭᠦᠯᠦᠨ ᠲᠤᠰᠢᠶᠠᠪᠠ᠃ | ︱ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠠᠵᠠᠷ ᠰᠢᠷᠣᠢ ᠶᠢᠨ ᠠᠰᠠᠭᠤᠳᠠᠯ ᠢ ᠨᠠᠮᠳᠠᠭᠤᠯᠪᠠ᠃ | ᠬᠤᠲᠠ ᠶᠢᠨ ᠱᠠᠲᠤᠨ ᠤ ᠳᠠᠪᠬᠤᠷᠭ᠎ᠠ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠠᠷᠪᠠ | ᠭᠠᠷᠤᠢ ᠵᠢᠯ ᠥᠯᠥ ᠬᠥᠳᠡᠯᠭᠡᠯᠭᠡᠭᠰᠡᠨ 210 ᠤᠯᠤᠰ ᠤᠨ ᠵᠠᠮ ᠠᠴᠠ ᠵᠡᠭᠦᠨᠰᠢᠬᠢ ᠣᠷᠣᠨ ᠪᠦᠰᠡ ᠶᠢᠨ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠨᠠᠷᠢᠨ ᠲᠥᠯᠦᠪᠵᠢᠭᠦᠯᠭᠡ ᠶᠢ ᠡᠬᠢᠯᠡᠭᠦᠯᠬᠦ ᠶᠢᠨ ᠬᠠᠮᠲᠤ ᠵᠥᠪᠰᠢᠶᠡᠷᠡᠯ | ᠣᠯᠵᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠶᠢᠨ ᠳᠠᠭᠠᠭᠤᠯᠤᠭᠰᠠᠨ ᠲᠠᠲᠠᠪᠤᠷᠢᠯᠠᠨ ᠨᠤᠷᠠᠭᠠᠬᠤ | ᠡᠩᠨᠡᠭᠡ ᠶᠢ ᠵᠣᠬᠢᠶᠠᠨ ᠪᠠᠶᠢᠭᠤᠯᠵᠤ᠂ 1.7 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠴᠤᠭᠯᠠᠭᠤᠯᠤᠨ᠂ ᠭᠠᠵᠠᠷ | ᠰᠢᠷᠣᠢ ᠲᠠᠲᠠᠪᠤᠷᠢᠯᠠᠬᠤ ᠪᠠ ᠭᠠᠵᠠᠷ ᠳᠡᠭᠡᠷᠡᠬᠢ ᠪᠣᠳᠠᠰ ᠢ ᠨᠤᠷᠠᠭᠠᠵᠤ ᠨᠡᠭᠦᠯᠭᠡᠬᠦ ᠠᠵᠢᠯ ᠢ ᠲᠥᠪᠯᠡᠷᠡᠭᠦᠯᠦᠨ | ᠥᠷᠨᠢᠭᠦᠯᠪᠡ᠃ ᠣᠲᠣ ᠪᠣᠯᠲᠠᠯ᠎ᠠ᠂ ᠨᠡᠶᠢᠲᠡ 2332 ᠮᠦ ᠭᠠᠵᠠᠷ ᠰᠢᠷᠣᠢ ᠶᠢ ᠲᠠᠲᠠᠪᠤᠷᠢᠯᠠᠵᠤ᠂ 3.78 ᠲᠦᠮᠡᠨ | ᠲᠡᠭᠰᠢ ᠳᠥᠷᠪᠡᠯᠵᠢᠨ ᠮᠧᠲᠷ ᠤᠨ ᠭᠠᠵᠠᠷ ᠰᠢᠷᠣᠢ ᠶᠢ ᠨᠤᠷᠠᠭᠠᠵᠤ ᠨᠡᠭᠦᠯᠭᠡᠪᠡ᠃ ᠮᠠᠨ ᠤ ᠣᠷᠣᠨ ᠤ ᠠᠯᠤᠰ | ᠬᠡᠲᠦ ᠶᠢᠨ ᠬᠥᠭᠵᠢᠯᠲᠡ ᠳᠤ ᠬᠤᠯᠪᠣᠭᠳᠠᠬᠤ ᠣᠷᠣᠨ ᠵᠠᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠢ | ᠰᠢᠢᠳᠪᠦᠷᠢᠯᠡᠭᠰᠡᠨ ᠮᠥᠷᠲᠡᠭᠡᠨ ᠪᠠᠰᠠ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ | ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠳᠤ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠡᠭᠦᠨ ᠤ | ᠬᠠᠮᠲᠤ᠂ ᠪᠤᠭᠤᠲᠤ ᠶᠢᠨ ᠡᠳᠦᠷ ᠤᠨ ᠰᠣᠨᠢᠨ ᠤ ᠬᠤᠷᠢᠶ᠎ᠠ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠤᠨ | ᠰᠤᠯᠠ ᠪᠠᠶᠢᠬᠤ ᠭᠠᠵᠠᠷ ᠰᠢᠷᠣᠢ ᠶᠢ ᠢᠳᠡᠪᠬᠢᠲᠡᠢ ᠰᠢᠢᠳᠪᠦᠷᠢᠯᠡᠵᠦ᠂ ᠰᠢᠨ᠎ᠡ ᠲᠦᠷᠦᠯ ᠵᠦᠢᠯ ᠤᠨ ᠣᠷᠣᠵᠤ | ᠰᠠᠭᠤᠬᠤ ᠳᠤ ᠣᠷᠣᠨ ᠵᠠᠢ ᠭᠠᠷᠭᠠᠵᠤ ᠥᠭᠴᠡᠢ᠃ | ︱ ᠬᠤᠪᠣᠷ ᠰᠢᠷᠣᠢ ᠶᠢᠨ ᠠᠵᠤ ᠦᠢᠯᠡᠰ ᠤᠨ ᠲᠣᠭᠤᠷᠢᠨ ᠳᠤ ᠬᠤᠳᠠᠯᠳᠤᠭᠠᠴᠢᠨ ᠤᠷᠢᠬᠤ ᠶᠢ ᠬᠤᠷᠳᠤᠨ | ᠲᠡᠷᠭᠡᠨ ᠤ ᠵᠠᠮ ᠳᠤ ᠣᠷᠣᠭᠤᠯᠪᠠ᠃ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠢ ᠪᠦᠲᠦᠭᠡᠨ | ᠪᠠᠶᠢᠭᠤᠯᠬᠤ ᠶᠢᠨ ᠲᠣᠭᠤᠷᠢᠨ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠵᠦ᠂ ᠵᠢᠯ ᠤᠨ | ᠳᠣᠲᠣᠷ᠎ᠠ ᠬᠤᠪᠣᠷ ᠰᠢᠷᠣᠢ ᠶᠢᠨ ᠠᠵᠤ ᠦᠢᠯᠡᠰ ᠤᠨ ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ ᠲᠠᠢ | ᠥᠷᠭᠡᠨ ᠢᠶᠠᠷ ᠬᠠᠷᠢᠯᠴᠠᠬᠤ ᠪᠠ ᠨᠡᠪᠲᠡᠷᠡᠯᠴᠡᠨ ᠰᠣᠯᠢᠯᠴᠠᠵᠤ᠂ ᠠᠷᠪᠠᠨ ᠲᠠᠪᠤᠳᠤᠭᠠᠷ ᠬᠤᠭᠤᠴᠠᠭᠠᠨ ᠤ ᠬᠤᠪᠣᠷ | ᠰᠢᠷᠣᠢ ᠶᠢᠨ ᠠᠵᠤ ᠦᠢᠯᠡᠰ ᠤᠨ ᠶᠠᠷᠢᠶᠠᠨ ᠤ ᠲᠠᠪᠴᠠᠩ᠂ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ ︵ | ᠨᠢᠩᠪᠦ᠋ᠸᠧ︶ ᠶᠢᠨ ᠬᠠᠮᠲᠤᠷᠠᠯᠴᠠᠭ᠎ᠠ ᠰᠣᠯᠢᠯᠴᠠᠭᠠᠨ ᠤ ᠬᠤᠷᠠᠯ᠂ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ | ᠠᠵᠤ ᠦᠢᠯᠡᠰ ︵ᠱᠠᠩᠬᠠᠢ︶ ᠤᠨ ᠬᠠᠮᠲᠤᠷᠠᠯᠴᠠᠭ᠎ᠠ ᠰᠣᠯᠢᠯᠴᠠᠭᠠᠨ ᠤ ᠶᠠᠷᠢᠯᠴᠠᠬᠤ ᠬᠤᠷᠠᠯ ᠵᠡᠷᠭᠡ ᠭᠤᠣᠯ ᠰᠡᠳᠦᠪᠲᠦ | ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠡᠷᠭᠢᠯᠡᠪᠡ᠃ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ | ᠮᠠᠰᠢᠨ ᠤ ᠠᠵᠤ ᠦᠢᠯᠡᠰ ᠤᠨ ᠬᠤᠳᠠᠯᠳᠤᠭᠠᠴᠢᠨ ᠤᠷᠢᠬᠤ ︽ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠦᠷᠢᠯᠡᠬᠦ︾ | ᠠᠵᠢᠯᠯᠠᠭᠠᠨ ᠤ ᠲᠥᠰᠥᠯ ᠢ ᠲᠣᠭᠲᠠᠭᠠᠵᠤ᠂ ᠰᠢᠯᠢᠳᠡᠭ ᠬᠦᠴᠦᠨ ᠢ ᠲᠠᠲᠠᠵᠤ 13 ᠬᠤᠳᠠᠯᠳᠤᠭᠠᠴᠢᠨ ᠤᠷᠢᠬᠤ | ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠵᠤ᠂ ᠪᠥᠬᠦ ᠤᠯᠤᠰ ᠤᠨ ᠪᠣᠶ ᠪᠦᠬᠦᠢ ᠴᠠᠬᠢᠯᠭᠠᠨ ᠮᠠᠰᠢᠨ ᠤ ᠠᠵᠤ | ᠠᠬᠤᠶᠢᠯᠠᠯ ᠢ ᠲᠥᠪᠯᠡᠷᠡᠭᠦᠯᠦᠨ ᠰᠤᠷᠪᠤᠯᠵᠢᠯᠠᠪᠠ᠃ ᠣᠲᠣ ᠪᠣᠯᠲᠠᠯ᠎ᠠ᠂ ᠨᠡᠶᠢᠲᠡ 494 ᠠᠵᠤ ᠠᠬᠤᠶᠢᠯᠠᠯ ᠢ | ᠰᠤᠷᠪᠤᠯᠵᠢᠯᠠᠵᠤ᠂ 36 ᠠᠵᠤ ᠠᠬᠤᠶᠢᠯᠠᠯ ᠢ ᠭᠥᠯᠢᠶᠡᠨ ᠠᠪᠴᠤ᠂ 15 ᠬᠠᠮᠲᠤᠷᠠᠯᠴᠠᠭᠠᠨ ᠤ ᠬᠡᠯᠡᠯᠴᠡᠭᠡᠷ ᠲᠤ | ᠭᠠᠷ ᠤᠨ ᠥᠰᠥᠭ ᠵᠢᠷᠤᠪᠠ᠃ 2023 ᠣᠨ ᠳᠤ ᠪᠥᠬᠦ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠴᠢᠨ | ᠤᠷᠢᠵᠤ ᠪᠡᠯᠡ ᠣᠷᠣᠭᠤᠯᠤᠭᠰᠠᠨ ᠲᠡᠷᠢᠭᠦᠨ ᠤ ᠬᠠᠮᠲᠤ ᠨᠡᠶᠢᠲᠡ ᠪᠠᠷ ᠦᠨᠡᠯᠡᠭᠳᠡᠪᠡ᠃ | ᠨᠢᠭᠡ ᠵᠢᠯ ᠤᠨ ᠲᠤᠷᠰᠢ ᠪᠢᠳᠡ ᠭᠤᠣᠯᠳᠠᠭᠤ ᠳᠣᠣᠷᠠᠬᠢ ᠬᠡᠳᠦᠨ ᠵᠦᠢᠯ ᠤᠨ ᠠᠵᠢᠯ ᠢ ᠬᠢᠪᠡ᠄ | ︵ᠨᠢᠭᠡ︶ ᠠᠵᠤ ᠠᠬᠤᠶᠢᠯᠠᠯ ᠳᠤ ᠠᠰᠢᠭ ᠬᠦᠷᠲᠡᠭᠡᠵᠦ ᠲᠡᠳᠬᠦᠬᠦ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠪᠠ᠃ | ᠬᠡᠳᠦᠶᠢᠪᠡᠷ ᠨᠢᠳᠤᠨᠤᠨ ᠪᠣᠯ ᠮᠠᠨ ᠤ ᠣᠷᠣᠨ ᠤ ᠭᠤᠷᠪᠠᠨ ᠵᠢᠯ ᠤᠨ ᠰᠢᠨ᠎ᠡ ᠪᠠᠷ ᠨᠡᠮᠡᠭᠳᠡᠭᠰᠡᠨ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠵᠤ ᠬᠡᠰᠡᠭ ᠬᠤᠪᠢᠷᠠᠭᠤᠯᠤᠭᠰᠠᠨ ᠤ ᠳᠠᠷᠠᠭᠠᠬᠢ ᠠᠵᠤ ᠠᠬᠤᠢ ᠶᠢ ᠰᠡᠷᠭᠦᠭᠡᠨ | ᠬᠥᠭᠵᠢᠭᠦᠯᠦᠭᠰᠡᠨ ᠨᠢᠭᠡ ᠵᠢᠯ ᠪᠣᠯᠬᠤ ᠪᠣᠯᠪᠠᠴᠤ ᠣᠯᠠᠩᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠳᠠᠲᠠᠢ | ᠦᠢᠯᠡᠳᠪᠦᠷᠢᠯᠡᠬᠦ ᠴᠢᠳᠠᠪᠤᠷᠢ ᠶᠢᠨ ᠠᠰᠢᠭᠯᠠᠯᠲᠠ ᠶᠢᠨ ᠨᠣᠷᠮ᠎ᠠ ᠨᠢ ᠴᠥᠮ ᠵᠢᠱᠢᠯᠲᠡ ᠳᠤ ᠬᠦᠷᠬᠦ ᠦᠭᠡᠢ ᠶᠤᠮ᠃ | ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ᠂ ᠬᠡᠰᠡᠭ ᠠᠵᠢᠯ ᠲᠦᠷᠦᠯ ᠤᠨ ᠦᠢᠯᠡᠳᠪᠦᠷᠢᠯᠡᠬᠦ ᠴᠢᠳᠠᠪᠤᠷᠢ ᠶᠢᠨ | ᠦᠯᠡᠭᠦᠳᠡᠯ ᠤᠨ ᠬᠦᠴᠢᠷᠳᠡᠯ ᠪᠠ ᠥᠷᠢᠰᠦᠯᠳᠦᠭᠡᠨ᠂ ᠪᠢᠳᠡ ᠠᠵᠤ ᠠᠬᠤᠶᠢᠯᠠᠯ ᠳᠤ ᠠᠰᠢᠭ ᠬᠦᠷᠲᠡᠭᠡᠵᠦ ᠲᠡᠳᠬᠦᠨ | ᠳᠡᠮᠵᠢᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠪᠠ ᠨᠡᠮᠡᠭᠳᠡᠯ ᠢ ᠲᠣᠭᠲᠠᠪᠤᠷᠢᠵᠢᠭᠤᠯᠬᠤ ᠠᠯᠢ ᠤᠯᠠᠨ ᠠᠷᠭ᠎ᠠ | ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠬᠦᠴᠢᠷᠳᠡᠯ ᠪᠠ ᠠᠰᠠᠭᠤᠳᠠᠯ ᠢ ᠢᠳᠡᠪᠬᠢᠲᠡᠢ ᠪᠠᠷ | ᠬᠠᠪᠰᠤᠷᠤᠨ ᠵᠣᠬᠢᠴᠠᠭᠤᠯᠵᠤ ᠰᠢᠢᠳᠪᠦᠷᠢᠯᠡᠪᠡ᠃ ᠪᠥᠬᠦ ᠵᠢᠯ ᠤᠨ ᠥᠷᠲᠡᠭ ᠨᠡᠮᠡᠭᠳᠡᠯ ᠤᠨ ᠭᠠᠶᠢᠯᠢ ᠶᠢᠨ ᠦᠯᠡᠳᠡᠭᠡᠬᠦ | ᠪᠠ ᠲᠤᠯᠭᠠᠨ ᠪᠤᠴᠠᠭᠠᠬᠤ ᠭᠠᠶᠢᠯᠢ 14.14 ᠳ᠋ᠦᠩᠰᠢᠭᠤᠷ ᠲᠥᠭᠦᠷᠢᠭ ᠢ ᠳᠠᠪᠠᠵᠤ᠂ ᠰᠢᠨ᠎ᠡ ᠪᠠᠷ ᠨᠡᠮᠡᠭᠳᠡᠭᠰᠡᠨ | ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠤᠭᠰᠠᠨ ᠬᠡᠮᠵᠢᠶ᠎ᠡ 5.64 ᠳ᠋ᠦᠩᠰᠢᠭᠤᠷ ᠲᠥᠭᠦᠷᠢᠭ ᠢ ᠳᠠᠪᠠᠵᠤ᠂ | ᠡᠨᠡ ᠬᠤᠶᠠᠷ ᠵᠦᠢᠯ ᠨᠢ ᠴᠥᠮ ᠪᠥᠬᠦ ᠬᠤᠲᠠ ᠳᠤ ᠬᠠᠮᠤᠭ ᠤᠨ ᠠᠷᠪᠢᠨ ᠪᠣᠯᠵᠠᠢ᠃ ᠬᠠᠷᠢᠶᠠᠲᠤ ᠣᠷᠣᠨ ᠤ ᠠᠵᠤ | ᠠᠬᠤᠶᠢᠯᠠᠯ ᠳᠤ ᠳᠡᠭᠡᠳᠦ ᠱᠠᠲᠤᠨ ᠤ ᠡᠯ᠎ᠡ ᠲᠥᠷᠥᠯ ᠤᠨ ᠲᠡᠳᠬᠦᠮᠵᠢ ᠶᠢᠨ ᠪᠡᠯᠡ ᠮᠥᠩᠭᠦ ᠶᠢ 3.94 ᠳ᠋ᠦᠩᠰᠢᠭᠤᠷ | ᠲᠥᠭᠦᠷᠢᠭ ᠣᠯᠵᠤ᠂ ᠣᠷᠣᠨ ᠤ ᠱᠠᠲᠤᠨ ᠤ ᠡᠯ᠎ᠡ ᠲᠥᠷᠥᠯ ᠤᠨ ᠲᠡᠳᠬᠦᠮᠵᠢ ᠶᠢᠨ ᠪᠡᠯᠡ ᠮᠥᠩᠭᠦ ᠶᠢ 2.26 | ᠳ᠋ᠦᠩᠰᠢᠭᠤᠷ ᠲᠥᠭᠦᠷᠢᠭ ᠣᠯᠭᠤᠨ᠎ᠠ᠃ | ᠠᠵᠤ ᠠᠬᠤᠶᠢᠯᠠᠯ ᠪᠣᠯᠣᠨ ᠵᠠᠰᠠᠭ ᠤᠨ ᠣᠷᠳᠣᠨ ᠪᠣᠯ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠭᠠᠷ | ᠬᠤᠯᠪᠣᠨ ᠬᠠᠮᠲᠤ ᠪᠠᠷ ᠤᠷᠤᠭᠰᠢᠯᠠᠬᠤ ᠬᠠᠷᠢᠴᠠᠭ᠎ᠠ ᠮᠥᠨ ᠭᠡᠳᠡᠭ ᠢ ᠦᠢᠯᠡᠳᠦᠯᠭᠡ ᠭᠡᠷᠡᠴᠢᠯᠡᠵᠡᠢ᠃ ᠪᠢᠳᠡ ᠠᠯᠢ | ᠴᠢᠳᠠᠬᠤ ᠪᠠᠷ ᠡᠯ᠎ᠡ ᠵᠦᠢᠯ ᠤᠨ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠂ ᠭᠠᠵᠠᠷ | ᠣᠷᠣᠨ ᠤ ᠡᠳ᠋ ᠤᠨ ᠵᠠᠰᠠᠭ ᠤᠨ ᠣᠷᠣᠯᠭ᠎ᠠ ᠬᠡᠳᠦᠶᠢᠪᠡᠷ ᠲᠦᠷ ᠴᠠᠭ ᠨᠥᠯᠥᠭᠡᠯᠡᠭᠳᠡᠭᠰᠡᠨ ᠪᠣᠯᠪᠠᠴᠤ ᠮᠥᠨ ᠯᠡ ᠠᠵᠤ | ᠠᠬᠤᠶᠢᠯᠠᠯ ᠢ ᠬᠠᠪᠰᠤᠷᠴᠤ ᠪᠡᠷᠬᠡ ᠪᠣᠭᠤᠮᠲᠠ ᠶᠢ ᠲᠤᠭᠤᠯᠤᠭᠰᠠᠨ ᠪᠠᠶᠢᠨ᠎ᠠ᠃ ᠬᠥᠬᠡᠮᠳᠦᠭ ᠠᠭᠤᠯᠠ ᠶᠢ ᠦᠯᠡᠳᠡᠭᠡᠵᠦ᠂ | ᠤᠰᠤ ᠲᠠᠯᠪᠢᠨ ᠵᠢᠭᠠᠰᠤ ᠲᠡᠵᠢᠭᠡᠬᠦ ᠪᠠᠷ ᠪᠠᠷᠠᠬᠤ ᠦᠭᠡᠢ ᠪᠠᠰᠠ ᠭᠠᠶᠢᠯᠢ ᠶᠢᠨ ᠢᠷᠡᠯᠲᠡ ᠶᠢ ᠬᠠᠳᠠᠭᠠᠯᠠᠵᠤ᠂ ᠡᠯᠪᠡᠭ | ᠬᠤᠷᠢᠶᠠᠯᠲᠠ ᠶᠢ ᠪᠠᠭᠠᠰᠬᠠᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠦᠷᠦ ᠶᠢᠨ | ᠪᠣᠳᠣᠯᠭ᠎ᠠ ᠶᠢᠨ ᠠᠰᠢᠭ ᠢ ᠡᠳ᠋ᠯᠡᠭᠦᠯᠵᠦ᠂ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠬᠦ ᠳᠤ ᠲᠤᠰᠠᠲᠠᠢ ᠶᠤᠮ᠃ | ︵ᠬᠤᠶᠠᠷ︶ ᠠᠵᠤ ᠠᠬᠤᠢ ᠶᠢᠨ ᠠᠵᠢᠯᠯᠠᠭᠠᠨ ᠤ ᠬᠢᠨᠠᠨ ᠬᠡᠮᠵᠢᠯᠲᠡ ᠶᠢᠨ ᠵᠠᠳᠠᠯᠤᠯᠲᠠ ᠶᠢ ᠦᠨᠡᠨ ᠬᠦ | ᠴᠢᠩᠭᠠᠳᠬᠠᠪᠠ᠃ | ᠣᠨ ᠤ ᠭᠤᠣᠯ ᠵᠢᠱᠢᠭᠰᠡᠨ ᠬᠠᠷᠠᠯᠲᠠ ᠶᠢ ᠨᠢᠭᠡᠨ ᠣᠷᠭᠠᠨᠢᠭ ᠪᠦᠬᠦᠯᠢ ᠴᠣᠭᠴᠠ ᠪᠣᠯᠭᠠᠨ ᠡᠵᠡᠮᠳᠡᠵᠦ᠂ ᠲᠤᠭ᠎ᠠ | ᠪᠦᠷᠢᠳᠬᠡᠯ ᠪᠠ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ ᠶᠢᠨ ︽ᠨᠢᠭᠡᠳᠦᠭᠡᠷ ᠭᠠᠷ︾ ᠶᠡᠷᠦᠩᠬᠡᠢ | ᠬᠠᠷᠢᠭᠤᠴᠠᠯᠭ᠎ᠠ ᠶᠢ ᠡᠭᠦᠷᠭᠡᠯᠡᠬᠦ ᠶᠢ ᠬᠡᠷᠡᠭᠵᠢᠭᠦᠯᠦᠨ᠎ᠡ᠃ ᠪᠦᠬᠦ ᠵᠢᠯ ᠳᠤ ᠠᠵᠤ ᠠᠬᠤᠢ ᠶᠢᠨ ᠠᠵᠢᠯᠯᠠᠭᠠᠨ ᠤ | ᠵᠠᠳᠠᠯᠤᠯᠲᠠ ᠶᠢᠨ ᠬᠤᠷᠠᠯ ᠢ 45 ᠤᠳᠠᠭ᠎ᠠ ᠬᠤᠷᠠᠯᠳᠤᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠠᠯᠠᠭ᠎ᠠ | ᠮᠥᠴᠢᠷ ᠪᠦᠬᠦ ᠲᠠᠯ᠎ᠠ ᠪᠠᠷ ᠵᠠᠳᠠᠯᠤᠯᠲᠠ ᠬᠢᠵᠦ᠂ ᠡᠯ᠎ᠡ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ | ᠲᠤᠰᠬᠠᠢ ᠵᠠᠳᠠᠯᠤᠯᠲᠠ ᠬᠢᠵᠦ᠂ ᠴᠢᠬᠤᠯᠠ ᠴᠠᠭ ᠬᠤᠭᠤᠴᠠᠭᠠᠨ ᠳᠤ ᠡᠳᠦᠷ ᠤᠨ ᠬᠢᠨᠠᠨ ᠬᠡᠮᠵᠢᠯᠲᠡ᠂ ᠡᠳᠦᠷ ᠤᠨ | ᠮᠡᠳᠡᠭᠦᠯᠦᠯᠲᠡ ᠶᠢᠨ ᠠᠵᠢᠯ ᠢ ᠥᠷᠨᠢᠭᠦᠯᠪᠡ᠃ ᠬᠠᠮᠢᠶᠠᠷᠤᠯᠲᠠ ᠶᠢᠨ ᠵᠦᠪᠯᠡᠯ ᠤᠨ ᠪᠠᠭ ᠤᠨ ᠪᠦᠷᠢᠯᠳᠦᠭᠦᠨ ᠳᠤ ᠪᠦᠬᠦ | ᠠᠵᠢᠯᠲᠠᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠵᠤ | ᠠᠬᠤᠢ ᠶᠢᠨ ᠠᠵᠢᠯᠯᠠᠭᠠᠨ ᠢ ᠬᠠᠮᠢᠶᠠᠷᠬᠤ ᠶᠢ ᠪᠠᠷᠢᠮᠲᠠᠯᠠᠵᠤ᠂ ᠠᠵᠢᠯ ᠬᠤᠪᠢᠶᠠᠷᠢᠯᠠᠨ ᠬᠠᠮᠵᠢᠯᠴᠠᠬᠤ ᠶᠢ ᠴᠢᠩᠭᠠᠳᠬᠠᠵᠤ᠂ | ᠲᠣᠬᠢᠷᠠᠭᠤᠯᠬᠤ ᠶᠢ ᠵᠢᠯᠣᠭᠤᠳᠤᠭᠠᠳ ᠮᠠᠰᠢ ᠰᠠᠶᠢᠨ ᠦᠷ᠎ᠡ ᠪᠦᠲᠦᠮᠵᠢ ᠣᠯᠵᠠᠢ᠃ ᠡᠭᠦᠨ ᠤ ᠬᠠᠮᠲᠤ᠂ ︽ᠲᠠᠪᠤᠨ | ᠠᠵᠤ ᠠᠬᠤᠢ ᠶᠢ ᠲᠦᠭᠡᠮᠡᠯᠵᠢᠭᠦᠯᠬᠦ︾ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ 4 ᠰᠠᠷ᠎ᠠ ᠶᠢᠨ ᠬᠤᠭᠤᠴᠠᠭᠠᠨ ᠳᠤ | ᠨᠢᠭᠡᠴᠡ ᠶᠢᠨ ᠢᠯᠭᠠᠷᠠᠭᠤᠯᠤᠨ ᠪᠠᠶᠢᠴᠠᠭᠠᠬᠤ ᠠᠵᠢᠯ ᠢ ᠥᠷᠨᠢᠭᠦᠯᠦᠨ᠂ ᠪᠦᠲᠦᠮᠵᠢᠲᠡᠶ ᠢᠯᠭᠠᠷᠠᠭᠤᠯᠤᠨ ᠪᠠᠶᠢᠴᠠᠭᠠᠬᠤ | ᠡᠲᠡᠭᠡᠳ ᠢ 4.1 ᠲᠦᠮᠡᠨ ᠡᠷᠦᠬᠡ ᠪᠣᠶ ᠪᠣᠯᠭᠠᠪᠠ᠂ ᠡᠭᠦᠨ ᠳᠤ᠂ ᠨᠢᠭᠡᠴᠡ 1.13 ᠲᠦᠮᠡᠨ ᠡᠷᠦᠬᠡ᠂ ᠬᠤᠪᠢ ᠶᠢᠨ | ᠡᠷᠦᠬᠡ 2.97 ᠲᠦᠮᠡᠨ ᠡᠷᠦᠬᠡ ᠪᠣᠶ᠃ | ᠲᠤᠭ᠎ᠠ ᠪᠦᠷᠢᠳᠬᠡᠯ ᠪᠠ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ ᠶᠢᠨ ᠠᠵᠢᠯ ᠢ ᠰᠠᠶᠢᠲᠤᠷ ᠬᠢᠬᠦ ᠪᠣᠯ | ᠪᠢᠳᠡᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠶᠢ ᠠᠳᠬᠤᠬᠤ ᠶᠢᠨ | ᠰᠠᠭᠤᠷᠢ ᠴᠢᠨᠠᠷᠲᠠᠢ ᠠᠵᠢᠯ ᠮᠥᠨ ᠭᠡᠳᠡᠭ ᠢ ᠦᠢᠯᠡᠳᠦᠯᠭᠡ ᠭᠡᠷᠡᠴᠢᠯᠡᠵᠡᠢ᠃ ᠠᠵᠤ ᠠᠬᠤᠢ ᠶᠢᠨ ᠬᠥᠭᠵᠢᠯᠲᠡ ᠶᠢᠨ | ᠰᠢᠨ᠎ᠡ ᠬᠡᠪ ᠪᠠᠶᠢᠳᠠᠯ ᠤᠨ ᠳᠣᠣᠷ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠴᠥᠮ ᠡᠨᠡ ᠬᠦ ᠠᠵᠢᠯ ᠢ | ᠥᠪᠡᠷ ᠤᠨ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠪᠣᠯᠭᠠᠵᠤ᠂ ᠦᠢᠯᠡᠴᠢᠯᠡᠵᠦ ᠪᠠᠶᠢᠭ᠎ᠠ ᠠᠵᠤ | ᠠᠬᠤᠶᠢᠯᠠᠯ ᠤᠨ ᠢᠶᠠᠨ ᠪᠣᠳᠠᠲᠠᠢ ᠠᠵᠢᠯ ᠤᠨ ᠪᠠᠶᠢᠳᠠᠯ ᠢ ᠴᠠᠭ ᠲᠤᠬᠠᠢ ᠳᠤᠨᠢ ᠲᠣᠳᠣᠷᠬᠠᠢ ᠡᠵᠡᠮᠰᠢᠵᠦ᠂ ᠤᠴᠢᠷ | ᠶᠠᠪᠤᠳᠠᠯ ᠢ ᠡᠷᠲᠡ ᠠᠴᠠ ᠮᠡᠳᠡᠵᠦ᠂ ᠲᠦᠷᠭᠡᠨ ᠲᠤᠰᠬᠠᠵᠤ᠂ ᠣᠨᠣᠪᠴᠢᠲᠠᠶ ᠮᠠᠭᠠᠳᠯᠠᠵᠤ᠂ ᠲᠤᠤᠱᠲᠠᠢ ᠵᠠᠳᠠᠯᠵᠤ᠂ | ᠪᠣᠳᠠᠲᠠᠢ ᠰᠠᠨᠠᠭᠤᠯᠭ᠎ᠠ ᠭᠠᠷᠭᠠᠬᠤ ᠶᠢ ᠪᠡᠶᠡᠯᠡᠭᠦᠯᠬᠦ ᠬᠡᠷᠡᠭᠲᠡᠢ᠃ | ︵ᠭᠤᠷᠪᠠ︶ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠨᠥᠬᠦᠴᠡᠯ ᠢ ᠢᠳᠡᠪᠬᠢᠲᠡᠢ ᠪᠠᠷ | ᠡᠭᠦᠳᠪᠡ᠃ | ᠠᠵᠤ ᠠᠬᠤᠶᠢᠯᠠᠯ ᠢ ᠪᠣᠳᠠᠲᠠᠶᠢᠵᠢᠭᠤᠯᠬᠤ ᠦᠨᠳᠦᠰᠦᠨ ᠬᠦᠴᠦᠨ ᠵᠦᠢᠯ ᠤᠨ ᠲᠣᠭᠤᠷᠢᠨ ᠳᠤ᠂ ᠬᠦᠴᠢᠷ | ᠪᠡᠷᠬᠡᠰᠢᠶᠡᠯ ᠢ ᠢᠯᠠᠨ ᠳᠠᠪᠠᠵᠤ᠂ ᠴᠠᠭ ᠢ ᠠᠮᠵᠢᠨ᠂ ᠲᠥᠷᠥᠯ ᠵᠦᠢᠯ ᠤᠨ ᠠᠵᠢᠯ ᠡᠬᠢᠯᠡᠬᠦ ᠳᠤ ᠬᠠᠷᠰᠢ ᠰᠠᠭᠠᠳ ᠢ | ᠠᠷᠢᠯᠭᠠᠵᠤ ᠥᠭᠬᠦ ᠪᠠᠷ ᠴᠢᠷᠮᠠᠶᠢᠨ᠎ᠠ᠃ 44 ᠡᠳᠦᠷ ᠲᠤ ᠱᠤᠸᠠᠩ ᠯᠢᠶᠠᠩ ᠭᠤᠷᠪᠠᠳᠤᠭᠠᠷ ᠬᠤᠭᠤᠴᠠᠭᠠᠨ ᠤ ᠲᠥᠷᠥᠯ | ᠵᠦᠢᠯ ᠤᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠦᠴᠦᠨ ᠤ ᠱᠤᠭᠤᠮ ᠢ ᠰᠢᠯᠵᠢᠭᠦᠯᠦᠨ ᠥᠭᠡᠷᠡᠴᠢᠯᠡᠬᠦ | ᠢᠨᠵᠧᠨᠧᠷᠢᠩ ᠢ ᠳᠠᠭᠤᠰᠬᠠᠵᠤ᠂ ᠮᠠᠰᠢ ᠣᠯᠠᠨ ᠲᠥᠪ ᠤᠨ ᠵᠠᠭᠤᠴᠢᠯᠠᠭᠤᠷ ᠤᠨ ᠬᠢᠨ ᠤᠬᠠᠭᠤᠯᠤᠨ ᠮᠡᠳᠡᠭᠡᠯᠡᠪᠡ᠂ | 70 ᠮᠢᠨᠦ᠋ᠲ ᠤᠨ ᠳᠣᠲᠣᠷ᠎ᠠ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠤᠨ ᠵᠦᠢᠯᠡᠰ ᠤᠨ ᠪᠠᠷᠢᠯᠭ᠎ᠠ ᠪᠠᠷᠢᠬᠤ | ᠵᠥᠪᠰᠢᠶᠡᠷᠡᠯ ᠤᠨ ᠭᠠᠷ ᠭᠦᠢᠴᠡᠳᠬᠡᠯ ᠢ ᠭᠦᠢᠴᠡᠳᠬᠡᠵᠦ ᠳᠠᠭᠤᠰᠬᠠᠬᠤ ᠶᠢ ᠬᠤᠲᠠ ᠶᠢᠨ ᠨᠠᠮ ᠤᠨ ᠬᠤᠷᠢᠶᠠᠨ ᠤ | ᠭᠤᠣᠯ ᠤᠳᠤᠷᠢᠳᠤᠯᠭ᠎ᠠ ᠠᠴᠠ ᠴᠣᠬᠤᠯᠠᠪᠤᠷᠢᠯᠠᠨ ᠨᠤᠲᠠᠯᠠᠪᠠ᠃ ᠪᠥᠬᠦ ᠵᠢᠯ ᠳᠤ ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ 65 ᠬᠡᠷᠡᠭᠵᠢᠭᠦᠯᠪᠡ᠂ ᠡᠭᠦᠨ ᠳᠤ 42 ᠲᠥᠷᠥᠯ ᠵᠦᠢᠯ ᠢ | ᠰᠢᠨ᠎ᠡ ᠪᠠᠷ ᠠᠵᠢᠯ ᠡᠬᠢᠯᠡᠭᠦᠯᠵᠦ᠂ 35 ᠠᠵᠤ ᠦᠢᠯᠡᠰ ᠤᠨ ᠲᠥᠷᠥᠯ ᠤᠨ ᠲᠥᠷᠥᠯ ᠵᠦᠢᠯ ᠢ ᠰᠢᠨ᠎ᠡ ᠪᠠᠷ ᠠᠵᠢᠯ | ᠡᠬᠢᠯᠡᠭᠦᠯᠵᠦ᠂ ᠲᠦᠷᠦᠭᠦᠸ ᠨᠢᠭᠡ ᠵᠢᠯ ᠤᠨ ᠬᠢ ᠠᠴᠠ 1.9 ᠳᠠᠬᠢᠨ ᠢᠯᠡᠭᠦᠦ ᠪᠠᠶᠢᠵᠤ᠂ ᠣᠶᠢᠷ᠎ᠠ ᠶᠢᠨ ᠵᠢᠯ ᠤᠨ | ᠰᠢᠨ᠎ᠡ ᠲᠡᠮᠳᠡᠭᠯᠡᠯ ᠢ ᠡᠭᠦᠳᠪᠡ᠃ ᠠᠵᠤ ᠦᠢᠯᠡᠰ ᠤᠨ ᠲᠥᠷᠥᠯ ᠤᠨ ᠲᠥᠷᠥᠯ ᠵᠦᠢᠯ ᠳᠤ ᠬᠤᠪᠣᠷ ᠰᠢᠷᠣᠢ ᠶᠢᠨ | ᠰᠢᠨ᠎ᠡ ᠮᠠᠲ᠋ᠧᠷᠢᠶᠠᠯ ᠤᠨ ᠲᠥᠷᠥᠯ ᠵᠦᠢᠯ 28 ᠪᠣᠶ᠂ ᠢᠯᠠᠩᠭᠤᠶ᠎ᠠ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ | ᠴᠠᠬᠢᠯᠭᠠᠨ ᠮᠠᠰᠢᠨ ᠤ ᠲᠥᠷᠥᠯ ᠵᠦᠢᠯ 5 ᠪᠠᠶᠢᠵᠤ᠂ ᠣᠶᠢᠷ᠎ᠠ ᠶᠢᠨ ᠵᠢᠯ ᠤᠳ ᠲᠤ ᠬᠠᠮᠤᠭ ᠤᠨ ᠣᠯᠠᠨ ᠪᠠᠶᠢᠵᠤ᠂ | ᠠᠵᠤ ᠦᠢᠯᠡᠰ ᠤᠨ ᠲᠤᠬᠠᠢ ᠤᠷᠢᠳᠴᠢᠯᠠᠨ ᠣᠶᠢᠯᠠᠭᠠᠬᠤ ᠪᠠ ᠰᠡᠷᠡᠵᠦ ᠮᠡᠳᠡᠬᠦ ᠶᠢ ᠬᠠᠷᠠᠭᠤᠯᠤᠭᠰᠠᠨ ᠪᠠᠶᠢᠨ᠎ᠠ᠃ | ᠡᠵᠡᠩᠨᠡᠯᠲᠡ ᠶᠢᠨ ᠣᠷᠴᠢᠨ ᠲᠣᠭᠤᠷᠢᠨ ᠳᠤ ᠬᠤᠭᠤᠰᠣᠨ ᠤᠷᠢᠶ᠎ᠠ ᠬᠠᠰᠬᠢᠷᠴᠤ ᠪᠣᠯᠬᠤ ᠦᠭᠡᠢ᠂ ᠠᠰᠠᠭᠤᠳᠠᠯ ᠢ | ᠦᠨᠡᠨᠬᠦ ᠰᠢᠢᠳᠪᠦᠷᠢᠯᠡᠬᠦ ᠬᠡᠷᠡᠭᠲᠡᠢ ᠭᠡᠳᠡᠭ ᠢ ᠦᠢᠯᠡᠳᠦᠯᠭᠡ ᠭᠡᠷᠡᠴᠢᠯᠡᠵᠡᠢ᠃ ᠠᠵᠤ ᠠᠬᠤᠶᠢᠯᠠᠯ ᠤᠨ ᠳᠤᠷᠠᠳᠤᠭᠰᠠᠨ | ᠬᠦᠰᠡᠯ ᠱᠠᠭᠠᠷᠳᠠᠯᠭ᠎ᠠ ᠶᠢ ᠬᠢᠯᠪᠠᠷᠬᠠᠨ ᠢᠶᠠᠷ ᠦᠭᠡᠶᠢᠰᠬᠡᠵᠦ ᠪᠣᠯᠬᠤ ᠦᠭᠡᠢ᠂ ᠶᠠᠮᠠᠷᠪᠠ ᠨᠢᠭᠡ ᠤᠳᠠᠭᠠᠨ ᠤ ᠵᠠᠪᠰᠢᠶᠠᠨ ᠢ | ᠴᠤ ᠠᠯᠳᠠᠵᠤ ᠪᠣᠯᠬᠤ ᠦᠭᠡᠢ᠂ ᠶᠠᠯᠢᠮ ᠦᠭᠡᠢ ᠥᠴᠥᠬᠡᠨ ᠴᠦ ᠪᠣᠯᠣᠯᠴᠠᠭ᠎ᠠ ᠲᠠᠢ ᠪᠠᠶᠢᠭᠰᠠᠨ ᠴᠤ ᠠᠵᠤ ᠠᠬᠤᠶᠢᠯᠠᠯ ᠢ | ᠢᠳᠡᠪᠬᠢᠲᠡᠢ ᠪᠠᠷ ᠬᠠᠪᠰᠤᠷᠴᠤ ᠪᠠᠶᠢᠭᠠᠳ ᠲᠡᠮᠡᠴᠡᠨ ᠣᠯᠬᠤ ᠬᠡᠷᠡᠭᠲᠡᠢ᠃ ᠬᠥᠩᠭᠡᠨ ᠬᠠᠭᠤᠳᠠᠮ ᠢᠶᠠᠷ ᠣᠭᠤᠷᠴᠤ | ᠪᠣᠯᠬᠤ ᠦᠭᠡᠢ᠂ ᠠᠷᠭ᠎ᠠ ᠪᠠᠷᠢᠯ ᠢᠶᠠᠨ ᠪᠦᠬᠦᠨ ᠢ ᠪᠤᠳᠤᠵᠤ᠂ ᠠᠷᠭ᠎ᠠ ᠵᠠᠮ ᠢᠶᠠᠨ ᠪᠦᠬᠦᠨ ᠢ ᠲᠤᠷᠰᠢᠵᠤ ᠦᠵᠡᠭᠰᠡᠨ ᠤ | ᠳᠠᠷᠠᠭ᠎ᠠ ᠰᠠᠶ᠋ᠢ ᠳ᠋ᠦᠩᠨᠡᠯᠲᠡ ᠭᠠᠷᠭᠠᠬᠤ ᠬᠡᠷᠡᠭᠲᠡᠢ᠃ | ︵ᠳᠥᠷᠪᠡ︶ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ | ᠨᠡᠮᠡᠭᠳᠡᠭᠦᠯᠬᠦ ᠶᠢ ᠭᠤᠣᠯᠳᠠᠯᠭ᠎ᠠ ᠲᠠᠢ ᠳᠡᠮᠵᠢᠪᠡ᠃ | ᠪᠦᠬᠦ ᠵᠢᠯ ᠳᠤ ᠬᠠᠷᠢᠶ᠎ᠠ ᠣᠷᠣᠨ ᠤ ᠠᠵᠤ ᠠᠬᠤᠶᠢᠯᠠᠯ ᠳᠤ ᠳᠡᠭᠡᠳᠦ ᠱᠠᠲᠤᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠲᠡᠳᠬᠦᠮᠵᠢ ᠶᠢᠨ ᠪᠡᠯᠡ ᠮᠥᠩᠭᠦ ᠶᠢ ᠨᠡᠶᠢᠳᠡ 1.96 ᠳ᠋ᠦᠩᠰᠢᠭᠤᠷ ᠲᠥᠭᠦᠷᠢᠭ ᠣᠯᠵᠤ᠂ ᠲᠤᠰ | ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠢ 1.62 ᠳ᠋ᠦᠩᠰᠢᠭᠤᠷ ᠲᠥᠭᠦᠷᠢᠭ ᠵᠠᠷᠤᠴᠠᠭᠤᠯᠵᠤ᠂ | ᠪᠦᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢ 3.21% ᠪᠠᠶᠢᠭᠰᠠᠨ ᠠᠴᠠ | 3.26% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ᠂ ᠪᠦᠬᠦ ᠬᠤᠳᠠ ᠳᠤ ᠨᠢᠭᠡᠳᠦᠭᠡᠷ ᠲᠤ ᠣᠷᠣᠭᠤᠯᠪᠠ᠃ ᠣᠷᠣᠨ | ᠨᠤᠲᠤᠭ ᠤᠨ ᠠᠵᠤ ᠠᠬᠤᠶᠢᠯᠠᠯ ᠤᠨ ᠬᠠᠮᠲᠤ ᠶᠢᠨ ᠴᠢᠷᠮᠠᠶᠢᠯᠭ᠎ᠠ ᠪᠠᠷ᠂ ᠪᠥᠬᠦ ᠣᠷᠣᠨ ᠤ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ | ᠬᠦᠴᠦᠨ ᠥᠷᠢᠰᠦᠯᠳᠦᠨ ᠣᠷᠭᠢᠯᠵᠤ ᠪᠠᠶᠢᠨ᠎ᠠ᠃ ᠶᠦᠨ ᠱᠧᠩ ᠴᠢᠩᠭ᠎ᠠ ᠰᠣᠷᠢᠨᠵᠢᠨ ᠵᠡᠷᠭᠡ 3 ᠨᠢᠭᠡᠴᠡ | ᠬᠤᠶᠠᠳᠤᠭᠠᠷ ᠬᠤᠭᠤᠴᠠᠭᠠᠨ ᠤ ︽ᠪᠤᠭᠤᠲᠤ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠱᠠᠩᠨᠠᠯ︾ ᠢ ᠭᠥᠷᠳᠡᠪᠡ᠂ | ᠲᠢᠶᠠᠨ ᠾᠧ ᠰᠣᠷᠢᠨᠵᠢᠨ ᠮᠠᠲ᠋ᠧᠷᠢᠶᠠᠯ ᠵᠡᠷᠭᠡ 2 ᠠᠵᠤ ᠠᠬᠤᠶᠢᠯᠠᠯ ᠵᠠᠬ᠎ᠠ ᠳᠡᠯᠭᠡᠭᠦᠷ ᠲᠤ ᠭᠠᠷᠬᠤ ᠬᠢᠨᠠᠨ | ᠬᠠᠷᠭᠤᠭᠤᠯᠤᠯᠲᠠ ᠳᠤ ᠬᠢᠷᠢ ᠲᠡᠩᠴᠡᠪᠡ᠂ ᠶᠢᠩᠰᠲ᠋ᠧ ᠬᠤᠪᠣᠷ ᠰᠣᠷᠢᠨᠵᠢᠨ ︽ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ︾ ᠢ ᠭᠥᠷᠳᠡᠪᠡ᠂ ᠤᠮᠠᠷᠠᠲᠤ ᠣᠷᠣᠨ ᠤ ᠬᠤᠪᠢ ᠣᠷᠣᠭᠤᠯᠵᠤ | ᠦᠢᠯᠡᠳᠪᠦᠷᠢᠯᠡᠭᠰᠡᠨ ᠪᠦᠬᠦ ᠤᠯᠤᠰ ᠤᠨ ᠠᠩᠬᠠᠳᠠᠭᠴᠢ 330 ᠲᠣᠨ ᠤ ᠳᠡᠰ ᠤᠨ ᠤᠯᠤᠰ ᠲᠠᠭᠠᠨ | ᠦᠢᠯᠡᠳᠪᠦᠷᠢᠯᠡᠭᠰᠡᠨ ᠠᠭᠤᠷᠬᠠᠢ ᠳᠤ ᠬᠡᠷᠡᠭᠯᠡᠬᠦ ᠥᠪᠡᠷᠲᠡᠭᠡᠨ ᠪᠠᠭᠤᠯᠭᠠᠬᠤ ᠪᠦᠬᠦ ᠲᠡᠷᠭᠡ ᠶᠢ ᠲᠤᠷᠰᠢᠨ ᠠᠵᠢᠯᠯᠠᠭᠤᠯᠪᠠ | ᠂ ᠤᠯᠤᠰ ᠤᠨ ᠬᠤᠪᠣᠷ ᠰᠢᠷᠣᠢ ᠶᠢᠨ ᠴᠢᠳᠠᠪᠬᠢᠲᠤ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠤᠨ ᠰᠤᠳᠤᠯᠤᠨ | ᠨᠡᠭᠡᠭᠡᠭᠰᠡᠨ ᠳᠡᠯᠡᠬᠡᠢ ᠶᠢᠨ ᠠᠩᠬᠠᠳᠠᠭᠴᠢ ᠬᠠᠲᠠᠭᠤ ᠲᠥᠯᠥᠪᠲᠦ ᠳᠣᠣᠷ᠎ᠠ ᠳᠠᠷᠤᠯᠲᠠᠲᠤ ᠤᠰᠤᠲᠥ᠋ᠷᠥᠭᠴᠢ ᠶᠢ | ᠬᠠᠳᠠᠭᠠᠯᠠᠬᠤ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠂ 58 ᠠᠵᠤ | ᠠᠬᠤᠶᠢᠯᠠᠯ ᠨᠢ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠦᠨᠡᠯᠡᠭᠳᠡᠵᠦ᠂ 201 ᠠᠵᠤ | ᠠᠬᠤᠶᠢᠯᠠᠯ ᠨᠢ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ | ᠠᠬᠤᠶᠢᠯᠠᠯ ᠢᠶᠠᠷ ᠦᠨᠡᠯᠡᠭᠳᠡᠵᠦ᠂ 1 ᠠᠵᠤ ᠠᠬᠤᠶᠢᠯᠠᠯ ᠨᠢ ᠤᠯᠤᠰ ᠤᠨ ᠠᠵᠤ ᠠᠬᠤᠶᠢᠯᠠᠯ ᠤᠨ ᠮᠡᠷᠭᠡᠵᠢᠯ ᠤᠨ | ᠲᠥᠪ ᠢᠶᠠᠷ ᠵᠥᠪᠰᠢᠶᠡᠷᠡᠭᠳᠡᠪᠡ᠃ | ᠰᠢᠨᠵᠢᠯᠡᠬᠦ ᠤᠬᠠᠭᠠᠨ ᠮᠡᠷᠭᠡᠵᠢᠯ ᠢᠶᠠᠷ ᠲᠡᠳᠬᠦᠨ ᠳᠡᠮᠵᠢᠬᠦ ᠪᠣᠯ ︽ᠠᠷᠭ᠎ᠠ ᠪᠠᠷ ᠲᠦᠮᠡᠨ ᠵᠢᠩ︾ ᠤᠨ ᠦᠷ᠎ᠡ | ᠪᠦᠲᠦᠮᠵᠢ ᠮᠥᠨ ᠭᠡᠳᠡᠭ ᠢ ᠦᠢᠯᠡᠳᠦᠯᠭᠡ ᠭᠡᠷᠡᠴᠢᠯᠡᠵᠡᠢ᠃ ᠮᠠᠨ ᠤ ᠣᠷᠣᠨ ᠢ ᠪᠤᠰᠤᠳ ᠬᠤᠰᠢᠭᠤ ᠰᠢᠶᠠᠨ | ᠲᠣᠭᠤᠷᠢᠭ ᠲᠠᠢ ᠬᠠᠷᠢᠴᠠᠭᠤᠯᠪᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ | ᠬᠡᠯᠪᠠᠶᠢᠯᠲᠡ ᠶᠢ ᠨᠡᠯᠢᠶᠡᠳ ᠢᠯᠡᠭᠦᠦ ᠭᠥᠷᠳᠡᠬᠦ ᠪᠣᠯ ᠬᠠᠮᠤᠭ ᠤᠨ ᠶᠡᠭᠡ ᠳᠠᠪᠠᠭᠤᠯᠢᠭ ᠲᠠᠯ᠎ᠠ ᠪᠣᠯᠣᠨ᠎ᠠ᠃ ᠬᠤᠪᠣᠷ | ᠰᠢᠷᠣᠢ ᠶᠢᠨ ᠠᠵᠤ ᠦᠢᠯᠡᠰ ᠪᠣᠯ ᠥᠪᠡᠷᠲᠡᠭᠡᠨ ᠵᠠᠰᠠᠬᠤ ᠣᠷᠣᠨ ᠤ ᠳᠡᠮᠵᠢᠬᠦ ᠡᠷᠴᠢᠮ ᠢᠶᠠᠷ ᠬᠠᠮᠤᠭ ᠤᠨ ᠶᠡᠭᠡ ᠠᠵᠤ | ᠦᠢᠯᠡᠰ ᠤᠨ ᠨᠢᠭᠡ ᠪᠣᠯᠣᠨ᠎ᠠ᠂ ᠮᠠᠨ ᠤ ᠣᠷᠣᠨ ᠪᠣᠯ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠢ | ᠪᠦᠲᠦᠭᠡᠨ ᠪᠠᠶᠢᠭᠤᠯᠬᠤ ᠭᠤᠣᠯ ᠵᠢᠭᠰᠠᠭᠠᠯ ᠤᠨ ᠭᠠᠵᠠᠷ᠂ ᠭᠤᠣᠯ ᠲᠡᠶᠢᠨ ᠤ ᠲᠠᠯᠠᠪᠤᠷ ᠪᠣᠯᠣᠨ᠎ᠠ᠂ ᠬᠤᠪᠣᠷ | ᠰᠢᠷᠣᠢ ᠶᠢᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠲᠥᠷᠥ ᠶᠢᠨ ᠪᠣᠳᠣᠯᠭ᠎ᠠ ᠶᠢᠨ ᠳᠠᠪᠬᠤᠴᠠᠭᠰᠠᠨ ᠭᠠᠵᠠᠷ ᠪᠣᠯᠣᠨ᠎ᠠ᠂ ᠵᠠᠪᠠᠯ ᠡᠨᠡ ᠬᠦ ᠲᠥᠷᠥ ᠶᠢᠨ ᠪᠣᠳᠣᠯᠭ᠎ᠠ ᠶᠢᠨ | ᠳᠠᠪᠠᠭᠤᠯᠢᠭ ᠢ ᠪᠠᠳᠠᠷᠠᠭᠤᠯᠬᠤ ᠬᠡᠷᠡᠭᠲᠡᠢ᠃ | ︵ᠲᠠᠪᠤ︶ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠤᠶᠠᠯᠳᠤᠭᠤᠯᠤᠨ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠲᠣᠬᠢᠷᠠᠭᠤᠯᠪᠠ᠃ | ᠡᠳ᠋ ᠤᠨ ᠬᠦᠴᠦᠨ ᠲᠤᠶᠢᠯ ᠤᠨ ᠪᠠᠴᠢᠮ ᠪᠠᠶᠢᠭ᠎ᠠ ᠪᠠᠶᠢᠳᠠᠯ ᠤᠨ ᠳᠣᠣᠷ᠎ᠠ᠂ ᠮᠥᠨ ᠯᠡ 20 ᠵᠦᠢᠯ ᠤᠨ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠬᠡᠷᠡᠭᠵᠢᠭᠦᠯᠪᠡ᠃ 3 ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠶᠡᠷᠦᠩᠬᠡᠢ ᠲᠠᠯᠠᠪᠠᠶ ᠨᠢ 11.4 ᠲᠦᠮᠡᠨ ᠲᠡᠭᠰᠢ | ᠳᠥᠷᠪᠡᠯᠵᠢᠨ ᠮᠧᠲᠷ ᠪᠠᠶᠢᠪᠠ᠂ 4 ᠵᠢᠵᠢᠭ ᠲᠣᠭᠤᠷᠢᠭ᠂ 53 ᠺᠢᠯᠣᠮᠧᠲᠷ ᠲᠤ ᠬᠤᠯᠪᠣᠭᠳᠠᠭᠰᠠᠨ ᠢᠯᠴᠢ ᠬᠠᠩᠭᠠᠬᠤ | ᠬᠤᠶᠠᠳᠠᠭᠢ ᠤᠳᠠᠭᠠᠨ ᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠬᠡᠷᠡᠭᠵᠢᠭᠦᠯᠪᠡ᠂ 1.6 ᠺᠢᠯᠣᠮᠧᠲᠷ ᠤᠨ | ︽ᠮᠤᠬᠤᠷ ᠵᠠᠮ︾ ᠢ 3 ᠨᠡᠪᠲᠡᠷᠡᠭᠦᠯᠪᠡ᠂ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠪᠠᠭᠠᠨ᠎ᠠ ᠶᠢ 103 | ᠪᠠᠶᠢᠭᠤᠯᠵᠤ᠂ ᠪᠥᠬᠦ ᠬᠤᠲᠠ ᠳᠤ ᠡᠩ ᠲᠡᠷᠢᠭᠦᠨ ᠳᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠂ ᠬᠤᠲᠠ ᠶᠢᠨ | ᠲᠣᠭᠤᠷᠢᠭ ᠠᠴᠠ ᠬᠤᠸᠠᠩ ᠾᠧ ᠯᠦᠩᠴᠧᠩ ᠬᠦᠷᠬᠦ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ | ᠵᠣᠬᠢᠴᠠᠭᠤᠯᠤᠨ ᠨᠡᠪᠲᠡᠷᠡᠭᠦᠯᠪᠡ᠃ 15 ᠬᠠᠷᠮᠠᠨ ᠴᠡᠴᠡᠷᠯᠢᠭ ᠢ ᠰᠢᠨ᠎ᠡ ᠪᠠᠷ ᠪᠠᠶᠢᠭᠤᠯᠪᠠ᠂ 7104 ᠲᠦᠮᠡᠨ | ᠲᠥᠭᠦᠷᠢᠭ ᠤᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠨᠥᠬᠦᠪᠦᠷᠢ ᠶᠢᠨ ᠪᠡᠯᠡ ᠮᠥᠩᠭᠦ ᠶᠢ ᠲᠡᠮᠡᠴᠡᠨ | ᠣᠯᠬᠤ ᠪᠣᠯ ᠣᠶᠢᠷ᠎ᠠ ᠶᠢᠨ ᠬᠡᠳᠦᠨ ᠵᠢᠯ ᠤᠨ ᠨᠡᠶᠢᠯᠡᠪᠦᠷᠢ ᠪᠣᠯᠣᠨ᠎ᠠ᠃ ᠨᠥᠬᠦᠪᠦᠷᠢ ᠶᠢᠨ ᠳᠦᠷᠢᠮ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠢ 2560 ᠬᠥᠮᠥᠨ ᠤᠳᠠᠭ᠎ᠠ ᠥᠷᠨᠢᠭᠦᠯᠵᠦ᠂ ᠠᠳᠠᠯ ᠦᠢᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠶᠢ 2580 ᠲᠦᠮᠡᠨ ᠲᠥᠭᠦᠷᠢᠭ ᠲᠠᠷᠬᠠᠭᠠᠵᠤ᠂ ᠬᠤᠲᠠ ᠪᠠᠯᠭᠠᠰᠤ ᠶᠢᠨ ᠰᠢᠨ᠎ᠡ ᠪᠠᠷ | ᠠᠵᠢᠯ ᠣᠯᠭᠤᠬᠤ ᠣᠨ ᠤ ᠡᠭᠦᠷᠭᠡ ᠶᠢᠨ ᠲᠤᠭ᠎ᠠ ᠶᠢᠨ 116% ᠶᠢ ᠪᠡᠶᠡᠯᠡᠭᠦᠯᠪᠡ᠂ 4 ︽ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠬᠡᠲᠦ ᠳᠡᠯᠭᠡᠭᠦᠷ︾ ᠪᠠ ︽ᠣᠯᠠᠨ ᠣᠳᠣᠳ ᠤᠨ ᠵᠢᠵᠢᠭ ᠲᠠᠪᠴᠠᠩ︾ ᠢ | ᠪᠠᠶᠢᠭᠤᠯᠵᠤ᠂ ᠣᠯᠠᠨ ᠲᠦᠮᠡᠨ ᠳᠤ ᠨᠡᠶᠢᠲᠡ 10 ᠲᠦᠮᠡ ᠰᠢᠬᠠᠮ ᠬᠥᠮᠥᠨ ᠤᠳᠠᠭ᠎ᠠ ᠦᠢᠯᠡᠴᠢᠯᠡᠪᠡ᠃ | ᠬᠥᠭᠵᠢᠭᠦᠯᠬᠦ ᠶᠢᠨ ᠦᠨᠳᠦᠰᠦᠨ ᠵᠣᠷᠢᠯᠭ᠎ᠠ ᠪᠣᠯ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ | ᠶᠢᠨ ᠲᠥᠯᠥᠭᠡ ᠶᠤᠮ ᠭᠡᠳᠡᠭ ᠢ ᠦᠢᠯᠡᠳᠦᠯᠭᠡ ᠭᠡᠷᠡᠴᠢᠯᠡᠵᠡᠢ᠃ ᠪᠢᠳᠡ ᠵᠠᠪᠠᠯ ᠠᠷᠠᠳ ᠤᠨ ᠲᠥᠯᠥᠭᠡ ᠬᠥᠭᠵᠢᠭᠦᠯᠬᠦ᠂ | ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠪᠠᠴᠢᠮ ᠪᠡᠷᠬᠡ ᠵᠣᠪᠠᠭᠤᠷᠢ ᠵᠦᠳᠡᠭᠦᠷᠢ ᠲᠠᠢ | ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ | ᠨᠡᠶᠢᠴᠡᠭᠦᠯᠬᠦ ᠠᠵᠢᠯ ᠢ ᠠᠷᠠᠳ ᠤᠯᠠᠨ ᠤ ᠰᠡᠳᠬᠢᠯ ᠳᠤ ᠬᠠᠳᠠᠩᠰᠢᠭᠤᠯᠵᠤ᠂ ᠠᠷᠠᠳ ᠲᠦᠮᠡᠨ ᠢ ᠳᠡᠭᠡᠳᠦᠯᠡᠬᠦ | ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠶᠠᠪᠤᠳᠠᠯ ᠢ ᠠᠵᠢᠯ ᠨᠢᠭᠡᠪᠦᠷᠢ ᠳᠤ ᠲᠤᠤᠱᠯᠠᠭᠤᠯᠬᠤ ᠬᠡᠷᠡᠭᠲᠡᠢ᠃ | ︵ᠵᠢᠷᠭᠤᠭ᠎ᠠ︶ ︽ᠭᠤᠷᠪᠠ ᠶᠢ ᠲᠡᠮᠡᠴᠡᠨ ᠣᠯᠬᠤ︾ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠪᠠ᠃ | | ᠪᠥᠬᠦ ᠵᠢᠯ ᠳᠤ ᠲᠡᠭᠡᠷ᠎ᠡ ᠱᠠᠲᠤᠨ ᠠᠴᠠ 8.2 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠯᠵᠤ᠂ | ᠲᠦᠷᠦᠭᠦᠸ ᠵᠢᠯ ᠤᠨ ᠬᠢ ᠠᠴᠠ 3.9 ᠳ᠋ᠦᠩᠰᠢᠭᠤᠷ ᠲᠥᠭᠦᠷᠢᠭ ᠨᠡᠮᠡᠭᠳᠡᠵᠡᠢ᠂ ᠢᠯᠠᠩᠭᠤᠶ᠎ᠠ 2 ᠬᠡᠦᠬᠡᠳ ᠤᠨ | ᠴᠡᠴᠡᠷᠯᠢᠭ ᠢ ᠡᠭᠡᠭᠦᠯᠦᠨ ᠬᠤᠳᠠᠯᠳᠤᠨ ᠠᠪᠬᠤ ᠪᠠᠷ ᠴᠢᠷᠮᠠᠶᠢᠬᠤ ᠵᠡᠷᠭᠡ ᠲᠠᠯ᠎ᠠ ᠶᠢᠨ ᠪᠡᠯᠡ ᠮᠥᠩᠭᠦ ᠨᠢ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠰᠠᠶᠢᠵᠢᠷᠠᠭᠤᠯᠬᠤ ᠳᠤ ᠴᠢᠬᠤᠯᠠ ᠶᠡᠭᠡ ᠬᠤᠪᠢ ᠨᠡᠮᠡᠷᠢ | ᠦᠵᠡᠭᠦᠯᠦᠭᠰᠡᠨ ᠢᠶᠠᠷ ᠪᠠᠷᠠᠬᠤ ᠦᠭᠡᠢ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠲᠤᠭ᠎ᠠ ᠬᠡᠮᠵᠢᠶ᠎ᠡ | ᠬᠦᠷᠦᠯᠴᠡᠬᠦ ᠦᠭᠡᠢ᠂ ᠣᠷᠣᠭᠤᠯᠤᠯᠲᠠ ᠬᠦᠷᠦᠯᠴᠡᠬᠦ ᠦᠭᠡᠢ ᠪᠠᠶᠢᠬᠤ ᠬᠦᠴᠢᠷᠳᠡᠯ ᠲᠠᠢ ᠪᠠᠶᠢᠳᠠᠯ ᠠᠴᠠ ᠮᠤᠯᠲᠤᠷᠠᠵᠠᠢ᠂ | ᠡᠨᠡ ᠪᠣᠯ ᠦᠵᠡᠯ ᠰᠠᠨᠠᠭ᠎ᠠ ᠣᠶᠢᠯᠠᠭᠠᠭᠳᠠᠬᠤᠨ ᠤ ᠲᠠᠯ᠎ᠠ ᠪᠠᠷ ᠬᠢ ᠴᠢᠬᠤᠯᠠ ᠬᠤᠪᠢᠷᠠᠯᠲᠠ ᠪᠣᠯᠣᠨ᠎ᠠ᠃ | ︽ᠤᠯᠤᠰ ᠠᠴᠠ ᠦᠨᠡᠨᠬᠦ ᠠᠳᠬᠤᠵᠤ ᠪᠣᠳᠠᠲᠠᠢ ᠠᠵᠢᠯᠯᠠᠭᠠᠳ ᠢᠯᠡᠳᠲᠡ ᠦᠷ᠎ᠡ ᠪᠦᠲᠦᠮᠵᠢ ᠲᠠᠢ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ︾ ᠢᠶᠠᠷ | ᠵᠥᠪᠰᠢᠶᠡᠷᠡᠭᠳᠡᠵᠦ᠂ ᠲᠤᠰ ᠵᠢᠯ ᠤᠨ ᠪᠦᠬᠦ ᠤᠯᠤᠰ ᠲᠤ ᠡᠨᠡᠬᠦ ᠢᠷᠠᠭᠤ ᠠᠯᠳᠠᠷ ᠢ ᠭᠥᠷᠳᠡᠭᠰᠡᠨ ᠵᠥᠪᠬᠡᠨ 3 ᠨᠡᠭᠡᠭᠡᠨ | ᠬᠥᠭᠵᠢᠭᠦᠯᠬᠦ ᠣᠷᠣᠨ ᠤ ᠨᠢᠭᠡ ᠨᠢ ᠪᠣᠯᠪᠠ᠂ ︽ᠤᠯᠤᠰ ᠤᠨ ᠠᠷᠢᠭᠤᠨ ᠴᠡᠪᠡᠷ ᠦᠢᠯᠡᠳᠪᠦᠷᠢᠯᠡᠯ ᠢ ᠬᠢᠨᠠᠨ | ᠬᠠᠷᠭᠤᠭᠤᠯᠵᠤ ᠰᠢᠨ᠎ᠡ ᠶᠢ ᠡᠭᠦᠳᠬᠦ ᠲᠤᠷᠰᠢᠯᠲᠠ ᠶᠢᠨ ᠴᠢᠭ᠋ ᠤᠨ ᠨᠢᠭᠡᠴᠡ︾ ᠪᠠᠷ ᠦᠨᠡᠯᠡᠭᠳᠡᠵᠦ᠂ ᠪᠥᠬᠦ | ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠲᠣᠰ ᠢᠷᠠᠭᠤ ᠠᠯᠳᠠᠷ ᠢ ᠭᠥᠷᠳᠡᠭᠰᠡᠨ ᠨᠡᠭᠡᠭᠡᠯᠲᠡ ᠶᠢᠨ ᠣᠷᠣᠨ | ᠪᠣᠯᠤᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ︽ᠬᠤᠶᠠᠷ ᠬᠤᠪᠣᠷ ᠰᠢᠷᠣᠢ ᠶᠢᠨ | ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠶᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ | ᠢᠳᠡᠪᠬᠢᠲᠡᠢ ᠣᠷᠣᠯᠴᠠᠵᠤ᠂ ᠮᠠᠨ ᠤ ᠣᠷᠣᠨ ᠳᠤ ᠠᠰᠢᠭᠲᠠᠢ᠂ ᠠᠪᠬᠤ ᠭᠡᠵᠦ ᠪᠠᠶᠢᠭ᠎ᠠ ᠲᠥᠷᠥ ᠶᠢᠨ ᠪᠣᠳᠣᠯᠭ᠎ᠠ ᠶᠢ | ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠳᠤ ᠢᠯᠡᠷᠡᠭᠦᠯᠬᠦ ᠬᠡᠷᠡᠭᠲᠡᠢ᠃ | ᠦᠨᠡᠨ ᠰᠡᠳᠬᠢᠯ ᠠᠴᠠ ᠪᠠᠨ ᠴᠢᠷᠮᠠᠶᠢᠳᠠᠭ ᠯᠠ ᠶᠤᠮ ᠪᠣᠯ ᠳᠠᠷᠤᠢ ᠵᠣᠬᠢᠴᠠᠩᠭᠤᠢ ᠠᠴᠢ ᠬᠠᠷᠢᠭᠤᠯᠲᠠ ᠲᠠᠢ | ᠪᠣᠯᠬᠤ ᠶᠢ ᠦᠢᠯᠡᠳᠦᠯᠭᠡ ᠭᠡᠷᠡᠴᠢᠯᠡᠪᠡ᠂ ᠭᠠᠭᠴᠠ ᠬᠦ ᠢᠳᠡᠪᠬᠢᠲᠡᠢ ᠪᠠᠷ ᠴᠢᠷᠮᠠᠶᠢᠨ ᠲᠡᠮᠡᠴᠡᠳᠡᠭ ᠯᠡ ᠶᠤᠮ ᠪᠣᠯ ᠡᠯᠪᠡᠭ | ᠳᠡᠯᠪᠡᠭ ᠦᠷ᠎ᠡ ᠪᠦᠲᠦᠭᠡᠯ ᠣᠯᠵᠤ ᠴᠢᠳᠠᠨ᠎ᠠ᠂ ᠪᠢᠳᠠ ᠬᠤᠴᠣᠷᠬᠤ ᠳᠤᠷ᠎ᠠ ᠤᠶᠢᠭᠡᠢ᠂ ᠪᠠᠭᠤᠷᠠᠢ ᠪᠠᠨ ᠦᠵᠡᠭᠦᠯᠬᠦ | ᠳᠤᠷ᠎ᠠ ᠤᠶᠢᠭᠡᠢ ᠯᠡ ᠶᠤᠮ ᠪᠣᠯ ᠮᠠᠨ ᠤ ᠠᠯᠢᠪᠠ ᠠᠵᠢᠯ ᠴᠥᠮ ᠲᠡᠷᠢᠭᠦᠨ ᠤ ᠡᠩᠨᠡᠭᠡᠨ ᠳᠤ ᠶᠠᠪᠤᠵᠤ ᠴᠢᠳᠠᠨ᠎ᠠ᠂ | ᠪᠢᠳᠡ ᠴᠢᠭᠯᠡᠯ ᠢᠶᠠᠨ ᠣᠨᠣᠪᠴᠢᠲᠠᠶ ᠡᠷᠢᠵᠦ᠂ ᠶᠡᠭᠡ ᠬᠦᠴᠦ ᠲᠠᠯᠪᠢᠳᠠᠭ ᠯᠠ ᠶᠤᠮ ᠪᠣᠯ ᠯᠠᠪᠲᠠᠢ ᠠᠮᠵᠢᠯᠲᠠ ᠣᠯᠵᠤ | ᠴᠢᠳᠠᠬᠤ ᠶᠤᠮ᠃ ᠪᠢᠳᠡ ᠵᠠᠪᠠᠯ ᠪᠦᠬᠦ ᠣᠷᠣᠨ ᠤ ᠬᠡᠪᠴᠢᠶᠡᠨ ᠳᠤ ︽ᠲᠡᠷᠢᠭᠦᠨ ᠤ ᠬᠢ ᠶᠢ ᠲᠡᠮᠡᠴᠡᠨ ᠢᠷᠠᠭᠤ | ᠠᠯᠳᠠᠷ ᠲᠠᠢ ᠪᠣᠯᠬᠤ᠂ ᠬᠤᠴᠤᠷᠤᠩᠭᠤᠢ ᠳᠠᠭᠠᠨ ᠢᠴᠢᠩᠭᠦᠷᠡᠬᠦ︾ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ | ︵ᠲᠤᠯᠤᠭ᠎ᠠ︶ ᠡᠯ᠎ᠡ ᠵᠦᠢᠯ ᠤᠨ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ | ᠰᠤᠷᠤᠭᠴᠢᠳ ᠤᠨ ᠶᠡᠷᠦᠩᠬᠡᠢ ᠬᠡᠪ ᠴᠢᠨᠠᠷ ᠢ ᠬᠥᠮᠥᠵᠢᠭᠦᠯᠬᠦ ᠪᠠᠷ ᠬᠠᠷᠠᠯᠲᠠ ᠪᠣᠯᠭᠠᠵᠤ᠂ ᠰᠤᠷᠭᠠᠨ | ᠬᠥᠮᠥᠵᠢᠭᠦᠯᠬᠦ ᠪᠠ ᠵᠢᠭᠠᠨ ᠰᠤᠷᠭᠠᠬᠤ ᠠᠵᠢᠯᠯᠠᠭ᠎ᠠ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠎ᠡ᠃ ᠹᠦ᠋ ᠯᠢᠨ | ᠵᠠᠮ ᠤᠨ ᠪᠠᠭ᠎ᠠ ᠰᠤᠷᠭᠠᠭᠤᠯᠢ ᠪᠦᠬᠦ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ | ᠵᠢᠱᠢᠶ᠎ᠡ ᠦᠵᠡᠭᠦᠯᠬᠦ ᠰᠤᠷᠭᠠᠭᠤᠯᠢ ᠪᠠᠷ ᠦᠨᠡᠯᠡᠭᠳᠡᠵᠦ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ | ᠬᠠᠷᠢᠶᠠᠲᠤ ᠰᠤᠷᠭᠠᠭᠤᠯᠢ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠰᠤᠷᠭᠠᠭᠤᠯᠢ ᠪᠠᠷ ᠦᠨᠡᠯᠡᠭᠳᠡᠵᠦ᠂ ᠲᠤᠭᠤᠭᠠᠨ ᠪᠤᠯᠠᠭ ᠭᠤᠣᠯ ᠪᠠᠭ᠎ᠠ | ᠰᠤᠷᠭᠠᠭᠤᠯᠢ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠪᠤᠶᠢᠺᠤ ᠪᠥᠮᠪᠦᠭᠡ ᠶᠢᠨ ᠮᠠᠩᠯᠠᠢ ᠰᠢᠯᠭᠠᠷᠠᠭᠤᠯᠬᠤ | ᠤᠷᠤᠯᠳᠤᠭᠠᠨ ᠳᠤ ᠨᠢᠭᠡᠳᠦᠭᠡᠷ ᠲᠤ ᠣᠷᠣᠪᠠ᠃ ᠪᠥᠬᠦ ᠬᠤᠲᠠ ᠶᠢᠨ ᠬᠠᠲᠤᠨ ᠭᠤᠣᠯ ᠤᠨ ᠰᠣᠶᠣᠯ ᠵᠢᠭᠤᠯᠴᠢᠯᠠᠯ ᠤᠨ | ᠨᠠᠷᠠᠲᠤ ᠲᠡᠮᠳᠡᠭᠲᠦ ᠶᠢ ᠪᠣᠶ ᠪᠣᠯᠭᠠᠬᠤ ᠴᠢᠬᠤᠯᠠ ᠠᠵᠠ ᠲᠣᠬᠢᠶᠠᠯ ᠢ ᠠᠮᠵᠢᠵᠤ᠂ ᠬᠤᠲᠠ ᠶᠢᠨ ᠣᠶ ᠰᠢᠭᠤᠢ ᠡᠪᠡᠰᠦ | ᠪᠡᠯᠴᠢᠭᠡᠷ ᠤᠨ ᠲᠣᠪᠴᠢᠶ᠎ᠠ ᠲᠠᠢ ᠢᠳᠡᠪᠬᠢᠲᠡᠢ ᠬᠠᠮᠵᠢᠯᠴᠠᠨ ᠪᠤᠭᠤᠲᠤ ᠶᠢᠨ ᠬᠠᠲᠤᠨ ᠭᠤᠣᠯ ᠤᠨ ᠤᠯᠤᠰ ᠤᠨ | ᠰᠣᠶᠣᠯ ᠤᠨ ᠴᠡᠴᠡᠷᠯᠢᠭ ᠤᠨ ᠮᠦᠽᠧᠢ ᠶᠢ ᠪᠠᠶᠢᠭᠤᠯᠬᠤ ᠶᠢᠨ ᠬᠠᠮᠲᠤ ᠪᠠᠶᠢᠭᠤᠯᠤᠨ ᠡᠵᠡᠩᠨᠡᠵᠦ᠂ ᠪᠥᠬᠦ ᠬᠤᠲᠠ ᠶᠢᠨ | ᠬᠠᠷ᠎ᠠ ᠣᠰᠤ ᠶᠢᠨ ᠨᠤᠭᠤ ᠭᠠᠵᠠᠷ ᠤᠨ ᠴᠡᠴᠡᠷᠯᠢᠭ ᠢ ᠨᠢᠭᠡᠳᠦᠯᠲᠡᠢ ᠲᠥᠯᠥᠪᠯᠡᠨ ᠪᠠᠶᠢᠭᠤᠯᠬᠤ ᠶᠢᠨ ᠬᠠᠮᠲᠤ | ᠬᠤᠲᠠ ᠶᠢᠨ ᠰᠣᠶᠣᠯ ᠵᠢᠭᠤᠯᠴᠢᠯᠠᠯ ᠤᠨ ᠪᠦᠯᠦᠭᠯᠡᠯ ᠳᠤ ᠴᠠᠭ ᠲᠤᠬᠠᠢ ᠳᠤᠨᠢ ᠰᠢᠯᠵᠢᠭᠦᠯᠦᠨ ᠲᠤᠰᠢᠶᠠᠬᠤ ᠶᠢ | ᠪᠡᠶᠡᠯᠡᠭᠦᠯᠵᠦ᠂ ᠵᠢᠷᠤᠭᠠᠴᠢ ᠶᠢᠨ ᠣᠲᠤᠭ ᠤᠨ ᠬᠠᠭᠤᠴᠢᠨ ᠲᠣᠰᠬᠤᠨ ᠢ ᠥᠭᠡᠷᠡᠴᠢᠯᠡᠬᠦ ᠲᠥᠰᠥᠯ ᠢ ᠤᠷᠢᠳᠴᠢᠯᠠᠨ | ᠲᠥᠯᠥᠪᠵᠢᠭᠦᠯᠦᠨ ᠲᠥᠯᠥᠪᠯᠡᠬᠦ ᠶᠢ ᠡᠷᠡᠰ ᠳᠠᠭᠠᠨ᠎ᠠ᠃ ᠲᠡᠷᠡᠴᠢᠯᠡᠨ ᠬᠠᠳᠤᠨ ᠭᠤᠣᠯ ᠳᠠᠭᠠᠤ ᠰᠣᠶᠣᠯ | ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠠᠢ᠃ | ᠡᠭᠦᠨ ᠠᠴᠠ ᠭᠠᠳᠠᠨ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠬᠢᠷᠢ ᠲᠦᠪᠰᠢᠨ ᠴᠦ ᠴᠥᠮ | ᠲᠣᠭᠲᠠᠭᠤᠨ ᠢᠶᠠᠷ ᠳᠡᠭᠡᠭᠰᠢᠯᠡᠪᠡ᠃ | ︽ᠠᠯᠢᠪᠠ ᠶᠠᠪᠤᠳᠠᠯ ᠳᠤ ᠪᠡᠯᠡᠳᠬᠡᠯ ᠲᠠᠢ ᠪᠣᠯᠪᠠᠰᠤ ᠪᠦᠲᠦᠮᠦᠢ᠂ ᠪᠡᠯᠡᠳᠬᠡᠯ ᠦᠭᠡᠢ ᠪᠣᠯᠪᠠᠰᠤ ᠥᠯᠥ | ᠪᠦᠲᠦᠮᠤᠢ︾ ᠭᠡᠳᠡᠭ ᠢ ᠦᠢᠯᠡᠳᠦᠯᠭᠡ ᠭᠡᠷᠡᠴᠢᠯᠡᠵᠡᠢ᠃ ᠪᠢᠳᠡ ᠤᠷᠢᠳᠴᠢᠯᠠᠨ ᠠᠷᠭ᠎ᠠ ᠤᠬᠠᠭᠠᠨ ᠰᠦᠪᠡᠭᠴᠢᠯᠡᠵᠦ᠂ | ᠭᠦᠨᠵᠡᠭᠡᠢ ᠰᠤᠳᠤᠯᠵᠤ᠂ ᠤᠯᠠᠨ ᠠᠵᠢᠯ ᠬᠢᠬᠦ ᠠᠴᠠ ᠠᠶᠤᠬᠤ ᠦᠭᠡᠢ᠂ ᠳᠤᠷᠠᠲᠠᠶ᠎ᠠ ︽ᠬᠤᠬᠢᠷᠠᠯ ᠠᠮᠰᠠᠵᠤ︾᠂ | ᠰᠠᠨᠠᠭᠠᠴᠢᠯᠠᠭ᠎ᠠ ᠠᠴᠠ ᠪᠠᠨ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠬᠤ ᠪᠠ | ᠦᠢᠯᠡᠴᠢᠯᠡᠬᠦ ᠳᠤ ᠬᠦᠷᠪᠡᠯ᠂ ᠠᠵᠠ ᠲᠣᠬᠢᠶᠠᠯ ᠯᠠᠪᠲᠠᠢ ᠢᠷᠡᠬᠦ ᠶᠤᠮ᠃ ᠪᠢᠳᠡ ᠵᠠᠪᠠᠯ ᠰᠢᠰᠲ᠋ᠧᠮ ᠲᠠᠢ | ᠣᠶᠢᠯᠠᠭᠠᠭᠳᠠᠬᠤᠨ ᠢᠶᠠᠨ ᠦᠷᠭᠦᠯᠵᠢᠯᠡᠨ ᠴᠢᠩᠭᠠᠳᠬᠠᠵᠤ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ | ᠤᠷᠢᠳᠴᠢᠯᠠᠭᠰᠠᠨ ᠣᠶᠢᠯᠠᠭᠠᠭᠳᠠᠬᠤᠨ ᠢᠶᠠᠨ ᠪᠠᠷᠢᠮᠲᠠᠯᠠᠵᠤ᠂ ᠭᠦᠨᠵᠡᠭᠡᠶᠢᠷᠡᠨ ᠣᠷᠣᠵᠤ ᠠᠰᠠᠭᠤᠳᠠᠯ ᠢ ᠦᠨᠡᠨ ᠬᠦ | ᠰᠤᠳᠤᠯᠵᠤ᠂ ᠦᠨᠡᠨ ᠠᠰᠠᠭᠤᠳᠠᠯ ᠢ ᠦᠨᠡᠨ ᠬᠦ ᠰᠤᠳᠤᠯᠵᠤ᠂ ᠠᠵᠢᠯ ᠢᠶᠠᠨ ᠨᠢᠭᠡᠳ ᠨᠢᠭᠡ ᠪᠠᠷ ᠠᠳᠬᠤᠨ | ᠪᠣᠳᠠᠲᠠᠢ ᠪᠠᠷ ᠬᠢᠬᠦ ᠬᠡᠷᠡᠭᠲᠡᠢ᠃ | ︵ᠨᠠᠢᠮᠠ︶ ᠲᠡᠦᠬᠡᠨ ᠠᠴᠠ ᠦᠯᠡᠳᠡᠭᠳᠡᠵᠦ ᠢᠷᠡᠭᠰᠡᠨ ᠠᠯᠢ ᠤᠯᠠᠨ ᠠᠰᠠᠭᠤᠳᠠᠯ ᠢ ᠲᠣᠬᠢᠲᠠᠢ ᠰᠢᠢᠳᠪᠦᠷᠢᠯᠡᠪᠡ᠃ | | ᠥᠪᠡᠷᠲᠡᠭᠡᠨ ᠵᠠᠰᠠᠬᠤ ᠣᠷᠣᠨ ᠤ ᠡᠬᠡ ᠲᠠᠩᠰᠠᠨ ᠳᠤ ᠵᠢᠭᠰᠠᠭᠠᠨ ᠣᠷᠣᠭᠤᠯᠤᠭᠰᠠᠨ ᠬᠥᠯ ᠪᠥᠮᠪᠦᠭᠡ ᠶᠢᠨ | ᠴᠡᠴᠡᠷᠯᠢᠭ ᠵᠡᠷᠭᠡ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠤᠨ 2 ︽ᠬᠠᠭᠠᠰ ᠳᠤᠲᠠᠭᠤ︾ | ᠢᠨᠵᠧᠨᠧᠷᠢᠩ ᠤᠨ ᠳ᠋ᠤᠭᠠᠷ ᠢ ᠪᠦᠬᠦᠨ ᠢ ᠬᠠᠰᠤᠨ᠎ᠠ᠂ 75 ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠳᠤ | ᠲᠦᠷᠦᠯ ᠵᠦᠢᠯ ᠤᠨ ᠭᠠᠵᠠᠷ ᠰᠢᠷᠣᠢ᠂ ᠦᠢᠯᠡᠳᠪᠦᠷᠢ ᠶᠢᠨ ᠭᠡᠷ ᠪᠠᠶᠢᠰᠢᠩ ᠵᠡᠷᠭᠡ ᠦᠯᠦ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢᠨ ᠦᠨᠡᠮᠯᠡᠯ ᠣᠯᠭᠤᠵᠤ ᠥᠭᠴᠡᠢ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ 338 ᠮᠦ | ᠭᠠᠵᠠᠷ ᠰᠢᠷᠣᠢ ᠶᠢ ᠰᠢᠩᠭᠡᠭᠡᠵᠦ᠂ ᠰᠤᠯᠠ ᠲᠠᠯᠪᠢᠭᠰᠠᠨ ᠭᠠᠵᠠᠷ ᠰᠢᠷᠣᠢ ᠶᠢᠨ ᠰᠠᠭᠤᠷᠢ ᠨᠢ 306 ᠮᠦ ᠪᠠᠶᠢᠨ᠎ᠠ᠂ | ᠥᠩᠭᠡᠷᠡᠭᠰᠡᠨ ᠵᠢᠯ ᠤᠳ ᠤᠨ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠭᠰᠡᠨ 3 ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ᠂ ᠵᠤᠷᠰᠢᠯ ᠶᠣᠰᠣᠭᠠᠷ ᠰᠢᠪᠠᠳᠠᠨ ᠪᠠᠶᠢᠴᠠᠭᠠᠵᠤ ᠬᠠᠷᠢᠭᠤ ᠲᠤᠰᠬᠠᠭᠰᠠᠨ 3 ᠠᠰᠠᠭᠤᠳᠠᠯ᠂ | ᠳᠠᠭᠠᠭᠤᠯᠢ ᠣᠳᠣᠨ ᠤ ᠹᠢᠯᠢᠮ ᠤᠨ ᠬᠠᠤᠯᠢ ᠬᠡᠷᠡᠭᠵᠢᠭᠦᠯᠦᠭᠰᠡᠨ 6 ᠠᠰᠠᠭᠤᠳᠠᠯ ᠢ ᠴᠡᠭᠴᠡᠯᠡᠨ ᠥᠭᠡᠷᠡᠴᠢᠯᠡᠪᠡ᠃ | ᠲᠠᠨ ᠰᠢᠶᠠᠩ ᠸᠠᠨ ᠤ ᠰᠠᠭᠤᠭᠠᠯᠢ ᠠᠷᠠᠳ ᠤᠨ ᠲᠤᠰᠬᠠᠯ ᠶᠡᠬᠡᠲᠡᠢ ᠪᠠᠶᠢᠭ᠎ᠠ ᠲᠦᠷ ᠴᠠᠭ ᠤᠨ ᠴᠠᠬᠢᠯᠭᠠᠨ | ᠬᠠᠩᠭᠠᠯᠭ᠎ᠠ ᠶᠢᠨ ᠠᠰᠠᠭᠤᠳᠠᠯ ᠢ ᠰᠢᠢᠳᠪᠦᠷᠢᠯᠡᠵᠦ᠂ ᠪᠢᠨ ᠵᠢᠶᠠᠩ ᠰᠢᠤᠸᠠᠢ ᠹᠦ᠋ ᠰᠠᠭᠤᠭᠠᠯᠢ ᠲᠤᠭᠤᠷᠢᠭ ᠵᠡᠷᠭᠡ | ᠤᠯᠠᠨ ᠲᠦᠮᠡᠨ ᠤ ᠳᠡᠭᠡᠭᠰᠢ ᠰᠤᠷᠪᠤᠯᠵᠢᠯᠠᠬᠤ ᠨᠢᠭᠡ ᠪᠦᠯᠦᠭ ᠵᠥᠷᠢᠴᠡᠯ ᠢ ᠰᠢᠢᠳᠪᠦᠷᠢᠯᠡᠪᠡ᠃ | ᠦᠢᠯᠡᠳᠦᠯᠭᠡ ᠭᠡᠷᠡᠴᠢᠯᠡᠭᠰᠡᠨ ᠨᠢ᠂ ᠪᠢᠳᠡ ᠭᠠᠭᠴᠠ ᠬᠦ ᠴᠢᠷᠮᠠᠶᠢᠨ ᠰᠡᠳᠬᠢᠵᠦ᠂ ᠴᠢᠳᠠᠮᠠᠭᠠᠢ ᠪᠠᠷ ᠰᠤᠳᠤᠯᠵᠤ᠂ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ︽ᠠᠰᠠᠭᠤᠳᠠᠯ ᠢ ᠰᠢᠢᠳᠪᠦᠷᠢᠯᠡᠬᠦ ᠰᠡᠳᠬᠢᠬᠦᠢ︾ ᠪᠠᠷ ᠲᠦᠭᠵᠢᠷᠡᠯ᠂ | ᠬᠦᠴᠢᠷ ᠠᠰᠠᠭᠤᠳᠠᠯ ᠢ ᠰᠢᠢᠳᠪᠦᠷᠢᠯᠡᠳᠡᠭ ᠯᠡ ᠶᠤᠮ ᠪᠣᠯ ᠳᠠᠪᠠᠵᠤ ᠳᠡᠶᠢᠯᠦᠰᠢ ᠦᠭᠡᠢ ᠬᠦᠴᠢᠷᠳᠡᠯ᠂ ᠰᠢᠢᠳᠪᠦᠷᠢᠯᠡᠵᠦ | ᠳᠡᠶᠢᠯᠦᠰᠢ ᠦᠭᠡᠢ ᠠᠰᠠᠭᠤᠳᠠᠯ ᠭᠡᠵᠦ ᠪᠠᠶᠢᠬᠤ ᠦᠭᠡᠢ ᠶᠤᠮ᠃ ᠰᠢᠨ᠎ᠡ ᠨᠢᠭᠡ ᠵᠢᠯ ᠳᠤ᠂ ᠪᠢᠳᠡ ᠨᠡᠩ ᠶᠡᠭᠡ | ᠭᠠᠪᠰᠢᠭᠠᠶᠢᠯᠠᠬᠤ ᠵᠣᠷᠢᠭ᠂ ᠨᠡᠩ ᠤᠯᠠᠨ ᠬᠠᠷᠢᠭᠤᠴᠠᠯᠭ᠎ᠠ ᠡᠭᠦᠷᠭᠡᠯᠡᠵᠦ᠂ ᠤᠯᠠᠨ ᠳᠠᠪᠬᠤᠷ ᠬᠢᠵᠠᠭᠠᠷᠯᠠᠯ ᠤᠨ | ᠨᠥᠬᠦᠴᠡᠯ ᠳᠣᠣᠷ᠎ᠠ ︽ᠬᠦᠴᠢᠷ ᠮᠥᠷᠲᠡᠭᠡᠨ ᠵᠥᠪ︾ ᠵᠠᠩᠭᠢᠯᠠᠭ᠎ᠠ ᠶᠢᠨ ᠵᠦᠢᠯᠡᠰ ᠲᠤ ᠪᠣᠭᠤᠮᠲᠠ ᠰᠢᠪᠲᠤᠯᠵᠤ᠂ | ᠲᠡᠳᠡᠭᠡᠷ ︽ᠶᠠᠭᠠᠬᠢᠭᠰᠠᠨ ᠴᠤ ᠪᠣᠯᠣᠯᠴᠠᠭ᠎ᠠ ᠦᠭᠡᠢ᠂ ᠬᠢᠵᠦ ᠳᠡᠶᠢᠯᠬᠦ ᠦᠭᠡᠢ ᠶᠠᠪᠤᠳᠠᠯ︾ ᠳᠤ ᠡᠷᠡᠰ ᠰᠢᠭᠤᠷᠬᠠᠢ | ᠥᠷᠢᠰᠦᠯᠳᠦᠭᠡᠨ ᠶᠠᠪᠤᠭᠤᠯᠬᠤ ᠬᠡᠷᠡᠭᠲᠡᠢ᠃ | ᠠᠮᠵᠢᠯᠲᠠ ᠪᠠᠨ ᠣᠯᠵᠤ ᠦᠵᠡᠬᠦ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠢ ᠴᠤ ᠣᠯᠵᠤ ᠦᠵᠡᠬᠦ | ᠬᠡᠷᠡᠭᠲᠡᠢ᠃ ᠭᠤᠣᠯ ᠢᠯᠡᠷᠡᠯ ᠨᠢ᠄ ① ᠴᠢᠬᠤᠯᠠ ᠶᠡᠭᠡ ᠵᠦᠢᠯᠡᠰ ᠤᠨ ᠨᠥᠭᠡᠴᠡ ᠬᠦᠷᠦᠯᠴᠡᠬᠦ ᠦᠭᠡᠢ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠬᠦᠴᠦᠨ ᠮᠡᠬᠦᠰᠳᠡᠬᠦ ② ᠡᠳ᠋ ᠤᠨ ᠵᠠᠰᠠᠭ ᠤᠨ ᠣᠷᠣᠯᠭ᠎ᠠ ᠶᠡᠭᠡ ᠪᠠᠷ | ᠪᠠᠭᠤᠷᠠᠵᠤ᠂ ᠣᠶᠢᠷ᠎ᠠ ᠶᠢᠨ ᠵᠢᠯ ᠤᠳ ᠲᠤ ᠠᠩᠬ᠎ᠠ ᠤᠳᠠᠭ᠎ᠠ ᠰᠥᠭᠡᠷᠭᠦ ᠨᠡᠮᠡᠭᠳᠡᠯ ᠲᠠᠢ ᠪᠣᠯᠤᠭᠰᠠᠨ ③ ᠨᠡᠶᠢᠭᠡᠮ ᠤᠨ | ᠠᠵᠢᠯ ᠳᠤ ᠳᠤᠲᠠᠭᠤᠳᠠᠯ ᠣᠷᠣᠰᠢᠵᠤ᠂ ᠴᠥᠭᠡᠨ ᠪᠤᠰᠤ ᠠᠷᠠᠳ ᠤᠨ ᠠᠮᠢᠳᠤᠷᠠᠯ ᠤᠨ ᠠᠵᠢᠯ ᠨᠢ ᠤᠯᠠᠨ ᠲᠦᠮᠡᠨ ᠤ | ᠬᠦᠰᠡᠯ ᠡᠷᠡᠮᠡᠯᠵᠡᠯ ᠠᠴᠠ ᠪᠠᠰᠠ ᠮᠠᠰᠢ ᠶᠡᠭᠡ ᠵᠥᠷᠢᠶ᠎ᠡ ᠲᠠᠢ ᠪᠠᠶᠢᠨ᠎ᠠ ④ ᠵᠠᠰᠠᠭ ᠵᠠᠬᠢᠷᠭᠠᠨ ᠤ ᠠᠵᠢᠯ ᠤᠨ ᠦᠷ᠎ᠡ | ᠪᠦᠲᠦᠮᠵᠢ ᠳᠣᠣᠷ᠎ᠠ᠂ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠯᠳᠤᠯ ᠬᠠᠮᠵᠢᠯᠴᠠᠭ᠎ᠠ ᠪᠠᠰᠠ ᠤᠷᠤᠭᠰᠢᠲᠠᠢ | ᠪᠢᠰᠢ ᠪᠠᠶᠢᠬᠤ ᠵᠡᠷᠭᠡ᠃ ᠡᠳᠡᠭᠡᠷ ᠠᠰᠠᠭᠤᠳᠠᠯ ᠢ ᠪᠢᠳᠡ ᠡᠨᠡ ᠵᠢᠯ ᠤᠨ ᠠᠵᠢᠯ ᠤᠨ ᠳᠤᠮᠳᠠ ᠪᠠᠨ ᠭᠤᠣᠯᠴᠢᠯᠠᠨ | ᠰᠢᠢᠳᠪᠦᠷᠢᠯᠡᠬᠦ ᠴᠢᠬᠤᠯᠠ ᠲᠠᠢ ᠪᠠᠶᠢᠨ᠎ᠠ᠃ | ᠣᠳᠣᠬᠠᠨ ᠤ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ | ᠵᠠᠷᠢᠮ ᠠᠰᠠᠭᠤᠳᠠᠯ ᠳᠤ ᠴᠢᠭᠯᠡᠭᠦᠯᠦᠨ᠂ ᠳᠣᠣᠷᠠᠬᠢ ᠬᠡᠳᠦᠨ ᠬᠠᠷᠢᠴᠠᠭ᠎ᠠ ᠶᠢ ᠵᠥᠪ ᠢᠶᠠᠷ ᠰᠠᠶᠢᠲᠤᠷ ᠰᠢᠢᠳᠪᠦᠷᠢᠯᠡᠬᠦ | ᠬᠡᠷᠡᠭᠲᠡᠢ᠄ | ᠨᠢᠭᠡᠳᠦᠭᠡᠷ ᠲᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠣᠯᠣᠨ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠪᠠᠴᠢᠮ ᠬᠡᠷᠡᠭᠴᠡᠭᠡ ᠶᠢ ᠴᠢᠩᠭ᠎ᠠ ᠬᠢᠵᠠᠭᠠᠷᠯᠠᠬᠤ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠬᠦ | ᠬᠡᠷᠡᠭᠲᠡᠢ᠃ ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠭᠤᠣᠯᠳᠠᠯᠭ᠎ᠠ ᠲᠠᠢ | ᠮᠤᠵᠢ ᠣᠷᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ | ᠲᠥᠷᠥᠯ ᠬᠤᠪᠢᠶᠠᠨ ᠴᠢᠩᠭᠠᠳᠬᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠵᠢᠴᠢ ᠬᠡᠷᠡᠭᠵᠢᠭᠦᠯᠬᠦ ᠨᠠᠷᠢᠨ | ᠳᠦᠷᠢᠮ ᠢ ᠳᠠᠷᠤᠮᠠᠯᠯᠠᠨ ᠲᠠᠷᠬᠠᠭᠠᠵᠤ᠂ ᠥᠪᠥᠷ ᠮᠣᠩᠭᠤᠯ ᠢ ᠪᠠᠭᠲᠠᠭᠠᠭᠰᠠᠨ 12 ᠭᠤᠣᠯᠳᠠᠯᠭ᠎ᠠ ᠲᠠᠢ ᠮᠤᠵᠢ | ᠣᠷᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠲᠤᠬᠠᠢ | ᠴᠢᠩᠭ᠎ᠠ ᠲᠣᠭᠲᠠᠭᠠᠯ ᠭᠠᠷᠭᠠᠵᠠᠢ᠂ ᠡᠭᠦᠨ ᠳᠤ ᠲᠤᠯᠤᠭᠠᠨ ᠲᠥᠷᠥᠯ ᠤᠨ ᠲᠥᠷᠥᠯ ᠵᠦᠢᠯ ᠢ ᠰᠢᠨ᠎ᠡ ᠪᠠᠷ | ᠪᠠᠶᠢᠭᠤᠯᠬᠤ ᠶᠢ ᠴᠠᠭᠠᠵᠠᠯᠠᠵᠤ᠂ ᠶᠢᠰᠦᠨ ᠲᠥᠷᠥᠯ ᠤᠨ ᠲᠥᠷᠥᠯ ᠵᠦᠢᠯ ᠢ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠬᠤᠷᠢᠶ᠎ᠠ ᠳᠤ ᠳᠡᠪᠰᠢᠭᠦᠯᠵᠦ ᠨᠤᠲᠠᠯᠠᠭᠤᠯᠬᠤ ᠴᠢᠬᠤᠯᠠᠲᠠᠢ ᠪᠠᠶᠢᠨ᠎ᠠ᠃ ᠭᠡᠪᠡᠴᠦ ᠡᠭᠦᠨ ᠤ | ᠵᠡᠷᠭᠡ ᠳᠤ᠂ ᠡᠨᠡ ᠬᠦ ᠪᠢᠴᠢᠭ ᠮᠠᠲ᠋ᠧᠷᠢᠶᠠᠯ ᠳᠤ ᠪᠠᠰᠠ ᠳᠡᠮᠵᠢᠨ ᠪᠠᠲᠤᠯᠠᠬᠤ ᠲᠠᠪᠤᠨ ᠲᠥᠷᠥᠯ ᠤᠨ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠵᠦᠢᠯᠡᠰ ᠢ ᠵᠣᠬᠢᠴᠠᠩᠭᠤᠢ ᠪᠠᠷ ᠲᠣᠳᠣᠷᠬᠠᠢ ᠲᠣᠭᠲᠠᠭᠠᠭᠰᠠᠨ ᠪᠥᠭᠡᠳ | ᠲᠥᠪ ᠤᠨ ᠪᠡᠯᠡ ᠣᠷᠣᠭᠤᠯᠤᠯᠲᠠ᠂ ᠳᠡᠭᠡᠳᠦ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠵᠡᠷᠭᠡ ᠪᠠᠷ ᠳᠡᠮᠵᠢᠨ | ᠪᠠᠲᠤᠯᠠᠬᠤ ᠪᠥᠭᠡᠳ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠲᠤᠰᠬᠠᠢ ᠵᠦᠢᠯ ᠤᠨ ᠵᠢᠭᠡᠯᠡᠯᠭᠡ ᠶᠢᠨ | ᠲᠡᠮᠳᠡᠭᠲᠦ ᠭᠤᠶᠤᠴᠢᠯᠠᠵᠤ ᠪᠣᠯᠣᠨ᠎ᠠ᠃ ᠥᠭᠡᠷ᠎ᠡ ᠪᠠᠷ ᠬᠡᠯᠡᠪᠡᠯ᠂ ᠬᠤᠶᠢᠰᠢᠳᠠ ᠵᠠᠰᠠᠭ ᠤᠨ ᠣᠷᠳᠣᠨ ᠤ ᠪᠡᠯᠡ | ᠣᠷᠣᠭᠤᠯᠬᠤ ᠵᠦᠢᠯᠡᠰ ᠲᠤ ᠥᠪᠡᠷ ᠤᠨ ᠪᠡᠯᠡ ᠮᠥᠩᠭᠦ ᠪᠠᠨ ᠬᠡᠷᠡᠭᠯᠡᠬᠦ ᠳᠤ ᠤᠯᠠᠮ ᠠᠴᠠ ᠤᠯᠠᠮ ᠬᠦᠴᠢᠷᠲᠡᠢ ᠪᠣᠯᠵᠤ᠂ | ᠳᠡᠭᠡᠷ᠎ᠡ ᠱᠠᠲᠤᠨ ᠤ ᠪᠡᠯᠡ ᠮᠥᠩᠭᠦ ᠶᠢ ᠠᠪᠬᠤ ᠨᠢ ᠬᠠᠷᠢᠨ ᠤᠯᠠᠮ ᠠᠴᠠ ᠤᠯᠠᠮ ᠠᠷᠪᠢᠨ ᠪᠣᠯᠵᠤ᠂ ᠨᠢᠭᠡ ᠲᠠᠯ᠎ᠠ ᠪᠠᠷ | ᠬᠤᠷᠢᠭᠯᠠᠵᠤ᠂ ᠨᠦᠭᠦᠭᠡ ᠲᠠᠯ᠎ᠠ ᠪᠠᠷ ᠲᠡᠮᠵᠢᠨ᠎ᠠ᠂ ᠵᠠᠰᠠᠭ ᠤᠨ ᠣᠷᠳᠣᠨ ᠤ ᠡᠷᠬᠡᠪᠰᠢ ᠬᠢᠬᠦ ᠴᠢᠬᠤᠯᠠᠲᠠᠢ ᠵᠠᠷᠢᠮ ᠪᠡᠯᠡ | ᠣᠷᠣᠭᠤᠯᠤᠯᠲᠠ ᠶᠢ ᠳᠡᠭᠡᠭᠰᠢ ᠪᠡᠯᠡ ᠮᠥᠩᠭᠦ ᠣᠯᠬᠤ ᠪᠣᠯ ᠭᠤᠣᠯ ᠠᠷᠭ᠎ᠠ ᠵᠠᠮ ᠪᠣᠯᠣᠨ᠎ᠠ᠃ ᠡᠨᠡ ᠨᠢ ᠳᠠᠷᠤᠢ | ᠪᠢᠳᠡᠨ ᠢ ᠪᠠᠶᠢᠳᠠᠯ ᠢ ᠲᠠᠭᠠᠨ ᠠᠵᠢᠯᠯᠠᠵᠤ᠂ ᠥᠪᠡᠷ ᠤᠨ ᠬᠢᠬᠦ ᠭᠡᠵᠦ ᠪᠠᠶᠢᠭ᠎ᠠ ᠠᠵᠢᠯ᠂ ᠡᠷᠬᠡᠪᠰᠢ ᠬᠡᠷᠡᠭᠵᠢᠭᠦᠯᠬᠦ | ᠬᠡᠷᠡᠭᠲᠡᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢᠶᠠᠨ ᠠᠯᠢ ᠴᠢᠳᠠᠬᠤ ᠪᠠᠷ ᠤᠯᠤᠰ ᠤᠨ ᠳᠡᠮᠵᠢᠬᠦ | ᠴᠢᠭᠯᠡᠯ ᠲᠠᠢ ᠣᠶᠢᠷᠠᠲᠤᠭᠤᠯᠬᠤ ᠶᠢ ᠱᠠᠭᠠᠷᠳᠠᠵᠤ ᠪᠠᠶᠢᠨ᠎ᠠ᠃ ᠪᠢᠳᠡᠨ ᠢ ᠲᠦᠷᠦᠯ ᠵᠦᠢᠯ ᠤᠨ ᠲᠥᠯᠦᠪᠵᠢᠭᠦᠯᠭᠡ᠂ | ᠡᠮᠦᠨᠡᠬᠢ ᠬᠤᠭᠤᠴᠠᠭᠠᠨ ᠤ ᠲᠥᠰᠥᠪᠯᠡᠯ ᠢ ᠨᠡᠩ ᠢᠯᠡᠭᠦᠦ ᠴᠢᠬᠤᠯᠠᠴᠢᠯᠠᠬᠤ ᠬᠡᠷᠡᠭᠲᠡᠢ ᠭᠡᠵᠦ ᠱᠠᠭᠠᠷᠳᠠᠵᠠᠢ᠃ | ᠬᠤᠶᠠᠳᠤᠭᠠᠷ ᠲᠤ᠂ ᠠᠵᠤ ᠠᠬᠤᠢ ᠶᠢᠨ ᠲᠦᠷᠭᠡᠨ ᠬᠥᠭᠵᠢᠯᠲᠡ ᠪᠣᠯᠣᠨ ᠨᠡᠶᠢᠭᠡᠮ ᠤᠨ ᠦᠢᠯᠡᠰ ᠤᠨ | ᠲᠠᠪᠰᠢᠯᠳᠠ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠬᠦ ᠬᠡᠷᠡᠭᠲᠡᠢ᠃ ᠣᠶᠢᠷ᠎ᠠ ᠶᠢᠨ ᠵᠢᠯ ᠤᠨ ᠲᠤᠷᠰᠢ᠂ ᠮᠠᠨ ᠤ | ᠣᠷᠣᠨ ᠤ ᠠᠵᠤ ᠠᠬᠤᠢ ᠦᠷᠭᠦᠯᠵᠢᠯᠡᠨ ᠲᠦᠷᠭᠡᠨ ᠨᠡᠮᠡᠭᠳᠡᠬᠦ ᠰᠠᠶᠢᠨ ᠰᠠᠶᠢᠬᠠᠨ ᠪᠠᠶᠢᠳᠠᠯ ᠢᠶᠠᠨ ᠢᠮᠠᠭᠲᠠ | ᠪᠠᠲᠤᠯᠠᠭᠰᠠᠭᠠᠷ ᠢᠷᠡᠭᠰᠡᠨ ᠪᠣᠯᠪᠠᠴᠤ ᠨᠡᠶᠢᠭᠡᠮ ᠤᠨ ᠦᠢᠯᠡᠰ ᠢ ᠪᠠᠰᠠ ᠵᠡᠷᠭᠡ ᠳᠤ ᠨᠢ ᠵᠣᠬᠢᠴᠠᠩᠭᠤᠢ ᠪᠠᠷ ᠲᠦᠯᠬᠢᠨ | ᠠᠬᠢᠭᠤᠯᠬᠤ ᠴᠢᠬᠤᠯᠠ ᠲᠠᠢ ᠪᠠᠶᠢᠨ᠎ᠠ᠃ ᠵᠢᠱᠢᠶᠡᠯᠡᠪᠡᠯ᠂ 2023 ᠣᠨ ᠤ ᠪᠥᠬᠦ ᠬᠤᠲᠠ ᠶᠢᠨ ᠰᠤᠷᠭᠠᠨ | ᠬᠥᠮᠦᠵᠢᠯ ᠤᠨ ᠬᠢᠨᠠᠨ ᠵᠢᠯᠤᠭᠤᠳᠴᠤ ᠦᠨᠡᠯᠡᠭᠰᠡᠨ ᠬᠤᠪᠢ ᠳᠤ᠂ ᠮᠠᠨ ᠤ ᠣᠷᠣᠨ ᠠᠷᠪᠠᠨ ᠬᠤᠰᠢᠭᠤ ᠰᠢᠶᠠᠨ | ᠲᠣᠭᠤᠷᠢᠭ ᠤᠨ ᠳᠣᠲᠣᠷ᠎ᠠ ᠳᠣᠯᠣᠳᠤᠭᠠᠷ ᠲᠤ ᠵᠢᠭᠰᠠᠭᠠᠭᠳᠠᠵᠤ᠂ ᠰᠢᠭᠤᠶᠢᠲᠤ᠂ ᠪᠠᠶ᠋ᠬᠤᠪᠤᠭ᠎ᠠ᠂ ᠭᠦᠶᠠᠩ ᠵᠡᠷᠭᠡ | ᠭᠠᠳᠠᠭᠤᠷᠬᠢ ᠬᠤᠰᠢᠭᠤ ᠰᠢᠶᠠᠨ ᠲᠣᠭᠤᠷᠢᠭ ᠠᠴᠠ ᠬᠤᠴᠣᠷᠴᠤ᠂ ᠰᠤᠷᠭᠠᠨ ᠬᠥᠮᠦᠵᠢᠯ ᠤᠨ ᠶᠡᠷᠦᠩᠬᠡᠢ ᠬᠠᠨᠤᠮᠵᠢ ᠶᠢᠨ | ᠬᠡᠮᠵᠢᠶ᠎ᠡ ᠨᠢ ᠪᠥᠬᠦ ᠬᠤᠲᠠ ᠶᠢᠨ ᠠᠷᠤ ᠠᠴᠠ ᠨᠢᠭᠡᠳᠦᠭᠡᠷ ᠲᠤ ᠵᠢᠭᠰᠠᠭᠠᠭᠳᠠᠵᠠᠢ᠃ ᠡᠮ ᠡᠮᠨᠡᠯᠭᠡ ᠡᠷᠡᠭᠦᠯ ᠬᠠᠮᠠᠭᠠᠯᠠᠯ᠂ | ᠰᠣᠶᠣᠯ ᠪᠡᠶ᠎ᠡ ᠶᠢᠨ ᠲᠠᠮᠢᠷ ᠤᠨ ᠦᠢᠯᠡᠰ ᠲᠤ ᠴᠦ ᠠᠳᠠᠯᠢ ᠪᠤᠰᠤ ᠬᠡᠮᠵᠢᠶ᠎ᠡ ᠪᠠᠷ ᠳᠤᠲᠠᠭᠤᠳᠠᠯ ᠣᠷᠣᠰᠢᠵᠤ ᠪᠠᠶᠢᠨ᠎ᠠ᠃ | ᠨᠢᠭᠡᠨ ᠪᠣᠯᠪᠠᠰᠤᠷᠠᠩᠭᠤᠢ ᠪᠣᠯᠤᠭᠰᠠᠨ ᠨᠡᠭᠡᠭᠡᠨ ᠬᠥᠭᠵᠢᠭᠦᠯᠬᠦ ᠣᠷᠣᠨ ᠪᠣᠯ ᠯᠠᠪᠲᠠᠢ ᠨᠢᠭᠡᠨ ᠠᠵᠤ ᠠᠬᠤᠢ ᠨᠡᠶᠢᠭᠡᠮ | ᠵᠣᠬᠢᠴᠠᠩᠭᠤᠢ ᠪᠠᠷ ᠬᠥᠭᠵᠢᠭᠰᠡᠨ ᠨᠡᠭᠡᠭᠡᠨ ᠬᠥᠭᠵᠢᠭᠦᠯᠬᠦ ᠣᠷᠣᠨ ᠪᠣᠯᠬᠤ ᠶᠤᠮ᠃ ᠨᠡᠶᠢᠭᠡᠮ ᠤᠨ ᠦᠢᠯᠡᠰ ᠪᠣᠯ | ᠨᠡᠭᠡᠭᠡᠨ ᠬᠥᠭᠵᠢᠭᠦᠯᠬᠦ ᠣᠷᠣᠨ ᠤ ᠴᠢᠬᠤᠯᠠ ᠴᠣᠩᠬᠤᠪᠴᠢ ᠮᠥᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠴᠢᠬᠤᠯᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠮᠥᠨ᠂ ᠴᠢᠨᠠᠷ ᠰᠠᠶᠢᠲᠠᠢ ᠨᠡᠶᠢᠭᠡᠮ ᠤᠨ ᠦᠢᠯᠡᠰ ᠰᠠᠶ᠋ᠢ | ᠴᠢᠨᠠᠷ ᠰᠠᠶᠢᠲᠠᠢ ᠵᠦᠢᠯᠡᠰ ᠢ ᠡᠯᠰᠡᠨ ᠠᠪᠴᠢᠷᠠᠵᠤ᠂ ᠴᠢᠨᠠᠷ ᠰᠠᠶᠢᠲᠠᠢ ᠴᠢᠳᠠᠪᠤᠷᠢᠲᠠᠨ ᠢ ᠲᠠᠳᠠᠨ ᠠᠪᠴᠢᠷᠠᠵᠤ ᠴᠢᠳᠠᠨ᠎ᠠ | ᠃ ᠣᠳᠣᠬᠠᠨ ᠳᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠪᠢᠳᠡ ᠵᠠᠪᠠᠯ ᠬᠤᠲᠠ ᠶᠢᠨ ᠨᠠᠮ ᠤᠨ | ᠬᠤᠷᠢᠶ᠎ᠠ ᠶᠢᠨ ︽ᠭᠤᠷᠪᠠᠨ ᠥᠨᠳᠥᠷ ᠭᠠᠵᠠᠷ︾ ᠢ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠥᠨᠳᠥᠷ ᠴᠡᠭ ᠲᠤ | ᠪᠠᠶᠢᠷᠢ ᠲᠣᠭᠲᠠᠭᠠᠯᠲᠠ ᠬᠢᠵᠦ᠂ ᠪᠥᠬᠦ ᠲᠠᠯ᠎ᠠ ᠪᠠᠷ ᠲᠥᠯᠥᠪᠵᠢᠭᠦᠯᠵᠦ᠂ ᠨᠡᠶᠢᠭᠡᠮ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠬᠡᠷᠡᠭᠵᠢᠭᠦᠯᠬᠦ ᠠᠷᠭ᠎ᠠ ᠵᠠᠮ ᠢ ᠣᠨᠣᠪᠴᠢᠲᠠᠶ ᠡᠷᠢᠵᠦ ᠣᠯᠬᠤ ᠬᠡᠷᠡᠭᠲᠡᠢ᠃ | ᠭᠤᠷᠪᠠᠳᠤᠭᠠᠷ ᠲᠤ᠂ ᠠᠵᠢᠯ ᠤᠨ ᠡᠭᠦᠷᠭᠡ ᠬᠦᠨᠳᠦ ᠪᠠᠶᠢᠬᠤ ᠪᠠ ᠬᠥᠮᠥᠨ ᠤ ᠬᠦᠴᠦᠨ ᠪᠠᠭ᠎ᠠ ᠪᠠᠶᠢᠬᠤ ᠶᠢᠨ | ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠬᠦ ᠬᠡᠷᠡᠭᠲᠡᠢ᠃ ︽ᠬᠥᠮᠥᠨ ᠴᠥᠭᠡᠨ ᠠᠵᠢᠯ ᠣᠯᠠᠨ ᠡᠭᠦᠷᠭᠡ ᠬᠦᠨᠳᠦ︾ | ᠪᠠᠶᠢᠬᠤ ᠪᠣᠯ ᠣᠳᠣᠬᠠᠨ ᠤ ᠦᠨᠳᠦᠰᠦᠨ ᠱᠠᠲᠤᠨ ᠳᠤ ᠲᠤᠯᠭᠠᠷᠠᠵᠤ ᠪᠠᠶᠢᠭ᠎ᠠ ᠬᠠᠮᠲᠤ ᠶᠢᠨ ᠠᠰᠠᠭᠤᠳᠠᠯ ᠮᠥᠨ᠂ | ᠪᠠᠰᠠ ᠴᠤ ᠪᠢᠳᠡᠨ ᠤ ᠡᠷᠬᠡᠪᠰᠢ ᠵᠥᠪ ᠢᠶᠠᠷ ᠬᠠᠨᠳᠤᠬᠤ ᠬᠡᠷᠡᠭᠲᠡᠢ ᠪᠣᠳᠠᠲᠤ ᠪᠠᠶᠢᠳᠠᠯ ᠮᠥᠨ᠃ ᠨᠢᠭᠡ ᠲᠠᠯ᠎ᠠ ᠪᠠᠷ᠂ | ᠠᠵᠢᠯ ᠢᠶᠠᠨ ᠬᠢᠬᠦ ᠦᠭᠡᠢ ᠪᠠᠶᠢᠵᠤ ᠴᠢᠳᠠᠬᠤ ᠦᠭᠡᠢ᠂ ᠨᠤᠶᠢᠬᠦᠭᠡ ᠲᠠᠯ᠎ᠠ ᠪᠠᠷ ᠬᠥᠮᠥᠨ ᠢ ᠣᠬᠤᠷᠬᠠᠨ | ᠬᠤᠭᠤᠴᠠᠭᠠᠨ ᠤ ᠳᠣᠲᠣᠷ᠎ᠠ ᠶᠡᠭᠡ ᠬᠡᠮᠵᠢᠶ᠎ᠡ ᠪᠠᠷ ᠨᠥᠬᠦᠪᠦᠷᠢᠯᠡᠵᠦ ᠴᠢᠳᠠᠬᠤ ᠤᠶᠢᠭᠡᠢ ᠶᠤᠮ᠃ ᠡᠶᠢᠮᠦ ᠠᠴᠠ | ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠨᠢ ᠬᠠᠰᠢᠯᠠ ᠲᠡᠯᠳᠠ ᠬᠦᠴᠦᠨ ᠢ ᠠᠭᠤᠳᠠᠯᠬᠤ ᠶᠠᠪᠤᠳᠠᠯ ᠪᠣᠯᠣᠨ᠎ᠠ᠃ | ᠮᠠᠨ ᠤ ᠤᠳᠦ ᠶᠢᠨ ᠵᠠᠰᠠᠭ ᠵᠠᠬᠢᠷᠭᠠᠨ ᠤ ᠠᠵᠢᠯ ᠤᠨ ᠦᠷ᠎ᠡ ᠪᠦᠲᠦᠮᠵᠢ ᠳᠣᠣᠷ᠎ᠠ ᠪᠠᠶᠢᠭ᠎ᠠ ᠨᠢ ᠺᠠᠳ᠋ᠷ ᠤᠨ ᠡᠩᠨᠡᠭᠡᠨ ᠤ | ᠬᠥᠮᠥᠨ ᠤ ᠲᠤᠭ᠎ᠠ ᠴᠥᠭᠡᠨ ᠪᠠᠶᠢᠬᠤ ᠶᠢᠨ ᠭᠤᠣᠯ ᠰᠢᠯᠲᠠᠭᠠᠨ ᠪᠢᠰᠢ᠂ ᠬᠠᠷᠢᠴᠠᠭ᠎ᠠ ᠤᠷᠤᠭᠰᠢᠲᠠᠢ ᠪᠢᠰᠢ ᠪᠠᠶᠢᠬᠤ ᠨᠢ | ᠰᠠᠶ᠋ᠢ ᠦᠨᠳᠦᠰᠦᠨ ᠰᠢᠯᠲᠠᠭᠠᠨ ᠪᠣᠯᠣᠨ᠎ᠠ᠃ ᠵᠠᠷᠢᠮ ᠨᠢ ᠴᠣᠬᠤᠮ ᠳᠠᠭᠠᠨ ᠨᠢᠭᠡ ᠴᠣᠭᠴᠠᠵᠢᠭᠤᠯᠤᠨ ᠠᠵᠢᠯᠯᠠᠭᠤᠯᠬᠤ | ᠶᠣᠰᠣᠲᠠᠢ ᠪᠠᠶᠢᠭᠤᠯᠤᠮᠵᠢ ᠪᠠᠶᠢᠭᠰᠠᠨ ᠪᠣᠯᠪᠠᠴᠤ ᠪᠣᠳᠠᠲᠤ ᠠᠬᠤᠢ ᠶᠢᠨ ᠳᠤᠮᠳᠠ ᠬᠤᠶᠠᠷ ᠢᠵᠢ ᠪᠠᠶᠢᠭᠤᠯᠤᠮᠵᠢ ᠨᠢ | ᠠᠵᠢᠯᠯᠠᠵᠤ ᠪᠠᠶᠢᠬᠤ ᠪᠣᠯᠬᠤᠷ ᠬᠥᠮᠥᠨ ᠤ ᠬᠦᠴᠦᠨ ᠤ ᠡᠬᠢ ᠪᠠᠶᠠᠯᠢᠭ ᠢ ᠵᠣᠷᠢᠭᠤᠳᠠ ᠪᠦᠷᠢᠯᠭᠡᠵᠦ ᠪᠠᠶᠢᠨ᠎ᠠ᠃ ᠵᠠᠷᠢᠮ | ᠨᠢᠭᠡᠴᠡ ᠶᠢᠨ ᠪᠠᠶᠢᠭᠤᠯᠤᠮᠵᠢ ᠶᠢᠨ ᠶᠣᠰᠣᠭᠠᠷ ᠥᠭᠡᠷᠡᠴᠢᠯᠡᠯᠲᠡ ᠬᠢᠬᠦ ᠨᠢ ᠳᠡᠭᠡᠳᠦ ᠳᠣᠣᠷᠠᠳᠤ ᠱᠠᠲᠤᠨ ᠤ | ᠬᠠᠷᠢᠴᠠᠭ᠎ᠠ ᠲᠠᠢ ᠪᠣᠯᠪᠠᠴᠤ ᠪᠣᠳᠠᠲᠤ ᠠᠵᠢᠯ ᠤᠨ ᠳᠤᠮᠳᠠ ᠬᠠᠷᠢᠯᠴᠠᠨ ᠲᠦᠯᠬᠢᠯᠴᠡᠬᠦ ᠬᠠᠷᠢᠴᠠᠭ᠎ᠠ ᠲᠠᠢ ᠪᠠᠶᠢᠳᠠᠭ᠃ | ᠵᠠᠷᠢᠮ ᠨᠢᠭᠡᠴᠢ ᠶᠢᠨ ᠦᠡᠭᠭᠡᠨ ᠲᠠᠯ᠎ᠠ ᠠᠴᠠ ᠨᠢ ᠦᠵᠡᠬᠦ ᠳᠤ ᠬᠥᠮᠥᠨ ᠤ ᠲᠤᠭ᠎ᠠ ᠨᠢ ᠪᠠᠰᠠ ᠴᠥᠭᠡᠨ ᠪᠤᠰᠤ ᠪᠣᠯᠪᠠᠴᠤ | ᠪᠣᠳᠠᠲᠠᠢ ᠭᠤᠣᠯᠯᠠᠬᠤ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠪᠠ ᠠᠵᠢᠯᠲᠠᠨ ᠨᠢ ᠴᠥᠭᠡᠨ᠂ 1/2 ᠬᠦᠷᠬᠦ | ᠦᠭᠡᠢ ᠪᠠᠶᠢᠵᠤ᠂ ᠪᠤᠰᠤᠳ ᠨᠢ ᠴᠥᠮ ᠲᠤᠰᠠᠯᠠᠬᠤ ᠠᠵᠢᠯ ᠤᠨ ᠪᠠᠶᠢᠷᠢ ᠶᠢᠨ ᠠᠵᠢᠯᠲᠠᠨ ᠪᠣᠯᠣᠨ᠎ᠠ᠃ ᠡᠳᠡᠭᠡᠷ ᠪᠣᠯ | ᠴᠥᠮ ᠪᠢᠳᠡᠨ ᠤ ᠥᠪᠡᠷ ᠤᠨ ᠪᠡᠶ᠎ᠡ ᠳᠡᠭᠡᠨ ᠵᠣᠬᠢᠶᠠᠵᠤ ᠥᠭᠭᠦᠭᠰᠡᠨ ᠬᠠᠯᠬᠠᠪᠴᠢ ᠮᠥᠨ᠃ ᠵᠣᠬᠢᠶᠠᠨ | ᠪᠠᠶᠢᠭᠤᠯᠤᠯᠲᠠ ᠶᠢᠨ ᠲᠠᠯ᠎ᠠ ᠠᠴᠠ ᠠᠪᠴᠤ ᠬᠡᠯᠡᠪᠡᠯ᠂ ᠡᠳᠡᠭᠡᠷ ᠠᠰᠠᠭᠤᠳᠠᠯ ᠢ ᠰᠢᠢᠳᠪᠦᠷᠢᠯᠡᠬᠦ ᠳᠤ ᠬᠠᠷᠢᠴᠠᠭ᠎ᠠ ᠶᠢ | ᠠᠯᠢ ᠲᠦᠷᠭᠡᠨ ᠢᠶᠠᠷ ᠰᠢᠯᠤᠭᠤᠳᠬᠠᠬᠤ ᠬᠡᠷᠡᠭᠲᠡᠢ᠂ ᠡᠯ᠎ᠡ ᠨᠢᠭᠡᠴᠡ ᠪᠣᠯᠣᠨ ᠡᠯ᠎ᠡ ᠱᠠᠲᠤᠨ ᠤ ᠺᠠᠳ᠋ᠷᠴᠤᠳ ᠠᠴᠠ | ᠠᠪᠴᠤ ᠬᠡᠯᠡᠪᠡᠯ᠂ ᠴᠥᠮ ᠪᠥᠬᠦ ᠣᠷᠣᠨ ᠤ ᠶᠡᠭᠡ ᠲᠠᠯ᠎ᠠ ᠪᠣᠯᠣᠨ ᠠᠵᠢᠯ ᠦᠢᠯᠡᠰ ᠤᠨ ᠬᠥᠭᠵᠢᠯᠲᠡ ᠶᠢᠨ ᠳᠡᠭᠡᠳᠦ | ᠬᠡᠮᠵᠢᠶᠡᠨ ᠳᠤ ᠵᠣᠭᠰᠣᠵᠤ᠂ ᠠᠵᠢᠯ ᠤᠨ ᠰᠠᠭᠠᠳ ᠦᠭᠡᠢ ᠶᠠᠪᠤᠭᠳᠠᠬᠤ ᠳᠤ ᠠᠰᠢᠭᠲᠠᠢ ᠣᠷᠴᠢᠨ ᠲᠣᠭᠤᠷᠢᠨ ᠪᠣᠯᠣᠨ | ᠲᠣᠭᠲᠠᠴᠠ ᠶᠢ ᠤᠬᠠᠮᠰᠠᠷ ᠠᠴᠠ ᠪᠠᠨ ᠲᠠᠭᠠᠬᠤ ᠪᠠ ᠪᠤᠢ ᠪᠣᠯᠭᠠᠬᠤ ᠬᠡᠷᠡᠭᠲᠡᠢ᠃ | ᠳᠥᠷᠪᠡᠳᠦᠭᠡᠷ ᠲᠤ᠂ ᠬᠠᠤᠯᠢ ᠶᠢ ᠴᠢᠩᠭ᠎ᠠ ᠵᠢᠷᠤᠮᠯᠠᠨ ᠠᠵᠢᠯᠯᠠᠬᠤ ᠪᠠ ᠦᠨᠡᠨ ᠠᠴᠠ ᠵᠥᠪ ᠢ ᠡᠷᠢᠬᠦ ᠶᠢ | ᠪᠠᠷᠢᠮᠲᠠᠯᠠᠬᠤ ᠶᠢᠨ ᠬᠠᠷᠢᠴᠠᠭ᠎ᠠ ᠶᠢ ᠵᠥᠪ ᠢᠶᠠᠷ ᠰᠠᠶᠢᠲᠤᠷ ᠰᠢᠢᠳᠪᠦᠷᠢᠯᠡᠬᠦ ᠬᠡᠷᠡᠭᠲᠡᠢ᠃ ᠮᠠᠨ ᠤ ᠣᠷᠣᠨ ᠤᠯᠠᠨ | ᠵᠢᠯ ᠤᠨ ᠬᠥᠭᠵᠢᠯᠲᠡ ᠪᠠᠷ ᠳᠠᠮᠵᠢᠭᠠᠳ᠂ ᠰᠢᠢᠳᠪᠦᠷᠢᠯᠡᠬᠦ ᠴᠢᠬᠤᠯᠠᠲᠠᠢ ᠵᠥᠷᠢᠴᠡᠯ ᠪᠠ ᠠᠰᠠᠭᠤᠳᠠᠯ ᠤᠳ ᠬᠤᠷᠠᠮᠳᠤᠬᠤ | ᠨᠢ ᠵᠠᠶᠢᠯᠠᠰᠢ ᠦᠭᠡᠢ ᠶᠤᠮ᠃ ᠬᠠᠤᠯᠢ ᠪᠠᠷ ᠵᠠᠰᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠬᠤ | ᠪᠣᠯ ᠪᠢᠳᠡᠨ ᠤ ᠢᠮᠠᠭᠲᠠ ᠵᠢᠷᠤᠮᠯᠠᠳᠠᠭ ᠵᠠᠷᠴᠢᠮ ᠮᠥᠨ᠃ ᠭᠡᠪᠡᠴᠦ ᠨᠢᠭᠡ ᠠᠵᠤ ᠠᠬᠤᠶᠢᠯᠠᠯ ᠤᠨ ᠦᠰᠦᠨ | ᠪᠤᠶᠢᠵᠢᠯᠲᠠ ᠴᠤ ᠲᠡᠶᠢᠮᠦ ᠬᠢᠯᠪᠠᠷ ᠪᠢᠰᠢ ᠶᠤᠮ᠂ ᠪᠠᠭᠲᠠᠭᠠᠮᠵᠢᠲᠠᠢ ᠪᠣᠯᠭᠤᠮᠵᠢᠲᠠᠢ ᠠᠭᠤᠵᠢᠭᠤ ᠲᠠᠯᠪᠢᠭᠤ ᠣᠷᠴᠢᠨ | ᠨᠥᠬᠦᠴᠡᠯ ᠢ ᠪᠣᠶ ᠪᠣᠯᠭᠠᠬᠤ ᠬᠡᠷᠡᠭᠲᠡᠢ᠃ ᠲᠡᠦᠬᠡ ᠶᠢᠨ᠂ ᠰᠠᠨᠠᠭᠠᠨ ᠳᠤ ᠦᠭᠡᠢ᠂ ᠬᠥᠩᠭᠡᠪᠲᠦᠷ ᠬᠠᠤᠯᠢ ᠶᠢ | ᠵᠥᠷᠢᠴᠡᠭᠰᠡᠨ ᠠᠵᠢᠯᠯᠠᠭ᠎ᠠ ᠳᠤ ᠬᠠᠤᠯᠢ ᠬᠡᠷᠡᠭᠵᠢᠭᠦᠯᠬᠦ ᠵᠥᠭᠡᠯᠡᠨ ᠲᠣᠭᠲᠠᠴᠠ ᠶᠢ ᠪᠠᠶᠢᠭᠤᠯᠵᠤ᠂ ᠬᠠᠤᠯᠢ ᠴᠠᠭᠠᠵᠠ | ᠬᠠᠤᠯᠢ ᠲᠣᠭᠲᠠᠭᠠᠯ ᠳᠦᠷᠢᠮ ᠲᠣᠭᠲᠠᠭᠠᠯ ᠳᠤ ᠲᠣᠭᠲᠠᠭᠠᠭᠰᠠᠨ ᠬᠥᠩᠭᠡᠷᠡᠭᠦᠯᠦᠨ ᠰᠢᠳᠬᠡᠬᠦ᠂ ᠬᠥᠩᠭᠡᠨ ᠢᠶᠠᠷ ᠰᠢᠳᠬᠡᠬᠦ | ᠂ ᠦᠯᠦ ᠰᠢᠳᠬᠡᠬᠦ ᠪᠠᠶᠢᠳᠠᠯ ᠢ ᠦᠨᠳᠦᠰᠦᠯᠡᠨ᠂ ᠳᠣᠣᠷ᠎ᠠ ᠪᠠᠶᠢᠯᠭᠠᠬᠤ ᠠᠴᠠ ᠪᠢᠰᠢ ᠥᠨᠳᠥᠷ ᠪᠠᠶᠢᠯᠭᠠᠬᠤ ᠵᠠᠷᠴᠢᠮ | ᠶᠣᠰᠣᠭᠠᠷ᠂ ᠬᠠᠷᠢᠭᠤᠴᠠᠯᠭ᠎ᠠ ᠠᠴᠠ ᠬᠡᠯᠲᠦᠷᠢᠭᠦᠯᠵᠦ ᠪᠣᠯᠬᠤ ᠶᠢ ᠨᠢ ᠬᠠᠷᠢᠭᠤᠴᠠᠯᠭ᠎ᠠ ᠠᠴᠠ ᠬᠡᠯᠲᠦᠷᠢᠭᠦᠯᠵᠦ᠂ | ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠪᠣᠯᠬᠤ ᠶᠢ ᠨᠢ ᠠᠭᠤᠴᠢᠯᠠᠨ ᠪᠠᠭᠲᠠᠭᠠᠵᠤ᠂ ᠳᠣᠣᠷ᠎ᠠ ᠪᠠᠶᠢᠯᠭᠠᠬᠤ ᠶᠢ | ᠨᠢ ᠳᠣᠣᠷ᠎ᠠ ᠪᠠᠶᠢᠯᠭᠠᠵᠤ᠂ ᠰᠢᠳᠬᠡᠬᠦ ᠦᠭᠡᠢ ᠪᠠᠶᠢᠵᠤ ᠪᠣᠯᠬᠤ ᠶᠢ ᠨᠢ ᠰᠢᠳᠬᠡᠬᠦ ᠦᠭᠡᠢ᠃ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠯᠢᠪᠠ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ | ᠲᠠᠯᠪᠢᠬᠤ ᠬᠡᠷᠡᠭᠲᠡᠢ᠂ ᠨᠢᠭᠡᠨᠲᠡ ᠪᠣᠳᠠᠲᠤ ᠬᠡᠷᠡᠭ ᠪᠣᠯᠤᠭᠰᠠᠨ ᠢ ᠬᠦᠯᠢᠶᠡᠵᠦ᠂ ᠴᠢᠨᠠᠭᠰᠢᠯᠠᠪᠠᠯ ᠤᠯᠠᠨ ᠵᠢᠯ ᠣᠷᠣᠰᠢᠵᠤ | ᠪᠠᠶᠢᠮᠠᠨᠵᠢᠨ ᠰᠠᠶ᠋ᠢ ᠰᠢᠢᠳᠪᠦᠷᠢᠯᠡᠵᠦ ᠪᠣᠯᠬᠤ ᠦᠭᠡᠢ᠂ ᠢᠩᠭᠢᠪᠡᠯ ᠠᠵᠤ ᠠᠬᠤᠶᠢᠯᠠᠯ ᠤᠨ ᠳᠠᠷᠤᠭᠠᠰᠤ ᠶᠢ | ᠬᠦᠨᠳᠦᠷᠡᠭᠦᠯᠬᠦ ᠮᠥᠷᠲᠡᠭᠡᠨ ᠪᠠᠰᠠ ᠨᠡᠶᠢᠭᠡᠮ ᠤᠨ ᠡᠬᠢ ᠪᠠᠶᠠᠯᠢᠭ ᠢ ᠪᠦᠷᠢᠯᠭᠡᠨ ᠰᠦᠢᠳᠬᠡᠬᠦ ᠶᠠᠪᠤᠳᠠᠯ ᠢ ᠪᠤᠢ ᠪᠣᠯᠭᠠᠵᠤ | ᠂ ᠪᠠᠰᠠ ᠵᠠᠰᠠᠭ ᠠᠵᠤ ᠠᠬᠤᠶᠢᠯᠠᠯ ᠤᠨ ᠬᠠᠷᠢᠴᠠᠭ᠎ᠠ ᠶᠢ ᠨᠥᠯᠥᠭᠡᠯᠡᠬᠦ ᠪᠣᠯᠣᠨ᠎ᠠ᠃ | ᠲᠠᠪᠤᠳᠤᠭᠠᠷ ᠲᠤ᠂ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠬᠦ ᠪᠠ ᠭᠠᠳᠠᠭᠠᠳᠤ ᠶᠢᠨ | ᠬᠦᠴᠦᠨ ᠳᠤ ᠲᠦᠰᠢᠭᠯᠡᠬᠦ ᠶᠢᠨ ᠬᠠᠷᠢᠴᠠᠭ᠎ᠠ ᠶᠢ ᠵᠥᠪ ᠢᠶᠠᠷ ᠰᠠᠶᠢᠲᠤᠷ ᠰᠢᠢᠳᠪᠦᠷᠢᠯᠡᠬᠦ ᠬᠡᠷᠡᠭᠲᠡᠢ᠃ ᠮᠠᠨ ᠤ ᠣᠷᠣᠨ | ᠬᠥᠭᠵᠢᠯᠲᠡ ᠪᠠᠨ ᠲᠦᠷᠭᠡᠳᠬᠡᠬᠦ ᠳᠤ᠂ ᠥᠪᠡᠷ ᠤᠨ ᠬᠦᠴᠦ ᠪᠠᠷ ᠢᠶᠠᠨ ᠳᠡᠭᠵᠢᠷᠡᠬᠦ ᠠᠴᠠ ᠭᠠᠳᠠᠨ᠎ᠠ᠂ ᠪᠠᠰᠠ ᠡᠷᠬᠡᠪᠰᠢ | ᠭᠠᠳᠠᠭᠠᠳᠤ ᠬᠦᠴᠦᠨ ᠢ ᠰᠠᠶᠢᠲᠤᠷ ᠠᠰᠢᠭᠯᠠᠬᠤ ᠬᠡᠷᠡᠭᠲᠡᠢ᠃ ᠣᠳᠣᠬᠠᠨ ᠳᠤ᠂ ᠣᠨᠴᠠᠭᠠᠶᠢᠯᠠᠨ ᠭᠠᠯ ᠪᠠᠮᠪᠠᠷ ᠢ | ᠪᠦᠷᠢᠳᠬᠡᠬᠦ ᠪᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ ᠭᠠᠳᠠᠭᠠᠳᠤ ᠡᠬᠢ ᠪᠠᠶᠠᠯᠢᠭ ᠢ | ᠲᠥᠪᠯᠡᠷᠡᠭᠦᠯᠵᠦ᠂ ᠭᠠᠳᠠᠭᠠᠳᠤ ᠬᠦᠴᠦᠨ ᠢ ᠰᠠᠶᠢᠲᠤᠷ ᠬᠡᠷᠡᠭᠯᠡᠬᠦ ᠬᠡᠷᠡᠭᠲᠡᠢ᠃ ᠬᠤᠲᠠ ᠶᠢᠨ ᠵᠠᠰᠠᠭ ᠤᠨ ᠣᠷᠳᠣᠨ ᠤ | ᠳᠠᠷᠤᠮᠠᠯᠯᠠᠨ ᠲᠠᠷᠬᠠᠭᠠᠭᠰᠠᠨ ︽ᠨᠢᠭᠡ ᠲᠣᠭᠤᠷᠢᠭ ᠣᠯᠠᠨ ᠬᠦᠷᠢᠶᠡᠯᠡᠩ︾ ᠢ ᠬᠤᠯᠪᠤᠭᠠᠯᠠᠨ ᠬᠥᠭᠵᠢᠭᠦᠯᠬᠦ ᠲᠥᠰᠥᠯ | ᠶᠣᠰᠣᠭᠠᠷ᠂ ᠭᠠᠯ ᠪᠠᠮᠪᠠᠷ ᠤᠨ ᠪᠦᠷᠢᠳᠬᠡᠯ ᠤᠨ ᠲᠤᠭ᠎ᠠ ᠪᠠᠷᠢᠮᠲᠠ ᠳᠤ ᠪᠠᠰᠠ ᠬᠥᠨᠳᠡᠯᠡᠨ ᠲᠣᠭᠤᠷᠢᠭ ᠤᠨ ᠲᠡᠮᠦᠷᠯᠢᠭ ᠢ | ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠴᠢᠩ ᠱᠠᠨ ᠲᠣᠨᠤᠭ ᠲᠥᠬᠦᠭᠡᠷᠦᠮᠵᠢ | ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠵᠢᠦ ᠶᠤᠸᠠᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ᠂ ᠳ᠋ᠦᠩ ᠾᠧ ᠢᠮᠠᠭᠠᠨ ᠨᠣᠯᠤᠥᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ ᠶᠢ | ᠪᠠᠭᠲᠠᠭᠠᠨ᠎ᠠ᠂ ᠪᠢᠳᠡ ᠡᠲᠡᠭᠡᠷ ᠬᠦᠷᠢᠶᠡᠯᠡᠩ ᠲᠣᠭᠤᠷᠢᠭ ᠯᠤᠭ᠎ᠠ ᠶᠢᠨ ᠨᠢᠭᠲᠠ ᠬᠠᠷᠢᠯᠴᠠᠭ᠎ᠠ ᠪᠠᠨ ᠴᠢᠩᠭᠠᠳᠬᠠᠵᠤ᠂ | ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ ᠬᠡᠷᠡᠭᠲᠡᠢ᠃ ᠡᠲᠡᠭᠡᠷ ᠬᠦᠷᠢᠶᠡᠯᠡᠩ ᠲᠣᠭᠤᠷᠢᠭ ᠤᠨ | ᠭᠤᠣᠯᠳᠠᠯᠭ᠎ᠠ ᠲᠠᠢ ᠠᠵᠤ ᠠᠬᠤᠶᠢᠯᠠᠯ ᠲᠠᠢ ᠰᠢᠭᠤᠳ ᠨᠡᠪᠲᠡᠷᠡᠬᠦ ᠲᠡᠷᠭᠡ ᠶᠢᠨ ᠳᠦᠷᠢᠮ ᠢ ᠪᠠᠶᠢᠭᠤᠯᠬᠤ ᠬᠡᠷᠡᠭᠲᠡᠢ᠂ | ᠨᠢᠭᠡ ᠵᠢᠯ ᠳᠤ ᠵᠥᠪᠬᠡᠨ ᠲᠤᠭ᠎ᠠ ᠲᠠᠭᠯᠠᠨ ᠮᠡᠳᠡᠭᠦᠯᠬᠦ ᠦᠶ᠎ᠡ ᠳᠤ ᠨᠢᠭᠡ ᠯᠡ ᠤᠳᠠᠭ᠎ᠠ ᠬᠠᠷᠢᠯᠴᠠᠵᠤ ᠪᠣᠯᠬᠤ ᠦᠭᠡᠢ᠂ | ᠴᠢᠨᠠᠭᠰᠢᠯᠠᠪᠠᠯ ᠵᠥᠪᠬᠡᠨ ᠬᠠᠷᠢᠶ᠎ᠠ ᠭᠠᠵᠠᠷ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ | ᠲᠦᠰᠢᠭᠯᠡᠵᠦ ᠪᠣᠯᠬᠤ ᠦᠭᠡᠢ᠃ ᠪᠠᠰᠠ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠭᠠᠯ | ᠪᠠᠮᠪᠠᠷ ᠤᠨ ᠲᠥᠪ ᠲᠠᠢ ᠰᠢᠭᠤᠳ ᠨᠡᠪᠲᠡᠷᠡᠬᠦ ᠲᠡᠷᠭᠡ ᠪᠠᠶᠢᠭᠤᠯᠵᠤ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠲᠠᠢ | ᠰᠢᠭᠤᠳ ᠨᠡᠪᠲᠡᠷᠡᠬᠦ ᠲᠡᠷᠭᠡ ᠪᠠᠶᠢᠭᠤᠯᠵᠤ᠂ ᠡᠨᠡ ᠬᠦ ᠦᠨᠡᠯᠡᠯᠲᠡ ᠶᠢᠨ ᠰᠢᠰᠲ᠋ᠧᠮ ᠢ ᠦᠨᠡᠨ ᠬᠦ ᠲᠣᠳᠣᠷᠬᠠᠢ ᠪᠣᠯᠭᠠᠵᠤ | ᠂ ᠳᠣᠲᠣᠷ᠎ᠠ ᠪᠠᠨ ᠲᠤᠭ᠎ᠠ ᠲᠠᠢ ᠪᠣᠯᠭᠠᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠠᠭᠠᠨ | ᠬᠤᠲᠠ ᠶᠢᠨ ᠤᠳᠤᠷᠢᠳᠤᠯᠭ᠎ᠠ᠂ ᠬᠤᠲᠠ ᠶᠢᠨ ᠰᠢᠭᠤᠳ ᠬᠠᠷᠢᠶ᠎ᠠ ᠵᠥᠪᠯᠡᠯ ᠠᠯᠪᠠᠨ ᠭᠡᠷ ᠲᠣᠪᠴᠢᠶ᠎ᠠ ᠶᠢᠨ | ᠳᠡᠮᠵᠢᠯᠭᠡ ᠶᠢ ᠢᠯᠡᠭᠦᠬᠡᠨ ᠣᠯᠵᠤ᠂ ᠢᠳᠡᠪᠬᠢᠲᠡᠢ ᠪᠠᠷ ᠬᠠᠷᠢᠭᠤ ᠲᠤᠰᠬᠠᠯ ᠭᠠᠷᠭᠠᠨ᠂ ᠬᠤᠲᠠ ᠶᠢᠨ ᠱᠠᠲᠤᠨ ᠤ ᠲᠠᠰ | ᠳᠠᠪᠬᠤᠷᠭ᠎ᠠ ᠪᠠ ᠬᠤᠲᠠ ᠶᠢᠨ ᠰᠢᠭᠤᠳ ᠬᠠᠷᠢᠶ᠎ᠠ ᠵᠥᠪᠯᠡᠯ ᠠᠯᠪᠠᠨ ᠭᠡᠷ ᠲᠣᠪᠴᠢᠶ᠎ᠠ ᠶᠢᠨ ᠡᠳᠦᠷ ᠲᠤᠲᠤᠮ ᠤᠨ | ᠪᠠᠶᠢᠷᠢᠯᠠᠭᠤᠯᠤᠭᠰᠠᠨ ᠠᠵᠢᠯ ᠤᠨ ᠡᠭᠦᠷᠭᠡ ᠶᠢ ᠪᠡᠶᠡᠯᠡᠭᠦᠯᠵᠦ᠂ ᠴᠢᠬᠤᠯᠠ ᠶᠡᠭᠡ ᠲᠥᠷᠥᠯ ᠵᠦᠢᠯ ᠢ ᠪᠠᠲᠤᠯᠠᠨ | ᠲᠠᠨᠢᠯᠴᠠᠭᠤᠯᠬᠤ᠂ ᠪᠠᠶᠢᠷᠢᠯᠠᠭᠤᠯᠬᠤ ᠳᠠᠭᠠᠨ ᠤᠷᠢᠳᠠᠪᠠᠷ ᠮᠠᠨ ᠤ ᠣᠷᠣᠨ ᠢ ᠪᠣᠳᠣᠯᠬᠢᠯᠠᠬᠤ ᠬᠡᠷᠡᠭᠲᠡᠢ᠃ | ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ | ᠡᠨᠡ ᠵᠢᠯ ᠤᠨ ᠬᠠᠮᠢᠶᠠᠷᠤᠯᠲᠠ ᠶᠢᠨ ᠵᠥᠪᠯᠡᠯ ᠤᠨ ᠠᠵᠢᠯ ᠤᠨ ᠶᠡᠷᠦᠩᠬᠡᠢ ᠱᠠᠭᠠᠷᠳᠠᠯᠭ᠎ᠠ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠪᠤᠭᠤᠲᠤ ᠶᠢᠨ ︽ᠨᠢᠭᠡ | ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠲᠤᠬᠠᠢ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ | ᠦᠢᠯᠡᠳᠦᠯᠭᠡᠵᠢᠭᠦᠯᠵᠦ᠂ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠡᠨᠡ ᠬᠦ | ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠲᠠᠰ ᠤᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ 50 ᠬᠦᠴᠦᠷᠬᠡᠭ ᠲᠤ ᠳᠠᠪᠰᠢᠨ ᠣᠷᠣᠬᠤ ᠡᠨᠡ ᠬᠦ ᠲᠡᠮᠡᠴᠡᠯ ᠤᠨ ᠬᠠᠷᠠᠯᠲᠠ ᠶᠢᠨ | ᠲᠣᠭᠤᠷᠢᠨ ᠳᠤ᠂ ︽ᠬᠤᠶᠠᠷ ᠰᠢᠨ᠎ᠡ᠂ ᠭᠤᠷᠪᠠ ᠶᠢ ᠲᠡᠮᠡᠴᠡᠨ ᠣᠯᠬᠤ︾ ᠪᠠᠷ ᠤᠳᠤᠷᠢᠳᠤᠮᠵᠢ ᠪᠣᠯᠭᠠᠵᠤ᠂ ︽ | ᠳᠡᠭᠡᠳᠦ︾ ᠪᠠ ︽ᠰᠢᠨ᠎ᠡ︾ ᠬᠤᠶᠠᠷ ᠠᠵᠢᠯ ᠢ ᠰᠠᠶᠢᠲᠤᠷ ᠬᠢᠵᠦ᠂ ᠪᠥᠬᠦ ᠤᠯᠤᠰ ᠤᠨ ᠲᠡᠷᠢᠭᠦᠨ ᠤ᠂ ᠬᠤᠪᠣᠷ | ᠰᠢᠷᠣᠢ ᠪᠠᠷ ᠤᠳᠤᠷᠢᠳᠤᠮᠵᠢ ᠪᠣᠯᠭᠠᠭᠰᠠᠨ ᠳᠠᠪᠠᠭᠤᠯᠢᠭ ᠠᠵᠤ ᠦᠢᠯᠡᠰ ᠤᠨ ᠤᠯᠤᠰ ᠤᠨ ᠲᠠᠰ ᠤᠨ ᠳᠡᠭᠡᠳᠦ ᠰᠢᠨ᠎ᠡ | ᠮᠡᠷᠭᠡᠵᠢᠯ ᠤᠨ ᠤᠷᠤᠨ ᠢ ᠴᠢᠷᠮᠠᠶᠢᠨ ᠪᠠᠶᠢᠭᠤᠯᠤᠨ᠎ᠠ᠃ | ᠭᠤᠣᠯ ᠪᠣᠯᠬᠤ ᠠᠵᠤ ᠠᠬᠤᠢ ᠶᠢᠨ ᠭᠦᠢᠴᠡᠳᠬᠡᠬᠦ ᠲᠤᠭ᠎ᠠ ᠶᠢᠨ ᠵᠢᠱᠢᠭᠰᠡᠨ ᠬᠠᠷᠠᠯᠲᠠ᠄ ︵1︶ ᠪᠦᠬᠦ | ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 10% ᠠᠴᠠ ᠳᠡᠭᠡᠭᠰᠢ ᠨᠡᠮᠡᠭᠳᠡᠭᠦᠯᠦᠨ᠎ᠡ᠂ | ︵2︶ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 25% ᠠᠴᠠ ᠳᠡᠭᠡᠭᠰᠢ | ᠨᠡᠮᠡᠭᠳᠡᠭᠦᠯᠦᠨ᠎ᠡ᠂ ︵3︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 20% ᠠᠴᠠ ᠳᠡᠭᠡᠭᠰᠢ | ᠨᠡᠮᠡᠭᠳᠡᠭᠦᠯᠦᠨ᠎ᠡ᠂ ︵4︶ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ ᠶᠢ | 8% ᠠᠴᠠ ᠳᠡᠭᠡᠭᠰᠢ ᠨᠡᠮᠡᠭᠳᠡᠭᠦᠯᠦᠨ᠎ᠡ᠂ ︵5︶ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ | 9% ᠠᠴᠠ ᠳᠡᠭᠡᠭᠰᠢ ᠨᠡᠮᠡᠭᠳᠡᠭᠦᠯᠦᠨ᠎ᠡ᠂ ︵6︶ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢ | ᠠᠵᠤ ᠠᠬᠤᠢ ᠶᠢᠨ ᠬᠥᠭᠵᠢᠯᠲᠡ ᠲᠠᠢ ᠢᠵᠢᠯ ᠠᠯᠬᠤᠮ ᠪᠣᠯᠭᠠᠨ᠎ᠠ᠃ | ᠬᠤᠶᠠᠷ ᠵᠦᠢᠯ ᠤᠨ ᠭᠤᠣᠯ ᠠᠵᠢᠯ ᠤᠨ ᠨᠠᠷᠢᠯᠢᠭᠵᠢᠭᠤᠯᠤᠭᠰᠠᠨ ᠭᠦᠢᠴᠡᠳᠬᠡᠯ ᠲᠤᠭ᠎ᠠ᠄ | ︱ ︽ᠬᠤᠪᠣᠷ ᠰᠢᠷᠣᠢ ᠶᠢᠨ ᠬᠤᠶᠠᠷ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠡᠨᠡᠬᠦ ᠲᠡᠷᠢᠭᠦᠨ | ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠡᠨᠡ ᠵᠢᠯ ᠡᠷᠬᠡᠪᠰᠢ 11 ᠵᠦᠢᠯ ᠤᠨ | ᠬᠡᠮᠵᠢᠶᠡᠵᠢᠭᠦᠯᠦᠭᠰᠡᠨ ᠭᠦᠢᠴᠡᠳᠬᠡᠯ ᠲᠤᠭ᠎ᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠄ ︵1︶ ᠪᠥᠬᠦ ᠤᠯᠤᠰ ᠤᠨ | ᠶᠡᠷᠦᠩᠬᠡᠶᠢᠯᠡᠭᠰᠡᠨ ᠪᠣᠳᠠᠲᠤ ᠬᠦᠴᠦᠨ ᠤ ᠡᠮᠦᠨ᠎ᠡ 10 ᠬᠦᠴᠦᠷᠬᠡᠭ ᠤᠨ ᠰᠣᠷᠢᠨᠵᠢᠨ ᠮᠠᠲ᠋ᠧᠷᠢᠶᠠᠯ ᠤᠨ ᠠᠵᠤ | ᠠᠬᠤᠶᠢᠯᠠᠯ ᠢ ᠪᠦᠬᠦᠨ ᠢ ᠮᠠᠨ ᠤ ᠣᠷᠣᠨ ᠳᠤ ᠡᠷᠦᠬᠡ ᠠᠮᠠ ᠣᠷᠣᠭᠤᠯᠬᠤ ᠪᠠᠷ ᠴᠢᠷᠮᠠᠶᠢᠨ᠎ᠠ ︵ᠬᠤᠪᠣᠷ ᠰᠢᠷᠣᠢ ᠶᠢᠨ | ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ᠂ ᠪᠡᠯᠡ ᠣᠷᠣᠭᠤᠯᠤᠯᠲᠠ ᠶᠢ ᠠᠬᠢᠭᠤᠯᠬᠤ | ᠲᠣᠪᠴᠢᠶ᠎ᠠ︶ ︵2︶ ᠬᠤᠪᠣᠷ ᠰᠢᠷᠣᠢ ᠶᠢᠨ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ ᠶᠢ 18 | ᠲᠦᠮᠡᠨ ᠲᠣᠨ ︵ᠬᠤᠪᠣᠷ ᠰᠢᠷᠣᠢ ᠶᠢᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ︶ | ᠳᠤ ᠬᠦᠷᠦᠭᠦᠯᠦᠨ᠎ᠡ᠂ ︵3︶ ᠬᠤᠪᠣᠷ ᠰᠢᠷᠣᠢ ᠶᠢᠨ ᠦᠢᠯᠡᠳᠬᠦᠨ ᠤ ᠥᠷᠲᠡᠭ ᠨᠢ 600 ᠳ᠋ᠦᠩᠰᠢᠭᠤᠷ | ᠲᠥᠭᠦᠷᠢᠭ ︵ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ︶ | ᠲᠤ ᠬᠥᠷᠪᠡ᠂ ︵4︶ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠠᠬᠤᠶᠢᠯᠠᠯ ᠢ | 30 ᠡᠷᠦᠬᠡ ᠡᠷᠦᠬᠡ ᠠᠮᠠ ᠣᠷᠣᠭᠤᠯᠤᠨ᠎ᠠ ︵ᠬᠤᠪᠣᠷ ᠰᠢᠷᠣᠢ ᠶᠢᠨ ᠠᠵᠤ ᠦᠢᠯᠡᠰ ᠤᠨ ᠬᠦᠷᠢᠶᠡᠯᠡᠩ ᠤᠨ | ᠬᠠᠮᠢᠶᠠᠷᠤᠯᠲᠠ ᠶᠢᠨ ᠠᠯᠪᠠᠨ ᠭᠡᠷ᠂ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ︶᠂ ︵5︶ ᠬᠤᠪᠣᠷ | ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠳᠤ 5000 ᠮᠦ | ᠪᠠᠷᠢᠮᠵᠢᠶᠠᠲᠤ ᠭᠠᠵᠠᠷ ᠰᠢᠷᠣᠢ ᠶᠢᠨ ᠨᠤᠷᠠᠭᠠᠯᠲᠠ ᠶᠢᠨ ᠠᠵᠢᠯ ᠢ ᠪᠡᠶᠡᠯᠡᠭᠦᠯᠦᠨ᠎ᠡ ︵ ᠤᠯᠠᠨ ᠪᠤᠯᠠᠭ ᠪᠠᠯᠭᠠᠰᠤ᠂ ᠡᠬᠢ | ᠪᠠᠶᠠᠯᠢᠭ ᠣᠷᠴᠢᠨ ᠲᠣᠭᠤᠷᠢᠨ ᠤ ᠲᠣᠪᠴᠢᠶ᠎ᠠ᠂ ᠡᠬᠢ ᠪᠠᠶᠠᠯᠢᠭ ᠣᠷᠴᠢᠨ ᠲᠣᠭᠤᠷᠢᠨ ᠤ ᠦᠢᠯᠡᠰ ᠤᠨ | ᠬᠥᠭᠵᠢᠯᠲᠡ ᠶᠢᠨ ᠲᠥᠪ︶᠂ ︵6︶ 5 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠲᠤ | ᠦᠢᠯᠡᠳᠪᠦᠷᠢ ᠶᠢᠨ ᠪᠠᠶᠢᠰᠢᠩ ︵ᠪᠢᠨ ᠾᠧ ᠺᠣᠮᠫᠠᠨᠢ︶ ᠢ ᠪᠠᠶᠢᠭᠤᠯᠤᠨ᠎ᠠ᠂ ︵7︶ ᠬᠤᠪᠣᠷ ᠰᠢᠷᠣᠢ ᠶᠢᠨ ᠠᠵᠤ | ᠦᠢᠯᠡᠰ ᠤᠨ ᠬᠦᠷᠢᠶᠡᠯᠡᠩ ᠳᠤ 2 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠯᠣᠨ᠎ᠠ ︵ᠠᠵᠤ ᠦᠢᠯᠡᠳᠪᠦᠷᠢ | ᠮᠡᠳᠡᠭᠡ ᠵᠠᠩᠭᠢᠵᠢᠯᠲᠠ ᠶᠢᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ︶᠂ ︵8︶ ᠡᠮᠦᠨᠡᠲᠦ ᠲᠠᠩᠭᠢᠰ ᠤᠨ 220 | ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ︵ᠠᠵᠤ ᠠᠬᠤᠶᠢᠯᠠᠯ ᠤᠨ | ᠦᠢᠯᠡᠴᠢᠯᠡᠭᠡᠨ ᠤ ᠲᠥᠪ᠂ ᠴᠠᠬᠢᠯᠭᠠᠨ ᠬᠠᠩᠭᠠᠬᠤ ᠺᠣᠮᠫᠠᠨᠢ︶ ᠢ ᠪᠡᠶᠡᠯᠡᠭᠦᠯᠦᠨ᠎ᠡ᠃ ︵9︶ ᠪᠤᠰᠤᠳ ᠬᠤᠪᠣᠷ | ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠠᠵᠤ ᠠᠬᠤᠶᠢᠯᠠᠯ ᠢ 10 ᠡᠷᠦᠬᠡ ᠠᠴᠠ ᠳᠡᠭᠡᠭᠰᠢ ᠣᠷᠣᠭᠤᠯᠤᠨ | ᠠᠪᠴᠢᠷᠠᠨ᠎ᠠ ︵ᠬᠤᠪᠣᠷ ᠰᠢᠷᠣᠢ ᠶᠢᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ᠂ ᠪᠡᠯᠡ | ᠣᠷᠣᠭᠤᠯᠤᠯᠲᠠ ᠶᠢ ᠠᠬᠢᠭᠤᠯᠬᠤ ᠲᠣᠪᠴᠢᠶ᠎ᠠ︶᠂ ︵10︶ ᠲᠧᠩ ᠹᠧᠢ ᠵᠠᠮ᠂ ᠴᠣᠣᠶᠠᠩ ᠵᠠᠮ ᠤᠨ ᠬᠤᠶᠠᠷ | ᠵᠠᠮ ᠤᠨ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ︵ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠲᠣᠪᠴᠢᠶ᠎ᠠ︶ ᠶᠢ ᠪᠡᠶᠡᠯᠡᠭᠦᠯᠦᠨ᠎ᠡ᠃ ︵11︶ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ | ᠴᠠᠬᠢᠯᠭᠠᠨ ᠮᠠᠰᠢᠨ ᠤ ᠦᠢᠯᠡᠳᠬᠦᠨ ᠤ ᠥᠷᠲᠡᠭ ᠢ 50 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ ︵ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ︶ ᠃ | ︱ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠤᠷᠤᠨ ᠤ 50 ᠬᠦᠴᠦᠷᠬᠡᠭ ᠲᠤ ᠲᠠᠪᠰᠢᠨ | ᠣᠷᠣᠬᠤ ᠡᠨᠡᠬᠦ ᠲᠡᠮᠡᠴᠡᠬᠦ ᠬᠠᠷᠠᠯᠲᠠ ᠶᠢᠨ ᠲᠣᠭᠤᠷᠢᠨ ᠳᠤ ᠠᠵᠢᠯᠯᠠᠨ᠎ᠠ᠃ ᠡᠨᠡ ᠵᠢᠯ ᠤᠯᠤᠰ ᠤᠨ ᠲᠠᠰ ᠤᠨ ᠳᠡᠭᠡᠳᠦ | ᠰᠢᠨ᠎ᠡ ᠮᠡᠷᠭᠡᠵᠢᠯ ᠤᠨ ᠤᠷᠤᠨ ᠤ ᠨᠡᠷᠡᠰ ᠤᠨ ᠵᠢᠭᠰᠠᠭᠠᠯᠲᠠ ᠳᠤ 10 ᠣᠷᠣᠨ ᠰᠢᠯᠵᠢᠬᠦ ᠶᠢ ᠦᠨᠡᠨ ᠬᠦ ᠪᠠᠲᠤᠯᠠᠵᠤ᠂ | ᠡᠭᠦᠨ ᠤ ᠲᠤᠯᠠᠳᠠ ᠣᠳᠣᠬᠠᠨ ᠤ 26 ᠲᠠᠯ᠎ᠠ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠬᠡᠷᠡᠭᠲᠡᠢ᠄ ︵1︶ | ᠤᠯᠤᠰ ᠤᠨ ᠲᠠᠰ ᠤᠨ ᠪᠠ ᠮᠤᠵᠢ ᠶᠢᠨ ᠲᠠᠰ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠲᠤᠭ᠎ᠠ ᠶᠢ 40 ︵ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ︶ ᠪᠣᠯᠭᠠᠨ᠎ᠠ᠂ ︵2︶ ᠲᠦᠮᠡᠨ ᠬᠥᠮᠥᠨ | ᠪᠦᠷᠢ ᠶᠢᠨ ᠲᠤᠬᠠᠢ ᠶᠢᠨ ᠵᠢᠯ ᠤᠨ ᠡᠭᠦᠳᠦᠯᠲᠡ ᠶᠢᠨ ᠲᠤᠰᠬᠠᠢ ᠠᠰᠢᠭ ᠤᠨ ᠡᠷᠬᠡ ᠣᠯᠭᠤᠭᠰᠠᠨ ᠲᠤᠭ᠎ᠠ ᠶᠢ 57 | ᠬᠤᠪᠢ ︵ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ︶ ᠳᠤ | ᠬᠦᠷᠦᠭᠦᠯᠦᠨ᠎ᠡ᠂ ︵3︶ ᠲᠤᠬᠠᠢ ᠶᠢᠨ ᠵᠢᠯ ᠳᠤ ᠮᠢᠩᠭᠠᠨ ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ | ᠵᠠᠷᠤᠳᠠᠯ ᠤᠨ ᠵᠠᠷᠤᠯᠭ᠎ᠠ ᠶᠢᠨ ᠡᠭᠦᠳᠦᠯᠲᠡ ᠶᠢᠨ ᠲᠤᠰᠬᠠᠢ ᠠᠰᠢᠭ ᠤᠨ ᠭᠤᠶᠤᠴᠢᠯᠠᠯ ᠤᠨ ᠲᠤᠭ᠎ᠠ ᠨᠢ 2.5 ᠬᠤᠪᠢ ︵ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ︶ ᠬᠦᠷᠴᠡᠢ᠃ ︵ | 4︶ ᠤᠯᠤᠰ ᠤᠨ ᠲᠠᠰ ᠤᠨ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠭ᠎ᠠ ᠶᠢ 35 | ︵ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠥᠪ︶ ᠪᠣᠯᠭᠠᠨ᠎ᠠ᠃ ︵5 | ︶ ᠲᠤᠬᠠᠢ ᠶᠢᠨ ᠵᠢᠯ ᠳᠤ ᠰᠤᠷᠠᠭ ᠵᠠᠩᠭᠢ ᠶᠢᠨ ᠬᠥᠮᠥᠷᠭᠡ ᠳᠤ ᠳᠠᠩᠰᠠᠯᠠᠭᠤᠯᠤᠭᠰᠠᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠲᠤᠭ᠎ᠠ 310 ︵ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ︶ ᠳᠤ ᠬᠥᠷᠪᠡ᠃ ︵6︶ ᠲᠤᠬᠠᠢ ᠶᠢᠨ ᠵᠢᠯ ᠳᠤ ᠨᠡᠪᠴᠢᠭᠦᠯᠬᠦ | ᠪᠠᠭᠠᠵᠢ᠂ ᠬᠤᠷᠳᠤᠳᠬᠠᠭᠤᠷ ᠪᠠ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠳᠤ | ᠰᠢᠨ᠎ᠡ ᠪᠠᠷ ᠨᠡᠮᠡᠭᠳᠡᠭᠰᠡᠨ ᠨᠡᠪᠴᠢᠭᠦᠯᠬᠦ ᠠᠵᠤ ᠠᠬᠤᠶᠢᠯᠠᠯ ᠤᠨ ᠲᠤᠭ᠎ᠠ ᠶᠢ 100 ︵ᠰᠢᠨᠵᠢᠯᠡᠬᠦ ᠤᠬᠠᠭᠠᠨ | ᠮᠡᠷᠭᠡᠵᠢᠯ ᠤᠨ ᠦᠢᠯᠡᠰ ᠴᠣᠭᠴᠠᠯᠠᠬᠤ ᠦᠢᠯᠡᠴᠢᠯᠡᠭᠡᠨ ᠤ ᠲᠥᠪ︶ ᠳᠤ ᠬᠦᠷᠦᠭᠦᠯᠦᠨ᠎ᠡ᠂ ︵7︶ ᠡᠵᠡᠩᠨᠡᠯᠲᠡ ᠶᠢᠨ | ᠣᠷᠣᠯᠭ᠎ᠠ ᠶᠢᠨ ᠳᠣᠲᠣᠷ᠎ᠠ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ | ᠡᠵᠡᠯᠡᠬᠦ ᠬᠠᠷᠢᠴᠠᠯ ᠨᠢ 7.45% ︵ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ ︵8︶ | ᠬᠥᠮᠥᠨ ᠪᠦᠷᠢ ᠳᠤ ᠳᠤᠮᠳᠠᠴᠢ ᠪᠠᠷ ᠨᠣᠭᠳᠠᠬᠤ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠲᠤᠭ᠎ᠠ 1.1 | ᠲᠦᠮᠡᠨ ᠲᠥᠭᠦᠷᠢᠭ ᠲᠤ ᠬᠦᠷᠴᠡᠢ ︵ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ︶᠂ ︵9︶ | ᠲᠤᠬᠠᠢ ᠶᠢᠨ ᠵᠢᠯ ᠤᠨ ᠴᠡᠪᠡᠷ ᠨᠡᠮᠡᠭᠳᠡᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ 35 ︵ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ︶ ᠪᠣᠯᠪᠠ᠂ ︵10︶ ᠵᠠᠭᠤᠨ ᠳ᠋ᠦᠩᠰᠢᠭᠤᠷ | ᠲᠥᠭᠦᠷᠢᠭ ᠪᠦᠷᠢ ᠶᠢᠨ ᠡᠵᠡᠩᠨᠡᠯᠲᠡ ᠶᠢᠨ ᠣᠷᠣᠯᠭ᠎ᠠ ᠳᠤ ᠠᠭᠤᠯᠤᠭᠳᠠᠵᠤ ᠪᠠᠶᠢᠭ᠎ᠠ ᠬᠦᠴᠦᠨ ᠪᠦᠬᠦᠢ | ᠡᠭᠦᠳᠦᠯᠲᠡ ᠶᠢᠨ ᠲᠤᠰᠬᠠᠢ ᠠᠰᠢᠭ ᠤᠨ ᠲᠤᠭ᠎ᠠ ᠪᠠ ᠳᠠᠩᠰᠠᠯᠠᠭᠤᠯᠤᠭᠰᠠᠨ ᠲᠠᠸᠠᠷ ᠤᠨ ᠲᠡᠮᠳᠡᠭᠲᠦ ᠶᠢᠨ ᠲᠤᠭ᠎ᠠ | 230 ᠬᠤᠪᠢ ︵ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ︶ | ᠳᠤ ᠬᠦᠷᠦᠨ᠎ᠡ᠂ ︵11︶ ᠠᠵᠤ ᠠᠬᠤᠶᠢᠯᠠᠯ ᠤᠨ ᠨᠡᠮᠡᠭᠳᠡᠯ ᠥᠷᠲᠡᠭ ᠤᠨ ᠨᠣᠷᠮ᠎ᠠ 22% ︵ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ︶ ᠬᠥᠷᠪᠡ᠂ ︵12︶ | ᠨᠢᠭᠡᠴᠢ ᠨᠡᠮᠡᠭᠳᠡᠯ ᠥᠷᠲᠡᠭ ᠤᠨ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠯ ᠢ 2.0 ᠲᠣᠨ ᠪᠠᠷᠢᠮᠵᠢᠶᠠᠲᠤ | ᠨᠡᠭᠦᠷᠡᠰᠦ/ᠲᠦᠮᠡᠨ ᠲᠥᠭᠦᠷᠢᠭ ᠢᠶᠠᠷ ᠬᠢᠵᠠᠭᠠᠷᠯᠠᠨ᠎ᠠ ︵ᠠᠵᠤ ᠠᠬᠤᠢ ᠶᠢᠨ ᠬᠥᠭᠵᠢᠯᠲᠡ ᠶᠢᠨ ᠲᠣᠪᠴᠢᠶ᠎ᠠ︶᠂ ︵13 | ︶ ᠬᠦᠷᠢᠶᠡᠯᠡᠩ ᠲᠣᠭᠤᠷᠢᠭ ᠤᠨ ᠶᠡᠷᠦᠩᠬᠡᠢ ᠨᠣᠭᠤᠭᠠᠨ ᠬᠥᠷᠥᠰᠥ ᠶᠢᠨ ᠨᠣᠷᠮ᠎ᠠ ᠶᠢ 44% ᠳᠤ ᠬᠦᠷᠦᠭᠦᠯᠦᠨ᠎ᠡ ︵ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ︶᠂ ︵14︶ ᠬᠦᠷᠢᠶᠡᠯᠡᠩ ᠲᠣᠭᠤᠷᠢᠭ ᠤᠨ ᠡᠯ᠎ᠡ | ᠱᠠᠲᠤᠨ ᠤ ᠡᠮᠨᠡᠯᠭᠡ ᠶᠢᠨ ᠬᠤᠷᠢᠶ᠎ᠠ ᠪᠣᠯᠣᠨ ᠡᠯ᠎ᠡ ᠲᠥᠷᠥᠯ ᠤᠨ ᠰᠤᠷᠭᠠᠭᠤᠯᠢ ᠶᠢᠨ ᠲᠤᠭ᠎ᠠ ᠶᠢ 36 ︵ᠨᠡᠶᠢᠭᠡᠮ ᠤᠨ | ᠬᠡᠷᠡᠭ ᠶᠠᠪᠤᠳᠠᠯ ᠤᠨ ᠲᠣᠪᠴᠢᠶ᠎ᠠ ︵ᠰᠤᠷᠭᠠᠨ ᠬᠥᠮᠦᠵᠢᠯ ᠤᠨ ᠲᠣᠪᠴᠢᠶ᠎ᠠ︶ ᠳᠤ ᠬᠦᠷᠦᠭᠦᠯᠦᠨ᠎ᠡ᠂ ︵15︶ | ᠨᠢᠭᠡᠴᠡ ᠶᠢᠨ ᠨᠡᠮᠡᠭᠳᠡᠯ ᠥᠷᠲᠡᠭ ᠤᠨ ᠳᠣᠲᠣᠷ᠎ᠠ ᠠᠵᠢᠯᠯᠠᠵᠤ ᠪᠠᠶᠢᠭ᠎ᠠ ᠬᠥᠮᠥᠰ ᠤᠨ ᠴᠠᠯᠢᠩ ᠤᠨ ᠴᠢᠨᠠᠷᠲᠠᠢ | ᠣᠷᠣᠯᠭ᠎ᠠ ᠶᠢᠨ ᠡᠵᠡᠯᠡᠬᠦ ᠬᠠᠷᠢᠴᠠᠯ ᠢ 35% ᠳᠤ ᠬᠦᠷᠦᠭᠦᠯᠦᠨ᠎ᠡ ︵ᠨᠠᠮ ᠪᠠ ᠣᠯᠠᠨ ᠲᠦᠮᠡᠨ ᠤ ᠠᠵᠢᠯ ᠤᠨ | ᠬᠡᠯᠲᠡᠰ︶᠂ ︵16︶ ᠬᠠᠮᠢᠶᠠᠷᠤᠯᠲᠠ ᠶᠢᠨ ᠵᠥᠪᠯᠡᠯ ᠤᠨ ᠲᠤᠬᠠᠢ ᠶᠢᠨ ᠵᠢᠯ ᠤᠨ ᠡᠵᠡᠮᠳᠡᠵᠦ ᠪᠣᠯᠬᠤ ᠡᠳ᠋ ᠤᠨ | ᠬᠦᠴᠦᠨ 50 ᠳ᠋ᠦᠩᠰᠢᠭᠤᠷ ᠲᠥᠭᠦᠷᠢᠭ ᠲᠤ ᠬᠦᠷᠴᠡᠢ ︵ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠣᠪᠴᠢᠶ᠎ᠠ︶᠂ | ︵17︶ ᠬᠢᠯᠢ ᠶᠢᠨ ᠭᠠᠳᠠᠨᠠᠬᠢ ᠰᠤᠳᠤᠯᠤᠨ ᠨᠡᠭᠡᠭᠡᠬᠦ ᠪᠠᠶᠢᠭᠤᠯᠤᠮᠵᠢ ᠪᠤᠶᠤ ᠬᠢᠯᠢ ᠶᠢᠨ ᠭᠠᠳᠠᠨᠠᠬᠢ ᠨᠡᠪᠴᠢᠭᠦᠯᠦᠭᠦᠷ | ᠪᠠᠶᠢᠭᠤᠯᠤᠭᠰᠠᠨ ᠳᠣᠲᠣᠭᠠᠳᠤ ᠪᠡᠯᠡ ᠶᠢᠨ ᠬᠤᠪᠢ ᠡᠵᠡᠮᠳᠡᠬᠦ ᠠᠵᠤ ᠠᠬᠤᠶᠢᠯᠠᠯ ᠤᠨ ᠲᠤᠭ᠎ᠠ ᠶᠢ 5 ︵ᠰᠢᠨᠵᠢᠯᠡᠬᠦ | ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠥᠪ︶ ᠳᠤ ᠬᠦᠷᠦᠭᠦᠯᠦᠨ᠎ᠡ᠂ ︵18︶ | ᠠᠵᠤ ᠠᠬᠤᠶᠢᠯᠠᠯ ᠤᠨ ᠮᠡᠷᠭᠡᠵᠢᠯ ᠣᠷᠣᠭᠤᠯᠬᠤ᠂ ᠰᠢᠩᠭᠡᠬᠡᠨ ᠠᠪᠴᠤ ᠳᠠᠬᠢᠨ ᠰᠢᠨ᠎ᠡ ᠶᠢ ᠡᠭᠦᠳᠬᠦ ᠪᠠ ᠬᠢᠯᠢ ᠶᠢᠨ | ᠳᠣᠲᠣᠷ᠎ᠠ ᠭᠠᠳᠠᠨᠠᠬᠢ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ | ᠬᠠᠮᠲᠤᠷᠠᠯᠴᠠᠭᠠᠨ ᠤ ᠵᠠᠷᠤᠳᠠᠯ ᠤᠨ ᠵᠠᠷᠤᠯᠭ᠎ᠠ ᠶᠢᠨ ᠲᠤᠭ᠎ᠠ ᠶᠢᠨ ᠡᠵᠡᠩᠨᠡᠯᠲᠡ ᠶᠢᠨ ᠣᠷᠣᠯᠭ᠎ᠠ ᠳᠤ ᠡᠵᠡᠯᠡᠬᠦ ᠬᠠᠷᠢᠴᠠᠯ ᠢ | 20% ᠳᠤ ᠬᠦᠷᠦᠭᠦᠯᠦᠨ᠎ᠡ ︵ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ︶᠂ ︵19︶ | ᠲᠤᠬᠠᠢ ᠶᠢᠨ ᠵᠢᠯ ᠳᠤ ᠬᠢᠯᠢ ᠶᠢᠨ ᠭᠠᠳᠠᠨᠠᠬᠢ ᠳᠠᠩᠰᠠᠯᠠᠭᠤᠯᠤᠭᠰᠠᠨ ᠲᠠᠸᠠᠷ ᠤᠨ ᠲᠡᠮᠳᠡᠭᠲᠦ ᠪᠤᠶᠤ ᠬᠢᠯᠢ ᠶᠢᠨ | ᠭᠠᠳᠠᠨᠠᠬᠢ ᠡᠭᠦᠳᠦᠯᠲᠡ ᠶᠢᠨ ᠲᠤᠰᠬᠠᠢ ᠠᠰᠢᠭ ᠤᠨ ᠡᠷᠬᠡ ᠣᠯᠭᠤᠯᠲᠠ ᠶᠢ ᠣᠯᠣᠭᠰᠠᠨ ᠳᠣᠲᠣᠭᠠᠳᠤ ᠪᠡᠯᠡ ᠶᠢᠨ | ᠬᠤᠪᠢ ᠡᠵᠡᠮᠳᠡᠭᠰᠡᠨ ᠠᠵᠤ ᠠᠬᠤᠶᠢᠯᠠᠯ ᠤᠨ ᠲᠤᠭ᠎ᠠ ᠶᠢ 11 ︵ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ | ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ︶ ᠳᠤ ᠬᠦᠷᠦᠭᠦᠯᠦᠨ᠎ᠡ᠂ ︵20︶ ᠭᠠᠳᠠᠭᠠᠳᠤ ᠳᠤ ᠭᠠᠷᠭᠠᠬᠤ ᠪᠦᠬᠦ | ᠲᠣᠭᠠᠨ ᠤ ᠳᠣᠲᠣᠷ᠎ᠠ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠭᠠᠳᠠᠭᠠᠳᠤ ᠳᠤ ᠭᠠᠷᠭᠠᠬᠤ ᠬᠠᠷᠢᠴᠠᠯ ᠢ 2% ᠲᠤ | ᠬᠦᠷᠭᠡᠨ᠎ᠡ ︵ᠠᠵᠤ ᠠᠬᠤᠢ ᠶᠢ ᠬᠥᠭᠵᠢᠭᠦᠯᠬᠦ ᠲᠣᠪᠴᠢᠶ᠎ᠠ︶᠂ ︵21︶ ᠡᠵᠡᠩᠨᠡᠯᠲᠡ ᠶᠢᠨ ᠣᠷᠣᠯᠭ᠎ᠠ ᠳᠠᠬᠢ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠡᠵᠡᠯᠡᠬᠦ ᠬᠠᠷᠢᠴᠠᠯ 2.8% ᠳᠤ ᠬᠥᠷᠪᠡ | ︵ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ︶᠂ ︵22︶ ᠠᠵᠢᠯᠯᠠᠵᠤ ᠪᠠᠶᠢᠭ᠎ᠠ | ᠬᠥᠮᠥᠰ ᠤᠨ ᠳᠣᠲᠣᠷ᠎ᠠ ᠭᠠᠳᠠᠭᠠᠳᠤ ᠶᠢᠨ ᠬᠠᠷᠢᠶ᠎ᠠ ᠲᠠᠢ ᠪᠠᠶᠢᠩᠭᠤ ᠰᠠᠭᠤᠭ᠎ᠠ ᠬᠥᠮᠥᠰ ᠪᠠ ᠭᠠᠳᠠᠭᠠᠳᠤ ᠳᠤ | ᠰᠤᠷᠤᠯᠴᠠᠭᠠᠳ ᠤᠯᠤᠰ ᠲᠠᠭᠠᠨ ᠪᠤᠴᠠᠵᠤ ᠢᠷᠡᠭᠰᠡᠳ ᠤᠨ ᠡᠵᠡᠯᠡᠬᠦ ᠬᠠᠷᠢᠴᠠᠯ ᠨᠢ 5% ︵ᠨᠠᠮ ᠪᠠ ᠣᠯᠠᠨ | ᠲᠦᠮᠡᠨ ᠤ ᠠᠵᠢᠯ ᠤᠨ ᠬᠡᠯᠲᠡᠰ︶ ᠬᠦᠷᠴᠡᠢ᠂ ︵23︶ ᠬᠦᠷᠢᠶᠡᠯᠡᠩ ᠲᠣᠭᠤᠷᠢᠭ ᠤᠨ ᠪᠥᠬᠦ ᠰᠢᠰᠲ᠋ᠧᠮ ᠤᠨ | ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠪᠠᠶᠢᠭ᠎ᠠ ᠬᠤᠲᠠ ᠶᠢᠨ GDP ᠳᠤ ᠡᠵᠡᠯᠡᠬᠦ ᠬᠤᠪᠢ ᠶᠢᠨ ᠵᠢᠩ ᠢ | 23% ᠳᠤ ᠬᠦᠷᠦᠭᠦᠯᠦᠨ᠎ᠡ ︵ᠠᠵᠤ ᠠᠬᠤᠢ ᠶᠢᠨ ᠬᠥᠭᠵᠢᠯᠲᠡ ᠶᠢᠨ ᠲᠣᠪᠴᠢᠶ᠎ᠠ︶᠂ ︵24︶ ᠡᠵᠡᠩᠨᠡᠯᠲᠡ ᠶᠢᠨ | ᠣᠷᠣᠯᠭ᠎ᠠ ᠶᠢᠨ ᠳᠣᠲᠣᠷᠠᠬᠢ ᠳᠣᠲᠣᠭᠠᠳᠤ ᠶᠢᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠬᠦᠴᠦᠯᠡᠴᠡ ᠶᠢ | 5% ᠳᠤ ᠬᠦᠷᠦᠭᠦᠯᠦᠭᠰᠡᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ ᠨᠡᠶᠢᠲᠡ ᠡᠵᠡᠯᠡᠬᠦ ᠬᠠᠷᠢᠴᠠᠯ ᠢ | 2% ᠲᠤ ᠬᠦᠷᠦᠭᠦᠯᠦᠨ᠎ᠡ ︵ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ︶᠂ ︵25︶ | ᠡᠵᠡᠩᠨᠡᠯᠲᠡ ᠶᠢᠨ ᠣᠷᠣᠯᠭ᠎ᠠ ᠳᠠᠬᠢ ᠲᠣᠭᠠᠴᠢᠯᠠᠭᠰᠠᠨ ᠠᠵᠤ ᠦᠢᠯᠡᠰ ᠤᠨ ᠬᠠᠮᠢᠶ᠎ᠠ ᠪᠦᠬᠦᠢ ᠠᠵᠤ ᠠᠬᠤᠶᠢᠯᠠᠯ ᠤᠨ | ᠡᠵᠡᠩᠨᠡᠯᠲᠡ ᠶᠢᠨ ᠣᠷᠣᠯᠭ᠎ᠠ ᠶᠢᠨ ᠨᠡᠶᠢᠲᠡ ᠡᠵᠡᠯᠡᠬᠦ ᠬᠠᠷᠢᠴᠠᠯ 18% ᠳᠤ ᠬᠥᠷᠪᠡ ︵ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ︶᠂ ︵26︶ ᠲᠤᠬᠠᠢ ᠶᠢᠨ ᠵᠢᠯ ᠤᠨ | ᠳᠣᠲᠣᠭᠠᠳᠤ ᠶᠢᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠬᠦᠴᠦᠯᠡᠴᠡ ᠨᠢ 5% ᠳᠤ ᠬᠦᠷᠦᠭᠰᠡᠨ ᠮᠥᠷᠲᠡᠭᠡᠨ | ᠡᠵᠡᠩᠨᠡᠯᠲᠡ ᠶᠢᠨ ᠣᠷᠣᠯᠭ᠎ᠠ ᠨᠢ 5 ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ ᠤᠨ ᠲᠤᠭ᠎ᠠ ᠨᠢ 5 ︵ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ︶ ᠳᠤ ᠬᠥᠷᠪᠡ᠃ | ᠬᠠᠮᠢᠶᠠᠷᠤᠯᠲᠠ ᠶᠢᠨ ᠵᠥᠪᠯᠡᠯ ᠤᠨ 2024 ᠣᠨ ᠤ ᠪᠣᠳᠠᠲᠠᠢ ᠠᠵᠢᠯ ᠤᠨ ᠲᠣᠬᠢᠷᠠᠭᠤᠯᠤᠯᠲᠠ ᠶᠢᠨ ᠲᠤᠬᠠᠢ᠂ | ᠪᠢ ᠰᠢᠨ᠎ᠡ ᠵᠢᠯ ᠠᠴᠠ ᠡᠮᠦᠨ᠎ᠡ ᠬᠤᠷᠠᠯᠳᠤᠭᠰᠠᠨ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ | ᠨᠢᠭᠡᠨᠲᠡ ᠪᠦᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ ᠳᠠᠪᠲᠠᠬᠤ ᠠᠭᠤᠯᠭ᠎ᠠ ᠶᠢ ᠶᠠᠷᠢᠬᠤ ᠪᠠᠨ | ᠪᠠᠶᠢᠶ᠎ᠠ᠂ ᠵᠠᠩᠭᠢᠯᠠᠭ᠎ᠠ ᠨᠢ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠳᠤ ᠪᠠᠶᠢᠨ᠎ᠠ᠃ ᠳᠣᠣᠷ᠎ᠠ ᠳᠣᠣᠷᠠᠬᠢ | ᠬᠡᠳᠦᠨ ᠲᠠᠯ᠎ᠠ ᠶᠢ ᠭᠤᠣᠯᠳᠠᠯᠭ᠎ᠠ ᠲᠠᠢ ᠪᠠᠷ ᠶᠠᠷᠢᠶ᠎ᠠ᠄ | ︵ᠨᠢᠭᠡ︶ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠬᠦ ᠲᠤᠭ᠎ᠠ ᠶᠢᠨ ᠰᠠᠶᠢᠨ ᠠᠵᠢᠯᠯᠠᠭᠠᠨ ᠢ ᠦᠨᠡᠨ ᠬᠦ | ᠪᠠᠲᠤᠯᠠᠨ᠎ᠠ᠃ | ᠨᠢᠭᠡ ᠳᠤ᠂ ᠪᠦᠬᠦ ᠵᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠭᠦᠷᠭᠡ ᠶᠢ ᠰᠠᠶᠢᠲᠤᠷ | ᠨᠠᠶᠢᠳᠠᠪᠤᠷᠢᠵᠢᠭᠤᠯᠤᠨ᠎ᠠ᠃ ᠡᠨᠡ ᠵᠢᠯ ᠤᠨ ᠮᠠᠨ ᠤ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠡᠭᠦᠷᠭᠡ ᠠᠯᠢ ᠴᠤ ᠵᠢᠯ ᠤᠨ ᠬᠢ ᠠᠴᠠ ᠴᠥᠮ ᠬᠦᠴᠢᠷᠲᠡᠢ ᠪᠠᠶᠢᠵᠤ᠂ ᠪᠥᠬᠦ ᠵᠢᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠡᠭᠦᠷᠭᠡ ᠪᠣᠯ 190 ᠳ᠋ᠦᠩᠰᠢᠭᠤᠷ ᠲᠥᠭᠦᠷᠢᠭ ᠪᠣᠯᠣᠨ᠎ᠠ᠃ ᠠᠵᠤ ᠠᠬᠤᠢ ᠶᠢ ᠬᠥᠭᠵᠢᠭᠦᠯᠬᠦ | ᠲᠣᠪᠴᠢᠶ᠎ᠠ ᠤᠳᠤ ᠠᠴᠠ ᠡᠬᠢᠯᠡᠨ ᠪᠦᠬᠦ ᠵᠢᠯ ᠤᠨ ᠡᠭᠦᠷᠭᠡ ᠶᠢ ᠵᠠᠳᠠᠯᠤᠨ ᠰᠢᠨᠵᠢᠯᠡᠬᠦ ᠬᠡᠷᠡᠭᠲᠡᠢ᠃ ᠡᠯ᠎ᠡ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠲᠥᠷᠥᠯ ᠵᠦᠢᠯ ᠤᠨ ᠲᠡᠳᠬᠦᠬᠦ ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ ᠪᠠ | ᠲᠤᠭ᠎ᠠ ᠪᠦᠷᠢᠳᠬᠡᠯ ᠳᠤ ᠣᠷᠣᠭᠤᠯᠵᠤ᠂ ᠬᠠᠮᠤᠭ ᠤᠨ ᠡᠴᠦᠰ ᠲᠤ ᠪᠣᠳᠠᠲᠠᠢ ᠪᠡᠶᠡᠯᠡᠭᠦᠯᠦᠭᠰᠡᠨ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ ᠬᠤᠯᠪᠣᠭᠳᠠᠭᠤᠯᠵᠤ᠂ ᠬᠡᠯᠡᠯᠴᠡᠭᠡᠷ ᠲᠤ ᠪᠣᠯᠵᠣᠨ ᠲᠣᠭᠲᠠᠭᠰᠠᠨ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠭᠦᠷᠭᠡ ᠶᠢ ᠪᠡᠶᠡᠯᠡᠭᠦᠯᠦᠭᠰᠡᠨ ᠦᠭᠡᠢ᠂ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠪᠡᠶᠡᠯᠡᠭᠦᠯᠬᠦ ᠦᠭᠡᠢ᠃ ᠬᠥᠮᠥᠷᠭᠡ ᠳᠤ ᠰᠢᠨ᠎ᠡ ᠪᠠᠷ ᠣᠷᠣᠭᠤᠯᠤᠭᠰᠠᠨ ᠠᠵᠤ ᠦᠢᠯᠡᠳᠪᠦᠷᠢ ᠶᠢᠨ | ᠲᠥᠷᠥᠯ ᠵᠦᠢᠯ ᠢ ᠵᠠᠷᠴᠢᠮ ᠳᠡᠭᠡᠷ᠎ᠡ ᠪᠠᠨ ᠳᠦᠷᠢ ᠲᠥᠷᠬᠦ ᠶᠢᠨ ᠠᠬᠢᠴᠠ ᠶᠢᠨ ᠠᠷᠭ᠎ᠠ ᠪᠠᠷ ᠮᠡᠳᠡᠭᠦᠯᠦᠨ ᠬᠦᠷᠭᠡᠬᠦ | ᠬᠡᠷᠡᠭᠲᠡᠢ᠃ | ᠬᠤᠶᠠᠷ ᠲᠤ᠂ ︽ᠳᠥᠷᠪᠡ ᠶᠢ ᠬᠥᠭᠵᠢᠭᠦᠯᠬᠦ︾ ᠠᠵᠤ ᠠᠬᠤᠶᠢᠯᠠᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ | ᠰᠠᠶᠢᠲᠤᠷ ᠪᠠᠲᠤᠯᠠᠨ᠎ᠠ᠃ ᠨᠢᠭᠡᠳᠦᠭᠡᠷ ᠰᠠᠷ᠎ᠠ ᠶᠢᠨ 22 ᠤᠨ ᠡᠳᠦᠷ ᠪᠣᠯᠲᠠᠯ᠎ᠠ᠂ ᠮᠠᠨ ᠤ ᠣᠷᠣᠨ ᠤ ᠲᠣᠰ ᠵᠢᠯ ᠤᠨ | ᠥᠰᠦᠨ ᠪᠣᠶᠢᠵᠢᠬᠤ ᠬᠡᠯᠪᠡᠷᠢ ᠶᠢᠨ ︽ᠳᠥᠷᠪᠡ ᠶᠢ ᠳᠡᠭᠡᠭᠰᠢᠯᠡᠭᠦᠯᠬᠦ︾ ᠠᠵᠤ ᠠᠬᠤᠶᠢᠯᠠᠯ ᠢ 100 ᠡᠷᠦᠬᠡ ᠳᠤ | ᠭᠤᠶᠤᠴᠢᠯᠠᠨ ᠮᠡᠳᠡᠭᠦᠯᠵᠦ᠂ ᠡᠭᠦᠨ ᠳᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ 12 ᠡᠷᠦᠬᠡ ᠪᠠᠶᠢᠵᠤ᠂ ᠪᠥᠬᠦ | ᠬᠤᠲᠠ ᠶᠢᠨ ᠲᠡᠷᠢᠭᠦᠨ ᠤ ᠬᠢᠷᠢ ᠲᠦᠪᠰᠢᠨ ᠳᠤ ᠪᠠᠶᠢᠯ᠎ᠠ᠃ ᠲᠠᠷᠠᠭᠠᠴᠢ ᠶᠢᠨ ᠠᠯᠬᠤᠮ ᠳᠤ᠂ ᠰᠢᠨ᠎ᠡ ᠪᠠᠷ ᠠᠵᠢᠯ | ᠡᠬᠢᠯᠡᠭᠦᠯᠦᠭᠰᠡᠨ ᠠᠵᠤ ᠠᠬᠤᠶᠢᠯᠠᠯ ᠢ ᠭᠤᠣᠯᠳᠠᠯᠭ᠎ᠠ ᠲᠠᠢ ᠪᠣᠶᠢᠵᠢᠭᠤᠯᠵᠤ᠂ 20 ᠡᠷᠦᠬᠡ ᠶᠢᠨ ᠳᠡᠭᠡᠳᠦ ᠬᠢᠵᠠᠭᠠᠷ ᠢ | ᠦᠨᠡᠨ ᠬᠦ ᠪᠠᠲᠤᠯᠠᠬᠤ ᠬᠡᠷᠡᠭᠲᠡᠢ᠂ ᠡᠭᠦᠨ ᠳᠤ ᠠᠵᠤ ᠦᠢᠯᠡᠳᠪᠦᠷᠢ ᠶᠢᠨ ᠠᠵᠤ ᠠᠬᠤᠶᠢᠯᠠᠯ ᠢ 5 ᠡᠷᠦᠬᠡ ᠠᠴᠠ | ᠳᠤᠲᠠᠭᠤ ᠪᠠᠶᠢᠯᠭᠠᠵᠤ ᠪᠣᠯᠬᠤ ᠦᠭᠡᠢ᠃ ᠢᠯᠠᠩᠭᠤᠶ᠎ᠠ ︽ᠳᠥᠷᠪᠡ ᠶᠢ ᠳᠡᠭᠡᠭᠰᠢᠯᠡᠭᠦᠯᠬᠦ︾ ᠠᠵᠤ ᠠᠬᠤᠶᠢᠯᠠᠯ ᠤᠨ | ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠩᠭᠤᠵᠢᠭᠤᠯᠤᠨ ᠰᠠᠶᠢᠲᠤᠷ ᠪᠠᠲᠤᠯᠠᠬᠤ ᠬᠡᠷᠡᠭᠲᠡᠢ᠃ ᠡᠨᠡ ᠵᠢᠯ ᠤᠨ | ᠭᠤᠣᠯᠳᠠᠯᠭ᠎ᠠ ᠲᠠᠢ ᠲᠥᠷᠥᠯ ᠵᠦᠢᠯ ᠤᠨ ᠦᠵᠡᠭᠦᠯᠦᠯᠭᠡ ᠶᠢᠨ ᠴᠤᠭᠯᠠᠭᠠᠨ ᠤ ︽ᠳᠥᠷᠪᠡ ᠶᠢ ᠳᠡᠭᠡᠭᠰᠢᠯᠡᠭᠦᠯᠬᠦ︾ | ᠠᠵᠤ ᠠᠬᠤᠶᠢᠯᠠᠯ ᠤᠨ ᠰᠢᠯᠭᠠᠨ ᠦᠨᠡᠯᠡᠬᠦ ᠳᠦᠷᠢᠮ ᠳᠤ ᠬᠤᠪᠢᠷᠠᠯᠲᠠ ᠭᠠᠷᠴᠤ᠂ ᠥᠩᠭᠡᠷᠡᠭᠰᠡᠨ ᠤ ᠲᠤᠭ᠎ᠠ | ᠪᠦᠷᠢᠳᠬᠡᠯ ᠢᠶᠠᠷ ᠬᠤᠪᠢ ᠨᠡᠮᠡᠬᠦ ᠳᠦᠷᠢᠮ ᠢ ᠬᠤᠪᠢᠷᠠᠭᠤᠯᠵᠤ᠂ ᠲᠣᠰ ᠤᠯᠠᠷᠢᠯ ᠤᠨ ᠨᠡᠮᠡᠭᠳᠡᠯ ᠤᠨ ᠬᠡᠮᠵᠢᠶ᠎ᠡ ᠪᠠᠷ | ᠬᠤᠪᠢ ᠨᠡᠮᠡᠬᠦ ᠪᠣᠯᠭᠠᠨ ᠲᠣᠬᠢᠷᠠᠭᠤᠯᠵᠤ᠂ ᠡᠯ᠎ᠡ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠰᠢᠨ᠎ᠡ ᠪᠠᠷ ᠲᠣᠭᠲᠠᠭᠠᠯ ᠳᠤ ᠣᠷᠣᠬᠤ ᠳᠡᠭᠡᠳᠦ ᠬᠢᠵᠠᠭᠠᠷ ᠤᠨ ᠠᠵᠤ ᠠᠬᠤᠶᠢᠯᠠᠯ ᠤᠨ ᠰᠢᠨᠵᠢᠯᠡᠬᠦ | ᠤᠬᠠᠭᠠᠨᠴᠢ ᠪᠠᠷ ᠲᠤᠰᠢᠶᠠᠬᠤ ᠠᠵᠢᠯ ᠢ ᠰᠠᠶᠢᠲᠤᠷ ᠵᠢᠯᠤᠭᠤᠳᠴᠤ᠂ ᠰᠠᠷ᠎ᠠ ᠶᠢᠨ ᠪᠠ ᠪᠥᠬᠦ ᠵᠢᠯ ᠤᠨ ᠵᠢᠩᠬᠢᠨᠢ | ᠨᠡᠮᠡᠭᠳᠡᠯ ᠲᠠᠢ ᠪᠥᠭᠡᠳ ᠣᠷᠣᠨ ᠤ ᠳᠣᠲᠣᠷᠠᠬᠢ ᠪᠥᠬᠦ ᠠᠵᠢᠯ ᠲᠥᠷᠥᠯ ᠤᠨ ᠨᠡᠮᠡᠭᠳᠡᠯ ᠤᠨ ᠬᠤᠷᠳᠤᠴᠠ ᠠᠴᠠ ᠳᠣᠣᠷ᠎ᠠ | ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠨᠢᠭᠡ ᠪᠦᠯᠦᠭ ᠥᠷᠭᠡᠳᠬᠡᠭᠰᠡᠨ ᠬᠥᠮᠥᠷᠭᠡ ᠶᠢᠨ ᠠᠵᠤ | ᠠᠬᠤᠶᠢᠯᠠᠯ ᠤᠨ ᠨᠡᠷᠡᠰ ᠤᠨ ᠵᠢᠭᠰᠠᠭᠠᠯᠲᠠ ᠶᠢ ᠴᠢᠭᠯᠡᠭᠦᠯᠬᠦ ᠴᠢᠨᠠᠷᠲᠠᠢ ᠪᠠᠷ ᠨᠥᠭᠡᠴᠡᠯᠡᠨ᠎ᠡ᠃ | ᠭᠤᠷᠪᠠ ᠳᠤ᠂ ︽ᠲᠠᠪᠤᠨ ᠠᠵᠤ ᠠᠬᠤᠢ ᠶᠢ ᠲᠦᠭᠡᠮᠡᠯᠵᠢᠭᠦᠯᠬᠦ︾ ᠶᠢ ᠵᠢᠩᠬᠢᠨᠢ ᠪᠠᠷ ᠳᠠᠩᠰᠠᠯᠠᠬᠤ ᠠᠵᠢᠯ ᠢ | ᠰᠠᠶᠢᠲᠤᠷ ᠬᠢᠨ᠎ᠡ᠃ ︽ᠬᠠᠷᠠᠯᠲᠠ ᠶᠢ ᠨᠠᠷᠢᠯᠢᠭᠵᠢᠭᠤᠯᠬᠤ᠂ ᠪᠣᠭᠤᠮᠲᠠ ᠶᠢ ᠬᠡᠮᠵᠢᠶᠡᠯᠡᠬᠦ᠂ ᠨᠡᠮᠡᠭᠳᠡᠯ ᠤᠨ ᠬᠡᠮᠵᠢᠶ᠎ᠡ ᠶᠢ | ᠭᠦᠨᠵᠡᠭᠡᠶᠢᠷᠡᠭᠦᠯᠬᠦ᠂ ᠠᠵᠢᠯ ᠤᠨ ᠬᠤᠪᠢᠶᠠᠷᠢᠯᠠᠯ ᠢ ᠴᠢᠩᠭᠠᠷᠠᠭᠤᠯᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ 3 | ᠰᠠᠷ᠎ᠠ ᠶᠢᠨ 10 ᠤ ᠡᠳᠦᠷ ᠠᠴᠠ ᠡᠮᠦᠨ᠎ᠡ 424 ᠡᠷᠦᠬᠡ ᠶᠢᠨ ᠲᠣᠭᠲᠠᠭᠠᠯ ᠠᠴᠠ ᠳᠡᠭᠡᠭᠰᠢᠬᠢ ᠠᠵᠤ ᠠᠬᠤᠶᠢᠯᠠᠯ ᠢ | ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ ᠶᠢ ᠪᠡᠶᠡᠯᠡᠭᠦᠯᠵᠦ᠂ 4 ᠰᠠᠷ᠎ᠠ ᠶᠢᠨ 30 ᠤ ᠡᠳᠦᠷ ᠠᠴᠠ ᠡᠮᠦᠨ᠎ᠡ | ᠲᠣᠭᠲᠠᠭᠠᠯ ᠠᠴᠠ ᠳᠣᠷᠣᠭᠰᠢᠬᠢ ᠠᠵᠤ ᠠᠬᠤᠶᠢᠯᠠᠯ᠂ ᠬᠤᠪᠢ ᠶᠢᠨ ᠡᠷᠦᠬᠡ ᠶᠢᠨ ᠵᠠᠭᠪᠤᠷ᠂ ᠵᠠᠰᠠᠭ ᠵᠠᠬᠢᠷᠭᠠᠨ ᠤ | ᠠᠵᠢᠯ ᠦᠢᠯᠡᠰ ᠤᠨ ᠨᠢᠭᠡᠴᠡ᠂ ᠠᠷᠠᠳ ᠤᠨ ᠠᠰᠢᠭ ᠬᠤᠨᠵᠢᠪᠤᠷᠢ ᠶᠢᠨ ᠪᠤᠰᠤ ᠵᠣᠬᠢᠶᠠᠨ ᠪᠠᠶᠢᠭᠤᠯᠤᠯᠲᠠ᠂ ᠠᠵᠤ | ᠦᠢᠯᠡᠰ ᠤᠨ ᠠᠵᠢᠯᠯᠠᠭᠠᠨ ᠤ ᠨᠢᠭᠡᠴᠡ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠶᠢ ᠪᠡᠶᠡᠯᠡᠭᠦᠯᠦᠨ᠎ᠡ᠃ ︽ᠲᠠᠪᠤᠨ | ᠠᠵᠤ ᠠᠬᠤᠢ ᠶᠢ ᠲᠦᠭᠡᠮᠡᠯᠵᠢᠭᠦᠯᠬᠦ︾ ᠶᠢ ᠮᠤᠷᠤᠢ ᠵᠠᠮ ᠢᠶᠠᠷ ᠲᠡᠷᠭᠡ ᠳᠠᠪᠠᠭ᠋ᠤ᠂ GDP ᠶᠢ ᠪᠤᠵᠠᠭᠠᠶᠢᠷᠠᠭᠤᠯᠬᠤ | ᠲᠤᠶᠢᠯ ᠤᠨ ᠰᠠᠶᠢᠨ ᠠᠵᠠ ᠲᠣᠬᠢᠶᠠᠯ ᠪᠣᠯᠭᠠᠵᠤ᠂ 850 ᠳ᠋ᠦᠩᠰᠢᠭᠤᠷ ᠲᠥᠭᠦᠷᠢᠭ ᠤᠨ ᠨᠡᠮᠡᠭᠳᠡᠯ ᠦᠷᠳᠡᠭ ᠤᠨ | ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ | ︵ᠬᠤᠶᠠᠷ︶ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠭᠦᠯᠦᠨ ᠨᠠᠶᠢᠳᠠᠪᠤᠷᠢᠵᠢᠭᠤᠯᠬᠤ ᠶᠢ | ᠲᠦᠷᠭᠡᠳᠬᠡᠨ ᠠᠬᠢᠭᠤᠯᠤᠨ᠎ᠠ᠃ | ᠨᠢᠭᠡ ᠳᠤ ᠠᠵᠤ ᠠᠬᠤᠶᠢᠯᠠᠯ ᠳᠤ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠬᠢᠵᠦ ᠥᠭᠬᠦ ᠶᠢ | ᠲᠦᠷᠭᠡᠳᠬᠡᠨ᠎ᠡ᠃ ᠡᠨᠡ ᠵᠢᠯ ᠤᠨ ᠴᠠᠭᠠᠨ ᠰᠠᠷ᠎ᠠ ᠨᠢᠳᠤᠨᠤᠨ ᠤ ᠬᠢ ᠠᠴᠠ 20 ᠡᠳᠦᠷ ᠣᠷᠣᠢ ᠪᠣᠯᠵᠠᠢ᠂ | ᠨᠡᠶᠢᠲᠡ ᠶᠢᠨ ᠣᠨ ᠲᠣᠭᠠᠯᠠᠯ ᠢᠶᠠᠷ ᠪᠤᠳᠤᠪᠠᠯ 20 ᠡᠳᠦᠷ ᠤᠨ ᠠᠵᠢᠯᠯᠠᠬᠤ ᠴᠠᠭ ᠳᠤᠲᠠᠭᠤ ᠪᠣᠯᠤᠭᠰᠠᠨ ᠢ | ᠬᠠᠷᠠᠭᠤᠯᠵᠤ ᠪᠠᠶᠢᠨ᠎ᠠ᠂ ᠴᠢᠯᠦᠭᠡ ᠲᠠᠯᠪᠢᠭᠠᠳ ᠠᠵᠢᠯ ᠳᠤ ᠭᠠᠷᠤᠮᠠᠭᠴᠠ 3 ᠰᠠᠷ᠎ᠠ ᠳᠤ ᠤᠳᠠᠯ ᠦᠭᠡᠢ ᠣᠷᠣᠵᠤ᠂ | ᠥᠩᠭᠡᠷᠡᠭᠰᠡᠨ ᠵᠢᠯ ᠤᠳ ᠤᠨ ᠠᠵᠢᠯ ᠡᠬᠢᠯᠡᠬᠦ ᠠᠴᠠ ᠡᠮᠦᠨᠡᠬᠢ ᠪᠡᠯᠡᠳᠬᠡᠯ ᠴᠠᠭ ᠨᠢ ᠮᠠᠰᠢ ᠪᠠᠴᠢᠮ ᠪᠠᠶᠢᠭᠰᠠᠨ ᠶᠤᠮ᠃ | ᠥᠨᠥᠳᠥᠷ ᠤᠨ ᠬᠤᠷᠠᠯ ᠤᠨ ᠳᠠᠷᠠᠭ᠎ᠠ᠂ ᠡᠯ᠎ᠡ ᠰᠠᠯᠠᠭ᠎ᠠ ᠮᠥᠴᠢᠷ ᠤᠨ ᠬᠢᠨ ᠳᠠᠷᠤᠢ ᠲᠦᠷᠭᠡᠨ ᠬᠥᠳᠡᠯᠦᠯᠴᠡᠵᠦ᠂ ᠡᠨᠡ | ᠵᠢᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠬᠦ ᠠᠴᠠ ᠡᠮᠦᠨ᠎ᠡ ᠬᠡᠷᠡᠭᠰᠡᠬᠦ ᠪᠥᠬᠦ ᠭᠠᠷ | ᠭᠦᠢᠴᠡᠳᠬᠡᠯ ᠢ ᠴᠥᠮ ᠲᠣᠳᠣᠷᠬᠠᠢ ᠡᠮᠬᠢᠯᠡᠨ ᠳᠢᠭᠯᠡᠵᠦ᠂ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠥᠷᠥᠯ ᠤᠨ | ᠤᠳᠤᠷᠢᠳᠤᠯᠭ᠎ᠠ ᠪᠠ ᠬᠤᠪᠢᠳᠠᠨ ᠬᠠᠮᠢᠶᠠᠷᠴᠤ ᠪᠠᠶᠢᠭ᠎ᠠ ᠲᠥᠷᠥᠯ ᠵᠦᠢᠯ ᠤᠨ ᠤᠳᠤᠷᠢᠳᠤᠯᠭ᠎ᠠ ᠶᠢᠨ ᠬᠤᠣᠰ | ᠲᠣᠬᠢᠷᠠᠭᠤᠯᠤᠯᠲᠠ᠂ ᠭᠠᠷᠠᠭ ᠤᠨ ᠲᠣᠭᠲᠠᠮᠠᠯ ᠬᠤᠷᠠᠯ ᠤᠨ ᠳᠦᠷᠢᠮ ᠢ ᠪᠠᠶᠢᠭᠤᠯᠬᠤ ᠬᠡᠷᠡᠭᠲᠡᠢ᠃ ᠡᠯ᠎ᠡ ᠵᠦᠢᠯ ᠤᠨ | ᠭᠠᠷ ᠭᠦᠢᠴᠡᠳᠬᠡᠯ ᠢ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠳ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ | ᠬᠡᠷᠡᠭᠲᠡᠢ᠂ ᠠᠵᠤ ᠠᠬᠤᠶᠢᠯᠠᠯ ᠤᠨ ᠮᠡᠳᠡᠭᠡ ᠵᠠᠩᠭᠢ ᠮᠡᠳᠡᠭᠦᠯᠬᠦ ᠶᠢ ᠬᠦᠯᠢᠶᠡᠵᠦ ᠰᠠᠭᠤᠵᠤ ᠪᠣᠯᠬᠤ ᠦᠭᠡᠢ᠂ ᠬᠠᠷᠢᠨ | ᠠᠵᠤ ᠠᠬᠤᠶᠢᠯᠠᠯ ᠢ ᠱᠠᠭᠠᠷᠳᠠᠨ ᠤᠷᠤᠭᠰᠢ ᠳᠠᠪᠰᠢᠭᠤᠯᠬᠤ ᠬᠡᠷᠡᠭᠲᠡᠢ᠂ ᠠᠵᠤ ᠠᠬᠤᠶᠢᠯᠠᠯ ᠢ ᠡᠷᠭᠢᠯᠡᠨ ᠬᠢᠵᠦ ᠴᠢᠳᠠᠬᠤ | ᠦᠭᠡᠢ ᠪᠠᠶᠢᠬᠤ ᠶᠢᠨ ᠦᠨᠳᠦᠰᠦ ᠰᠤᠷᠪᠤᠯᠵᠢ ᠨᠢ ᠴᠦ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠪᠠᠶᠢᠬᠤ ᠶᠤᠮ᠃ | ᠮᠠᠨ ᠤ ᠣᠷᠣᠨ ᠤ ᠡᠯ᠎ᠡ ᠵᠦᠢᠯ ᠤᠨ ᠭᠠᠷᠳᠠᠮ ᠢ ᠭᠦᠢᠴᠡᠳᠬᠡᠵᠦ ᠳᠠᠭᠤᠰᠬᠠᠬᠤ ᠨᠤᠷᠮ᠎ᠠ ᠶᠢ ᠢᠮᠠᠭᠲᠠ ᠪᠦᠬᠦ | ᠬᠤᠳᠠ ᠶᠢᠨ ᠨᠢᠭᠡᠳᠦᠭᠡᠷ ᠲᠤ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠬᠤᠶᠢᠰᠢᠳᠠ ᠭᠠᠷ ᠭᠦᠢᠴᠡᠳᠬᠡᠯ ᠢ | ᠭᠦᠢᠴᠡᠳᠬᠡᠭᠰᠡᠨ ᠦᠷ᠎ᠡ ᠪᠦᠲᠦᠮᠵᠢ ᠶᠢ ᠬᠡᠮᠵᠢᠬᠦ ᠳᠤ ᠦᠷ᠎ᠡ ᠳ᠋ᠦᠩ ᠢ ᠨᠢ ᠦᠵᠡᠬᠦ ᠮᠥᠷᠲᠡᠭᠡᠨ ᠶᠠᠪᠤᠴᠠ ᠶᠢ ᠨᠢ ᠴᠦ | ᠦᠵᠡᠬᠦ ᠬᠡᠷᠡᠭᠲᠡᠢ᠃ ᠭᠠᠷ ᠭᠦᠢᠴᠡᠳᠬᠡᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ | ᠨᠠᠷ ᠬᠤᠳᠠ ᠶᠢᠨ ᠰᠠᠯᠠᠭ᠎ᠠ ᠮᠥᠴᠢᠷ ᠲᠤ ᠣᠴᠢᠵᠤ ᠬᠡᠳᠦ ᠤᠳᠠᠭ᠎ᠠ ᠭᠦᠢᠴᠡᠳᠬᠡᠭᠦᠯᠦᠭᠰᠡᠨ ᠢ ᠦᠵᠡᠬᠦ ᠬᠡᠷᠡᠭᠲᠡᠢ᠃ | ᠬᠤᠶᠠᠷ ᠲᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ | ᠬᠦᠷᠢᠶᠡᠯᠡᠩ ᠳᠤ ᠲᠥᠪᠯᠡᠷᠡᠨ᠎ᠡ᠃ ᠡᠨᠡ ᠪᠣᠯ ᠮᠠᠨ ᠤ ᠣᠷᠣᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠲᠡᠷᠢᠭᠦᠨ ᠴᠢᠬᠤᠯᠠ ᠶᠠᠪᠤᠳᠠᠯ ᠪᠣᠯᠬᠤᠷ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠡᠷᠬᠡᠪᠰᠢ ᠪᠥᠬᠦ | ᠬᠦᠴᠦᠨ ᠢᠶᠠᠷ ᠢᠶᠠᠨ ᠴᠢᠷᠮᠠᠶᠢᠬᠤ ᠬᠡᠷᠡᠭᠲᠡᠢ᠃ 1᠂ 2᠂ 5 ᠳ᠋ᠤᠭᠠᠷ ᠲᠣᠭᠠᠲᠤ ᠭᠠᠵᠠᠷ ᠰᠢᠷᠣᠢ ᠶᠢᠨ ᠭᠠᠵᠠᠷ | ᠲᠠᠲᠠᠪᠤᠷᠢᠯᠠᠬᠤ᠂ ᠨᠤᠷᠠᠭᠠᠵᠤ ᠨᠡᠭᠦᠯᠭᠡᠬᠦ ᠠᠵᠢᠯ ᠢ ᠡᠷᠬᠡᠪᠰᠢ ᠡᠨᠡ ᠵᠢᠯ ᠤᠨ 3 ᠳ᠋ᠤᠭᠠᠷ ᠰᠠᠷ᠎ᠠ ᠶᠢᠨ 15 ᠤ | ᠡᠳᠦᠷ ᠠᠴᠠ ᠡᠮᠦᠨ᠎ᠡ ᠦᠭᠡᠶᠢᠰᠬᠡᠬᠦ ᠬᠡᠷᠡᠭᠲᠡᠢ᠃ ᠪᠠᠷᠢᠮᠵᠢᠶᠠᠲᠤ ᠦᠢᠯᠡᠳᠪᠦᠷᠢ ᠶᠢᠨ ᠪᠠᠶᠢᠰᠢᠩ ᠢ 3 ᠰᠠᠷ᠎ᠠ ᠶᠢᠨ | 15 ᠤ ᠡᠳᠦᠷ ᠠᠴᠠ ᠡᠮᠦᠨ᠎ᠡ ᠡᠷᠬᠡᠪᠰᠢ ᠪᠣᠳᠠᠲᠠᠢ ᠪᠠᠷ ᠲᠠᠯᠠᠪᠠᠢ ᠳᠤ ᠣᠷᠣᠵᠤ ᠪᠠᠷᠢᠬᠤ ᠬᠡᠷᠡᠭᠲᠡᠢ᠂ ᠪᠠᠷᠢᠯᠭ᠎ᠠ ᠶᠢᠨ | ᠬᠤᠭᠤᠴᠠᠭ᠎ᠠ ᠨᠢ 100 ᠡᠳᠦᠷ᠃ ᠲᠧᠩ ᠹᠧᠢ ᠵᠠᠮ᠂ ᠴᠣᠣᠶᠠᠩ ᠵᠠᠮ ᠵᠢᠴᠢ ᠲᠡᠭᠦᠨ ᠤ ᠬᠤᠭᠤᠯᠠᠢ ᠶᠢᠨ ᠲᠣᠣᠷ ᠤᠨ | ᠪᠠᠷᠢᠯᠭ᠎ᠠ ᠶᠢ 3 ᠰᠠᠷ᠎ᠠ ᠶᠢᠨ 15 ᠤ ᠡᠳᠦᠷ ᠠᠴᠠ ᠡᠮᠦᠨ᠎ᠡ ᠡᠷᠬᠡᠪᠰᠢ ᠪᠣᠳᠠᠲᠠᠢ ᠪᠠᠷ ᠲᠠᠯᠠᠪᠠᠶ ᠳᠤ ᠣᠷᠣᠭᠤᠯᠵᠤ | ᠪᠠᠷᠢᠯᠭ᠎ᠠ ᠪᠠᠷᠢᠬᠤ ᠬᠡᠷᠡᠭᠲᠡᠢ᠂ ᠪᠠᠷᠢᠯᠭ᠎ᠠ ᠶᠢᠨ ᠬᠤᠭᠤᠴᠠᠭ᠎ᠠ ᠨᠢ 60 ᠡᠳᠦᠷ ᠪᠠᠶᠢᠵᠤ᠂ ᠪᠠᠷᠢᠯᠭ᠎ᠠ ᠶᠢᠨ ᠵᠣᠭᠤᠰ ᠢ | ᠴᠠᠭ ᠲᠤᠬᠠᠢ ᠳᠤᠨᠢ ᠪᠠᠷᠢᠵᠤ ᠳᠠᠭᠤᠰᠬᠠᠭᠠᠳ ᠬᠠᠰᠤᠵᠤ ᠪᠣᠯᠬᠤ ᠦᠭᠡᠢ᠃ ᠣᠨᠴᠠᠭᠠᠶᠢᠯᠠᠨ ᠵᠢᠭᠠᠵᠤ ᠭᠠᠷᠭᠠᠭᠤᠰᠢᠲᠠᠢ | ᠵᠦᠢᠯ ᠭᠡᠪᠡᠯ᠂ ᠡᠨᠡ ᠵᠢᠯ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠢᠨᠵᠧᠨᠧᠷᠢᠩ ᠤᠨ ᠳᠡᠰ ᠢ | ᠳᠡᠭᠡᠭᠰᠢᠯᠡᠭᠦᠯᠬᠦ ᠨᠤᠲᠠᠯᠠᠯᠲᠠ ᠬᠢᠬᠦ ᠳᠤ᠂ ᠠᠵᠤ ᠠᠬᠤᠢ ᠶᠢᠨ ᠬᠥᠭᠵᠢᠭᠦᠯᠦᠯᠲᠡ ᠶᠢᠨ ᠲᠣᠪᠴᠢᠶ᠎ᠠ᠂ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ᠣᠳᠣ ᠠᠴᠠ ᠡᠬᠢᠯᠡᠨ ᠬᠤᠯᠪᠣᠭᠳᠠᠯ ᠪᠦᠬᠦᠢ ᠭᠠᠷ | ᠭᠦᠢᠴᠡᠳᠬᠡᠯ ᠢ ᠡᠳᠦᠷ ᠰᠥᠨᠢ ᠦᠭᠡᠢ ᠭᠠᠷᠳᠠᠨ ᠬᠢᠬᠦ ᠬᠡᠷᠡᠭᠲᠡᠢ᠂ ᠡᠰᠡ ᠲᠡᠭᠡᠪᠡᠯ ᠯᠠᠪᠲᠠᠢ ᠴᠠᠭ ᠲᠠᠭᠠᠨ | ᠠᠵᠢᠯ ᠢᠶᠠᠨ ᠡᠬᠢᠯᠡᠭᠦᠯᠵᠦ ᠴᠢᠳᠠᠬᠤ ᠦᠭᠡᠢ ᠪᠣᠯᠣᠨ᠎ᠠ᠃ ᠤᠯᠤᠰ ᠤᠨ ᠨᠤᠲᠤᠭ ᠳᠡᠪᠢᠰᠬᠡᠷ ᠤᠨ ᠭᠠᠵᠠᠷ ᠰᠢᠷᠣᠢ ᠶᠢᠨ | ᠰᠠᠯᠠᠭ᠎ᠠ ᠮᠥᠴᠢᠷ ᠴᠠᠭᠠᠨ ᠰᠠᠷ᠎ᠠ ᠠᠴᠠ ᠡᠮᠦᠨ᠎ᠡ ᠡᠷᠬᠡᠪᠰᠢ ᠭᠠᠵᠠᠷ ᠰᠢᠷᠣᠢ ᠶᠢᠨ ᠭᠠᠷ ᠭᠦᠢᠴᠡᠳᠬᠡᠯ ᠢ ᠬᠢᠵᠦ | ᠳᠠᠭᠤᠰᠬᠠᠬᠤ ᠬᠡᠷᠡᠭᠲᠡᠢ᠂ ᠵᠥᠪᠰᠢᠶᠡᠷᠡᠯ ᠦᠭᠡᠢ ᠪᠠᠷ ᠤᠷᠢᠳᠠᠪᠠᠷ ᠪᠠᠶᠢᠭᠤᠯᠬᠤ ᠶᠠᠪᠤᠳᠠᠯ ᠭᠠᠷᠬᠤ ᠠᠴᠠ ᠵᠠᠶᠢᠯᠠᠰᠬᠢᠬᠦ | ᠬᠡᠷᠡᠭᠲᠡᠢ᠃ ᠪᠤᠭᠤᠲᠤ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠠᠵᠤ ᠦᠢᠯᠡᠰ ᠤᠨ ᠬᠦᠷᠢᠶᠡᠯᠡᠩ ᠳᠤ ᠪᠦᠲᠦᠭᠡᠨ | ᠪᠠᠶᠢᠭᠤᠯᠵᠤ ᠥᠭᠭᠦᠭᠰᠡᠨ ᠡᠮᠦᠨᠡᠲᠦ ᠲᠠᠩᠭᠢᠰ ᠤᠨ 220 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ | ᠥᠭᠡᠷᠡᠴᠢᠯᠡᠬᠦ ᠢᠨᠵᠧᠨᠧᠷᠢᠩ᠂ ᠬᠤᠲᠠ ᠶᠢᠨ ᠲᠦᠭᠡᠭᠡᠯ ᠤᠰᠤᠨ ᠤ ᠺᠣᠮᠫᠠᠨᠢ ᠶᠢᠨ ᠪᠠᠶᠢᠭᠤᠯᠤᠭᠰᠠᠨ ᠤᠰᠤ ᠬᠠᠩᠭᠠᠬᠤ | ᠬᠤᠭᠤᠯᠠᠢ ᠶᠢᠨ ᠲᠣᠣᠷ ᠤᠨ ᠢᠨᠵᠧᠨᠧᠷᠢᠩ ᠢ ᠰᠠᠶᠢᠲᠤᠷ ᠦᠢᠯᠡᠴᠢᠯᠡᠨ ᠪᠠᠲᠤᠯᠠᠬᠤ ᠬᠡᠷᠡᠭᠲᠡᠢ᠃ | ᠭᠤᠷᠪᠠ ᠳᠤ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠵᠦᠢᠯᠡᠰ ᠢ ᠱᠠᠲᠤ ᠱᠠᠲᠤ ᠪᠠᠷ ᠠᠵᠢᠯ ᠡᠬᠢᠯᠡᠭᠦᠯᠦᠨ᠎ᠡ | ᠃ ᠡ᠊ᠨ᠋᠊ᠡ ᠵᠢᠯ ᠮᠠᠨ ᠤ ᠣᠷᠣᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 71 ᠭᠤᠣᠯᠳᠠᠯᠭ᠎ᠠ ᠲᠠᠢ | ᠲᠥᠷᠥᠯ ᠵᠦᠢᠯ ᠢ ᠬᠡᠷᠡᠭᠵᠢᠭᠦᠯᠬᠦ ᠪᠠᠷ ᠠᠩᠬ᠎ᠠ ᠠᠯᠬᠤᠮ ᠲᠣᠭᠲᠠᠭᠠᠵᠤ᠂ ᠦᠷᠭᠦᠯᠵᠢᠯᠡᠨ ᠪᠠᠶᠢᠭᠤᠯᠬᠤ ᠲᠥᠷᠥᠯ | ᠵᠦᠢᠯ ᠢ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠡᠷᠬᠡᠪᠰᠢ ᠪᠦᠬᠦᠨ ᠢ ᠠᠵᠢᠯ ᠢᠶᠠᠨ ᠰᠡᠷᠭᠦᠭᠡᠵᠦ᠂ | ᠰᠢᠨ᠎ᠡ ᠪᠠᠷ ᠪᠠᠶᠢᠭᠤᠯᠬᠤ ᠲᠥᠷᠥᠯ ᠵᠦᠢᠯ ᠢ 4 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠡᠷᠬᠡᠪᠰᠢ ᠪᠦᠬᠦᠨ ᠢ | ᠠᠵᠢᠯ ᠡᠬᠢᠯᠡᠭᠦᠯᠬᠦ ᠬᠡᠷᠡᠭᠲᠡᠢ᠃ ᠶᠢᠨ ᠯᠢ ᠲᠣᠭᠲᠠᠮᠠᠯ ᠰᠣᠷᠢᠨᠵᠢᠨ ︵ᠭᠤᠷᠪᠠᠳᠤᠭᠠᠷ ᠬᠤᠭᠤᠴᠠᠭ᠎ᠠ︶ ᠤ ᠵᠢᠯ ᠳᠤ | 15000 ᠲᠣᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠦᠢᠯᠡᠳᠪᠦᠷᠢᠯᠡᠬᠦ ᠲᠥᠷᠥᠯ ᠵᠦᠢᠯ ᠨᠢ | ᠣᠶᠢᠷ᠎ᠠ ᠶᠢᠨ ᠬᠤᠭᠤᠴᠠᠭᠠᠨ ᠳᠤ ᠭᠠᠵᠠᠷ ᠰᠢᠷᠣᠢ ᠶᠢ ᠭᠠᠷᠳᠠᠮ ᠭᠦᠢᠴᠡᠳᠬᠡᠬᠦ ᠭᠠᠷ ᠭᠦᠢᠴᠡᠳᠬᠡᠯ ᠢ ᠭᠦᠢᠴᠡᠳᠬᠡᠨ᠎ᠡ᠃ | ᠠᠨ ᠲᠠᠢ ᠰᠢᠨᠵᠢᠯᠡᠬᠦ ᠤᠬᠠᠭᠠᠨ ᠮᠡᠷᠭᠡᠵᠢᠯ ︵ᠬᠤᠶᠠᠳᠤᠭᠠᠷ ᠬᠤᠭᠤᠴᠠᠭ᠎ᠠ︶ ᠤᠨ ᠵᠢᠯ ᠳᠤ 15000 ᠲᠣᠨ ᠬᠤᠪᠣᠷ | ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠦᠢᠯᠡᠳᠪᠦᠷᠢᠯᠡᠬᠦ ᠲᠥᠷᠥᠯ ᠵᠦᠢᠯ ᠳᠤ ᠴᠠᠭᠠᠨ ᠰᠠᠷ᠎ᠠ ᠠᠴᠠ | ᠡᠮᠦᠨ᠎ᠡ ᠭᠠᠵᠠᠷ ᠰᠢᠷᠣᠢ ᠶᠢ ᠬᠤᠷᠢᠶᠠᠨ ᠨᠥᠭᠡᠴᠡᠯᠡᠵᠦ᠂ ᠬᠤᠸᠠ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠵᠢᠯ ᠳᠤ | 20000 ᠲᠣᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠦᠢᠯᠡᠳᠪᠦᠷᠢᠯᠡᠬᠦ ᠲᠥᠷᠥᠯ ᠵᠦᠢᠯ ᠳᠤ | 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠭᠠᠵᠠᠷ ᠰᠢᠷᠣᠢ ᠶᠢ ᠫᠠᠶᠢᠰᠠ ᠡᠯᠭᠦᠬᠦ ᠶᠢ ᠳᠠᠭᠤᠰᠬᠠᠵᠤ᠂ ᠶᠢᠨ ᠮᠧᠩ | ᠾᠦᠢ ᠰᠣᠷᠢᠨᠵᠢᠨ ᠤ ᠵᠢᠯ ᠳᠤ 3000 ᠲᠣᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ | ᠦᠢᠯᠡᠳᠪᠦᠷᠢᠯᠡᠬᠦ ᠲᠥᠷᠥᠯ ᠵᠦᠢᠯ ᠳᠤ 3 ᠳ᠋ᠤᠭᠠᠷ ᠰᠠᠷ᠎ᠠ ᠶᠢᠨ ᠡᠬᠢ ᠪᠠᠷ ᠲᠥᠷᠥᠯ ᠵᠦᠢᠯ ᠳᠤ ᠬᠡᠷᠡᠭᠯᠡᠬᠦ ᠭᠠᠵᠠᠷ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠦᠨᠡᠯᠡᠯᠲᠡ ᠶᠢᠨ ᠠᠵᠢᠯ ᠢ ᠳᠠᠭᠤᠰᠬᠠᠨ᠎ᠠ᠃ ᠵᠤᠷᠰᠢᠯ ᠶᠣᠰᠣᠭᠠᠷ᠂ ᠡᠨᠡ | ᠵᠢᠯ ᠪᠥᠬᠦ ᠬᠤᠲᠠ ᠳᠤ ᠪᠠᠰᠠ ᠭᠤᠣᠯᠳᠠᠯᠭ᠎ᠠ ᠲᠠᠢ ᠲᠥᠷᠥᠯ ᠵᠦᠢᠯ ᠤᠨ ᠦᠵᠡᠭᠦᠯᠦᠯᠭᠡ ᠶᠢᠨ ᠴᠤᠭᠯᠠᠭᠠᠨ ᠢ | ᠦᠷᠭᠦᠯᠵᠢᠯᠡᠨ ᠥᠷᠨᠢᠭᠦᠯᠦᠨ᠎ᠡ᠃ ᠠᠵᠤ ᠠᠬᠤᠢ ᠶᠢᠨ ᠬᠥᠭᠵᠢᠯᠲᠡ ᠶᠢᠨ ᠲᠣᠪᠴᠢᠶ᠎ᠠ ᠤᠳᠤ ᠠᠴᠠ ᠡᠬᠢᠯᠡᠨ ᠳᠠᠷᠤᠢ | ᠱᠠᠯᠠᠪᠳᠠᠨ ᠠᠷᠭ᠎ᠠ ᠤᠬᠠᠭᠠᠨ ᠰᠦᠪᠡᠭᠴᠢᠯᠡᠬᠦ ᠴᠢᠬᠤᠯᠠᠲᠠᠢ᠂ ᠢᠯᠠᠩᠭᠤᠶ᠎ᠠ ᠮᠡᠳᠡᠭᠡ ᠵᠠᠩᠭᠢ ᠶᠢ ᠴᠠᠭ ᠲᠤᠬᠠᠢ ᠳᠤᠨᠢ | ᠡᠵᠡᠮᠰᠢᠵᠦ᠂ ᠲᠣᠭᠤᠷᠢᠨ ᠦᠵᠡᠵᠦ ᠬᠢᠨᠠᠨ ᠰᠢᠯᠭᠠᠬᠤ ᠠᠷᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠡᠯ᠎ᠡ ᠲᠠᠯ᠎ᠠ ᠶᠢᠨ | ᠠᠵᠢᠯ ᠢ ᠰᠠᠨᠠᠭᠠᠴᠢᠯᠠᠭ᠎ᠠ ᠲᠠᠢ ᠪᠠᠶᠢᠯᠭᠠᠬᠤ ᠪᠠ ᠤᠷᠢᠳᠠᠪᠠᠷ ᠬᠢᠬᠦ ᠪᠠᠷ ᠴᠢᠷᠮᠠᠶᠢᠬᠤ ᠬᠡᠷᠡᠭᠲᠡᠢ᠃ | ︵ᠭᠤᠷᠪᠠ︶ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠰᠢᠨᠲᠠᠷᠠᠰᠢ | ᠦᠭᠡᠢ ᠡᠬᠢᠯᠡᠭᠦᠯᠪᠡ | ᠨᠢᠭᠡ ᠳᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ | ᠠᠷᠠᠯᠵᠢᠶᠠᠴᠢᠨ ᠤᠷᠢᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠥᠪᠡᠷᠲᠡᠭᠡᠨ | ᠵᠠᠰᠠᠬᠤ ᠣᠷᠣᠨ ᠠᠴᠠ ᠬᠤᠪᠣᠷ ᠰᠢᠷᠣᠢ ᠶᠢᠨ ᠦᠵᠦᠭᠦᠷ ᠤᠨ ᠬᠡᠷᠡᠭᠯᠡᠭᠡᠨ ᠤ ᠠᠵᠤ ᠠᠬᠤᠶᠢᠯᠠᠯ ᠢ ᠨᠢᠭᠲᠠ | ᠵᠣᠯᠭᠠᠭᠤᠯᠬᠤ᠂ ᠮᠠᠨ ᠤ ᠬᠤᠲᠠ ᠳᠤ ᠡᠷᠦᠬᠡ ᠠᠮᠠ ᠣᠷᠣᠭᠤᠯᠬᠤ ᠳᠤ ᠠᠰᠢᠭᠲᠠᠢ ᠰᠣᠷᠢᠨᠵᠢᠨ ᠮᠠᠲ᠋ᠧᠷᠢᠶᠠᠯ ᠤᠨ | ᠬᠠᠩᠭᠠᠯᠭ᠎ᠠ ᠶᠢ ᠵᠦᠷᠢᠶᠡᠵᠢᠬᠦᠯᠬᠦ ᠲᠥᠷᠥ ᠶᠢᠨ ᠪᠣᠳᠣᠯᠭ᠎ᠠ ᠪᠠ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ | ᠴᠠᠬᠢᠯᠭᠠᠨ ᠮᠠᠰᠢᠨ ᠢ ᠣᠷᠣᠯᠠᠭᠤᠯᠬᠤ ᠲᠥᠯᠥᠪᠯᠡᠭᠡ ᠶᠢ ᠲᠦᠷᠭᠡᠬᠡᠨ ᠭᠠᠷᠭᠠᠬᠤ ᠪᠠᠷ ᠴᠢᠷᠮᠠᠶᠢᠨ᠎ᠠ᠃ ᠠᠷᠠᠯᠵᠢᠶᠠᠴᠢᠨ | ᠤᠷᠢᠬᠤ 13 ᠰᠠᠯᠪᠤᠷᠢ ᠪᠠᠭ᠎ᠠ ᠠᠩᠭᠢ ᠶᠢᠨ ᠬᠤᠰᠢᠭᠤᠴᠢ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ | ᠪᠥᠬᠦ ᠤᠯᠤᠰ ᠤᠨ 1000 ᠴᠠᠬᠢᠯᠭᠠᠨ ᠮᠠᠰᠢᠨ ᠤ ᠠᠵᠤ ᠠᠬᠤᠶᠢᠯᠠᠯ ᠢᠶᠠᠷ ᠠᠶᠢᠯᠴᠢᠯᠠᠭᠰᠠᠨ ᠠᠷᠠᠯᠵᠢᠶᠠᠴᠢᠨ ᠤᠷᠢᠵᠤ | ᠪᠡᠯᠡ ᠣᠷᠣᠭᠤᠯᠬᠤ ︽ᠬᠠᠪᠤᠷ ᠤᠨ ᠡᠷᠲᠡ ᠶᠢᠨ ᠠᠵᠢᠯᠯᠠᠭ᠎ᠠ︾ ᠶᠢ ᠥᠷᠨᠢᠭᠦᠯᠦᠨ᠎ᠡ᠃ ᠪᠥᠬᠦ ᠵᠢᠯ ᠳᠤ ᠬᠤᠪᠣᠷ | ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠲᠥᠷᠥᠯ ᠵᠦᠢᠯ ᠢ 30 ᠠᠴᠠ ᠳᠡᠭᠡᠭᠰᠢ ᠣᠷᠣᠭᠤᠯᠤᠨ | ᠠᠪᠴᠢᠷᠠᠵᠤ ᠬᠡᠷᠡᠭᠵᠢᠭᠦᠯᠦᠨ᠂ ᠸᠧ ᠯᠦᠩ ᠴᠠᠬᠢᠯᠭᠠᠨ ᠬᠥᠳᠡᠯᠭᠡᠭᠦᠷ᠂ ᠾᠦᠢ ᠴᠤᠸᠠᠨ ᠤ ᠮᠡᠷᠭᠡᠵᠢᠯ ᠢ 2 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠭᠡᠷ᠎ᠡ ᠲᠣᠭᠲᠠᠵᠤ᠂ ᠰᠢᠶᠠᠮᠧᠨ ᠸᠣᠯᠹᠷᠠᠮ ᠤᠨ ︽ᠰᠣᠷᠢᠨᠵᠢᠨ ᠮᠠᠲ᠋ᠧᠷᠢᠶᠠᠯ + | ᠴᠠᠬᠢᠯᠭᠠᠨ ᠮᠠᠰᠢᠨ︾ ᠢ ᠨᠢᠭᠡ ᠴᠣᠭᠴᠠᠵᠢᠭᠤᠯᠬᠤ ᠲᠥᠷᠥᠯ ᠵᠦᠢᠯ ᠢ 3 ᠳ᠋ᠤᠭᠠᠷ ᠰᠠᠷ᠎ᠠ ᠳᠤ ᠭᠡᠷ᠎ᠡ ᠲᠣᠭᠲᠠᠬᠤ ᠪᠠᠷ | ᠴᠢᠷᠮᠠᠶᠢᠨ᠎ᠠ᠃ ᠴᠦᠩᠴᠢᠩ ᠤᠨ ᠴᠦ᠋ ᠴᠤᠸᠠᠩ ᠵᠡᠷᠭᠡ ᠨᠢᠭᠡᠨᠲᠡ ᠪᠦᠳᠦᠭᠦᠪᠴᠢ ᠵᠥᠪᠯᠡᠯᠴᠡᠭᠡᠷ ᠲᠣᠭᠲᠠᠭᠰᠠᠨ 8 | ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠵᠥᠪᠯᠡᠯᠴᠡᠭᠡᠷ ᠲᠤ | ᠲᠦᠷᠭᠡᠨ ᠭᠠᠷ ᠤᠨ ᠦᠰᠦᠭ ᠵᠢᠷᠤᠬᠤ ᠶᠢ ᠲᠦᠷᠭᠡᠳᠬᠡᠵᠦ᠂ ᠵᠦᠩ ᠴᠧ ᠱᠠᠩ ᡂᠢ ᠵᠡᠷᠭᠡ ᠨᠢᠭᠡᠨᠲᠡ ᠲᠣᠭᠲᠠᠭᠰᠠᠨ | 46 ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠲᠦᠷᠦᠯ ᠵᠦᠢᠯ ᠤᠨ ᠲᠦᠷᠭᠡᠨ ᠭᠠᠷ ᠤᠨ ᠦᠰᠦᠭ ᠵᠢᠷᠤᠬᠤ ᠶᠢ | ᠲᠦᠷᠭᠡᠳᠬᠡᠨ᠎ᠡ᠃ | ᠬᠤᠶᠠᠷ ᠲᠤ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠠᠵᠢᠯ ᠢ ᠵᠡᠷᠭᠡᠪᠡᠷ ᠰᠠᠶᠢᠲᠤᠷ ᠥᠷᠨᠢᠭᠦᠯᠦᠨ᠎ᠡ᠃ ᠡᠮᠦᠨ᠎ᠡ ᠨᠢᠭᠡ ᠬᠤᠭᠤᠴᠠᠭᠠᠨ ᠳᠤ᠂ ᠬᠥᠮᠥᠨ ᠤ ᠬᠦᠴᠦᠨ ᠤ | ᠬᠢᠵᠠᠭᠠᠷᠯᠠᠯ ᠠᠴᠠ ᠪᠣᠯᠵᠤ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠬᠦᠷᠢᠶᠡᠨ ᠳᠠᠬᠢ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠠᠵᠢᠯ ᠬᠠᠷᠢᠴᠠᠩᠭᠤᠢ ᠪᠠᠷ ᠪᠠᠭᠤᠷᠠᠢ ᠰᠢᠭ᠋ ᠪᠠᠶᠢᠪᠠ᠃ ᠲᠠᠷᠠᠭᠠᠴᠢ ᠶᠢᠨ ᠠᠯᠬᠤᠮ ᠳᠤ᠂ | ᠬᠦᠴᠦᠨ ᠢᠶᠠᠨ ᠨᠢᠭᠡᠳᠦᠯᠲᠡᠢ ᠲᠥᠯᠥᠪᠯᠡᠵᠦ᠂ ᠵᠦᠢ ᠵᠣᠬᠢᠰᠲᠠᠢ ᠲᠣᠬᠢᠷᠠᠭᠤᠯᠤᠨ᠂ ᠬᠤᠪᠣᠷ ᠰᠢᠷᠣᠢ ᠶᠢᠨ ᠰᠢᠨ᠎ᠡ | ᠮᠠᠲ᠋ᠧᠷᠢᠶᠠᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠯᠠᠭᠤᠨ ᠥᠷᠨᠢᠯᠲᠡ ᠶᠢ ᠠᠯᠢ ᠲᠦᠷᠭᠡᠨ ᠢᠶᠠᠷ | ᠵᠡᠷᠭᠡᠪᠡᠷ ᠪᠣᠶ ᠪᠣᠯᠭᠠᠬᠤ ᠬᠡᠷᠡᠭᠲᠡᠢ᠃ ᠡᠨᠡ ᠵᠢᠯ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠢ | 15 ᠠᠴᠠ ᠳᠡᠭᠡᠭᠰᠢ ᠣᠷᠣᠭᠤᠯᠤᠨ᠎ᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠱᠠᠭᠠᠷᠳᠠᠯᠭ᠎ᠠ ᠪᠠᠷ᠂ ᠡᠮᠦᠨ᠎ᠡ 10 ᠳᠤ ᠵᠢᠭᠰᠠᠭᠠᠭᠳᠠᠭᠰᠠᠨ ᠠᠵᠤ ᠠᠬᠤᠶᠢᠯᠠᠯ ᠤᠳ ᠡᠨᠡ ᠵᠢᠯ ᠤᠨ ᠳᠣᠲᠣᠷ᠎ᠠ ᠴᠥᠮ | ᠡᠷᠦᠬᠡ ᠠᠮᠠ ᠶᠢᠨ ᠲᠠᠩᠰᠠ ᠪᠠᠨ ᠣᠷᠣᠭᠤᠯᠬᠤ ᠪᠣᠯᠣᠨ᠎ᠠ᠃ ᠡᠨᠡ ᠪᠣᠯ ᠳᠠᠷᠤᠯᠲᠠ ᠪᠣᠯᠬᠤ ᠪᠠᠷ ᠪᠠᠷᠠᠬᠤ ᠦᠭᠡᠢ ᠪᠠᠰᠠ | ᠴᠤ ᠬᠥᠳᠡᠯᠭᠡᠬᠦ ᠬᠦᠴᠦᠨ ᠮᠥᠨ᠂ ᠪᠠᠰᠠ ᠴᠤ ᠪᠢᠳᠡᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ︽ᠡᠷᠬᠡ | ᠴᠢᠯᠦᠭᠡ ᠪᠠᠨ ᠣᠯᠬᠤ ᠳᠠᠶᠢᠯᠠᠯᠳᠤᠭᠠᠨ︾ ᠢ ᠰᠠᠶᠢᠲᠤᠷ ᠬᠢᠬᠦ ᠶᠢᠨ ᠲᠤᠶᠢᠯ ᠤᠨ ᠰᠠᠶᠢᠨ ᠠᠵᠠ ᠲᠣᠬᠢᠶᠠᠯ ᠮᠥᠨ᠃ ᠪᠢᠳᠡ | ᠵᠠᠪᠠᠯ ᠡᠷᠴᠢ ᠵᠣᠷᠢᠭ ᠢᠶᠠᠨ ᠬᠥᠪᠴᠢᠯᠡᠵᠦ᠂ ᠨᠢᠭᠡ ᠯᠡ ᠠᠷᠭ᠎ᠠ ᠪᠠᠷ ᠠᠵᠢᠯ ᠢᠶᠠᠨ ᠰᠠᠶᠢᠲᠤᠷ ᠠᠳᠬᠤᠬᠤ ᠬᠡᠷᠡᠭᠲᠡᠢ᠃ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠰᠠᠯᠠᠭᠠᠨ ᠤ ᠭᠤᠷᠪᠠᠳᠤᠭᠠᠷ ᠴᠠᠭᠠᠷᠢᠭ᠂ ᠭᠤᠸᠠᠩ ᠱᠧᠩ ᠶᠢᠦ ᠰᠧ᠂ | ᠶᠠᠨᠲ᠋ᠠᠢ ᠶᠢᠨ ᠵᠧᠩ ᠬᠠᠢ ᠵᠡᠷᠭᠡ ᠬᠤᠪᠣᠷ ᠰᠢᠷᠣᠢ ᠶᠢᠨ ᠰᠣᠷᠢᠨᠵᠢᠨ ᠮᠠᠲ᠋ᠧᠷᠢᠶᠠᠯ ᠤᠨ ᠳᠠᠭᠠᠭᠤᠯᠤᠭᠴᠢ ᠠᠵᠤ | ᠠᠬᠤᠶᠢᠯᠠᠯ ᠢ ᠴᠢᠩᠭ᠎ᠠ ᠠᠩᠬᠠᠷᠴᠤ᠂ ᠡᠷᠦᠬᠡ ᠠᠮᠠ ᠣᠷᠣᠭᠤᠯᠬᠤ ᠪᠠᠷ ᠴᠢᠷᠮᠠᠶᠢᠨ᠎ᠠ᠃ ᠨᠢᠩᠪᠦ᠋ᠸᠧ ᠶᠢᠨ ᠬᠠᠮ | ᠡᠨᠧᠷᠭᠢᠲᠦ ᠬᠤᠪᠣᠷ ᠰᠢᠷᠣᠢ ᠶᠢᠨ ᠲᠡᠮᠦᠷᠯᠢᠭ ᠵᠢᠴᠢ ᠲᠣᠭᠲᠠᠮᠠᠯ ᠰᠣᠷᠢᠨᠵᠢᠨᠲᠤ ᠮᠠᠲ᠋ᠧᠷᠢᠶᠠᠯ ᠤᠨ ᠲᠥᠷᠥᠯ ᠵᠦᠢᠯ᠂ | ᠨᠢᠩᠪᠦ᠋ᠸᠧ ᠶᠢᠨ ᠵᠣᠣ ᠪᠦᠦ ᠶᠢᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠮᠠᠲ᠋ᠧᠷᠢᠶᠠᠯ ᠤᠨ ᠲᠥᠷᠥᠯ ᠵᠦᠢᠯ᠂ | ᠶᠠᠩᠵᠸᠤ ᠶᠢᠨ ᠬᠠᠢ ᠴᠠᠩ ᠤᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠮᠠᠲ᠋ᠧᠷᠢᠶᠠᠯ ᠤᠨ ᠲᠥᠷᠥᠯ ᠵᠦᠢᠯ᠂ | ᠴᠢᠩᠳᠣᠣ ᠶᠢᠨ ᠳ᠋ᠠ ᠨᠧᠩ ᠬᠤᠪᠣᠷ ᠰᠢᠷᠣᠢ ᠶᠢᠨ ᠲᠦᠷᠭᠡᠳᠬᠡᠭᠦᠷ ᠤᠨ ᠲᠥᠷᠥᠯ ᠵᠦᠢᠯ᠂ ᠬᠦᠶ ᠶᠠᠨ ᠴᠠᠭᠠᠨ | ᠠᠯᠲᠠᠨ ᠤ ᠦᠢᠯᠡᠰ ᠤᠨ ᠬᠤᠪᠣᠷ ᠰᠢᠷᠣᠢ ᠶᠢᠨ ᠲᠦᠷᠭᠡᠳᠬᠡᠭᠦᠷ ᠤᠨ ᠲᠥᠷᠥᠯ ᠵᠦᠢᠯ ᠢ ᠦᠷᠭᠦᠯᠵᠢᠯᠡᠨ ᠵᠣᠯᠭᠠᠭᠤᠯᠵᠤ᠂ | ᠲᠦᠷᠭᠡᠬᠡᠨ ᠭᠡᠷ᠎ᠡ ᠲᠣᠭᠲᠠᠬᠤ ᠪᠠᠷ ᠴᠢᠷᠮᠠᠶᠢᠨ᠎ᠠ᠃ | ᠭᠤᠷᠪᠠ ᠳᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ | ᠭᠦᠨᠵᠡᠭᠡᠶᠢᠷᠡᠨ ᠬᠥᠭᠵᠢᠬᠦ ᠲᠠᠢ ᠤᠶᠠᠯᠳᠤᠭᠤᠯᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠦᠯᠬᠢᠨ | ᠠᠬᠢᠭᠤᠯᠤᠨ᠎ᠠ᠃ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ | ᠬᠤᠳᠠᠯᠳᠤᠭᠠᠴᠢᠨ ᠤᠷᠢᠬᠤ 13 ᠰᠢᠪᠲᠤᠯᠤᠯᠲᠠ ᠶᠢᠨ ᠳᠤᠭᠤᠶᠢᠯᠠᠩ ᠤᠨ ᠰᠠᠭᠤᠷᠢᠨ ᠳᠡᠭᠡᠷ᠎ᠡ᠂ ᠲᠠᠯᠠᠰᠲᠤ ᠴᠠᠬᠢᠭᠤᠷ | ᠬᠡᠷᠡᠯ ᠸᠣᠯᠲ ᠤᠨ ᠠᠵᠤ ᠦᠢᠯᠡᠰ ᠤᠨ ᠬᠡᠯᠬᠢᠶ᠎ᠡ᠂ ᠡᠨᠧᠷᠭᠢ ᠬᠠᠳᠠᠭᠠᠯᠠᠬᠤ ︵ᠤᠰᠤᠲᠥ᠋ᠷᠥᠭᠴᠢ ᠡᠨᠧᠷᠭᠢ︶ ᠶᠢᠨ ᠠᠵᠤ | ᠦᠢᠯᠡᠰ ᠤᠨ ᠬᠡᠯᠬᠢᠶ᠎ᠡ᠂ ᠵᠡᠰ ᠬᠥᠩᠭᠡᠨ ᠴᠠᠭᠠᠨ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠵᠡᠷᠭᠡ 5 | ᠬᠤᠳᠠᠯᠳᠤᠭᠠᠴᠢᠨ ᠤᠷᠢᠬᠤ ᠳᠤᠭᠤᠶᠢᠯᠠᠩ ᠢ ᠳᠠᠬᠢᠨ ᠪᠠᠶᠢᠭᠤᠯᠵᠤ᠂ ᠬᠤᠪᠢᠳᠠᠨ ᠬᠠᠮᠢᠶᠠᠷᠴᠤ ᠪᠦᠬᠦᠢ | ᠤᠳᠤᠷᠢᠳᠤᠯᠭ᠎ᠠ ᠶᠢᠨ ᠭᠠᠷᠠᠭ ᠤᠨ ᠲᠣᠬᠢᠷᠠᠭᠤᠯᠤᠯᠲᠠ ᠶᠢᠨ ᠳᠦᠷᠢᠮ ᠢ ᠬᠡᠷᠡᠭᠵᠢᠭᠦᠯᠦᠨ᠎ᠡ᠃ ᠠᠮᠠᠯᠠᠯᠲᠠ ᠶᠢᠨ | ᠵᠦᠢᠯᠡᠰ ᠢ ᠪᠡᠶᠡᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠠᠮᠠᠯᠠᠯᠲᠠ ᠶᠢᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠠᠴᠠ ᠡᠮᠦᠨ᠎ᠡ᠂ ᠡᠷᠬᠡᠪᠰᠢ ᠪᠡᠯᠡ ᠣᠷᠣᠭᠤᠯᠬᠤ ᠲᠠᠯ᠎ᠠ ᠶᠢᠨ ᠪᠣᠳᠠᠲᠤ ᠬᠦᠴᠦᠨ᠂ ᠢᠲᠡᠭᠡᠯ ᠬᠦᠨᠳᠦ᠂ | ᠮᠡᠷᠭᠡᠵᠢᠯ᠂ ᠦᠢᠯᠡᠳᠬᠦᠨ ᠵᠢᠴᠢ ᠭᠠᠳᠠᠭᠠᠳᠤ ᠳᠤ ᠪᠡᠯᠡ ᠣᠷᠣᠭᠤᠯᠤᠭᠰᠠᠨ ᠥᠩᠭᠡᠷᠡᠯᠲᠡ ᠶᠢᠨ ᠠᠵᠢᠯ ᠤᠨ ᠠᠮᠵᠢᠯᠲᠠ | ᠪᠦᠲᠦᠮᠵᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠬᠡᠷᠡᠭᠲᠡᠢ᠃ ᠠᠮᠠᠯᠠᠭᠰᠠᠨ ᠤ ᠳᠠᠷᠠᠭ᠎ᠠ | ᠬᠡᠯᠡᠭᠰᠡᠨ ᠳᠡᠭᠡᠨ ᠬᠦᠷᠴᠦ᠂ ᠲᠥᠷᠥᠯ ᠵᠦᠢᠯ ᠤᠨ ᠠᠬᠢᠴᠠ᠂ ᠦᠷ᠎ᠡ ᠠᠰᠢᠭ ᠪᠠ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠴᠢᠩᠭ᠎ᠠ ᠵᠢᠷᠤᠮᠯᠠᠨ ᠠᠵᠢᠯ ᠤᠨ ᠴᠤᠪᠤᠷᠠᠯ ᠢ ᠪᠡᠶᠡᠯᠡᠭᠦᠯᠵᠦ᠂ ᠪᠣᠯᠵᠤᠭ᠎ᠠ ᠶᠣᠰᠣᠭᠠᠷ᠂ ᠪᠦᠯᠦᠭ | ᠤᠳᠠᠭ᠎ᠠ ᠬᠤᠪᠢᠶᠠᠨ ᠴᠠᠭ ᠲᠤᠬᠠᠢ ᠳᠤᠨᠢ ᠲᠤᠭ᠎ᠠ ᠶᠣᠰᠣᠭᠠᠷ ᠪᠡᠶᠡᠯᠡᠭᠦᠯᠬᠦ ᠬᠡᠷᠡᠭᠲᠡᠢ᠃ ᠡᠲᠡᠭᠡᠳ ᠬᠤᠪᠢᠶᠠᠬᠤ ᠦᠭᠡᠢ | ᠂ ᠶᠡᠭᠡ ᠤᠰᠤ ᠪᠠᠷ ᠨᠡᠯᠦᠩᠬᠡᠢ ᠤᠰᠤᠯᠠᠬᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠵᠢᠷᠤᠮᠵᠢᠭᠤᠯᠬᠤ ᠪᠠ ᠢᠯᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠬᠦᠴᠦᠯᠡᠬᠦ ᠴᠢᠭ᠋ ᠢ | ᠮᠠᠨ ᠤ ᠣᠷᠣᠨ ᠤ ᠲᠣᠭᠲᠠᠭᠠᠭᠰᠠᠨ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠴᠢᠭᠯᠡᠯ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠳᠡᠭᠡᠷ᠎ᠡ ᠲᠥᠪᠯᠡᠷᠡᠭᠦᠯᠦᠨ᠎ᠡ᠃ | ︵ᠳᠥᠷᠪᠡ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ | ᠬᠥᠭᠵᠢᠯᠲᠡ ᠶᠢ ᠬᠥᠲᠥᠯᠥᠨ᠎ᠡ | ᠨᠢᠭᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠷᠦ ᠶᠢᠨ ᠥᠪᠡᠷᠲᠡᠭᠡᠨ ᠵᠠᠰᠠᠬᠤ | ᠣᠷᠣᠨ ᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢᠶᠠᠨ ᠬᠥᠭᠵᠢᠭᠦᠯᠬᠦ︾ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢ ᠦᠷᠭᠦᠯᠵᠢᠯᠡᠨ ᠣᠯᠵᠤ ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ 2024 | ᠣᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ᠂ ᠵᠢᠯ ᠤᠨ | ᠳᠣᠲᠣᠷ᠎ᠠ ᠴᠢᠨᠠᠷ ᠰᠠᠶᠢᠲᠠᠢ ᠪᠠᠶᠢᠭᠤᠯᠤᠮᠵᠢ ᠶᠢ ᠤᠷᠢᠵᠤ᠂ 2 ᠬᠤᠭᠤᠴᠠᠭᠠᠨ ᠤ ︽ᠲᠤᠰᠬᠠᠢ ᠨᠠᠷᠢᠯᠢᠭ ᠣᠨᠴᠠ ᠰᠢᠨ᠎ᠡ | ︾ ᠵᠢᠵᠢᠭ ᠠᠪᠤᠷᠭᠤ ᠬᠥᠮᠥᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ | ᠲᠤᠰᠬᠠᠢ ᠲᠠᠯᠠᠪᠤᠷ ᠴᠤᠭᠯᠠᠭᠠᠨ ᠢ ᠡᠷᠭᠢᠯᠡᠵᠦ᠂ ᠪᠥᠬᠦ ᠵᠢᠯ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ︽ | ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠢ 5 ᠰᠢᠨ᠎ᠡ ᠪᠠᠷ ᠨᠡᠮᠡᠭᠳᠡᠭᠦᠯᠵᠦ᠂ ᠤᠯᠤᠰ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠤᠯᠤᠰ ᠤᠨ ᠳᠠᠩᠰᠠᠯᠠᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠶᠡᠷᠦᠩᠬᠡᠢ ᠲᠤᠭ᠎ᠠ ᠶᠢ 400 ᠠᠴᠠ ᠳᠡᠭᠡᠭᠰᠢ ᠳᠤ | ᠬᠦᠷᠦᠭᠦᠯᠦᠨ᠎ᠡ᠃ ᠲᠠᠨᠢᠯᠴᠠᠭᠤᠯᠬᠤ ᠲᠥᠷᠥᠯ ᠵᠦᠢᠯ ᠤᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠠᠵᠤ ᠦᠢᠯᠡᠳᠪᠦᠷᠢ ᠪᠠ ᠮᠡᠳᠡᠭᠡ ᠵᠠᠩᠭᠢ᠂ ᠰᠢᠨᠵᠢᠯᠡᠬᠦ ᠤᠬᠠᠭᠠᠨ ᠮᠡᠷᠭᠡᠵᠢᠯ᠂ ᠬᠥᠭᠵᠢᠭᠦᠯᠦᠯᠲᠡ | ᠪᠠ ᠥᠭᠡᠷᠡᠴᠢᠯᠡᠯᠲᠡ ᠵᠡᠷᠭᠡ ᠰᠠᠯᠠᠭ᠎ᠠ ᠮᠥᠴᠢᠷ ᠤᠳ ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠬᠦ ᠲᠣᠭᠲᠠᠴᠠ ᠶᠢ | ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠢ ᠭᠤᠶᠤᠴᠢᠯᠠᠨ ᠮᠡᠳᠡᠭᠦᠯᠬᠦ ᠶᠢᠨ ᠪᠣᠭᠤᠮᠲᠠ ᠶᠢ | ᠰᠠᠶᠢᠲᠤᠷ ᠡᠵᠡᠮᠳᠡᠬᠦ ᠬᠡᠷᠡᠭᠲᠡᠢ᠃ | ᠬᠤᠶᠠᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠴᠠᠩ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠤᠭᠤᠲᠤ ᠶᠢᠨ ᠬᠤᠪᠣᠷ ᠰᠢᠷᠣᠢ ᠶᠢᠨ ᠰᠤᠳᠤᠯᠤᠨ | ᠨᠡᠭᠡᠭᠡᠬᠦ ᠲᠥᠪ ᠯᠦᠭᠡ ᠶᠢᠨ ᠬᠠᠮᠲᠤᠷᠠᠯᠴᠠᠭ᠎ᠠ ᠶᠢᠨ ᠠᠭᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠣᠯᠵᠣᠨ | ᠲᠣᠭᠲᠠᠭᠰᠠᠨ ᠬᠠᠮᠢᠶ᠎ᠠ ᠪᠦᠬᠦᠢ ᠵᠠᠷᠤᠳᠠᠯ ᠢ ᠴᠢᠳᠠᠬᠤ ᠶᠢᠨ ᠬᠢᠷᠢ ᠪᠠᠷ ᠪᠠᠲᠤᠯᠠᠨ᠎ᠠ᠃ ᠱᠠᠩᠬᠠᠢ ᠶᠢᠨ ᠵᠠᠮ | ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠶᠢᠨ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ ᠯᠦᠭᠡ ᠶᠢᠨ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠠᠶᠢᠹᠦ᠋ᠷ ᠤᠨ | ᠬᠤᠪᠢᠴᠠᠭᠠᠨ ᠤ ᠡᠷᠬᠡ ᠶᠢ ᠳᠡᠭᠡᠭᠰᠢ ᠲᠤᠰᠢᠶᠠᠬᠤ ᠪᠠ ᠪᠡᠯᠡ ᠣᠷᠣᠭᠤᠯᠤᠯᠲᠠ ᠶᠢᠨ ᠠᠰᠠᠭᠤᠳᠠᠯ ᠢ ᠲᠦᠷᠭᠡᠳᠬᠡᠨ | ᠰᠢᠢᠳᠪᠦᠷᠢᠯᠡᠨ᠎ᠡ᠃ ᠬᠠᠷᠢᠶᠠᠲᠤ ᠣᠷᠣᠨ ᠤ ᠠᠵᠤ ᠠᠬᠤᠶᠢᠯᠠᠯ ᠤᠨ ᠡᠯ᠎ᠡ ᠱᠠᠲᠤᠨ ᠤ ᠡᠯ᠎ᠡ ᠲᠥᠷᠥᠯ ᠤᠨ | ᠮᠡᠷᠭᠡᠵᠢᠯ ᠤᠨ ᠰᠢᠨ᠎ᠡ ᠶᠢ ᠡᠭᠦᠳᠬᠦ ︵ᠰᠤᠳᠤᠯᠭᠠᠨ︶ ᠶᠢᠨ ᠲᠥᠪ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ | ᠢᠳᠡᠪᠬᠢᠲᠡᠢ ᠪᠠᠷ ᠡᠭᠦᠳᠦᠨ᠂ ᠱᠧᠨᠶᠠᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠤᠯᠤᠰ ᠤᠨ ᠬᠤᠪᠣᠷ | ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ | ᠂ ᠳᠤᠮᠳᠠᠳᠤ ᠤᠯᠤᠰ ᠤᠨ ᠴᠠᠬᠢᠯᠭᠠᠨ ᠤ ᠮᠡᠷᠭᠡᠵᠢᠯ ᠤᠨ ᠰᠢᠨᠵᠢᠯᠡᠭᠡᠨ ᠤ ᠨᠡᠶᠢᠭᠡᠮᠯᠢᠭ ᠵᠡᠷᠭᠡ ᠨᠢᠭᠡᠨᠲᠡ ᠭᠡᠷ᠎ᠡ | ᠲᠣᠭᠲᠠᠭᠰᠠᠨ 2 ᠰᠢᠨᠵᠢᠯᠡᠬᠦ ᠤᠬᠠᠭᠠᠨ ᠮᠡᠷᠭᠡᠵᠢᠯ ᠤᠨ ᠲᠠᠪᠴᠠᠩ ᠯᠤᠭ᠎ᠠ ᠶᠢᠨ ᠦᠨᠡᠨ ᠪᠣᠳᠠᠲᠠᠢ ᠬᠠᠮᠲᠤᠷᠠᠯᠴᠠᠭ᠎ᠠ ᠶᠢ | ᠲᠦᠷᠭᠡᠳᠬᠡᠨ ᠠᠬᠢᠭᠤᠯᠵᠤ᠂ ᠪᠡᠭᠡᠵᠢᠩ ᠶᠡᠭᠡ ᠰᠤᠷᠭᠠᠭᠤᠯᠢ ᠶᠢᠨ ᠬᠤᠪᠣᠷ ᠰᠢᠷᠣᠢ ᠶᠢᠨ ᠮᠠᠲ᠋ᠧᠷᠢᠶᠠᠯ ᠤᠨ ᠬᠢᠮᠢ ᠵᠢᠴᠢ | ᠬᠡᠷᠡᠭᠯᠡᠭᠡᠨ ᠤ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠢᠳᠡᠪᠬᠢᠲᠡᠢ ᠪᠠᠷ ᠤᠷᠤᠭᠤᠯᠤᠨ᠎ᠠ᠃ | ᠭᠤᠷᠪᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠵᠦᠢᠯᠡᠰ ᠢ ᠭᠤᠶᠤᠴᠢᠯᠠᠨ ᠮᠡᠳᠡᠭᠦᠯᠬᠦ ᠡᠷᠴᠢᠮ ᠢ ᠴᠢᠩᠭᠠᠷᠠᠭᠤᠯᠤᠨ᠎ᠠ | ᠃ ᠠᠵᠤ ᠠᠬᠤᠶᠢᠯᠠᠯ ᠤᠨ ᠪᠣᠭᠤᠳᠠᠯ ᠪᠠᠭᠯᠠᠭ᠎ᠠ ᠶᠢ ᠢᠳᠡᠪᠬᠢᠲᠡᠢ ᠪᠠᠷ ᠬᠠᠪᠰᠤᠷᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠥᠷᠥᠯ ᠵᠦᠢᠯ ᠢᠶᠠᠷ ᠭᠤᠶᠤᠴᠢᠯᠠᠨ ᠮᠡᠳᠡᠭᠦᠯᠵᠦ᠂ ᠡᠯ᠎ᠡ ᠲᠥᠷᠥᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠪᠡᠯᠡ ᠮᠥᠩᠭᠦ ᠶᠢ ᠴᠢᠷᠮᠠᠶᠢᠨ ᠣᠯᠬᠤ ᠪᠠ ᠡᠮᠬᠢᠯᠡᠨ ᠨᠡᠶᠢᠯᠡᠭᠦᠯᠵᠦ᠂ ᠠᠵᠤ ᠠᠬᠤᠶᠢᠯᠠᠯ ᠢ ᠳᠠᠶᠢᠴᠢᠯᠠᠨ | ᠮᠡᠷᠭᠡᠵᠢᠯ ᠢ ᠲᠠᠰ ᠳᠡᠪᠰᠢᠭᠦᠯᠦᠨ ᠥᠭᠡᠷᠡᠴᠢᠯᠡᠬᠦ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠪᠡᠯᠡ ᠮᠥᠩᠭᠦ ᠶᠢ | ᠢᠷᠡᠯᠲᠡ ᠶᠢᠨ ᠠᠷᠭ᠎ᠠ ᠵᠠᠮ᠂ ᠶᠡᠷᠦᠩᠬᠡᠢ ᠬᠡᠮᠵᠢᠶ᠎ᠡ ᠲᠤᠭ᠎ᠠ ᠬᠡᠮᠵᠢᠶ᠎ᠡ᠂ ᠬᠡᠷᠡᠭᠯᠡᠬᠦ ᠭᠤᠣᠯ ᠴᠣᠭᠴᠠ ᠶᠢ ᠬᠤᠪᠢᠷᠠᠭᠤᠯᠬᠤ | ᠦᠭᠡᠢ ᠪᠠᠶᠢᠬᠤ ᠵᠠᠷᠴᠢᠮ ᠤᠨ ᠳᠣᠣᠷ᠎ᠠ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠠᠮᠢᠶᠠᠷᠤᠯᠲᠠ ᠶᠢᠨ ᠠᠷᠭ᠎ᠠ ᠮᠠᠶ᠋ᠢᠭ | ᠪᠠ ᠳᠠᠩᠰᠠᠯᠠᠬᠤ ᠵᠦᠢᠯ ᠢᠯᠭᠠᠯ ᠳᠤ ᠲᠣᠬᠢᠷᠠᠭᠤᠯᠤᠯᠲᠠ ᠬᠢᠬᠦ ᠪᠠᠷ ᠳᠠᠮᠵᠢᠭᠤᠯᠤᠨ᠂ ᠡᠳ᠋ ᠤᠨ ᠵᠠᠰᠠᠭ ᠤᠨ ᠪᠡᠯᠡ | ᠮᠥᠩᠭᠦ ᠶᠢ ᠰᠤᠳᠤᠯᠤᠨ ᠨᠡᠭᠡᠭᠡᠬᠦ ᠣᠷᠣᠭᠤᠯᠤᠯᠲᠠ ᠪᠣᠯᠭᠠᠨ ᠬᠤᠪᠢᠷᠠᠭᠤᠯᠬᠤ ᠬᠠᠷᠢᠴᠠᠯ ᠤᠨ ᠨᠣᠷᠮ᠎ᠠ ᠶᠢ | ᠳᠡᠭᠡᠭᠰᠢᠯᠡᠭᠦᠯᠦᠨ᠎ᠡ᠃ ᠤᠯᠤᠰ ᠠᠴᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢ | ᠵᠢᠷᠤᠮᠵᠢᠭᠤᠯᠬᠤ ᠪᠠᠷ ᠲᠣᠬᠢᠶᠠᠯ ᠪᠣᠯᠭᠠᠵᠤ᠂ ᠬᠤᠳᠠᠯᠳᠤᠭᠠᠴᠢᠨ ᠤᠷᠢᠬᠤ ᠶᠢ ᠱᠠᠩᠨᠠᠬᠤ ᠪᠤᠶᠤ ᠨᠥᠬᠦᠪᠦᠷᠢ ᠥᠭᠬᠦ | ᠠᠷᠭ᠎ᠠ ᠮᠠᠶ᠋ᠢᠭ ᠲᠤ ᠵᠣᠬᠢᠰᠲᠠᠢ ᠲᠣᠬᠢᠷᠠᠭᠤᠯᠤᠯᠲᠠ ᠬᠢᠵᠦ᠂ ᠤᠤᠯ ᠤᠨ ᠬᠤᠳᠠᠯᠳᠤᠭᠠᠴᠢᠨ ᠤᠷᠢᠬᠤ ᠲᠥᠷᠥᠯ | ᠵᠦᠢᠯ ᠤᠨ ᠦᠢᠯᠡᠳᠪᠦᠷᠢᠯᠡᠯ ᠤᠨ ᠴᠢᠨᠠᠷᠲᠠᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ᠂ | ᠡᠵᠡᠩᠨᠡᠯᠲᠡ ᠶᠢᠨ ᠴᠢᠨᠠᠷᠲᠠᠢ ᠨᠥᠬᠦᠪᠦᠷᠢ ᠵᠡᠷᠭᠡ ᠡᠳ᠋ ᠤᠨ ᠵᠠᠰᠠᠭ ᠤᠨ ᠪᠡᠯᠡ ᠮᠥᠩᠭᠦ ᠶᠢ ᠰᠤᠳᠤᠯᠤᠨ ᠨᠡᠭᠡᠭᠡᠬᠦ | ᠵᠠᠷᠤᠳᠠᠯ ᠤᠨ ᠣᠷᠣᠭᠤᠯᠤᠯᠲᠠ ᠪᠣᠯᠭᠠᠨ ᠬᠤᠪᠢᠷᠠᠭᠤᠯᠬᠤ ᠶᠢ ᠦᠨᠡᠨᠬᠦ ᠪᠠᠲᠤᠯᠠᠨ᠎ᠠ᠃ | ︵ᠲᠠᠪᠤ︶ ᠡᠳ᠋ ᠤᠨ ᠵᠠᠰᠠᠭ ᠭᠠᠶᠢᠯᠢ ᠪᠣᠯᠣᠨ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠢ | ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠢ | ᠨᠢᠭᠡ ᠳᠤ ᠣᠷᠣᠯᠭ᠎ᠠ ᠶᠢ ᠵᠣᠬᠢᠶᠠᠨ ᠪᠠᠶᠢᠭᠤᠯᠬᠤ ᠡᠷᠴᠢᠮ ᠢ ᠦᠨᠡᠨ ᠬᠦ ᠴᠢᠩᠭᠠᠷᠠᠭᠤᠯᠤᠨ᠎ᠠ᠃ ᠮᠠᠨ ᠤ ᠡᠨᠡ | ᠵᠢᠯ ᠤᠨ ᠡᠳ᠋ ᠤᠨ ᠵᠠᠰᠠᠭ ᠤᠨ ᠲᠥᠰᠥᠪ ᠢ ᠥᠴᠥᠭᠡᠳᠦᠷ ᠤᠨ ᠨᠠᠮ ᠤᠨ ᠠᠵᠢᠯᠯᠠᠬᠤ ᠬᠤᠷᠢᠶᠠᠨ ᠤ ᠬᠤᠷᠠᠯᠳᠤᠭᠠᠨ | ᠳᠡᠭᠡᠷ᠎ᠡ ᠨᠢᠭᠡᠨᠲᠡ ᠰᠤᠳᠤᠯᠵᠤ ᠵᠠᠷᠴᠢᠮ ᠳᠡᠭᠡᠷ᠎ᠡ ᠪᠠᠨ ᠪᠠᠲᠤᠯᠠᠪᠠ᠂ ᠪᠢᠳᠡ ᠪᠣᠯ ᠲᠣᠮᠢᠯᠠᠭᠰᠠᠨ ᠪᠠᠶᠢᠭᠤᠯᠤᠮᠵᠢ ᠪᠣᠯᠬᠤ | ᠤᠴᠢᠷ ᠠᠴᠠ ᠲᠠᠷᠠᠭᠠᠴᠢ ᠶᠢᠨ ᠠᠯᠬᠤᠮ ᠳᠤ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠶᠠᠷᠢᠯᠴᠠᠭᠤᠯᠬᠤ ᠴᠢᠬᠤᠯᠠ ᠲᠠᠢ ᠪᠠᠶᠢᠨ᠎ᠠ᠃ ᠲᠥᠰᠥᠪ ᠤᠨ | ᠲᠣᠬᠢᠷᠠᠭᠤᠯᠤᠯᠲᠠ ᠪᠠᠷ ᠪᠣᠯ ᠡᠨᠡ ᠵᠢᠯ ᠤᠨ ᠣᠷᠣᠯᠭ᠎ᠠ ᠶᠢᠨ ᠡᠭᠦᠷᠭᠡ ᠪᠡᠷᠬᠡ ᠬᠠᠲᠠᠭᠤᠵᠢᠯᠲᠠᠢ ᠪᠠᠶᠢᠨ᠎ᠠ᠃ ᠡᠳ᠋ ᠤᠨ | ᠵᠠᠰᠠᠭ ᠭᠠᠶᠢᠯᠢ ᠶᠢᠨ ᠰᠠᠯᠠᠭ᠎ᠠ ᠮᠥᠴᠢᠷ ᠤᠳ ᠲᠡᠩᠴᠡᠭᠦᠷᠢᠲᠡᠢ ᠬᠥᠮᠥᠷᠭᠡ ᠳᠤ ᠣᠷᠣᠭᠤᠯᠬᠤ ᠶᠢ ᠤᠯᠠᠮ ᠨᠢᠭᠡ ᠠᠯᠬᠤᠮ | ᠴᠢᠩᠭᠠᠳᠬᠠᠵᠤ᠂ ᠭᠠᠶᠢᠯᠢ ᠲᠠᠲᠠᠪᠤᠷᠢ ᠶᠢᠨ ᠵᠠᠳᠠᠯᠤᠯᠲᠠ ᠶᠢ ᠴᠢᠩᠭᠠᠳᠬᠠᠵᠤ᠂ ᠮᠡᠳᠡᠭᠡ ᠵᠠᠩᠭᠢ ᠪᠠᠷ ᠭᠠᠶᠢᠯᠢ | ᠬᠠᠮᠢᠶᠠᠷᠬᠤ ᠪᠠ ᠬᠥᠮᠥᠨ ᠤ ᠬᠦᠴᠦ ᠪᠠᠷ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠵᠤ᠂ ᠬᠠᠭᠤᠴᠢᠨ ᠥᠷᠢ | ᠰᠢᠷᠢ ᠶᠢ ᠢᠯᠭᠠᠷᠠᠭᠤᠯᠬᠤ ᠪᠠ ᠰᠢᠨ᠎ᠡ ᠥᠷᠢ ᠰᠢᠷᠢ ᠶᠢ ᠴᠢᠩᠭ᠎ᠠ ᠬᠢᠵᠠᠭᠠᠷᠯᠠᠬᠤ ᠶᠢ ᠬᠠᠷᠢᠯᠴᠠᠨ ᠤᠶᠠᠯᠳᠤᠭᠤᠯᠬᠤ | ᠬᠡᠷᠡᠭᠲᠡᠢ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠬᠤ ᠶᠢᠨ ᠵᠡᠷᠭᠡᠴᠡᠭᠡᠪᠡᠷ ᠬᠤᠷᠢᠶᠠᠬᠤ ᠶᠣᠰᠣᠲᠠᠢ ᠶᠢ ᠨᠢ ᠴᠥᠮ ᠬᠤᠷᠢᠶᠠᠬᠤ ᠶᠢ ᠦᠨᠡᠨ ᠬᠦ | ᠪᠠᠲᠤᠯᠠᠵᠤ᠂ ᠡᠷᠬᠡ ᠲᠡᠭᠰᠢ ᠲᠥᠪ ᠭᠤᠣᠯᠴᠢ ᠭᠠᠶᠢᠯᠢ ᠲᠠᠲᠠᠪᠤᠷᠢ ᠶᠢᠨ ᠡᠮᠬᠢ ᠵᠢᠷᠤᠮ ᠢ ᠬᠠᠮᠠᠭᠠᠯᠠᠨ᠎ᠠ᠃ ᠣᠷᠣᠨ | ᠪᠦᠰᠡ ᠠᠯᠤᠰᠯᠠᠭᠰᠠᠨ᠂ ᠬᠤᠪᠢᠶᠠᠷᠢ ᠺᠣᠮᠫᠠᠨᠢ ᠪᠠᠶᠢᠭᠤᠯᠤᠭᠰᠠᠨ ᠭᠠᠶᠢᠯᠢ ᠶᠢᠨ ᠢᠷᠡᠯᠲᠡ ᠶᠢᠨ ᠲᠣᠮᠣ ᠡᠷᠤᠭᠡ ᠶᠢ | ᠭᠤᠣᠯᠳᠠᠯᠭ᠎ᠠ ᠲᠠᠢ ᠪᠠᠷ ᠠᠩᠬᠠᠷᠴᠤ᠂ ᠭᠠᠶᠢᠯᠢ ᠶᠢᠨ ᠢᠷᠡᠯᠲᠡ ᠶᠢᠨ ᠠᠯᠳᠠᠭᠳᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ᠪᠡᠯᠡ ᠮᠥᠩᠭᠦ ᠣᠯᠬᠤ ᠬᠦᠷᠢᠶ᠎ᠡ ᠬᠡᠪᠴᠢᠶ᠎ᠡ ᠶᠢ ᠴᠢᠷᠮᠠᠶᠢᠨ ᠥᠷᠭᠡᠳᠬᠡᠵᠦ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠪᠠᠭᠠᠰᠴᠤ ᠪᠠᠶᠢᠭ᠎ᠠ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠢᠳᠡᠪᠬᠢᠲᠡᠢ ᠪᠠᠷ | ᠳᠡᠭᠡᠭᠰᠢ ᠪᠡᠯᠡ ᠮᠥᠩᠭᠦ ᠣᠯᠬᠤ ᠬᠡᠷᠡᠭᠲᠡᠢ᠃ ᠨᠢᠭᠡᠴᠡ ᠨᠢᠭᠡᠪᠦᠷᠢ ᠴᠥᠮ ᠪᠡᠯᠡ ᠮᠥᠩᠭᠦ ᠣᠯᠬᠤ ᠵᠦᠢᠯᠡᠰ ᠤᠨ | ᠲᠣᠳᠣᠷᠬᠠᠢ ᠬᠠᠭᠤᠳᠠᠰᠤ ᠭᠠᠷᠭᠠᠵᠤ᠂ ᠠᠵᠤ ᠠᠬᠤᠢ ᠶᠢᠨ ᠬᠥᠭᠵᠢᠯᠲᠡ ᠶᠢᠨ ᠲᠣᠪᠴᠢᠶ᠎ᠠ ᠠᠴᠠ ᠪᠡᠯᠡ ᠮᠥᠩᠭᠦ ᠣᠯᠬᠤ | ᠮᠡᠳᠡᠭᠡ ᠵᠠᠩᠭᠢ ᠪᠠ ᠲᠤᠬᠠᠶᠢᠯᠠᠭᠰᠠᠨ ᠠᠵᠢᠯ ᠤᠨ ᠵᠦᠭᠯᠡᠭᠦᠷ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ | ᠬᠡᠷᠡᠭᠲᠡᠢ᠃ | ᠬᠤᠶᠠᠷ ᠲᠤ ︽ᠠᠷᠪᠢᠯᠠᠨ ᠭᠠᠮᠨᠠᠵᠤ ᠠᠮᠢᠳᠤᠷᠠᠬᠤ︾ ᠳᠤ ᠦᠨᠡᠨ ᠬᠦ ᠳᠠᠳᠬᠤ ᠬᠡᠷᠡᠭᠲᠡᠢ᠃ ᠮᠠᠨ ᠤ ᠵᠠᠷᠢᠮ | ᠨᠢᠭᠡᠴᠢ ᠶᠢᠨ ᠬᠢᠨ ᠥᠪᠡᠷ ᠤᠨ ᠱᠠᠯᠢᠨ ᠪᠦᠷᠢᠯᠭᠡᠬᠦ ᠶᠠᠪᠤᠳᠠᠯ ᠳᠠᠭᠠᠨ ᠣᠮᠤᠭ ᠲᠡᠭᠦᠯᠳᠡᠷ ᠢᠶᠠᠷ ᠬᠠᠨᠳᠤᠵᠤ᠂ ᠭᠠᠷ | ᠶᠡᠬᠡᠲᠡᠢ ᠶᠠᠪᠤᠳᠠᠯ ᠨᠢᠭᠡᠨᠲᠡ ᠪᠠᠲᠤ ᠪᠠᠬᠢ ᠦᠨᠳᠦᠰᠦ ᠰᠠᠭᠤᠷᠢ ᠲᠠᠢ ᠪᠣᠯᠵᠤ᠂ ᠠᠷᠪᠢᠯᠠᠨ ᠭᠠᠮᠨᠠᠵᠤ | ᠠᠮᠢᠳᠤᠷᠠᠬᠤ ᠳᠠᠭᠠᠨ ᠮᠥᠨ ᠯᠡ ᠠᠮᠠᠨ ᠳᠡᠭᠡᠷ᠎ᠡ ᠪᠠᠨ ᠵᠣᠭᠰᠣᠩᠭᠢᠷᠠᠵᠤ ᠪᠠᠶᠢᠨ᠎ᠠ᠂ ᠡᠭᠦᠨ ᠤ ᠬᠠᠮᠤᠭ ᠤᠨ ᠶᠡᠭᠡ | ᠠᠰᠠᠭᠤᠳᠠᠯ ᠪᠣᠯ ᠠᠰᠠᠭᠤᠳᠠᠯ ᠢ ᠤᠬᠠᠮᠰᠠᠷᠠᠵᠤ ᠣᠯᠬᠤ ᠦᠭᠡᠢ ᠪᠠᠶᠢᠬᠤ ᠳᠤ ᠣᠷᠣᠰᠢᠨ᠎ᠠ᠃ ᠡᠳ᠋ ᠤᠨ ᠵᠠᠰᠠᠭ ᠤᠨ | ᠵᠣᠭᠤᠰ ᠪᠣᠯ ᠠᠷᠠᠳ ᠲᠦᠮᠡᠨ ᠤ ᠵᠣᠭᠤᠰ ᠮᠥᠨ᠂ ᠨᠢᠭᠡ ᠮᠥᠩᠭᠦ ᠨᠢᠭᠡ ᠯᠢ ᠶᠢ ᠴᠦ ᠳᠤᠷ᠎ᠠ ᠪᠠᠷ ᠢᠶᠠᠨ ᠵᠠᠷᠤᠵᠤ | ᠪᠣᠯᠬᠤ ᠦᠭᠡᠢ ᠭᠡᠳᠡᠭ ᠢ ᠪᠠᠲᠤ ᠴᠡᠭᠡᠵᠢᠯᠡᠵᠦ᠂ ᠬᠡᠷᠡᠭ ᠦᠭᠡᠢ ᠵᠠᠷᠤᠯᠭ᠎ᠠ ᠶᠢ ᠡᠷᠡᠰ ᠢᠶᠠᠷ ᠪᠠᠭᠠᠰᠬᠠᠵᠤ᠂ ᠭᠠᠷ ᠶᠡᠬᠡᠲᠡᠢ | ᠬᠡᠷᠡᠭ ᠢ ᠴᠢᠩᠭ᠎ᠠ ᠰᠢᠳᠬᠡᠬᠦ ᠬᠡᠷᠡᠭᠲᠡᠢ᠃ ᠥᠪᠡᠷ ᠤᠨ ᠵᠣᠭᠤᠰ ᠢᠶᠠᠨ ᠨᠠᠨᠳᠢᠩᠨᠠᠬᠤ ᠲᠠᠢ ᠠᠳᠠᠯᠢ ᠪᠠᠷ ᠭᠠᠶᠢᠯᠢ | ᠲᠤᠰᠢᠶᠠᠭᠴᠢ ᠶᠢᠨ ᠵᠣᠭᠤᠰ ᠢ ᠨᠠᠨᠳᠢᠩᠨᠠᠬᠤ ᠬᠡᠷᠡᠭᠲᠡᠢ᠃ ᠥᠪᠡᠷ ᠤᠨ ᠴᠠᠯᠢᠩ ᠢᠶᠠᠨ ᠠᠷᠪᠢᠯᠠᠬᠤ ᠲᠠᠢ ᠠᠳᠠᠯᠢ ᠪᠠᠷ | ᠪᠠᠢᠭᠤᠯᠭ᠎ᠠ ᠶᠢᠨ ᠢᠶᠠᠨ ᠠᠯᠪᠠᠨ ᠤ ᠵᠣᠭᠤᠰ ᠢ ᠠᠷᠪᠢᠯᠠᠨ᠎ᠠ᠃ ᠪᠡᠯᠡ ᠮᠥᠩᠭᠦ ᠲᠣᠬᠢᠷᠠᠭᠤᠯᠬᠤ ᠪᠠᠴᠢᠮ ᠬᠡᠷᠡᠭᠴᠡᠭᠡ ᠲᠠᠢ | ᠪᠣᠯ ᠣᠯᠠᠩᠬᠢ ᠳᠠᠭᠠᠨ ᠠᠵᠢᠯ ᠳᠤ ᠭᠠᠷᠬᠤ᠂ ᠬᠦᠴᠦ ᠭᠠᠷᠭᠠᠬᠤ᠂ ᠡᠳ᠋ ᠪᠣᠳᠠᠰ ᠭᠠᠷᠭᠠᠬᠤ᠂ ᠲᠠᠯᠠᠪᠤᠷ ᠭᠠᠷᠭᠠᠬᠤ ᠵᠡᠷᠭᠡ | ᠠᠷᠭ᠎ᠠ ᠪᠠᠷ ᠰᠢᠢᠳᠪᠦᠷᠢᠯᠡᠵᠦ᠂ ᠵᠢᠩᠬᠢᠨᠢ ᠠᠯᠳᠠ ᠮᠥᠩᠭᠦᠨ ᠤ ᠵᠠᠷᠤᠯᠭ᠎ᠠ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠢ᠃ | ᠨᠠᠮ ᠵᠠᠰᠠᠭ ᠤᠨ ᠪᠠᠶᠢᠭᠤᠯᠤᠯᠭ᠎ᠠ ᠶᠢᠨ ᠢᠨᠵᠧᠨᠧᠷᠢᠩ ᠦᠭᠡᠢ ᠣᠨ᠂ ᠡᠳ᠋ ᠤᠨ ᠵᠠᠰᠠᠭ ᠠᠴᠠ ᠠᠵᠢᠯᠯᠠᠬᠤ | ᠭᠠᠵᠠᠷ ᠲᠤ ᠬᠡᠷᠡᠭᠯᠡᠬᠦ ᠦᠭᠡᠢ ᠰᠡᠯᠪᠢᠨ ᠵᠠᠰᠠᠬᠤ ᠪᠡᠯᠡ ᠮᠥᠩᠭᠦ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ | ᠠᠯᠪᠠᠨ ᠳᠤ ᠬᠡᠷᠡᠭᠯᠡᠬᠦ ᠭᠡᠷ ᠪᠠᠶᠢᠰᠢᠩ ᠢ ᠱᠠᠯᠠᠪᠳᠠᠨ ᠡᠮᠬᠢᠯᠡᠨ ᠨᠡᠶᠢᠯᠡᠭᠦᠯᠵᠦ᠂ ᠠᠯᠪᠠᠨ ᠤ ᠭᠠᠵᠠᠷ ᠢ ᠲᠦᠷᠢᠶᠡᠰᠦᠯᠡᠨ | ᠵᠢᠭᠡᠯᠡᠭᠦᠯᠬᠦ ᠶᠢ ᠴᠡᠪᠡᠷᠯᠡᠨ᠎ᠡ᠃ | ᠭᠤᠷᠪᠠ ᠳᠤ ᠵᠢᠭᠡᠯᠡᠯᠭᠡ ᠶᠢᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ᠎ᠡ᠃ ᠵᠠᠰᠠᠭ ᠤᠨ | ᠣᠷᠳᠣᠨ ᠤ ᠥᠷᠢ ᠥᠭᠴᠡᠭᠡ ᠶᠢ ᠠᠷᠢᠯᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠯᠠᠪᠤᠷ | ᠥᠩᠭᠡ ᠶᠢᠨ ᠲᠠᠰ ᠠᠴᠠ ᠡᠷᠲᠡᠬᠡᠨ ᠤᠬᠤᠷᠢᠨ ᠭᠠᠷᠬᠤ ᠪᠠᠷ ᠴᠢᠷᠮᠠᠶᠢᠨ᠎ᠠ᠃ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠡᠵᠡᠩᠨᠡᠯᠲᠡ ᠶᠢᠨ ᠴᠢᠨᠠᠷᠲᠠᠢ ᠥᠷᠢ ᠥᠭᠴᠡᠭᠡ ᠶᠢ ᠢᠳᠡᠪᠬᠢᠲᠡᠢ ᠪᠠᠷ ᠠᠷᠢᠯᠭᠠᠨ᠂ ᠤᠯᠤᠰ ᠤᠨ | ᠥᠮᠴᠢᠯᠡᠯᠲᠦ ᠺᠣᠮᠫᠠᠨᠢ ᠶᠢᠨ ᠥᠷᠢ ᠥᠭᠴᠡᠭᠡ ᠶᠢᠨ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ︽ | ᠰᠢᠨ᠎ᠡ ᠪᠠᠷ ᠵᠢᠭᠡᠯᠡᠵᠦ ᠬᠠᠭᠤᠴᠢᠨᠢ ᠪᠤᠴᠠᠭᠠᠬᠤ︾ ᠠᠴᠠ ᠭᠠᠳᠠᠨ᠎ᠠ᠂ ᠣᠷᠣᠨ ᠤ ᠬᠠᠷᠢᠶ᠎ᠠ ᠪᠦᠬᠦᠢ ᠤᠯᠤᠰ ᠤᠨ | ᠥᠮᠴᠢᠯᠡᠯᠲᠦ ᠺᠣᠮᠫᠠᠨᠢ ᠶᠢᠨ ᠲᠡᠬᠢᠨ ᠰᠢᠨ᠎ᠡ ᠪᠠᠷ ᠥᠷᠢ ᠥᠭᠴᠡᠭᠡ ᠵᠢᠭᠡᠯᠡᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠬᠦ | ᠦᠭᠡᠢ᠂ ᠤᠳᠤ ᠪᠠᠶᠢᠭ᠎ᠠ ᠡᠵᠡᠩᠨᠡᠯᠲᠡ ᠶᠢᠨ ᠴᠢᠨᠠᠷᠲᠠᠢ ᠥᠷᠢ ᠥᠭᠴᠡᠭᠡ ᠶᠢᠨ ᠬᠦᠦ ᠶᠢᠨ ᠨᠤᠷᠮ᠎ᠠ ᠶᠢ ᠴᠥᠮ 4.5% | ᠠᠴᠠ ᠳᠣᠷᠣᠭᠰᠢ ᠪᠣᠯᠲᠠᠯ᠎ᠠ ᠪᠠᠭᠤᠷᠠᠭᠤᠯᠬᠤ ᠬᠡᠷᠡᠭᠲᠡᠢ᠃ ᠤᠯᠤᠰ ᠤᠨ ᠥᠮᠴᠢᠯᠡᠯ ᠤᠨ ᠺᠣᠮᠫᠠᠨᠢ ᠥᠪᠡᠷ ᠤᠨ ᠴᠢᠰᠤ | ᠪᠦᠲᠦᠭᠡᠬᠦ ᠴᠢᠳᠠᠪᠤᠷᠢ ᠪᠠᠨ ᠴᠢᠩᠭᠠᠳᠬᠠᠵᠤ᠂ ᠲᠤᠬᠠᠶᠢᠯᠠᠭᠰᠠᠨ ᠠᠵᠢᠯ ᠦᠭᠡᠢ᠂ ᠬᠤᠪᠢ ᠨᠡᠮᠡᠷᠢ ᠦᠭᠡᠢ᠂ ᠴᠢᠳᠠᠮᠵᠢ ᠪᠠᠨ | ᠪᠡᠶᠡᠯᠡᠭᠦᠯᠬᠦ ᠶᠢᠨ ᠠᠷᠭ᠎ᠠ ᠦᠭᠡᠢ ᠬᠤᠪᠢᠶᠠᠷᠢ ᠺᠣᠮᠫᠠᠨᠢ ᠶᠢ ᠬᠢᠨᠠᠮᠠᠭᠠᠢ ᠴᠡᠪᠡᠷᠯᠡᠵᠦ᠂ ᠳᠠᠪᠠᠭᠤᠯᠢᠭ ᠦᠭᠡᠢ᠂ | ᠬᠥᠭᠵᠢᠯᠲᠡ ᠶᠢᠨ ᠳᠠᠯᠳᠠ ᠬᠦᠴᠦᠨ ᠦᠭᠡᠢ ᠲᠤᠬᠠᠶᠢᠯᠠᠭᠰᠠᠨ ᠠᠵᠢᠯ ᠪᠠ ᠡᠳ᠋ ᠬᠥᠷᠥᠩᠭᠡ ᠠᠴᠠ ᠡᠷᠡᠰ ᠤᠬᠤᠷᠢᠨ | ᠭᠠᠷᠬᠤ ᠬᠡᠷᠡᠭᠲᠡᠢ᠃ | ︵ᠵᠢᠷᠭᠤᠭ᠎ᠠ︶ ᠬᠤᠲᠠ ᠶᠢᠨ ᠪᠦᠲᠦᠭᠡᠨ ᠪᠠᠶᠢᠭᠤᠯᠤᠯᠲᠠ ᠪᠠ ᠣᠷᠴᠢᠨ ᠲᠣᠭᠤᠷᠢᠨ ᠤ ᠵᠠᠰᠠᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ | ᠨᠢᠭᠡ ᠳᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠰᠠᠭᠤᠷᠢ ᠲᠥᠬᠦᠭᠡᠷᠦᠮᠵᠢ ᠶᠢ | ᠲᠡᠭᠦᠯᠳᠡᠷᠵᠢᠭᠦᠯᠬᠦ ᠬᠡᠷᠡᠭᠲᠡᠢ᠃ 210 ᠤᠯᠤᠰ ᠤᠨ ᠵᠠᠮ ᠠᠴᠠ ᠵᠡᠭᠦᠨᠰᠢᠬᠢ ᠣᠷᠣᠨ ᠪᠦᠰᠡ᠂ ᠬᠤᠸᠠ ᠳ᠋ᠢᠶᠠᠨ | ᠥᠩᠭᠡ ᠦᠵᠡᠮᠵᠢ ᠤᠰᠤᠲᠥ᠋ᠷᠥᠭᠴᠢ ᠶᠢᠨ ᠨᠥᠭᠡᠴᠡ ᠶᠢᠨ ᠳᠡᠭᠡᠳᠦ ᠲᠠᠰ ᠤᠨ ᠦᠢᠯᠡᠳᠬᠦ ᠠᠵᠤ ᠦᠢᠯᠡᠰ ᠤᠨ | ᠬᠦᠷᠢᠶᠡᠯᠡᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠬᠡᠰᠡᠭ ᠭᠠᠵᠠᠷ ᠤᠨ ᠵᠠᠮ | ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠬᠦᠰᠡᠵᠦ᠂ ᠬᠤᠲᠠ ᠶᠢᠨ ᠵᠠᠰᠠᠭ ᠤᠨ ᠣᠷᠳᠣᠨ ᠤ | ᠨᠡᠶᠢᠲᠡᠯᠡᠭᠰᠡᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ | ᠪᠠᠶᠢᠭᠤᠯᠵᠤ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠠᠶᠢᠭᠤᠯᠵᠤ ᠳᠠᠭᠤᠰᠬᠠᠨ ᠬᠡᠷᠡᠭᠯᠡᠬᠦ ᠶᠢ ᠪᠠᠲᠤᠯᠠᠨ᠎ᠠ᠃ | ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠣᠯᠠᠨ ᠲᠦᠮᠡᠨ ᠲᠠᠢ ᠣᠶᠢᠷᠠᠲᠤᠨ᠂ ᠠᠷᠪᠢᠲᠠᠢ | ᠭᠠᠮᠲᠠᠢ ᠪᠣᠳᠠᠲᠠᠢ ᠶᠢ ᠡᠷᠬᠢᠮᠯᠡᠭᠰᠡᠨ ᠨᠢᠭᠤᠴᠠᠯᠠᠭᠰᠠᠨ ᠬᠠᠷᠮᠠᠨ ᠴᠡᠴᠡᠷᠯᠢᠭ ᠵᠡᠷᠭᠡ ᠣᠯᠠᠨ ᠨᠡᠶᠢᠲᠡ ᠶᠢᠨ ᠲᠠᠯᠠᠪᠤᠷ ᠢ | ᠦᠷᠭᠦᠯᠵᠢᠯᠡᠨ ᠪᠠᠶᠢᠭᠤᠯᠤᠨ᠎ᠠ᠃ ᠡᠨᠡ ᠵᠢᠯ ︽ᠵᠠᠬ᠎ᠠ ᠬᠢᠵᠠᠭᠠᠷ ᠦᠭᠡᠢ ᠴᠡᠴᠡᠷᠯᠢᠭ︾ ᠢ ᠪᠠᠶᠢᠭᠤᠯᠤᠭᠰᠠᠨ ᠰᠠᠭᠤᠷᠢᠨ | ᠳᠡᠭᠡᠷ᠎ᠡ᠂ ᠴᠡᠴᠡᠷᠯᠢᠭ ᠤᠨ ᠨᠣᠭᠤᠭᠠᠷᠠᠭᠤᠯᠤᠭᠰᠠᠨ ᠭᠠᠵᠠᠷ ᠢ ᠨᠡᠭᠡᠭᠡᠯᠲᠡ ᠲᠠᠢ ᠪᠥᠭᠡᠳ ᠬᠠᠮᠲᠤ ᠪᠠᠷ ᠡᠳ᠋ᠯᠡᠬᠦ ᠶᠢ | ᠠᠬᠢᠭᠤᠯᠤᠨ᠎ᠠ᠃ ᠪᠥᠬᠦ ᠣᠷᠣᠨ ᠤ ᠭᠠᠵᠠᠷ ᠰᠢᠷᠣᠢ ᠶᠢᠨ ᠠᠰᠢᠭᠯᠠᠯᠲᠠ ᠶᠢᠨ ᠣᠳᠣᠬᠢ ᠪᠠᠶᠢᠳᠠᠯ ᠢ ᠪᠥᠬᠦ ᠲᠠᠯ᠎ᠠ ᠪᠠᠷ | ᠡᠮᠬᠢᠯᠡᠨ ᠲᠣᠳᠣᠷᠬᠠᠶᠢᠯᠠᠵᠤ᠂ ᠪᠥᠬᠦ ᠬᠤᠲᠠ ᠶᠢᠨ ᠭᠠᠵᠠᠷ ᠰᠢᠷᠣᠢ ᠶᠢᠨ ᠡᠬᠢ ᠪᠠᠶᠠᠯᠢᠭ ᠢ ᠨᠢᠭᠡᠳᠦᠯᠲᠡᠢ | ᠲᠣᠬᠢᠷᠠᠭᠤᠯᠤᠨ ᠰᠢᠯᠢᠳᠡᠭᠵᠢᠭᠦᠯᠬᠦ ᠲᠣᠬᠢᠶᠠᠯ ᠢ ᠠᠰᠢᠭᠯᠠᠨ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠠᠰᠢᠭᠲᠠᠢ ᠭᠠᠵᠠᠷ ᠰᠢᠷᠣᠢ ᠶᠢ ᠲᠣᠬᠢᠷᠠᠭᠤᠯᠤᠨ ᠰᠢᠯᠢᠳᠡᠭᠵᠢᠭᠦᠯᠬᠦ ᠰᠠᠨᠠᠯ ᠢ ᠰᠢᠨᠵᠢᠯᠡᠬᠦ ᠤᠬᠠᠭᠠᠨᠴᠢ | ᠪᠥᠭᠡᠳ ᠵᠦᠢ ᠵᠣᠬᠢᠰᠲᠠᠢ ᠪᠠᠷ ᠳᠤᠷᠠᠳᠬᠤ ᠶᠢᠨ ᠬᠠᠮᠲᠤ᠂ ᠦᠷᠭᠦᠯᠵᠢᠯᠡᠨ ᠴᠢᠩᠭ᠎ᠠ ᠠᠩᠬᠠᠷᠴᠤ᠂ ᠴᠢᠷᠮᠠᠶᠢᠨ | ᠪᠦᠲᠦᠭᠡᠬᠦ ᠬᠡᠷᠡᠭᠲᠡᠢ᠃ | ᠬᠤᠶᠠᠷ ᠲᠤ ᠤᠯᠠᠨ ᠲᠦᠮᠡᠨ ᠤ ᠬᠦᠰᠡᠯ ᠡᠷᠡᠮᠡᠯᠵᠡᠯ ᠢᠶᠠᠷ ᠭᠤᠣᠯᠯᠠᠭᠤᠯᠤᠨ ᠬᠤᠳᠠ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠲᠣᠬᠢᠷᠠᠭᠤᠯᠬᠤ ᠬᠡᠷᠡᠭᠲᠡᠢ᠃ ᠤᠯᠤᠰ ᠡᠴᠠᠬᠤᠲᠠ ᠶᠢᠨ ᠬᠠᠮᠢᠶᠠᠷᠤᠯᠲᠠ ᠶᠢᠨ ᠲᠣᠣᠷ ᠤᠨ | ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠠ ᠥᠪᠡᠷᠲᠡᠭᠡᠨ ᠵᠠᠰᠠᠬᠤ ᠣᠷᠣᠨ ᠤ ︽ᠳᠤᠯᠠᠭᠠᠯᠠᠬᠤ ᠢᠨᠵᠧᠨᠧᠷᠢᠩ︾ | ᠢ ᠬᠡᠷᠡᠭᠵᠢᠭᠦᠯᠬᠦ ᠠᠵᠠ ᠲᠣᠬᠢᠶᠠᠯ ᠢ ᠠᠮᠵᠢᠵᠤ᠂ ᠢᠳᠡᠪᠬᠢᠲᠡᠢ ᠪᠠᠷ ᠥᠭᠡᠳᠡᠯᠡᠨ ᠴᠢᠷᠮᠠᠶᠢᠵᠤ᠂ ᠣᠯᠠᠨ ᠲᠦᠮᠡᠨ ᠤ | ᠲᠤᠰᠬᠠᠯ ᠶᠡᠬᠡᠲᠡᠢ ᠳᠤᠯᠠᠭᠠᠯᠠᠭ᠎ᠠ ᠶᠢᠨ ᠠᠰᠠᠭᠤᠳᠠᠯ ᠢ ᠬᠦᠴᠦᠨ ᠢᠶᠠᠨ ᠲᠥᠪᠯᠡᠷᠡᠭᠦᠯᠦᠨ ᠰᠢᠢᠳᠪᠦᠷᠢᠯᠡᠬᠦ ᠬᠡᠷᠡᠭᠲᠡᠢ᠃ | 2 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠡᠭᠦᠷᠭᠡ ᠶᠢ ᠨᠠᠷᠢᠯᠢᠭ ᠣᠨᠣᠴᠠᠲᠠᠢ ᠪᠠᠷ ᠬᠡᠷᠡᠭᠵᠢᠭᠦᠯᠵᠦ᠂ ᠤᠰᠤ | ᠬᠠᠩᠭᠠᠬᠤ᠂ ᠤᠰᠤ ᠵᠠᠯᠠᠬᠤ ᠬᠤᠭᠤᠯᠠᠢ ᠶᠢᠨ ᠲᠣᠣᠷ ᠪᠠ ᠵᠢᠵᠢᠭ ᠲᠣᠭᠤᠷᠢᠭ ᠤᠨ ᠣᠷᠴᠢᠨ ᠲᠣᠭᠤᠷᠢᠨ ᠢ | ᠥᠭᠡᠷᠡᠴᠢᠯᠡᠬᠦ ᠪᠠᠷ ᠭᠤᠣᠯᠯᠠᠭᠤᠯᠤᠨ᠂ ᠣᠯᠠᠨ ᠲᠦᠮᠡᠨ ᠤ ᠡᠰᠡᠷᠭᠦᠴᠡᠵᠦ ᠬᠠᠷᠰᠢᠯᠳᠤᠬᠤ᠂ ᠵᠢᠩᠬᠢᠨᠢ ᠪᠣᠳᠠᠲᠤ ᠠᠴᠢ | ᠬᠤᠯᠪᠣᠭᠳᠠᠯ ᠦᠭᠡᠢ ᠥᠭᠡᠷᠡᠴᠢᠯᠡᠬᠦ ᠲᠥᠷᠥᠯ ᠵᠦᠢᠯ ᠢ ᠬᠢᠬᠦ ᠦᠭᠡᠢ᠃ ᠬᠤᠭ ᠨᠣᠪᠰᠢ ᠶᠢ ᠲᠦᠷᠦᠯ ᠬᠤᠪᠢᠶᠠᠬᠤ | ᠠᠵᠢᠯ ᠢ ᠬᠢᠨᠠᠮᠠᠭᠠᠢ ᠲᠦᠯᠬᠢᠨ ᠠᠬᠢᠭᠤᠯᠤᠨ᠎ᠠ᠃ ᠵᠥᠭᠡᠯᠡᠨ ᠲᠤᠨᠤᠭ᠂ ᠳᠦᠷᠢᠮ ᠢ ᠶᠠᠭᠠᠬᠢᠭᠰᠠᠨ ᠴᠤ ᠠᠯᠳᠠᠵᠤ ᠪᠣᠯᠬᠤ | ᠦᠭᠡᠢ᠂ ᠬᠠᠲᠠᠭᠤ ᠲᠤᠨᠤᠭ ᠢ ᠲᠣᠬᠢᠷᠠᠭᠤᠯᠬᠤ ᠳᠠᠭᠠᠨ ᠵᠠᠪᠠᠯ ᠦᠨᠡᠨ ᠠᠴᠠ ᠵᠥᠪ ᠢ ᠡᠷᠢᠬᠦ ᠬᠡᠷᠡᠭᠲᠡᠢ᠃ ᠵᠠᠷ ᠮᠡᠳᠡᠭᠡᠨ ᠤ | ᠲᠣᠮᠣ ᠠᠰᠠᠷ᠂ ᠬᠠᠢ ᠴᠤᠸᠠᠩ ᠲᠣᠮᠣ ᠠᠰᠠᠷ ᠵᠡᠷᠭᠡ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠤᠨ | ︽ᠬᠠᠭᠠᠰ ᠬᠤᠪᠢ︾ ᠶᠢᠨ ᠢᠨᠵᠧᠨᠧᠷᠢᠩ ᠢ ᠱᠠᠯᠠᠪᠳᠠᠨ ᠠᠮᠢᠳᠤᠯᠢᠭ ᠪᠣᠯᠭᠠᠬᠤ ᠬᠡᠷᠡᠭᠲᠡᠢ᠃ ᠬᠤᠳᠠ ᠶᠢᠨ ᠪᠦᠲᠦᠭᠡᠨ | ᠪᠠᠶᠢᠭᠤᠯᠤᠯᠲᠠ ᠶᠢᠨ ᠵᠦᠢᠯ ᠪᠦᠬᠦᠨ ᠢ ᠴᠥᠮ ᠦᠷᠭᠦᠯᠵᠢ ᠲᠤᠬᠠᠢ ᠶᠢᠨ ᠭᠠᠵᠠᠷ ᠲᠤᠨᠢ ᠭᠦᠨᠵᠡᠭᠡᠶᠢᠷᠡᠭᠦᠯᠵᠦ᠂ | ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃ | ᠭᠤᠷᠪᠠ ᠳᠤ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ | ᠪᠠᠬᠢᠵᠢᠭᠦᠯᠬᠦ ᠬᠡᠷᠡᠭᠲᠡᠢ᠃ ᠴᠢᠨᠳᠠᠭᠠᠨ ᠴᠠᠭᠠᠨ ᠤ ᠭᠤᠣᠯ ᠤᠨ ᠳᠣᠣᠷᠠᠳᠤ ᠤᠷᠤᠰᠬᠠᠯ ᠤᠨ ᠬᠡᠰᠡᠭ ᠢ ᠬᠠᠰᠢᠨ | ᠬᠠᠳᠠᠭᠠᠯᠠᠬᠤ ᠢᠨᠵᠧᠨᠧᠷᠢᠩ ᠪᠠ ᠴᠢᠨᠳᠠᠭᠠᠨ ᠴᠠᠭᠠᠨ ᠤ ᠭᠤᠣᠯ ︵ᠤᠯᠠᠭᠠᠨ ᠲᠤᠭ ᠶᠡᠭᠡ ᠵᠠᠮ ︱ ᠬᠠᠳᠤᠨ | ᠭᠤᠣᠯ ᠤᠨ ᠤᠷᠤᠰᠬᠠᠯ ᠤᠨ ᠠᠮᠠ︶ ᠶᠢ ᠵᠠᠰᠠᠬᠤ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠭᠠᠷᠳᠠᠮ ᠢ | ᠲᠦᠷᠭᠡᠳᠬᠡᠨ ᠭᠦᠢᠴᠡᠳᠬᠡᠵᠦ᠂ ᠳᠡᠭᠡᠳᠦ ᠱᠠᠲᠤᠨ ᠤ ᠪᠡᠯᠡ ᠮᠥᠩᠭᠦ ᠶᠢᠨ ᠣᠷᠣᠭᠤᠯᠤᠯᠲᠠ ᠶᠢ ᠢᠳᠡᠪᠬᠢᠯᠡᠨ ᠣᠯᠵᠤ᠂ | ᠢᠷᠡᠬᠦ ᠵᠢᠯ ᠤᠨ 3 ᠳ᠋ᠤᠭᠠᠷ ᠰᠠᠷ᠎ᠠ ᠶᠢᠨ ᠡᠬᠢ ᠪᠠᠷ ᠠᠵᠢᠯ ᠡᠬᠢᠯᠡᠭᠦᠯᠵᠦ᠂ 4 ᠳ᠋ᠦ᠋ᠭᠡᠷ ᠰᠠᠷ᠎ᠠ ᠶᠢᠨ ᠰᠡᠭᠦᠯᠴᠢ ᠪᠠᠷ | ᠠᠵᠢᠯ ᠳᠠᠭᠤᠰᠬᠠᠵᠤ᠂ ᠬᠠᠲᠤᠨ ᠭᠤᠣᠯ ᠳᠤ ᠣᠷᠣᠭᠤᠯᠬᠤ ᠤᠰᠤᠨ ᠤ ᠴᠢᠨᠠᠷ ᠪᠠᠷᠢᠮᠵᠢᠶ᠎ᠠ ᠳᠤ ᠬᠦᠷᠬᠦ ᠦᠭᠡᠢ ᠪᠠᠶᠢᠬᠤ | ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠨ᠎ᠡ᠃ ᠪᠥᠬᠦ ᠬᠤᠲᠠ ᠶᠢᠨ ᠪᠣᠷᠣᠭᠠᠨ ᠪᠣᠬᠢᠷᠲᠤᠯ ᠢ ᠰᠠᠯᠭᠠᠨ | ᠶᠡᠷᠦᠩᠬᠡᠶᠢᠯᠡᠨ ᠵᠠᠰᠠᠬᠤ 21 ᠰᠠᠷ᠎ᠠ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠤ ᠮᠠᠨ ᠤ ᠣᠷᠣᠨ ᠳᠤ ᠬᠤᠯᠪᠣᠭᠳᠠᠬᠤ | ᠡᠭᠦᠷᠭᠡ ᠶᠢ ᠬᠢᠨᠠᠮᠠᠭᠠᠢ ᠪᠡᠶᠡᠯᠡᠭᠦᠯᠦᠨ᠎ᠡ᠃ ᠤᠯᠠᠨ ᠠᠷᠭ᠎ᠠ ᠵᠠᠮ ᠢᠶᠠᠷ ᠪᠡᠯᠡ ᠮᠥᠩᠭᠦ ᠣᠯᠬᠤ ᠪᠠᠷ ᠴᠢᠷᠮᠠᠶᠢᠵᠤ᠂ 1-2 | ᠵᠢᠯ ᠤᠨ ᠬᠤᠭᠤᠴᠠᠭ᠎ᠠ ᠶᠢ ᠬᠡᠷᠡᠭᠯᠡᠵᠦ ᠪᠠᠶᠢᠭᠠᠳ ᠬᠤᠶᠠᠳᠤᠭᠠᠷ ᠤᠰᠤᠨ ᠤ ᠦᠢᠯᠡᠳᠪᠦᠷᠢ᠂ ᠺᠠᠳ᠋ᠷ ᠤᠨ ᠲᠣᠰᠬᠤᠨ᠂ | ᠵᠢᠮᠢᠰ ᠤᠨ ᠮᠣᠳᠣᠨ ᠤ ᠠᠩᠭᠢ ᠲᠤᠰᠬᠤᠨ᠂ ᠲᠤᠬᠤᠶᠢᠨ ᠪᠣᠯᠠᠩ ᠤ ᠬᠤᠳᠠ ᠪᠠᠯᠭᠠᠰᠤᠨ ᠤ ᠤᠰᠤ ᠬᠠᠩᠭᠠᠬᠤ ᠪᠠ | ᠪᠣᠬᠢᠷ ᠤᠰᠤ ᠶᠢ ᠬᠤᠳᠠ ᠶᠢᠨ ᠶᠠᠪᠤᠳᠠᠯ ᠤᠨ ᠬᠤᠭᠤᠯᠠᠢ ᠶᠢᠨ ᠲᠣᠣᠷ ᠤᠨ ᠭᠠᠳᠠᠭᠰᠢᠯᠠᠭᠤᠯᠬᠤ ᠢᠨᠵᠧᠨᠧᠷᠢᠩ ᠳᠤ | ᠣᠷᠣᠭᠤᠯᠬᠤ ᠪᠠᠷ ᠴᠢᠷᠮᠠᠶᠢᠨ᠎ᠠ᠃ ᠡᠭᠦᠨ ᠤ ᠬᠠᠮᠲᠤ᠂ ᠡᠨᠡ ᠵᠢᠯ ᠲᠥᠪ ᠠᠴᠠ ᠪᠠᠰᠠ ᠭᠤᠷᠪᠠᠳᠠᠭᠢ ᠡᠭᠡᠯᠵᠢ ᠶᠢᠨ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠬᠢᠬᠦ ᠪᠣᠯᠣᠨ᠎ᠠ᠃ ᠠᠮᠢ | ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠪᠣᠷᠣᠭᠠᠨ ᠠᠴᠠ ᠡᠮᠦᠨ᠎ᠡ ᠪᠡᠯᠡᠳᠬᠡᠯ ᠬᠢᠵᠦ᠂ ᠱᠠᠯᠠᠪᠳᠠᠭᠤᠯᠤᠨ | ᠪᠠᠶᠢᠴᠠᠭᠠᠬᠤ ᠠᠭᠤᠯᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠰᠤᠷᠤᠯᠴᠠᠵᠤ᠂ ᠮᠤᠵᠢ ᠪᠣᠯᠭᠠᠨ ᠨᠢᠭᠡ ᠪᠦᠯᠦᠭ | ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠬᠦ ᠬᠡᠷᠡᠭᠲᠡᠢ᠂ ᠪᠢᠳᠡ ᠯᠠᠪᠲᠠᠢ ᠨᠠᠵᠠᠭᠠᠢ ᠲᠠᠯ᠎ᠠ ᠶᠢᠨ ᠨᠡᠶᠢᠲᠡᠯᠢᠭ ᠵᠢᠱᠢᠶ᠎ᠡ | ᠪᠣᠯᠵᠤ ᠪᠣᠯᠬᠤ ᠦᠭᠡᠢ᠃ | ︵ᠳᠣᠯᠤᠭ᠎ᠠ︶ ᠡᠷᠬᠡᠪᠰᠢ ᠵᠣᠷᠢᠭ ᠰᠢᠭᠤᠳᠤᠨ ᠰᠤᠷᠭᠠᠨ ᠬᠥᠮᠦᠵᠢᠯ ᠤᠨ ᠲᠠᠯ᠎ᠠ ᠶᠢᠨ ᠠᠵᠢᠯ ᠢ ᠰᠠᠢᠲᠤᠷ ᠬᠢᠬᠦ | ᠬᠡᠷᠡᠭᠲᠡᠢ | ᠨᠢᠭᠡ ᠳᠤ ᠨᠢᠭᠡ ᠰᠡᠳᠬᠢᠯ ᠨᠢᠭᠡ ᠵᠣᠷᠢᠭ ᠢᠶᠠᠷ ᠵᠢᠭᠠᠨ ᠰᠤᠷᠭᠠᠯᠲᠠ ᠶᠢᠨ ᠶᠠᠰᠤ ᠴᠢᠨᠠᠷ ᠢ ᠴᠢᠩᠭ᠎ᠠ | ᠠᠳᠬᠤᠨ᠎ᠠ᠃ ᠰᠤᠷᠭᠠᠨ ᠬᠥᠮᠦᠵᠢᠯ ᠤᠨ ᠰᠢᠰᠲ᠋ᠧᠮ ᠳᠡᠭᠡᠷ᠎ᠡ ᠠᠴᠠ ᠳᠣᠷᠣᠭᠰᠢ ᠪᠠᠨ ᠦᠵᠡᠯ ᠰᠠᠨᠠᠭ᠎ᠠ ᠪᠠᠨ ᠨᠢᠭᠡᠳᠬᠡᠵᠦ᠂ | ᠲᠤᠶᠢᠷᠪᠡᠠ ᠵᠦᠭ ᠨᠠᠢᠮᠠᠨ ᠵᠣᠪᠬᠢᠰ ᠤᠨ ᠰᠠᠯᠬᠢ ᠶᠢ ᠬᠠᠮᠢᠶᠠᠷᠤᠯ ᠤᠶᠢᠭᠡᠢ ᠪᠠᠷ ᠵᠢᠭᠠᠨ ᠰᠤᠷᠭᠠᠬᠤ ᠶᠠᠰᠤ ᠴᠢᠨᠠᠷ ᠢᠶᠠᠷ | ᠭᠤᠣᠯ ᠪᠣᠯᠭᠠᠬᠤ ᠬᠡᠷᠡᠭᠲᠡᠢ᠃ ᠵᠢᠭᠠᠨ ᠰᠤᠷᠭᠠᠯᠲᠠ ᠶᠢᠨ ᠶᠠᠰᠤ ᠴᠢᠨᠠᠷ ᠢ ᠬᠡᠮᠵᠢᠬᠦ ᠴᠢᠬᠤᠯᠠ ᠪᠠᠷᠢᠮᠵᠢᠶ᠎ᠠ ᠪᠣᠯ ᠳᠠᠷᠤᠢ | ᠭᠡᠷ ᠤᠨ ᠠᠬᠠᠮᠠᠳ ᠬᠡᠦᠬᠡᠳ ᠢᠶᠠᠨ ᠮᠠᠨ ᠤ ᠠᠳᠡ ᠰᠤᠷᠭᠠᠭᠤᠯᠢ ᠳᠤ ᠬᠦᠷᠭᠡᠬᠦ ᠳᠤᠷᠠᠲᠠᠢ ᠡᠰᠡᠬᠦ ᠶᠠᠪᠤᠳᠠᠯ ᠪᠣᠯᠣᠨ᠎ᠠ᠃ | ᠰᠠᠶᠢᠨ ᠬᠢᠷᠢ ᠪᠦᠲᠦᠮᠵᠢ ᠣᠯᠬᠤ ᠪᠣᠯ ᠭᠡᠷ ᠤᠨ ᠠᠬᠠᠮᠠᠳ ᠲᠤ ᠮᠡᠳᠡᠷᠡᠭᠳᠡᠬᠦ ᠬᠠᠮᠤᠭ ᠤᠨ ᠰᠠᠶᠢᠨ ᠠᠷᠭ᠎ᠠ ᠮᠥᠨ᠃ | ᠬᠠᠮᠢᠶᠠᠷᠤᠯᠲᠠ ᠶᠢ ᠠᠳᠬᠤᠬᠤ ᠶᠢ ᠰᠤᠷᠭᠠᠭᠤᠯᠢ ᠶᠢᠨ ᠠᠵᠢᠯ ᠤᠨ ᠦᠨᠳᠦᠰᠦᠨ ᠡᠭᠦᠷᠭᠡ ᠪᠣᠯᠭᠠᠵᠤ᠂ ᠪᠦᠬᠦ ᠬᠤᠳᠠ᠂ | ᠴᠢᠨᠠᠭᠰᠢᠯᠠᠪᠠᠯ ᠪᠦᠬᠦ ᠤᠯᠤᠰ ᠤᠨ ᠰᠤᠷᠭᠠᠭᠤᠯᠢ ᠶᠢᠨ ᠬᠠᠮᠢᠶᠠᠷᠤᠯᠲᠠ ᠶᠢᠨ ᠲᠡᠷᠢᠭᠦᠨ ᠤ ᠲᠤᠷᠰᠢᠯᠭ᠎ᠠ ᠶᠢ | ᠬᠠᠷᠭᠤᠭᠤᠯᠵᠤ᠂ ᠳᠦᠷᠢᠮ ᠪᠣᠯᠣᠨ ᠲᠣᠭᠲᠠᠴᠠ ᠶᠢᠨ ᠲᠠᠯ᠎ᠠ ᠪᠠᠷ ᠬᠦᠴᠦ ᠣᠷᠣᠭᠤᠯᠬᠤ ᠬᠡᠷᠡᠭᠲᠡᠢ᠃ ᠰᠢᠯᠢᠳᠡᠭ | ᠪᠠᠭᠰᠢ ᠶᠢ ᠡᠯᠰᠡᠬᠦ ᠡᠷᠴᠢᠮ ᠢᠶᠠᠨ ᠴᠢᠩᠭᠠᠷᠠᠭᠤᠯᠵᠤ᠂ 3 ᠵᠢᠯ ᠤᠨ ᠳᠣᠲᠣᠷ᠎ᠠ ᠶᠠᠮᠤᠨ ᠤ ᠬᠠᠷᠢᠶᠠᠲᠤ᠂ ᠮᠤᠵᠢ ᠶᠢᠨ | ᠬᠠᠷᠢᠶᠠᠲᠤ ᠭᠤᠣᠯᠳᠠᠯᠭ᠎ᠠ ᠲᠠᠢ ᠪᠠᠭᠰᠢ ᠶᠢᠨ ᠳᠡᠭᠡᠳᠦ ᠰᠤᠷᠭᠠᠭᠤᠯᠢ ᠲᠡᠭᠦᠰᠦᠭᠰᠡᠳ ᠢ 100 ᠬᠥᠮᠥᠨ ᠠᠴᠠ ᠳᠤᠲᠠᠭᠤ | ᠦᠭᠡᠢ ᠣᠷᠣᠭᠤᠯᠵᠤ ᠠᠪᠴᠢᠷᠠᠬᠤ ᠪᠠᠷ ᠴᠢᠷᠮᠠᠶᠢᠬᠤ ᠬᠡᠷᠡᠭᠲᠡᠢ᠃ ᠪᠠᠭᠰᠢ ᠶᠢᠨ ᠳᠠᠷᠤᠭᠠᠰᠤ ᠶᠢ ᠬᠥᠩᠭᠡᠯᠡᠵᠦ᠂ ᠵᠢᠭᠠᠨ | ᠰᠤᠷᠭᠠᠯᠲᠠ ᠶᠢᠨ ᠪᠤᠰᠤ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠴᠢᠩᠭ᠎ᠠ | ᠬᠢᠵᠠᠭᠠᠷᠯᠠᠵᠤ᠂ ᠰᠤᠷᠭᠠᠭᠤᠯᠢ ᠳᠤ ᠰᠤᠷᠭᠠᠨ ᠬᠥᠮᠦᠵᠢᠯ ᠵᠢᠭᠠᠨ ᠰᠤᠷᠭᠠᠯᠲᠠ ᠲᠠᠢ ᠬᠠᠮᠢᠶ᠎ᠠ ᠦᠭᠡᠢ ︽ᠲᠣᠭᠤᠰᠣ | ᠨᠡᠮᠡᠬᠦ︾ ︽ᠠᠳᠠᠯᠢᠳᠬᠠᠨ ᠰᠢᠯᠭᠠᠷᠠᠭᠤᠯᠬᠤ︾ ︽ᠪᠣᠷᠣᠯᠠᠭᠤᠯᠬᠤ︾ ᠵᠡᠷᠭᠡ ᠵᠢᠭᠠᠪᠤᠷᠢ ᠶᠢᠨ ᠴᠢᠨᠠᠷᠲᠠᠢ ᠡᠭᠦᠷᠭᠡ | ᠳᠠᠭᠠᠭᠠᠯᠭᠠᠬᠤ ᠶᠢ ᠴᠠᠭᠠᠵᠠᠯᠠᠵᠤ᠂ ᠣᠷᠣᠨ ᠤ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠬᠠᠮᠰᠠᠷ | ᠠᠴᠠ ᠪᠠᠨ ᠪᠡᠶ᠎ᠡ ᠪᠠᠨ ᠪᠠᠷᠢᠬᠤ ᠬᠡᠷᠡᠭᠲᠡᠢ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠥᠪᠡᠷ ᠢᠶᠠᠨ ᠴᠦ | ᠲᠡᠮᠡᠴᠡᠬᠦ ᠵᠣᠷᠢᠭ ᠰᠠᠨᠠᠭ᠎ᠠ ᠲᠠᠢ ᠪᠠᠶᠢᠬᠤ ᠬᠡᠷᠡᠭᠲᠡᠢ᠃ | ᠬᠤᠶᠠᠷ ᠲᠤ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠬᠤ ᠡᠨᠡ ᠬᠦ ᠬᠥᠰᠢᠭᠦᠷᠭᠡ ᠶᠢ ᠰᠠᠶᠢᠲᠤᠷ ᠬᠡᠷᠡᠭᠯᠡᠬᠦ | ᠬᠡᠷᠡᠭᠲᠡᠢ᠃ ᠪᠠᠭᠰᠢ ᠶᠢᠨ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠨ ᠬᠡᠷᠡᠭᠯᠡᠬᠦ ᠶᠢ ᠬᠢᠵᠠᠭᠠᠷᠯᠠᠬᠤ | ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠮᠠᠨ ᠤ ᠣᠷᠣᠨ ᠤ ᠣᠨᠴᠠᠯᠢᠭ ᠲᠤ ᠲᠣᠬᠢᠷᠠᠭᠰᠠᠨ᠂ ᠪᠣᠳᠠᠲᠠᠢ ᠶᠢ | ᠡᠷᠬᠢᠮᠯᠡᠨ ᠲᠤᠰᠠᠲᠠᠢ ︽ᠰᠢᠯᠢᠳᠡᠭ ᠢ ᠨᠢ ᠰᠣᠩᠭᠤᠬᠤ᠂ ᠠᠵᠢᠯ ᠳᠤ ᠭᠠᠷᠬᠤ ᠶᠢ ᠰᠣᠩᠭᠤᠬᠤ︾ ᠰᠢᠯᠭᠠᠨ | ᠲᠣᠭᠲᠠᠭᠠᠬᠤ ᠪᠠ ᠤᠷᠢᠨ ᠬᠡᠷᠡᠭᠯᠡᠬᠦ ᠨᠥᠬᠦᠴᠡᠯ ᠢ ᠲᠣᠭᠲᠠᠭᠠᠵᠤ᠂ ᠰᠢᠯᠭᠠᠷᠠᠭᠤᠯᠬᠤ ᠠᠴᠠ ᠡᠮᠦᠨ᠎ᠡ᠂ | ᠰᠢᠯᠭᠠᠷᠠᠭᠤᠯᠤᠭᠰᠠᠨ ᠤ ᠳᠠᠷᠠᠭ᠎ᠠ ᠴᠥᠮ ᠵᠣᠬᠢᠬᠤ ᠬᠢᠴᠢᠶᠡᠯ ᠤᠨ ᠴᠠᠭ ᠤᠨ ᠬᠡᠮᠵᠢᠶᠡᠨ ᠤ ᠲᠣᠭᠲᠠᠭᠠᠯ ᠲᠠᠢ ᠪᠠᠶᠢᠵᠤ᠂ | ︽ᠮᠡᠷᠭᠡᠵᠢᠯ ᠤᠨ ᠴᠣᠯᠠ ᠣᠯᠣᠭᠰᠠᠨ ᠲᠡᠷᠭᠡ ᠥᠷᠲᠡᠭᠡᠨ ᠳᠤ ᠬᠦᠷᠴᠦ᠂ ᠶᠠᠷᠢᠶᠠᠨ ᠤ ᠲᠠᠪᠴᠠᠩ ᠤᠨ ᠬᠠᠵᠠᠭᠤ ᠳᠤ | ᠭᠠᠷᠴᠤ ᠦᠵᠡᠬᠦ ᠦᠭᠡᠢ︾ ᠪᠠᠶᠢᠬᠤ ᠦᠵᠡᠭᠳᠡᠯ ᠢ ᠡᠷᠡᠰ ᠬᠤᠷᠢᠭᠯᠠᠬᠤ ᠬᠡᠷᠡᠭᠲᠡᠢ᠂ ᠡᠨᠡ ᠨᠢ ᠭᠤᠥᠯᠴᠢ ᠪᠤᠰᠤ | ᠪᠥᠭᠡᠳ ᠵᠦᠢ ᠵᠣᠬᠢᠰᠲᠠᠢ ᠮᠥᠷᠲᠡᠭᠡᠨ ᠪᠠᠰᠠ ᠨᠠᠵᠠᠭᠠᠢ ᠲᠠᠯ᠎ᠠ ᠶᠢᠨ ᠤᠳᠤᠷᠢᠳᠤᠮᠵᠢ ᠪᠣᠯᠣᠨ᠎ᠠ᠃ ᠬᠤᠲᠠ ᠶᠢᠨ | ᠱᠠᠲᠤᠨ ᠠᠴᠠ ᠳᠡᠭᠡᠭᠰᠢᠬᠢ ᠵᠢᠭᠠᠨ ᠰᠤᠷᠭᠠᠬᠤ ᠴᠢᠳᠠᠪᠤᠷᠢᠲᠠᠨ᠂ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ | ᠵᠡᠷᠭᠡ ᠵᠢᠱᠢᠶ᠎ᠡ ᠦᠵᠡᠭᠦᠯᠬᠦ ᠴᠢᠨᠠᠷᠲᠠᠢ ᠴᠣᠯᠠ ᠶᠢᠨ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠵᠤ ᠬᠡᠷᠡᠭᠯᠡᠬᠦ | ᠦᠶ᠎ᠡ ᠶᠢᠨ ᠯᠠᠪᠯᠠᠯᠲᠠ ᠶᠢᠨ ᠬᠤᠪᠢ ᠶᠢᠨ ᠵᠢᠩ ᠢ ᠨᠡᠮᠡᠭᠳᠡᠭᠦᠯᠵᠦ᠂ ︽ᠠᠵᠢᠯᠲᠠᠨ ᠤ ᠬᠥᠳᠡᠯᠦᠩᠭᠦᠢ ᠪᠠᠶᠢᠳᠠᠯ︾ ᠢᠶᠠᠷ | ᠳᠠᠮᠵᠢᠭᠤᠯᠤᠨ ︽ᠮᠡᠷᠭᠡᠵᠢᠯ ᠤᠨ ᠴᠣᠯᠠ ᠶᠢᠨ ᠲᠣᠭᠲᠠᠩᠭᠤᠢ ᠪᠠᠶᠢᠳᠠᠯ︾ ᠤᠨ ᠠᠰᠠᠭᠤᠳᠠᠯ ᠢ ᠰᠠᠶᠢᠲᠤᠷ | ᠰᠢᠢᠳᠪᠦᠷᠢᠯᠡᠵᠦ᠂ ᠪᠠᠭᠰᠢ ᠶᠢᠨ ᠢᠳᠡᠪᠬᠢᠵᠢᠯ ᠢ ᠦᠨᠡᠨ ᠬᠦ ᠳᠠᠶᠢᠴᠢᠯᠠᠬᠤ ᠬᠡᠷᠡᠭᠲᠡᠢ᠃ ᠮᠡᠷᠭᠡᠵᠢᠯ ᠤᠨ ᠴᠣᠯᠠ | ᠲᠣᠭᠲᠠᠭᠠᠬᠤ ᠤᠷᠢᠬᠤ ᠨᠢᠭᠡᠨ ᠢᠵᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠠᠷᠭ᠎ᠠ ᠶᠢ ᠲᠣᠭᠲᠠᠭᠠᠪᠠᠯ ᠪᠠᠭ᠎ᠠ | ᠬᠦᠴᠦ ᠣᠷᠣᠭᠤᠯᠵᠤ ᠶᠡᠭᠡ ᠠᠮᠵᠢᠯᠲᠠ ᠣᠯᠬᠤ ᠨᠢ ᠯᠠᠪᠲᠠᠢ ᠶᠤᠮ᠃ | ᠭᠤᠷᠪᠠ ᠳᠤ ᠰᠤᠷᠭᠠᠭᠤᠯᠢ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠨᠠᠷᠢᠨ ᠬᠢᠨᠠᠮᠠᠭᠠᠢ | ᠲᠥᠯᠥᠪᠯᠡᠨ᠎ᠡ᠃ ᠠᠵᠢᠯ ᠤᠨ ᠵᠥᠩᠨᠡᠯᠲᠡ ᠶᠢᠨ ᠴᠢᠨᠠᠷ ᠪᠠ ᠲᠤᠭ᠎ᠠ ᠪᠠᠷᠢᠮᠲᠠ ᠶᠢᠨ ᠲᠤᠯᠭᠠᠭᠤᠷᠢᠯᠠᠬᠤ ᠴᠢᠨᠠᠷ ᠲᠠᠢ | ᠪᠠᠶᠢᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠮᠠᠨ ᠤ ᠣᠷᠣᠨ ᠤ ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠳᠤᠮᠳᠠ ᠣᠷᠳᠣ ᠬᠤᠭᠤᠴᠠᠭᠠᠨ ᠤ ᠪᠠᠶᠢᠷᠢᠰᠢᠭᠤᠯᠤᠯᠲᠠ ᠶᠢᠨ | ᠲᠥᠯᠦᠪᠵᠢᠭᠦᠯᠭᠡ ᠶᠢ ᠬᠢᠨᠠᠮᠠᠭᠠᠢ ᠰᠤᠳᠤᠯᠬᠤ ᠶᠢᠨ ᠬᠠᠮᠲᠤ ᠢᠳᠡᠪᠬᠢᠲᠡᠢ ᠪᠠᠷ ᠳᠡᠭᠡᠭᠰᠢ ᠪᠡᠯᠡ ᠮᠥᠩᠭᠦ ᠣᠯᠵᠤ᠂ | ᠲᠥᠯᠥᠪᠯᠡᠭᠡ ᠲᠠᠢ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠤᠳᠤ ᠶᠢᠨ ᠪᠠᠶᠢᠭ᠎ᠠ ᠰᠤᠷᠭᠠᠭᠤᠯᠢ | ᠡᠷᠬᠢᠯᠡᠬᠦ ᠨᠥᠬᠦᠴᠡᠯ ᠢ ᠬᠦᠴᠦ ᠲᠠᠯᠪᠢᠨ ᠰᠠᠶᠢᠵᠢᠷᠠᠭᠤᠯᠵᠤ᠂ ᠪᠠᠴᠢᠮ ᠬᠡᠷᠡᠭᠴᠡᠭᠡ ᠲᠠᠢ᠂ ᠬᠡᠷᠡᠭᠴᠡᠭᠡ ᠲᠠᠢ ᠵᠦᠢᠯ ᠢ | ᠤᠷᠢᠳᠠᠪᠠᠷ ᠪᠣᠳᠣᠯᠬᠢᠯᠠᠵᠤ᠂ ᠵᠠᠷᠢᠮ ᠵᠢᠭᠠᠨ ᠰᠤᠷᠭᠠᠯᠲᠠ ᠶᠢ ᠲᠣᠬᠢᠷᠠᠭᠤᠯᠤᠭᠰᠠᠨ ᠤ ᠲᠠᠷᠠᠭ᠎ᠠ ᠤᠷᠳᠤ | ᠬᠤᠭᠤᠴᠠᠭ᠎ᠠ ᠪᠠᠷ ᠰᠤᠯᠠ ᠲᠠᠯᠪᠢᠬᠤ᠂ ᠡᠬᠢ ᠪᠠᠶᠠᠯᠢᠭ ᠢ ᠪᠦᠷᠢᠯᠭᠡᠨ ᠰᠦᠢᠳᠬᠡᠬᠦ ᠠᠴᠠ ᠵᠠᠶᠢᠯᠠᠰᠬᠢᠬᠦ ᠬᠡᠷᠡᠭᠲᠡᠢ᠃ | ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠬᠤᠪᠢ ᠶᠢᠨ ᠵᠢᠩ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠡᠨᠡ ᠵᠢᠯ ᠬᠡᠦᠬᠡᠳ ᠤᠨ ᠴᠡᠴᠡᠷᠯᠢᠭ ᠲᠤ ᠣᠷᠣᠬᠤ ᠶᠢ ᠲᠡᠳᠬᠦᠬᠦ ᠪᠡᠯᠡ ᠮᠥᠩᠭᠦ ᠶᠢ ᠳᠠᠭᠢᠵᠤ 2 | ᠣᠯᠬᠤ ᠪᠠᠷ ᠴᠢᠷᠮᠠᠶᠢᠬᠤ ᠬᠡᠷᠡᠭᠲᠡᠢ᠃ ᠨᠢᠭᠡᠨᠲᠡ ᠲᠡᠮᠡᠴᠡᠨ ᠣᠯᠣᠭᠰᠠᠨ ᠵᠧᠩ ᠰᠢᠶᠠᠩ ᠪᠢᠨ ᠾᠧ ᠬᠡᠦᠬᠡᠳ ᠤᠨ | ᠴᠡᠴᠡᠷᠯᠢᠭ ᠵᠡᠷᠭᠡ 2 ᠬᠡᠦᠬᠡᠳ ᠤᠨ ᠴᠡᠴᠡᠷᠯᠢᠭ ᠡᠨᠡ ᠵᠢᠯ ᠤᠨ 9 ᠰᠠᠷ᠎ᠠ ᠳᠤ ᠡᠭᠦᠳᠡ ᠪᠠᠨ ᠨᠡᠭᠡᠭᠡᠬᠦ ᠶᠢ ᠪᠠᠲᠤᠯᠠᠨ᠎ᠠ᠃ | | ︵ᠨᠠᠢᠮᠠ︶ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠵᠠᠰᠠᠯᠲᠠ ᠶᠢᠨ ᠬᠢᠷᠢ ᠲᠦᠪᠰᠢᠨ ᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠎ᠡ | ᠨᠢᠭᠡ ᠳᠤ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠰᠡᠳᠬᠢᠯ ᠲᠠᠯᠪᠢᠨ ᠢᠳᠡᠪᠬᠢᠲᠡᠢ ᠪᠠᠷ ᠲᠡᠮᠡᠴᠡᠨ | ᠣᠯᠣᠨ᠎ᠠ᠃ ᠣᠳᠣᠬᠠᠨ ᠳᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠵᠦᠢᠯᠡᠰ ᠢ ᠴᠢᠩᠭ᠎ᠠ ᠬᠢᠵᠠᠭᠠᠷᠯᠠᠵᠤ | ᠪᠠᠶᠢᠭ᠎ᠠ ᠪᠠᠶᠢᠳᠠᠯ ᠤᠨ ᠳᠣᠣᠷ᠎ᠠ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠴᠤ ᠳᠡᠭᠡᠳᠦ ᠱᠠᠲᠤᠨ ᠤ | ᠪᠡᠯᠡ ᠮᠥᠩᠭᠦ ᠶᠢ ᠣᠯᠬᠤ ᠪᠠᠷ ᠭᠤᠣᠯ ᠪᠣᠯᠭᠠᠬᠤ ᠬᠡᠷᠡᠭᠲᠡᠢ᠃ ᠮᠠᠨ ᠤ ᠣᠷᠣᠨ ᠤ ᠡᠨᠡ ᠲᠠᠯ᠎ᠠ ᠶᠢᠨ ᠠᠵᠢᠯ ᠳᠤ ᠪᠠᠰᠠ | ᠴᠢᠷᠮᠠᠶᠢᠬᠤ ᠴᠢᠬᠤᠯᠠᠲᠠᠢ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ 2018 ︱ 2022 ᠣᠨ ᠤ ᠲᠠᠪᠤᠨ | ᠵᠢᠯ ᠤᠨ ᠬᠤᠭᠤᠴᠠᠭᠠᠨ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠪᠥᠬᠦ ᠬᠤᠲᠠ ᠶᠢᠨ ᠡᠯ᠎ᠡ | ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠭᠰᠠᠨ ᠪᠡᠯᠡ ᠮᠥᠩᠭᠦ ᠶᠢ 43.6 | ᠳ᠋ᠦᠩᠰᠢᠭᠤᠷ ᠲᠥᠭᠦᠷᠢᠭ ᠪᠠᠭᠤᠯᠭᠠᠵᠤ᠂ ᠮᠠᠨ ᠤ ᠣᠷᠣᠨ ᠵᠥᠪᠬᠡᠨ 1183 ᠲᠦᠮᠡᠨ ᠲᠥᠭᠦᠷᠢᠭ ᠣᠯᠵᠤ᠂ ᠡᠵᠡᠯᠡᠬᠦ | ᠬᠠᠷᠢᠴᠠᠯ ᠨᠢ 0.3% ᠬᠦᠷᠬᠦ ᠦᠭᠡᠢ ᠪᠠᠶᠢᠵᠤ᠂ ᠪᠥᠬᠦ ᠬᠤᠲᠠ ᠶᠢᠨ ᠪᠣᠶ ᠪᠦᠬᠦᠢ ᠬᠤᠰᠢᠭᠤ ᠰᠢᠶᠠᠨ | ᠲᠣᠭᠤᠷᠢᠭ ᠤᠨ ᠳᠣᠲᠣᠷ᠎ᠠ ᠬᠠᠮᠤᠭ ᠤᠨ ᠪᠠᠭ᠎ᠠ ᠨᠢ ᠪᠣᠯᠣᠨ᠎ᠠ᠃ ᠡᠳᠦᠶᠢᠴᠢᠨᠡᠭᠡᠨ ᠬᠥᠭᠡᠷᠦᠬᠦᠶᠢᠯᠡᠯᠲᠡᠢ ᠵᠣᠭᠤᠰ ᠢᠶᠠᠷ | ᠪᠠᠰᠠ ᠬᠤᠳᠠ ᠶᠢᠨ ᠡᠳ᠋ ᠤᠨ ᠵᠠᠰᠠᠭ ᠲᠤ 40 ᠲᠦᠮᠡᠨ ᠲᠥᠭᠦᠷᠢᠭ ᠪᠤᠴᠠᠭᠠᠵᠤ ᠥᠭᠪᠡ᠃ ᠦᠨᠡᠨ ᠳᠡᠭᠡᠨ᠂ ᠮᠠᠨ ᠤ | ᠣᠷᠣᠨ ᠤ ᠬᠥᠳᠡᠭᠡ ᠲᠣᠰᠬᠤᠨ ᠤ ᠬᠥᠮᠥᠨ ᠠᠮᠠ ᠶᠢᠨ ᠬᠤᠪᠢ ᠶᠢᠨ ᠵᠢᠩ ᠨᠢ ᠲᠡᠶᠢᠮᠦ ᠳᠣᠣᠷ᠎ᠠ ᠪᠢᠰᠢ᠂ ᠪᠡᠯᠡ | ᠮᠥᠩᠭᠦ ᠣᠯᠬᠤ ᠳᠤ ᠲᠦᠰᠢᠭ ᠲᠤᠯᠭᠠᠭᠤᠷᠢ ᠲᠠᠢ ᠶᠤᠮ᠃ | ᠬᠤᠶᠠᠷ ᠲᠤ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠠᠴᠢᠮ ᠬᠡᠷᠡᠭᠴᠡᠭᠡ ᠶᠢ ᠦᠨᠡᠨ ᠬᠦ | ᠰᠢᠢᠳᠪᠦᠷᠢᠯᠡᠨ᠎ᠡ᠃ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ᠂ ᠪᠣᠬᠢᠷ ᠦᠮᠡᠬᠡᠢ ᠤᠰᠤᠨ | ᠴᠣᠭᠴᠠ ᠶᠢ ᠵᠠᠰᠠᠬᠤ᠂ ᠤᠰᠤ ᠬᠠᠩᠭᠠᠬᠤ ᠤᠰᠤᠨ ᠤ ᠴᠢᠨᠠᠷ ᠢ ᠳᠡᠭᠡᠭᠰᠢᠯᠡᠭᠦᠯᠬᠦ ᠭᠤᠷᠪᠠᠨ ᠶᠡᠭᠡ ᠡᠭᠦᠷᠭᠡ ᠪᠣᠯ ᠮᠠᠨ ᠤ | ᠣᠷᠣᠨ ᠤ ᠬᠤᠲᠠ ᠶᠢᠨ ᠲᠡᠭᠦᠷᠭᠡ ᠶᠢᠨ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠬᠠᠮᠤᠭ ᠤᠨ ᠪᠠᠴᠢᠮ | ᠬᠡᠷᠡᠭᠴᠡᠭᠡ ᠲᠠᠢ ᠡᠭᠦᠷᠭᠡ ᠪᠣᠯᠣᠨ᠎ᠠ᠃ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠠᠰᠠᠭᠤᠳᠠᠯ | ᠪᠣᠯᠬᠤ ᠮᠥᠷᠲᠡᠭᠡᠨ ᠪᠠᠰᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠪᠣᠯᠣᠨ᠎ᠠ᠃ | ᠵᠢᠯ ᠪᠦᠷᠢ ᠶᠢᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠪᠣᠯᠬᠤ ᠪᠠᠷ ᠪᠠᠷᠠᠬᠤ | ᠦᠭᠡᠢ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠳᠤ ᠵᠢᠭᠠᠵᠤ | ᠭᠠᠷᠭᠠᠭᠰᠠᠨ ᠠᠰᠠᠭᠤᠳᠠᠯ ᠪᠣᠯᠣᠨ᠎ᠠ᠃ ᠣᠷᠣᠨ ᠤ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤᠨ ᠤ | ᠶᠠᠪᠤᠳᠠᠯ ᠤᠨ ᠲᠣᠪᠴᠢᠶ᠎ᠠ ᠪᠠ ᠡᠯ᠎ᠡ ᠵᠡᠭᠡᠯᠢ ᠪᠠᠯᠭᠠᠰᠤ ᠡᠷᠬᠡᠪᠰᠢ ᠪᠦᠬᠦᠯᠢ ᠴᠣᠭᠴᠠ ᠶᠢᠨ ᠲᠥᠯᠦᠪᠵᠢᠭᠦᠯᠭᠡ ᠪᠠ | ᠰᠢᠰᠲ᠋ᠧᠮᠲᠦ ᠰᠡᠳᠬᠢᠬᠦᠢ ᠲᠠᠢ ᠪᠠᠶᠢᠬᠤ ᠬᠡᠷᠡᠭᠲᠡᠢ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ | ᠳᠡᠮᠵᠢᠬᠦ ᠠᠵᠢᠯ ᠤᠨ ᠠᠷᠤ ᠳᠤ ᠴᠥᠮ ᠪᠡᠯᠡ ᠮᠥᠩᠭᠦ ᠣᠯᠬᠤ ᠴᠢᠭᠯᠡᠯ ᠲᠠᠢ ᠪᠠᠶᠢᠬᠤ ᠬᠡᠷᠡᠭᠲᠡᠢ᠃ ᠬᠥᠳᠡᠭᠡ | ᠲᠣᠰᠬᠤᠨ ᠤ ᠬᠤᠪᠢ ᠪᠠᠷ ᠢᠶᠠᠨ ᠪᠠᠶᠢᠭᠤᠯᠵᠤ ᠳᠤᠷ᠎ᠠ ᠪᠠᠷ ᠢᠶᠠᠨ ᠪᠠᠶᠢᠭᠤᠯᠬᠤ᠂ ᠲᠠᠷᠢᠶᠠᠨ ᠭᠠᠵᠠᠷ ᠢ ᠳᠤᠷ᠎ᠠ ᠪᠠᠷ ᠢᠶᠠᠨ | ᠡᠵᠡᠯᠡᠬᠦ᠂ ᠬᠠᠤᠯᠢ ᠶᠢ ᠵᠥᠷᠢᠴᠡᠨ ᠵᠢᠵᠢᠭ ᠰᠠᠵᠢᠭ ᠵᠦᠢᠯ ᠢ ᠬᠥᠭᠡᠭᠡᠴᠡᠯᠳᠦᠬᠦ ᠠᠰᠠᠭᠤᠳᠠᠯ ᠢ ᠡᠷᠡᠰ ᠬᠠᠮᠢᠶᠠᠷᠤᠨ | ᠡᠵᠡᠮᠳᠡᠵᠦ᠂ ᠬᠥᠳᠡᠭᠡ ᠲᠣᠰᠬᠤᠨ ᠤ ᠨᠡᠶᠢᠭᠡᠮ ᠤᠨ ᠵᠠᠰᠠᠯᠲᠠ ᠶᠢᠨ ᠶᠠᠪᠤᠴᠠ ᠳᠠᠬᠢ ᠬᠠᠤᠯᠢ ᠪᠠᠷ ᠤᠯᠠᠨ ᠢ ᠦᠯᠦ | ᠵᠢᠮᠡᠯᠡᠬᠦ ᠪᠠ ᠡᠪᠳᠡᠷᠬᠡᠢ ᠴᠣᠩᠬᠤ ᠶᠢᠨ ᠦᠢᠯᠡᠴᠢᠯᠡᠯᠭᠡ ᠶᠢᠨ ᠦᠵᠡᠭᠳᠡᠯ ᠢ ᠡᠷᠡᠰ ᠬᠤᠪᠢᠷᠠᠭᠤᠯᠬᠤ ᠬᠡᠷᠡᠭᠲᠡᠢ᠃ | ᠭᠤᠷᠪᠠ ᠳᠤ ᠬᠠᠲᠤᠨ ᠭᠤᠣᠯ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ | ᠴᠣᠭᠴᠠᠯᠠᠨ᠎ᠠ ᠃ ᠪᠥᠬᠦ ᠬᠤᠲᠠ ᠶᠢᠨ ᠬᠠᠲᠤᠨ ᠭᠤᠣᠯ ᠤᠨ ᠰᠣᠶᠣᠯ ᠵᠢᠭᠤᠯᠴᠢᠯᠠᠯ ᠤᠨ ᠨᠠᠷᠠᠲᠤ ᠲᠥᠷᠥᠯ | ᠲᠡᠮᠳᠡᠭᠲᠦ ᠶᠢ ᠪᠣᠶ ᠪᠣᠯᠭᠠᠬᠤ ᠠᠵᠠ ᠲᠣᠬᠢᠶᠠᠯ ᠢ ᠴᠢᠩᠭ᠎ᠠ ᠠᠳᠬᠤᠵᠤ᠂ ᠮᠠᠨ ᠤ ᠣᠷᠣᠨ ᠤ ᠬᠠᠲᠤᠨ ᠭᠤᠣᠯ | ᠳᠠᠭᠠᠤ ᠶᠢᠨ ᠬᠥᠳᠡᠭᠡ ᠲᠣᠰᠬᠤᠨ ᠤ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠪᠠᠶᠢᠳᠠᠯ ᠢ | ᠲᠠᠭᠠᠨ ᠠᠵᠢᠯᠯᠠᠵᠤ᠂ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠬᠡᠷᠡᠭᠲᠡᠢ᠃ ᠨᠢᠭᠡᠨᠲᠡ ᠪᠠᠶᠢᠭᠤᠯᠤᠭᠰᠠᠨ ᠰᠣᠶᠣᠯ | ᠵᠤᠭᠠᠴᠠᠯ ᠤᠨ ᠲᠥᠬᠦᠭᠡᠷᠦᠮᠵᠢ ᠳᠤ ᠢᠳᠡᠪᠬᠢᠲᠡᠢ ᠪᠠᠷ ᠪᠡᠯᠡ ᠮᠥᠩᠭᠦ ᠶᠢᠨ ᠲᠡᠳᠬᠦᠮᠵᠢ ᠶᠢ ᠲᠡᠮᠡᠴᠡᠨ ᠣᠯᠵᠤ ᠲᠡᠰ | ᠳᠡᠪᠰᠢᠭᠦᠯᠬᠦ ᠬᠡᠷᠡᠭᠲᠡᠢ᠃ ᠪᠦᠲᠦᠭᠡᠨ ᠪᠠᠶᠢᠭᠤᠯᠬᠤ ᠪᠠᠷ ᠪᠡᠯᠡᠳᠬᠡᠵᠦ ᠪᠠᠶᠢᠭ᠎ᠠ ᠰᠣᠶᠣᠯ ᠤᠨ ᠪᠠ ᠵᠤᠭᠠᠴᠠᠯ ᠤᠨ | ᠲᠥᠬᠦᠭᠡᠷᠦᠮᠵᠢ ᠶᠢ ᠵᠠᠪᠠᠯ ᠲᠥᠯᠥᠪᠵᠢᠭᠦᠯᠵᠦ ᠨᠤᠲᠠᠯᠠᠬᠤ ᠬᠡᠷᠡᠭᠲᠡᠢ᠃ ᠡᠭᠦᠨ ᠤ ᠬᠠᠮᠲᠤ᠂ ᠬᠠᠲᠤᠨ ᠭᠤᠣᠯ ᠤᠨ | ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠳᠤ ᠠᠷᠠᠳ ᠤᠨ ᠳᠤᠮᠳᠠᠬᠢ ᠣᠷᠣᠯᠴᠠᠬᠤ ᠢᠳᠡᠪᠬᠢᠵᠢᠯ ᠢ | ᠳᠠᠶᠢᠴᠢᠯᠠᠵᠤ᠂ ᠲᠥᠯᠥᠪᠦᠷᠢ ᠦᠭᠡᠢ ᠪᠠᠷ ᠲᠠᠯᠠᠪᠤᠷ ᠭᠠᠵᠠᠷ ᠬᠠᠩᠭᠠᠬᠤ᠂ ᠵᠣᠬᠢᠰᠲᠠᠢ ᠨᠥᠬᠦᠪᠦᠷᠢ ᠥᠭᠬᠦ ᠵᠡᠷᠭᠡ | ᠬᠡᠯᠪᠡᠷᠢ ᠪᠠᠷ ᠳᠠᠮᠵᠢᠭᠤᠯᠤᠨ᠂ ᠠᠷᠠᠳ ᠤᠨ ᠳᠤᠮᠳᠠᠬᠢ ᠪᠠ ᠠᠷᠠᠳ ᠤᠨ ᠵᠠᠩ ᠦᠶᠯᠡ ᠶᠢᠨ ᠮᠦᠽᠧᠢ ᠪᠠᠶᠢᠭᠤᠯᠬᠤ ᠶᠢ | ᠵᠣᠷᠢᠭᠵᠢᠭᠤᠯᠤᠨ᠎ᠠ᠃ ᠵᠢᠷᠤᠭᠠᠴᠢ ᠶᠢᠨ ᠣᠲᠤᠭ ᠪᠦᠬᠦ ᠤᠯᠤᠰ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ | ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠢ ᠡᠭᠦᠳᠦᠨ ᠪᠠᠶᠢᠭᠤᠯᠵᠤ᠂ ᠬᠠᠲᠤᠨ ᠭᠤᠣᠯ ᠤᠨ ᠵᠠᠩ | ᠦᠢᠯᠡ ᠶᠢᠨ ᠬᠦᠷᠢᠶᠡᠯᠡᠩ ᠳᠤ ᠤᠯᠤᠰ ᠤᠨ ᠳᠡᠰ ᠤᠨ ᠵᠤᠭᠠᠴᠠᠯ ᠰᠡᠯᠡᠭᠦᠴᠡᠯ ᠤᠨ ᠵᠡᠭᠡᠯᠢ ᠲᠣᠭᠤᠷᠢᠭ ᠢ ᠡᠭᠦᠳᠦᠨ | ᠪᠠᠶᠢᠭᠤᠯᠵᠤ᠂ ᠪᠦᠬᠦ ᠬᠤᠲᠠ ᠶᠢᠨ ᠬᠠᠮᠤᠭ ᠤᠨ ᠬᠦᠷᠢᠶᠡᠯᠡᠯ ᠲᠠᠢ ᠬᠠᠲᠤᠨ ᠭᠤᠣᠯ ᠤᠨ ᠵᠤᠭᠠᠴᠠᠯ ᠤᠨ ᠰᠣᠳᠣᠨ ᠵᠠᠮ | ᠱᠤᠭᠤᠮ ᠪᠣᠯᠭᠠᠬᠤ ᠪᠠᠷ ᠴᠢᠷᠮᠠᠶᠢᠨ᠎ᠠ᠃ | ︵ᠶᠢᠰᠦ︶ ᠨᠡᠶᠢᠭᠡᠮ ᠤᠨ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ ᠰᠢᠨ᠎ᠡ ᠶᠢ ᠡᠭᠦᠳᠦᠨ᠎ᠡ | ᠨᠢᠭᠡ ᠳᠤ ᠵᠠᠬᠢᠳᠠᠯ ᠰᠣᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠪᠠ᠃ ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ | ᠮᠥᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ | ᠳᠠᠷᠤᠯᠲᠠ ᠴᠤ ᠶᠡᠭᠡ ᠶᠤᠮ᠃ ᠡᠯ᠎ᠡ ᠨᠢᠭᠡᠴᠡ ᠶᠢᠨ ᠬᠢᠨ ᠤᠷᠢᠳᠴᠢᠯᠠᠨ ᠰᠢᠢᠳᠪᠦᠷᠢᠯᠡᠬᠦ ᠬᠡᠷᠡᠭᠲᠡᠢ᠂ ᠲᠡᠭᠡᠬᠦ ᠦᠭᠡᠢ ᠪᠣᠯ | ᠲᠤᠬᠠᠢ ᠶᠢᠨ ᠦᠶ᠎ᠡ ᠳᠤ ᠲᠤᠶᠢᠯ ᠤᠨ ᠰᠠᠨᠠᠭᠠᠴᠢᠯᠠᠭ᠎ᠠ ᠦᠭᠡᠢ ᠪᠠᠶᠢᠳᠠᠯ ᠳᠤ ᠣᠷᠣᠬᠤ ᠪᠣᠯᠣᠨ᠎ᠠ᠃ ᠬᠦᠴᠦ | ᠣᠷᠣᠭᠤᠯᠤᠨ ᠭᠦᠨᠵᠡᠭᠡᠢ ᠰᠤᠳᠤᠯᠵᠤ᠂ ᠣᠷᠣᠨ ᠰᠠᠭᠤᠴᠠ ᠶᠢᠨ ᠥᠮᠴᠢᠯᠡᠯ ᠤᠨ ᠡᠷᠬᠡ ᠶᠢᠨ ᠬᠦᠷᠢᠶᠡᠨ ᠳᠠᠬᠢ | ᠦᠯᠡᠳᠡᠭᠳᠡᠯ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠬᠥᠳᠡᠭᠡ ᠲᠣᠰᠬᠤᠨ ᠤ ᠵᠠᠰᠠᠯᠲᠠ ᠶᠢᠨ | ᠶᠠᠪᠤᠴᠠ ᠳᠠᠬᠢ ᠮᠡᠳᠡᠯᠭᠡ ᠦᠭᠡᠢ ᠬᠥᠮᠥᠰ ᠤᠨ ᠶᠠᠭᠤᠨ ᠠᠴᠠ ᠴᠤ ᠠᠶᠤᠬᠤ ᠦᠭᠡᠢ ᠦᠵᠡᠭᠳᠡᠯ ᠳᠤ ᠴᠢᠭᠯᠡᠭᠦᠯᠦᠨ᠂ | ᠭᠦᠨᠵᠡᠭᠡᠢ ᠪᠥᠭᠡᠳ ᠣᠶᠢᠯᠠᠭᠠᠮᠵᠢᠲᠠᠢ ᠨᠡᠶᠢᠲᠡᠯᠢᠭ ᠬᠡᠷᠡᠭ ᠤᠨ ᠵᠢᠱᠢᠶ᠎ᠡ ᠶᠢᠨ ᠬᠥᠮᠦᠵᠢᠯ ᠢ ᠢᠯᠡᠭᠦᠬᠡᠨ ᠥᠷᠨᠢᠭᠦᠯᠬᠦ | ᠬᠡᠷᠡᠭᠲᠡᠢ᠃ ᠨᠢᠭᠡ ᠴᠦ ᠳᠡᠭᠡᠭᠰᠢ ᠰᠤᠷᠪᠤᠯᠵᠢᠯᠠᠬᠤ ᠦᠭᠡᠢ ᠲᠣᠰᠬᠤᠨ ︵ᠨᠡᠶᠢᠭᠡᠮ ᠲᠣᠭᠤᠷᠢᠭ︶ ᠢ ᠡᠭᠦᠳᠦᠨ | ᠪᠠᠶᠢᠭᠤᠯᠬᠤ ᠠᠵᠢᠯ ᠢ ᠥᠷᠨᠢᠭᠦᠯᠵᠦ᠂ ᠬᠥᠮᠥᠨ ᠠᠮᠠ ᠶᠢᠨ ᠬᠠᠷᠢᠴᠠᠯ ᠢᠶᠠᠷ ᠳᠡᠭᠡᠭᠰᠢ ᠰᠤᠷᠪᠤᠯᠵᠢᠯᠠᠬᠤ ᠪᠠᠷ ᠢᠷᠡᠭᠰᠡᠨ | ᠦᠭᠡᠢ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ ᠤᠨ ᠪᠠᠭ ᠤᠨ ᠪᠦᠷᠢᠯᠳᠦᠭᠦᠨ ᠢ ᠱᠠᠩᠨᠠᠬᠤ ᠶᠢ | ᠢᠳᠡᠪᠬᠢᠲᠡᠢ ᠪᠠᠷ ᠰᠦᠪᠡᠭᠴᠢᠯᠡᠬᠦ ᠬᠡᠷᠡᠭᠲᠡᠢ᠃ | ᠬᠤᠶᠠᠷ ᠲᠤ ᠠᠶᠤᠯᠭᠦᠢ ᠦᠢᠯᠡᠳᠪᠦᠷᠢᠯᠡᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠠᠨ ᠤ ᠬᠤᠲᠠ ᠶᠢᠨ ᠠᠶᠤᠯ ᠦᠭᠡᠢ | ᠦᠢᠯᠡᠳᠪᠦᠷᠢᠯᠡᠯ ᠤᠨ ᠬᠠᠷᠢᠭᠤ ᠲᠤᠰᠬᠠᠭᠰᠠᠨ ᠠᠰᠠᠭᠤᠳᠠᠯ ᠢ ᠲᠣᠭᠤᠷᠢᠨ ᠪᠠᠶᠢᠴᠠᠭᠠᠵᠤ᠂ ᠬᠤᠲᠠ ᠶᠢᠨ ᠨᠠᠮ ᠤᠨ | ᠬᠤᠷᠢᠶ᠎ᠠ ᠶᠢᠨ ᠮᠠᠨ ᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠬᠠᠷᠢᠭᠤ ᠲᠤᠰᠬᠠᠭᠰᠠᠨ ᠠᠰᠠᠭᠤᠳᠠᠯ ᠢ | ᠲᠣᠭᠤᠷᠢᠨ ᠪᠠᠶᠢᠴᠠᠭᠠᠵᠤ᠂ ᠠᠵᠤ ᠠᠬᠤᠶᠢᠯᠠᠯ ᠤᠨ ᠭᠠᠳᠠᠭᠰᠢ ᠳᠠᠭᠠᠭᠠᠴᠢᠯᠠᠭᠤᠯᠬᠤ ᠦᠢᠯᠡᠴᠢᠯᠡᠭᠡᠨ ᠤ ᠠᠮᠤᠷ | ᠲᠦᠪᠰᠢᠨ ᠤ ᠳᠠᠯᠳᠠ ᠬᠡᠮ ᠲᠣᠪᠣᠶᠢᠮ᠎ᠠ ᠪᠠᠶᠢᠬᠤ᠂ ᠥᠪᠡᠷ ᠢᠶᠠᠨ ᠵᠢᠭᠰᠠᠭᠠᠨ ᠪᠠᠶᠢᠴᠠᠭᠠᠭᠠᠳ ᠠᠰᠠᠭᠤᠳᠠᠯ ᠡᠷᠢᠵᠦ | ᠣᠯᠬᠤ ᠦᠭᠡᠢ ᠪᠠᠶᠢᠬᠤ᠂ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠤᠨ ᠲᠠᠯ᠎ᠠ ᠪᠠᠷ ᠠᠭᠤᠵᠢᠭᠤ ᠵᠥᠭᠡᠯᠡᠨ | ᠪᠠᠶᠢᠬᠤ ᠵᠡᠷᠭᠡ ᠠᠶᠤᠯ ᠦᠭᠡᠢ ᠦᠢᠯᠡᠳᠪᠦᠷᠢᠯᠡᠯ ᠤᠨ ᠬᠦᠷᠢᠶᠡᠨ ᠳᠠᠬᠢ ᠬᠡᠮ ᠰᠣᠭᠤᠭ ᠢ ᠡᠷᠡᠰ ᠵᠠᠰᠠᠬᠤ ᠬᠡᠷᠡᠭᠲᠡᠢ᠃ | ᠭᠤᠷᠪᠠ ᠳᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠤᠨ ᠲᠠᠯ᠎ᠠ ᠪᠠᠷ ᠰᠦᠯᠵᠢᠶᠡᠨ | ᠳᠡᠭᠡᠷᠡᠬᠢ ᠣᠯᠠᠨ ᠲᠦᠮᠡᠨ ᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽12345︾ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠬᠠᠷᠢᠭᠤ ᠲᠤᠰᠬᠠᠭᠰᠠᠨ ᠵᠦᠢᠯᠡᠰ ᠢ ᠬᠢᠨᠠᠮᠠᠭᠠᠢ | ᠰᠢᠢᠳᠪᠦᠷᠢᠯᠡᠵᠦ᠂ ᠳᠠᠭᠠᠮᠵᠢ ᠶᠢᠨ ᠨᠣᠷᠮ᠎ᠠ᠂ ᠰᠢᠢᠳᠪᠦᠷᠢᠯᠡᠬᠦ ᠨᠣᠷᠮ᠎ᠠ᠂ ᠬᠠᠨᠤᠮᠵᠢ ᠶᠢᠨ ᠨᠣᠷᠮ᠎ᠠ ᠶᠢ ᠴᠥᠮ | ᠬᠤᠲᠠ ᠶᠢᠨ ᠲᠠᠪᠤᠨ ᠲᠣᠭᠤᠷᠢᠭ ᠤᠨ ᠲᠡᠷᠢᠭᠦᠨ ᠤ ᠪᠠᠶᠢᠷᠢᠨ ᠳᠤ ᠪᠠᠶᠢᠯᠭᠠᠬᠤ ᠶᠢ ᠪᠠᠲᠤᠯᠠᠬᠤ ᠬᠡᠷᠡᠭᠲᠡᠢ᠃ ︽ᠰᠢᠨ᠎ᠡ | ᠳᠦᠷᠢ ᠲᠥᠷᠬᠦ ᠶᠢᠨ ᠢᠨᠵᠧᠨᠧᠷᠢᠩ︾ ᠢ ᠡᠷᠡᠰ ᠢᠶᠠᠷ ᠴᠡᠭᠴᠡᠯᠡᠨ ᠵᠠᠰᠠᠵᠤ ᠬᠤᠷᠢᠭᠯᠠᠨ ᠵᠣᠭᠰᠣᠭᠠᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ | ᠵᠥᠪᠯᠡᠯᠭᠡᠨ ᠤ ᠬᠤᠳᠠ ᠶᠢᠨ ᠱᠠᠲᠤᠨ ᠠᠴᠠ ᠳᠡᠭᠡᠭᠰᠢᠬᠢ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ | ᠨᠢᠭᠡᠴᠢ ᠶᠢ 5 ᠠᠴᠠ ᠳᠡᠭᠡᠭᠰᠢ ᠢᠳᠡᠪᠬᠢᠲᠡᠢ ᠪᠠᠷ ᠡᠭᠦᠳᠦᠨ ᠪᠠᠶᠢᠭᠤᠯᠤᠨ᠎ᠠ᠃ | ᠳᠡᠭᠡᠷᠡᠬᠢ ᠪᠤᠢ ᠪᠦᠬᠦᠢ ᠡᠳᠡᠭᠡᠷ ᠠᠵᠢᠯ ᠢ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ | ᠬᠢᠵᠦ᠂ ᠡᠨᠡ ᠬᠦ ᠭᠤᠣᠯ ᠰᠢᠵᠢᠮ ᠤᠨ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠭ᠎ᠠ | ᠬᠡᠮᠵᠢᠶ᠎ᠡ ᠲᠣᠭᠲᠠᠭᠠᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠪᠦᠬᠦ ᠶᠠᠪᠤᠴᠠ ᠶᠢᠨ ᠡᠯ᠎ᠡ ᠲᠠᠯ᠎ᠠ ᠳᠤ ᠡᠷᠡᠰ | ᠲᠤᠤᠱᠯᠠᠭᠤᠯᠬᠤ ᠬᠡᠷᠡᠭᠲᠡᠢ᠃ | ᠭᠤᠷᠪᠠ᠂ ᠬᠠᠮᠢᠶᠠᠷᠤᠯᠲᠠ ᠶᠢᠨ ᠵᠥᠪᠯᠡᠯ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠬᠤ ᠬᠡᠷᠡᠭᠲᠡᠢ | ︵ᠨᠢᠭᠡ︶ ᠰᠤᠷᠤᠯᠴᠠᠯᠭ᠎ᠠ ᠰᠤᠳᠤᠯᠭᠠᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ | ᠣᠳᠣᠬᠠᠨ ᠳᠤ᠂ ᠠᠵᠤ ᠠᠬᠤᠢ ᠨᠡᠶᠢᠭᠡᠮ ᠤᠨ ᠠᠵᠢᠯᠯᠠᠭ᠎ᠠ ᠶᠢᠨ ᠪᠤᠳᠤᠯᠢᠶᠠᠨᠲᠤ ᠴᠢᠨᠠᠷ ᠪᠦᠬᠦ ᠲᠠᠯ᠎ᠠ ᠪᠠᠷ | ᠳᠡᠭᠡᠭᠰᠢᠯᠡᠵᠦ᠂ ᠪᠢᠳᠡᠨ ᠤ ᠰᠠᠶᠢᠨ ᠮᠡᠳᠡᠬᠦ ᠦᠭᠡᠢ᠂ ᠮᠡᠳᠡᠬᠦ ᠦᠭᠡᠢ ᠶᠠᠪᠤᠳᠠᠯ ᠤᠯᠠᠮ ᠠᠴᠠ ᠤᠯᠠᠮ ᠣᠯᠠᠰᠢᠷᠠᠵᠤ | ᠪᠠᠶᠢᠨ᠎ᠠ᠃ ᠵᠠᠷᠢᠮ ᠺᠠᠳ᠋ᠷ ᠡᠳᠡᠭᠡᠷ ᠬᠤᠪᠢᠷᠠᠯᠲᠠ ᠪᠠ ᠬᠠᠨᠳᠤᠰᠢ ᠶᠢ ᠡᠵᠡᠮᠰᠢᠬᠦ ᠦᠭᠡᠢ᠂ ᠣᠶᠢᠯᠠᠭᠠᠬᠤ ᠦᠭᠡᠢ ᠪᠠᠶᠢᠵᠤ᠂ | ᠡᠳᠦᠷᠵᠢᠨ ᠰᠣᠬᠤᠷ ᠬᠥᠮᠥᠨ ᠵᠠᠭᠠᠨ ᠲᠡᠮᠲᠡᠷᠢᠬᠦ ᠪᠤᠶᠤ ᠤᠷᠤᠰᠬᠠᠯ ᠲᠠᠭᠤᠬᠤ ᠪᠠᠭᠠᠴᠤᠳ ᠤᠨ ᠪᠠᠶᠢᠳᠠᠯ ᠳᠤ | ᠣᠷᠣᠰᠢᠵᠤ ᠪᠠᠶᠢᠨ᠎ᠠ᠃ ᠪᠢᠳᠠ ᠥᠩᠭᠡᠷᠡᠭᠰᠡᠨ ᠳᠤ ᠪᠠᠰᠠ ᠠᠵᠤ ᠠᠬᠤᠢ ᠶᠢᠨ ᠭᠦᠢᠴᠡᠳᠬᠡᠬᠦ ᠲᠤᠭ᠎ᠠ ᠶᠢ | ᠴᠢᠬᠤᠯᠠᠴᠢᠯᠠᠵᠤ ᠪᠠᠶᠢᠪᠠ᠂ ᠭᠡᠪᠡᠴᠦ ᠳᠠᠷᠤᠯᠲᠠ ᠲᠡᠶᠢᠮᠦ ᠶᠡᠭᠡ ᠪᠢᠰᠢ᠂ ᠡᠶᠢᠮᠦ ᠨᠠᠷᠢᠨ ᠵᠠᠳᠠᠯᠤᠭᠰᠠᠨ ᠤ ᠬᠡᠷᠡᠭ ᠤᠶᠢᠭᠡᠢ᠂ | ᠤᠳᠦ ᠰᠠᠷ᠎ᠠ ᠶᠢᠨ ᠨᠡᠷᠡᠰ ᠤᠨ ᠵᠢᠭᠰᠠᠭᠠᠯᠲᠠ᠂ ᠤᠯᠠᠷᠢᠯ ᠤᠨ ᠦᠵᠡᠭᠦᠯᠦᠯᠭᠡ ᠶᠢᠨ ᠤᠷᠤᠯᠳᠤᠭᠠᠨ ᠳᠤ ᠶᠠᠭᠠᠷᠠᠵᠤ | ᠰᠠᠨᠳᠤᠷᠤᠭᠠᠳ ᠬᠦᠯᠢᠶᠡᠵᠦ ᠠᠪᠤᠭᠠᠳ ᠠᠮᠵᠢᠬᠤ ᠤᠶᠢᠭᠡᠢ ᠪᠠᠶᠢᠬᠤ ᠰᠢᠭ᠋ ᠰᠠᠨᠠᠭᠳᠠᠵᠤ᠂ ᠵᠠᠷᠢᠮ ᠺᠠᠳ᠋ᠷ ᠳᠣᠲᠣᠷ᠎ᠠ ᠪᠠᠨ | ᠤᠷᠮ᠎ᠠ ᠵᠣᠷᠢᠭ ᠲᠠᠢ ᠪᠠᠶᠢᠨ᠎ᠠ᠃ ᠥᠩᠭᠡᠷᠡᠭᠰᠡᠨ ᠳᠤ ᠪᠠᠴᠢᠮ ᠪᠠᠶᠢᠳᠠᠯ ᠳᠤ ᠲᠤᠯᠭᠠᠷᠠᠵᠤ᠂ ᠪᠠᠴᠢᠮ ᠡᠭᠦᠷᠭᠡ ᠶᠢ | ᠰᠢᠪᠲᠤᠯᠤᠨ ᠪᠡᠶᠡᠯᠡᠭᠦᠯᠬᠦ ᠳᠤ ᠬᠥᠮᠥᠨ ᠬᠦᠷᠦᠯᠴᠡᠬᠦ ᠦᠭᠡᠢ᠂ ᠵᠣᠭᠤᠰ ᠵᠠᠷᠤᠴᠠᠭᠤᠯᠤᠨ ᠬᠤᠳᠠᠯᠳᠤᠨ ᠠᠪᠴᠤ᠂ ᠬᠥᠮᠥᠨ | ᠬᠥᠯᠥᠰᠦᠯᠡᠨ ᠬᠢᠯᠭᠡᠵᠦ᠂ ᠭᠠᠷ ᠶᠡᠬᠡᠲᠡᠢ ᠪᠠᠶᠢᠪᠠ᠂ ᠤᠳᠤ ᠵᠠᠰᠠᠭ ᠤᠨ ᠣᠷᠳᠣᠨ ᠠᠴᠠ ᠥᠷᠢ ᠰᠢᠷᠢ ᠪᠠᠨ ᠰᠢᠢᠳᠪᠦᠷᠢᠯᠡᠬᠦ | ᠶᠡᠭᠡ ᠪᠠᠶᠢᠳᠠᠯ ᠳᠤ ᠲᠤᠯᠭᠠᠷᠠᠵᠤ᠂ ᠵᠠᠷᠢᠮ ᠺᠠᠳ᠋ᠷ ᠭᠠᠮᠨᠠᠵᠤ ᠠᠮᠢᠳᠤᠷᠠᠬᠤ ᠬᠡᠪ ᠤᠨ ᠪᠠᠶᠢᠳᠠᠯ ᠳᠤ ᠵᠣᠬᠢᠴᠠᠬᠤ ᠦᠭᠡᠢ | ᠪᠠᠶᠢᠨ᠎ᠠ᠃ ᠪᠢᠳᠡ ᠠᠵᠢᠯ ᠳᠠᠭᠠᠨ ᠵᠣᠬᠢᠴᠠᠬᠤ ᠦᠭᠡᠢ ᠦᠶ᠎ᠡ ᠳᠤ ᠰᠤᠷᠤᠯᠴᠠᠯᠭ᠎ᠠ ᠪᠠᠨ ᠴᠢᠩᠭᠠᠳᠬᠠᠬᠤ ᠬᠡᠷᠡᠭᠲᠡᠢ᠂ | ᠰᠤᠷᠤᠯᠴᠠᠬᠤ ᠪᠣᠯ ᠨᠢᠭᠡ ᠵᠦᠢᠯ ᠤᠨ ᠴᠢᠳᠠᠪᠤᠷᠢ ᠮᠥᠨ᠂ ᠪᠠᠰᠠ ᠴᠤ ᠨᠢᠭᠡ ᠵᠦᠢᠯ ᠤᠨ ᠠᠵᠢᠯ ᠪᠠ ᠬᠠᠷᠢᠭᠤᠴᠠᠯᠭ᠎ᠠ | ᠮᠥᠨ᠂ ᠰᠤᠷᠤᠯᠴᠠᠬᠤ ᠪᠣᠯ ᠳᠡᠯᠡᠬᠡᠢ ᠳᠡᠭᠡᠷᠡᠬᠢ ᠴᠤᠷ ᠤᠨ ᠭᠠᠭᠴᠠ ᠬᠠᠷᠠᠮᠰᠠᠬᠤ ᠦᠭᠡᠢ ᠶᠠᠪᠤᠳᠠᠯ ᠮᠥᠨ᠃ | ᠤᠳᠤᠷᠢᠳᠬᠤ ᠺᠠᠳ᠋ᠷᠴᠤᠳ ᠤᠨ ᠠᠰᠠᠭᠤᠳᠠᠯ ᠢ ᠰᠤᠷᠤᠯᠴᠠᠬᠤ ᠪᠠ ᠰᠤᠳᠤᠯᠬᠤ ᠴᠢᠳᠠᠪᠤᠷᠢ ᠨᠢ ᠬᠤᠪᠢ ᠬᠥᠮᠥᠨ ᠤ ᠬᠡᠪ | ᠴᠢᠨᠠᠷ ᠤᠨ ᠠᠰᠠᠭᠤᠳᠠᠯ ᠪᠣᠯᠬᠤ ᠪᠠᠷ ᠪᠠᠷᠠᠬᠤ ᠦᠭᠡᠢ ᠪᠠᠰᠠ ᠨᠢᠭᠡ ᠭᠠᠵᠠᠷ ᠣᠷᠣᠨ᠂ ᠨᠢᠭᠡ ᠠᠵᠢᠯ ᠦᠢᠯᠡᠰ᠂ ᠨᠢᠭᠡ | ᠰᠠᠯᠠᠭ᠎ᠠ ᠮᠥᠴᠢᠷ ᠤᠨ ᠬᠥᠭᠵᠢᠯᠲᠡ ᠲᠠᠢ ᠬᠤᠯᠪᠣᠭᠳᠠᠵᠤ ᠪᠠᠶᠢᠳᠠᠭ᠃ ᠣᠳᠣᠬᠠᠨ ᠳᠤ ᠰᠤᠷᠤᠯᠴᠠᠯᠭ᠎ᠠ ᠪᠠᠨ | ᠴᠢᠩᠭᠠᠳᠬᠠᠬᠤ ᠶᠠᠪᠤᠳᠠᠯ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠱᠠᠭᠠᠷᠳᠠᠭᠳᠠᠵᠤ ᠪᠠᠶᠢᠨ᠎ᠠ᠃ | ᠥᠭᠡᠷᠡᠴᠢᠯᠡᠯᠲᠡ ᠶᠢᠨ ᠳᠠᠪᠲᠠᠮᠵᠢ ᠲᠦᠷᠭᠡᠨ᠂ ᠥᠭᠡᠷᠡᠴᠢᠯᠡᠯᠲᠡ ᠶᠢᠨ ᠬᠦᠷᠢᠶ᠎ᠡ ᠬᠡᠪᠴᠢᠶ᠎ᠡ ᠥᠷᠭᠡᠨ᠂ ᠰᠢᠨ᠎ᠡ ᠬᠡᠷᠡᠭ | ᠪᠣᠳᠠᠰ ᠲᠡᠰᠦᠷᠡᠯᠳᠠ ᠤᠶᠢᠭᠡᠢ ᠭᠠᠷᠴᠤ᠂ ᠰᠢᠨ᠎ᠡ ᠲᠤᠶᠢᠷᠦ ᠶᠢᠨ ᠪᠣᠳᠣᠯᠭ᠎ᠠ ᠳᠤ ᠲᠡᠰᠦᠷᠡᠯᠳᠠ ᠤᠶᠢᠭᠡᠢ ᠬᠤᠪᠢᠷᠠᠯᠲᠠ | ᠭᠠᠷᠴᠤ ᠪᠠᠶᠢᠭ᠎ᠠ ᠨᠢ ᠮᠠᠨ ᠤ ᠺᠠᠳ᠋ᠷᠴᠤᠳ ᠢ ᠲᠡᠰᠦᠷᠡᠯᠳᠠ ᠤᠶᠢᠭᠡᠢ ᠰᠤᠷᠤᠯᠴᠠᠵᠤ᠂ ᠴᠥᠬᠦᠷᠡᠰᠢ ᠤᠶᠢᠭᠡᠢ | ᠰᠤᠷᠤᠯᠴᠠᠬᠤ ᠶᠢ ᠱᠠᠭᠠᠷᠳᠠᠵᠤ ᠪᠠᠶᠢᠨ᠎ᠠ᠃ ᠲᠡᠭᠡᠬᠦ ᠤᠶᠢᠭᠡᠢ ᠪᠣᠯ ᠲᠤᠶᠢᠷᠦ ᠶᠢᠨ ᠪᠣᠳᠣᠯᠭ᠎ᠠ ᠶᠢᠨ ᠲᠠᠯ᠎ᠠ ᠪᠠᠷ ᠪᠠᠯᠠᠢ | ᠪᠣᠯᠵᠤ᠂ ᠬᠠᠤᠯᠢ ᠴᠠᠭᠠᠵᠠ ᠶᠢᠨ ᠲᠠᠯ᠎ᠠ ᠪᠠᠷ ᠪᠠᠯᠠᠢ ᠪᠣᠯᠵᠤ᠂ ᠡᠩᠨᠡᠭᠡ ᠠᠴᠠ ᠪᠠᠨ ᠬᠤᠴᠣᠷᠴᠤ᠂ ᠬᠠᠶᠠᠭᠳᠠᠬᠤ ᠳᠤ | ᠬᠦᠷᠦᠨ᠎ᠡ᠃ ᠤᠳᠤᠷᠢᠳᠬᠤ ᠺᠠᠳ᠋ᠷᠴᠤᠳ ᠥᠪᠡᠷ ᠤᠨ ᠰᠡᠳᠬᠢᠴᠡ ᠲᠠᠢ ᠪᠠᠶᠢᠵᠤ᠂ ᠥᠪᠡᠷ ᠤᠨ ᠲᠤᠬᠠᠶᠢᠯᠠᠭᠰᠠᠨ | ᠠᠵᠢᠯ ᠢᠶᠠᠨ ᠰᠤᠳᠤᠯᠬᠤ ᠬᠡᠷᠡᠭᠲᠡᠢ᠃ ᠰᠤᠷᠤᠯᠴᠠᠯᠭ᠎ᠠ ᠶᠢᠨ ᠳᠤᠮᠳᠠ ᠰᠡᠳᠬᠢᠴᠡ ᠪᠠᠨ ᠡᠷᠢᠵᠦ᠂ ᠠᠷᠭ᠎ᠠ ᠪᠤᠳᠤᠵᠤ᠂ | ᠦᠢᠯᠡᠳᠦᠯᠭᠡ ᠶᠢᠨ ᠳᠤᠮᠳᠠ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠭᠤᠮᠢ ᠶᠢ ᠡᠪᠳᠡᠬᠦ ᠬᠡᠷᠡᠭᠲᠡᠢ᠃ | ︵ᠬᠤᠶᠠᠷ︶ ᠰᠠᠶᠢᠨ ᠰᠠᠶᠢᠬᠠᠨ ᠪᠠᠶᠢᠭᠤᠯᠭ᠎ᠠ ᠶᠢᠨ ᠰᠤᠷᠲᠠᠯ ᠢ ᠪᠤᠢ ᠪᠣᠯᠭᠠᠬᠤ ᠬᠡᠷᠡᠭᠲᠡᠢ | ᠺᠠᠳ᠋ᠷᠴᠤᠳ ᠠᠳᠠᠯᠢ ᠨᠢᠭᠡᠨ ᠠᠵᠢᠯ ᠤᠨ ᠪᠠᠶᠢᠷᠢ᠂ ᠠᠳᠠᠯᠢ ᠨᠢᠭᠡᠨ ᠠᠵᠢᠯ ᠤᠨ ᠣᠷᠴᠢᠨ ᠨᠥᠬᠦᠴᠡᠯ ᠳᠤ | ᠤᠳᠠᠭᠠᠨ ᠬᠤᠭᠤᠴᠠᠭ᠎ᠠ ᠠᠵᠢᠯᠯᠠᠪᠠᠯ ᠠᠵᠢᠯ ᠮᠡᠷᠭᠡᠵᠢᠯ ᠤᠨ ᠲᠠᠯ᠎ᠠ ᠪᠠᠷ ᠬᠤᠶᠢᠷᠭᠤᠰᠢᠬᠤ ᠶᠠᠪᠤᠳᠠᠯ ᠭᠠᠷᠬᠤ ᠨᠢ | ᠵᠠᠶᠢᠯᠠᠰᠢ ᠦᠭᠡᠢ ᠶᠤᠮ᠂ ᠭᠡᠪᠡᠴᠦ ᠥᠪᠡᠷ ᠢ ᠪᠠᠨ ᠲᠣᠬᠢᠷᠠᠭᠤᠯᠬᠤ ᠶᠢ ᠰᠤᠷᠴᠤ᠂ ᠵᠠᠰᠠᠭ ᠤᠨ ᠠᠵᠢᠯ ᠬᠢᠬᠦ ᠰᠠᠶᠢᠨ | ᠰᠠᠶᠢᠬᠠᠨ ᠰᠡᠳᠬᠢᠴᠡ ᠶᠢᠨ ᠪᠠᠶᠢᠳᠠᠯ ᠢ ᠪᠤᠢ ᠪᠣᠯᠭᠠᠬᠤ ᠬᠡᠷᠡᠭᠲᠡᠢ᠃ ᠮᠠᠨ ᠤ ᠤᠳᠤ ᠶᠢᠨ ᠵᠠᠷᠢᠮ ᠺᠠᠳ᠋ᠷ ᠤᠨ ᠪᠠᠶᠢᠳᠠᠯ | ᠠᠨᠠᠢ ᠪᠠᠶᠢᠵᠤ᠂ ᠶᠠᠮᠠᠷᠪᠠ ᠤᠴᠢᠷ ᠶᠠᠪᠤᠳᠠᠯ ᠳᠤ ᠴᠤ ᠭᠡᠳ ᠤᠷᠮ᠎ᠠ ᠵᠣᠷᠢᠭ ᠢ ᠬᠥᠭᠵᠢᠭᠡᠵᠦ ᠴᠢᠳᠠᠬᠤ ᠦᠭᠡᠢ᠂ ᠨᠠᠵᠠᠭᠠᠢ | ᠲᠠᠯ᠎ᠠ ᠪᠠ ᠭᠤᠮᠣᠳᠠᠯ ᠲᠣᠭᠠᠴᠢᠬᠤ ᠰᠡᠳᠬᠢᠯᠭᠡ ᠤᠯᠠᠨ ᠪᠠᠶᠢᠵᠤ᠂ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ | ᠰᠠᠬᠢᠬᠤ ᠳᠤ ᠰᠡᠳᠬᠢᠯ ᠬᠠᠨᠤᠵᠤ᠂ ᠳᠣᠣᠷ᠎ᠠ ᠪᠠᠷᠢᠮᠵᠢᠶ᠎ᠠ ᠪᠠᠷ ᠲᠣᠭᠲᠠᠭᠰᠠᠨ ᠬᠥᠳᠡᠯᠭᠡᠭᠡᠨ ᠤ ᠢᠨᠧᠷᠼᠢ ᠶᠢᠨ | ᠰᠡᠳᠬᠢᠬᠦᠢ ᠶᠢ ᠰᠠᠨᠠᠭᠠᠴᠢᠯᠠᠭᠠᠲᠤ ᠪᠤᠰᠤ ᠪᠠᠷ ᠪᠡᠶᠡᠯᠡᠭᠦᠯᠵᠦ ᠪᠠᠶᠢᠨ᠎ᠠ᠃ ᠵᠠᠷᠢᠮ ᠺᠠᠳ᠋ᠷ ᠪᠦᠳᠦᠭᠦᠯᠢᠭ ᠠᠵᠢᠯ ᠤᠨ ᠬᠡᠪ | ᠵᠠᠭᠪᠤᠷ ᠲᠤ ᠳᠠᠳᠴᠤ᠂ ᠤᠯᠠᠮ ᠠᠴᠠ ᠤᠯᠠᠮ ᠴᠢᠩᠭ᠎ᠠ ᠪᠣᠯᠵᠤ ᠪᠠᠶᠢᠭ᠎ᠠ ᠠᠵᠢᠯ ᠤᠨ ᠱᠠᠭᠠᠷᠳᠠᠯᠭ᠎ᠠ᠂ ᠨᠠᠷᠢᠯᠢᠭ | ᠠᠵᠢᠯ ᠤᠨ ᠰᠤᠷᠲᠠᠯ᠂ ᠲᠦᠷᠭᠡᠨ ᠠᠵᠢᠯ ᠤᠨ ᠠᠶᠢᠵᠠᠮ ᠳᠤ ᠶᠠᠭᠠᠬᠢᠬᠤ ᠪᠠᠨ ᠣᠯᠬᠤ ᠦᠭᠡᠢ ᠪᠣᠯᠵᠤ᠂ ᠵᠦᠭ ᠴᠢᠭ ᠢᠶᠠᠨ | ᠠᠯᠳᠠᠵᠤ ᠪᠠᠶᠢᠨ᠎ᠠ᠃ ᠵᠠᠷᠢᠮ ᠺᠠᠳ᠋ᠷ ︽ᠵᠣᠭᠤᠰ ᠠᠷᠪᠢᠨ ᠠᠵᠢᠯ ᠴᠥᠭᠡᠨ᠂ ᠭᠡᠷ ᠠᠴᠠ ᠪᠠᠨ ᠣᠶᠢᠷ᠎ᠠ︾ ᠠᠵᠢᠯ | ᠠᠮᠢᠳᠤᠷᠠᠯ ᠤᠨ ᠣᠷᠴᠢᠨ ᠲᠣᠭᠤᠷᠢᠨ ᠢ ᠬᠥᠭᠡᠭᠡᠴᠡᠯᠳᠦᠵᠦ᠂ ᠠᠵᠢᠯ ᠢᠶᠠᠨ ᠰᠤᠳᠤᠯᠬᠤ ᠦᠭᠡᠢ ᠠᠴᠠ ᠪᠣᠯᠵᠤ᠂ | ᠸᠢᠴᠠᠲ ᠤᠨ ᠪᠦᠯᠦᠭᠯᠡᠯ ᠳᠤ ᠦᠷᠭᠦᠯᠵᠢ ᠲᠤᠶᠢᠯ ᠤᠨ ᠡᠪ ᠦᠭᠡᠢ ᠪᠠᠶᠢᠳᠠᠯ ᠢᠯᠡᠷᠡᠵᠦ᠂ ᠭᠤᠣᠯᠯᠠᠨ ᠡᠷᠭᠢᠯᠡᠭᠰᠡᠨ | ᠨᠢᠭᠡᠴᠡ ᠨᠣᠶᠠᠨᠴᠢ ᠰᠤᠷᠲᠠᠯ ᠲᠠᠢ ᠪᠠᠶᠢᠵᠤ᠂ ᠲᠠᠷᠬᠠᠭᠠᠭᠰᠠᠨ ᠤ ᠳᠠᠷᠠᠭ᠎ᠠ ᠣᠶᠢᠰᠢᠶᠠᠬᠤ ᠴᠤ ᠦᠭᠡᠢ ᠪᠠᠶᠢᠳᠠᠭ᠃ | ᠰᠠᠯᠭᠠᠨ ᠡᠷᠬᠢᠯᠡᠵᠦ ᠪᠠᠶᠢᠭ᠎ᠠ ᠨᠢᠭᠡᠴᠡ ᠶᠢᠨ ᠦᠭᠡᠶᠢᠰᠬᠡᠬᠦ ᠦᠵᠡᠯ ᠢ ᠬᠦᠯᠢᠶᠡᠨ ᠠᠪᠤᠭᠰᠠᠨ ᠤ ᠳᠠᠷᠠᠭ᠎ᠠ ᠬᠠᠷᠠᠵᠤ | ᠪᠠᠶᠢᠭᠠᠳ ᠬᠠᠶᠢᠬᠤᠷᠬᠤ ᠦᠭᠡᠢ ᠪᠠᠶᠢᠳᠠᠭ᠃ ᠡᠳᠡᠭᠡᠷ ᠢ ᠪᠢᠳᠡ ᠴᠥᠮ ᠨᠠᠷᠢᠨ ᠬᠢᠨᠠᠮᠠᠭᠠᠢ ᠰᠢᠢᠳᠪᠦᠷᠢᠯᠡᠬᠦ ᠴᠢᠬᠤᠯᠠᠲᠠᠢ | ᠪᠠᠶᠢᠨ᠎ᠠ᠃ ᠮᠠᠨ ᠤ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠥᠨᠳᠥᠷ ᠨᠢ ᠬᠠᠮᠢᠭ᠎ᠠ ᠪᠠᠶᠢᠬᠤ ᠪᠤᠢ᠂ ᠰᠢᠨ᠎ᠡ ᠨᠢ | ᠬᠠᠮᠢᠭ᠎ᠠ ᠪᠠᠶᠢᠬᠤ ᠪᠤᠢ︖ ᠦᠨᠡᠨ ᠳᠡᠭᠡᠨ ᠡᠩ ᠲᠡᠷᠢᠭᠦᠨ ᠳᠤ ︽ᠥᠨᠳᠥᠷ︾ ᠨᠢ ᠺᠠᠳ᠋ᠷ ᠤᠨ ᠬᠡᠪ ᠴᠢᠨᠠᠷ ᠲᠤ ᠪᠠᠶᠢᠬᠤ | ᠬᠡᠷᠡᠭᠲᠡᠢ᠂ ︽ᠰᠢᠨ᠎ᠡ︾ ᠨᠢ ᠠᠵᠢᠯ ᠤᠨ ᠠᠭᠤᠷ ᠠᠮᠢᠰᠬᠤᠯ᠂ ᠪᠠᠶᠢᠳᠠᠯ᠂ ᠤᠶᠤᠨ ᠰᠠᠨᠠᠭᠠᠨ ᠤ ᠳᠦᠷᠰᠦ ᠪᠠᠶᠢᠳᠠᠯ ᠳᠤ | ᠪᠠᠶᠢᠬᠤ ᠬᠡᠷᠡᠭᠲᠡᠢ᠃ ᠪᠠᠶᠢᠭᠤᠯᠤᠯᠭ᠎ᠠ ᠶᠢᠨ ᠰᠠᠶᠢᠨ ᠰᠠᠶᠢᠬᠠᠨ ᠰᠤᠷᠲᠠᠯ ᠪᠣᠯ ᠠᠵᠢᠯ ᠤᠨ ᠥᠨᠳᠥᠷ ᠪᠦᠲᠦᠮᠵᠢ ᠲᠠᠢ | ᠪᠠᠶᠢᠬᠤ ᠶᠢᠨ ᠤᠷᠢᠲᠠᠯ ᠪᠠ ᠪᠠᠲᠤᠯᠠᠭ᠎ᠠ ᠮᠥᠨ᠂ ᠬᠥᠮᠥᠨ ᠤ ᠬᠦᠴᠦᠨ ᠤ ᠡᠬᠢ ᠪᠠᠶᠠᠯᠢᠭ ᠢ ᠬᠠᠮᠤᠭ ᠤᠨ ᠶᠡᠭᠡ ᠪᠠᠷ | ᠡᠮᠬᠢᠯᠡᠨ ᠨᠡᠶᠢᠯᠡᠭᠦᠯᠬᠦ ᠪᠣᠯ ᠠᠵᠢᠯ ᠤᠨ ᠳᠤᠮᠳᠠᠬᠢ ᠬᠠᠮᠤᠭ ᠤᠨ ᠶᠡᠭᠡ ᠬᠦᠴᠦ ᠣᠷᠣᠭᠤᠯᠵᠤ ᠶᠡᠭᠡ ᠠᠮᠵᠢᠯᠲᠠ | ᠭᠠᠷᠭᠠᠬᠤ ᠶᠠᠪᠤᠳᠠᠯ ᠮᠥᠨ᠃ ᠤᠯᠠᠨ ᠢᠶᠠᠷ ᠢᠶᠠᠨ ᠴᠥᠮ ᠰᠠᠶᠢᠨ ᠰᠠᠶᠢᠬᠠᠨ ᠪᠠᠶᠢᠭᠤᠯᠭ᠎ᠠ ᠶᠢᠨ ᠰᠤᠷᠲᠠᠯ ᠢ ᠪᠤᠢ | ᠪᠣᠯᠭᠠᠬᠤ ᠳᠤ ᠤᠷᠢᠳᠠᠪᠠᠷ ᠦᠯᠢᠭᠡᠷ ᠵᠢᠱᠢᠶ᠎ᠡ ᠦᠵᠡᠭᠦᠯᠵᠦ᠂ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ | ᠤᠳᠠᠭᠠᠨ︾ ᠪᠠᠶᠢᠬᠤ ᠰᠤᠷᠲᠠᠯ ᠢ ᠡᠷᠡᠰ ᠬᠤᠷᠢᠭᠯᠠᠬᠤ ᠬᠡᠷᠡᠭᠲᠡᠢ᠃ ᠳᠠᠭᠠᠤ ᠳᠤᠨᠢ ᠨᠢᠭᠡ ᠤᠴᠢᠷ ᠢ ᠴᠢᠬᠤᠯᠠᠴᠢᠯᠠᠶ᠎ᠠ᠂ | ᠡᠯ᠎ᠡ ᠨᠢᠭᠡᠴᠡ ᠶᠢᠨ ᠬᠢᠨ ᠳᠡᠭᠡᠳᠦ ᠱᠠᠲᠤᠨ ᠤ ᠤᠷᠲᠤᠳᠬᠠᠭᠰᠠᠨ ᠲᠣᠭᠤᠷᠢᠨ ᠪᠠᠶᠢᠴᠠᠭᠠᠬᠤ ᠬᠢᠨᠠᠨ ᠪᠠᠶᠢᠴᠠᠭᠠᠬᠤ | ᠬᠢᠨᠠᠨ ᠪᠤᠳᠤᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠷᠡ ᠳᠠᠷᠤᠢ ᠳᠤᠨᠢ ᠮᠡᠳᠡᠭᠦᠯᠵᠦ᠂ | ᠪᠣᠳᠠᠲᠠᠢ ᠤᠳᠤᠷᠢᠳᠤᠯᠭ᠎ᠠ ᠲᠦᠷᠦᠭᠦᠯᠡᠨ ᠬᠢᠬᠦ ᠶᠢ ᠲᠣᠳᠣᠷᠬᠠᠶᠢᠯᠠᠵᠤ᠂ ᠮᠠᠲ᠋ᠧᠷᠢᠶᠠᠯ ᠢ ᠴᠠᠭ ᠲᠤᠬᠠᠢ ᠳᠤᠨᠢ ᠬᠠᠩᠭᠠᠬᠤ | ᠦᠭᠡᠢ᠂ ᠪᠠᠶᠢᠳᠠᠯ ᠢ ᠣᠶᠢᠯᠠᠭᠠᠬᠤ ᠳᠤ ᠣᠶᠢᠰᠢᠶᠠᠬᠤ ᠬᠥᠮᠥᠨ ᠦᠭᠡᠢ ᠪᠠᠶᠢᠬᠤ ᠦᠵᠡᠭᠳᠡᠯ ᠢ ᠡᠷᠡᠰ ᠬᠤᠷᠢᠭᠯᠠᠬᠤ | ᠬᠡᠷᠡᠭᠲᠡᠢ᠃ | ︵ᠭᠤᠷᠪᠠ︶ ᠬᠠᠷᠢᠭᠤᠴᠠᠯᠭ᠎ᠠ ᠡᠭᠦᠷᠭᠡᠯᠡᠵᠦ ᠠᠵᠢᠯ ᠬᠢᠬᠦ ᠰᠥᠰᠥ ᠵᠣᠷᠢᠭ ᠲᠠᠢ ᠪᠠᠶᠢᠬᠤ ᠬᠡᠷᠡᠭᠲᠡᠢ | ᠰᠢᠨ᠎ᠡ ᠴᠠᠭ ᠦᠶ᠎ᠡ ᠳᠤ ᠣᠷᠣᠭᠰᠠᠨ ᠤ ᠳᠠᠷᠠᠭ᠎ᠠ᠂ ᠪᠢᠳᠡᠨ ᠳᠤ ᠲᠤᠯᠭᠠᠷᠠᠵᠤ ᠪᠠᠶᠢᠭ᠎ᠠ ᠬᠥᠭᠵᠢᠯᠲᠡ ᠶᠢᠨ | ᠣᠷᠴᠢᠨ ᠲᠣᠭᠤᠷᠢᠨ ᠳᠤ ᠭᠦᠨᠵᠡᠭᠡᠢ ᠬᠤᠪᠢᠷᠠᠯᠲᠠ ᠭᠠᠷᠪᠠ᠃ ᠰᠢᠨ᠎ᠡ ᠪᠠᠶᠢᠳᠠᠯ ᠰᠢᠨ᠎ᠡ ᠡᠭᠦᠷᠭᠡ ᠨᠢ ᠪᠢᠳᠡᠨ ᠤ ᠡᠯ᠎ᠡ | ᠲᠠᠯ᠎ᠠ ᠶᠢᠨ ᠠᠵᠢᠯ ᠢ ᠰᠠᠶᠢᠲᠤᠷ ᠬᠢᠬᠦ ᠳᠤ ᠴᠥᠮ ᠨᠡᠩ ᠥᠨᠳᠥᠷ ᠰᠢᠨ᠎ᠡ ᠱᠠᠭᠠᠷᠳᠠᠯᠭ᠎ᠠ ᠶᠢ ᠲᠠᠯᠪᠢᠭᠰᠠᠨ ᠪᠠᠶᠢᠨ᠎ᠠ᠃ | ᠰᠢᠨ᠎ᠡ ᠵᠥᠷᠢᠴᠡᠯ ᠰᠢᠨ᠎ᠡ ᠠᠰᠠᠭᠤᠳᠠᠯ ᠰᠢᠨ᠎ᠡ ᠥᠷᠢᠰᠦᠯᠳᠦᠭᠡᠨ ᠤ ᠡᠮᠦᠨ᠎ᠡ᠂ ᠵᠠᠷᠢᠮ ᠺᠠᠳ᠋ᠷᠴᠤᠳ ᠤᠨ ᠦᠵᠡᠯ ᠰᠠᠨᠠᠭ᠎ᠠ | ᠲᠠᠨᠢᠯᠲᠠ ᠶᠢᠨ ᠲᠠᠯ᠎ᠠ ᠪᠠᠷ ᠲᠥᠭᠡᠷᠢᠭᠳᠡᠵᠦ᠂ ᠲᠥᠭᠡᠷᠢᠭᠳᠡᠯ ᠲᠠᠢ ᠪᠣᠯᠵᠤ᠂ ᠤᠷᠤᠭᠰᠢᠯᠠᠵᠤ ᠤᠬᠤᠷᠢᠬᠤ ᠪᠠᠨ ᠠᠯᠳᠠᠵᠤ᠂ | ᠶᠠᠭᠠᠬᠢᠬᠤ ᠪᠠᠨ ᠣᠯᠬᠤ ᠦᠭᠡᠢ ᠪᠣᠯᠪᠠ᠃ ᠵᠠᠷᠢᠮ ᠺᠠᠳ᠋ᠷ ᠳᠡᠭᠡᠳᠦ ᠱᠠᠲᠤᠨ ᠤ ᠪᠠᠭᠤᠯᠭᠠᠭᠰᠠᠨ ᠪᠢᠴᠢᠭ ᠮᠠᠲ᠋ᠧᠷᠢᠶᠠᠯ ᠢ | ︽ᠵᠥᠪᠰᠢᠶᠡᠷᠡᠬᠦ ᠠᠴᠠ ᠪᠢᠰᠢ ᠤᠩᠰᠢᠬᠤ ᠦᠭᠡᠢ᠂ ᠤᠩᠰᠢᠬᠤ ᠠᠴᠠ ᠪᠢᠰᠢ ᠮᠡᠳᠡᠭᠳᠡᠬᠦ ᠦᠭᠡᠢ᠂ ᠢᠯᠡ ᠪᠠᠷ | ᠦᠵᠡᠭᠦᠯᠬᠦ ᠠᠴᠠ ᠪᠢᠰᠢ ᠲᠣᠳᠣᠷᠬᠠᠢ ᠮᠡᠳᠡᠬᠦ ᠦᠭᠡᠢ᠂ ᠢᠯᠡ ᠪᠠᠷ ᠭᠡᠲᠡᠬᠦ ᠦᠭᠡᠢ︾ ᠪᠠᠶᠢᠳᠠᠯ ᠪᠠᠶᠢᠨ᠎ᠠ᠃ ᠵᠠᠷᠢᠮ ᠺᠠᠳ᠋ᠷ | ᠶᠠᠪᠤᠳᠠᠯ ᠪᠣᠯᠭᠠᠨ ᠳᠤ ᠵᠢᠭᠠᠪᠤᠷᠢ ᠠᠪᠴᠤ᠂ ᠶᠠᠪᠤᠳᠠᠯ ᠪᠣᠯᠭᠠᠨ ᠳᠤ ᠴᠥᠮ ᠲᠣᠪᠴᠢ ᠲᠡᠮᠳᠡᠭᠯᠡᠯ᠂ ᠦᠨᠳᠦᠰᠦ ᠪᠠᠷᠢᠮᠲᠠ | ᠥᠭᠲᠡᠭ᠂ ᠴᠣᠬᠤᠯᠠᠪᠤᠷᠢ ᠪᠠᠶᠢᠬᠤ ᠦᠭᠡᠢ ᠪᠣᠯ ᠴᠢᠳᠠᠬᠤ ᠦᠭᠡᠢ ᠪᠣᠯᠵᠤ᠂ ᠠᠵᠢᠯ ᠬᠢᠬᠦ ᠳᠤᠷ᠎ᠠ ᠦᠭᠡᠢ ᠪᠠᠶᠢᠨ᠎ᠠ᠃ | ᠵᠠᠷᠢᠮ ᠰᠠᠯᠠᠭ᠎ᠠ ᠮᠥᠴᠢᠷ ᠤᠨ ᠬᠢᠨ ᠥᠪᠡᠷ ᠢᠶᠠᠨ ᠲᠣᠭᠲᠠᠭᠠᠪᠠᠯ ᠵᠣᠬᠢᠬᠤ ᠤᠴᠢᠷ ᠶᠠᠪᠤᠳᠠᠯ ᠢᠶᠠᠨ ᠲᠣᠳᠣᠷᠬᠠᠢ | ᠲᠣᠭᠲᠠᠭᠠᠬᠤ ᠦᠭᠡᠢ᠂ ᠶᠡᠭᠡ ᠪᠠᠭ᠎ᠠ ᠤᠴᠢᠷ ᠶᠠᠪᠤᠳᠠᠯ ᠢ ᠨᠢ ᠴᠥᠮ ᠬᠠᠮᠢᠶᠠᠷᠤᠯᠲᠠ ᠶᠢᠨ ᠵᠦᠪᠡᠯᠡᠯ ᠳᠤ ᠬᠠᠷᠢᠭᠤ | ᠮᠡᠳᠡᠭᠦᠯᠵᠦ᠂ ᠴᠥᠮ ᠬᠠᠮᠢᠶᠠᠷᠤᠯᠲᠠ ᠶᠢᠨ ᠵᠦᠪᠡᠯᠡᠯ ᠤᠨ ᠪᠠᠶᠢᠩᠭᠤ ᠶᠢᠨ ᠬᠤᠷᠠᠯ ᠳᠤ ᠳᠡᠪᠰᠢᠭᠦᠯᠳᠡᠭ᠃ ᠵᠠᠷᠢᠮ ᠺᠠᠳ᠋ᠷ | ᠬᠠᠷᠢᠭᠤᠴᠠᠯᠭ᠎ᠠ ᠡᠭᠦᠷᠭᠡᠯᠡᠬᠦ ᠳᠤᠷ᠎ᠠ ᠦᠭᠡᠢ ᠮᠥᠷᠲᠡᠭᠡᠨ ᠪᠠᠰᠠ ᠠᠵᠢᠯ ᠤᠨ ᠪᠠᠶᠢᠷᠢ ᠠᠴᠠ ᠪᠠᠨ ᠰᠠᠯᠵᠤ ᠶᠠᠳᠠᠨ᠂ | ᠥᠨᠳᠥᠷ ᠬᠥᠳᠡᠯᠮᠦᠷᠢ ᠶᠢᠨ ᠬᠥᠯᠥᠰᠦ ᠣᠯᠭᠤᠮᠵᠢ ᠠᠴᠠ ᠰᠠᠯᠵᠤ ᠴᠢᠳᠠᠬᠤ ᠦᠭᠡᠢ ᠮᠥᠷᠲᠡᠭᠡᠨ ᠪᠠᠰᠠ ᠠᠵᠢᠯ ᠤᠨ | ᠲᠥᠯᠥᠭᠡ ᠵᠣᠷᠢᠭᠤᠯᠬᠤ ᠳᠤᠷ᠎ᠠ ᠦᠭᠡᠢ ᠪᠠᠶᠢᠵᠤ᠂ ᠴᠢᠨᠠᠭᠰᠢᠯᠠᠪᠠᠯ ᠪᠠᠰᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠳᠤᠲᠠᠭᠤᠳᠠᠯ ᠢ ᠶᠠᠷᠢᠵᠤ ᠪᠠᠶᠢᠨ᠎ᠠ᠃ ᠵᠠᠷᠢᠮ ᠪᠠᠶᠢᠭᠤᠯᠤᠯᠭ᠎ᠠ ᠶᠢᠨ ᠬᠢᠨ ᠰᠠᠶᠢᠨ ᠬᠥᠮᠥᠨ ᠪᠣᠯᠵᠤ᠂ ᠳᠤᠷᠠᠳᠤᠭᠰᠠᠨ ᠰᠠᠨᠠᠯ | ᠨᠢ ᠬᠤᠶᠠᠷ ᠤᠨ ᠬᠤᠭᠤᠷᠣᠨᠳᠤ ᠪᠠᠶᠢᠵᠤ᠂ ᠦᠵᠡᠬᠦ ᠳᠤ ᠵᠥᠪ ᠪᠣᠯᠪᠠᠴᠤ ᠦᠨᠡᠨ ᠳᠡᠭᠡᠨ ᠪᠤᠷᠤᠭᠤ ᠰᠢᠭ᠋ ᠪᠠᠶᠢᠳᠠᠭ᠃ | ᠡᠳᠡᠭᠡᠷ ᠠᠰᠠᠭᠤᠳᠠᠯ ᠢ ᠴᠥᠮ ᠬᠠᠮᠢᠶᠠᠷᠤᠯᠲᠠ ᠶᠢᠨ ᠵᠥᠪᠯᠡᠯ ᠤᠨ ᠡᠯ᠎ᠡ ᠡᠭᠦᠷᠭᠡ ᠴᠢᠳᠠᠪᠤᠷᠢᠲᠤ ᠪᠠᠶᠢᠭᠤᠯᠤᠮᠵᠢ | ᠴᠢᠬᠤᠯᠠᠴᠢᠯᠠᠨ ᠦᠵᠡᠬᠦ ᠴᠢᠬᠤᠯᠠᠲᠠᠢ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠠᠷᠢᠭᠤᠴᠠᠯᠭ᠎ᠠ ᠶᠢᠨ | ᠤᠬᠠᠮᠰᠠᠷ ᠢᠶᠠᠨ ᠴᠢᠩᠭᠠᠳᠬᠠᠵᠤ᠂ ᠵᠣᠷᠢᠭᠲᠠᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠰᠢᠢᠳᠪᠦᠷᠢᠯᠡᠬᠦ ᠳᠡᠭᠡᠨ | ᠴᠢᠳᠠᠮᠠᠭᠠᠢ ᠪᠠᠶᠢᠬᠤ ᠬᠡᠷᠡᠭᠲᠡᠢ᠂ ᠡᠨᠡ ᠪᠣᠯ ᠨᠢᠭᠡ ᠵᠦᠢᠯ ᠤᠨ ᠤᠶᠤᠨ ᠤᠬᠠᠭᠠᠨ ᠮᠥᠨ ᠪᠥᠭᠡᠳ ᠪᠠᠰᠠ ᠴᠤ ᠨᠢᠭᠡ | ᠵᠦᠢᠯ ᠤᠨ ᠬᠠᠷᠢᠭᠤᠴᠠᠯᠭ᠎ᠠ ᠮᠥᠨ᠃ ᠬᠠᠮᠢᠶᠠᠷᠤᠯᠲᠠ ᠶᠢᠨ ᠵᠦᠪᠡᠯᠡᠯ ᠤᠨ ᠪᠠᠶᠢᠷᠢᠯᠠᠭᠤᠯᠤᠭᠰᠠᠨ ᠠᠵᠢᠯ ᠢ ᠶᠠᠪᠤᠳᠠᠯ | ᠪᠦᠬᠦᠨ ᠳᠤ ᠨᠠᠶᠢᠳᠠᠪᠤᠷᠢᠲᠠᠢ᠂ ᠶᠠᠪᠤᠳᠠᠯ ᠪᠦᠬᠦᠨ ᠳᠤ ᠬᠠᠷᠢᠭᠤ ᠥᠭᠬᠦ ᠬᠡᠷᠡᠭᠲᠡᠢ᠃ | ᠨᠥᠬᠦᠳ ᠠ᠋᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ | ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠪᠡᠷᠬᠡ ᠰᠡᠳᠦᠪ ᠢ | ᠰᠢᠢᠳᠪᠦᠷᠢᠯᠡᠬᠦ ᠵᠢᠯ ᠮᠥᠨ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ | ᠪᠣᠯᠣᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ | ᠵᠣᠷᠢᠭ ᠢᠶᠠᠨ ᠪᠠᠲᠤᠳᠬᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠡᠷᠡᠯᠬᠡᠭᠯᠡᠨ ᠲᠡᠮᠡᠴᠡᠵᠦ᠂ ᠰᠢᠨᠲᠠᠷᠠᠰᠢ ᠦᠭᠡᠢ | ᠴᠢᠷᠮᠠᠶᠢᠨ ᠠᠵᠢᠯᠯᠠᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠤᠯᠤᠰ ᠤᠨ ᠲᠡᠰ ᠤᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ 50 ᠬᠦᠴᠦᠷᠬᠡᠭ ᠲᠤ ᠲᠠᠪᠰᠢᠨ ᠣᠷᠣᠬᠤ ᠪᠠᠷ ᠴᠢᠷᠮᠠᠶᠢᠨ ᠲᠡᠮᠡᠴᠡᠵᠡᠭᠡᠶ᠎ᠡ︕ |