ᠣᠷᠢᠳᠴᠢᠯᠠᠭᠰᠠᠨ ᠲᠠᠷᠬᠠᠯᠠᠭ᠎ᠠ᠂ ᠰᠠᠷ᠎ᠠ ᠪᠦᠷᠢ ᠨᠡᠶᠢᠲᠡ 13 ᠲᠦᠮᠡ ᠭᠠᠷᠤᠢ ᠲᠥᠭᠦᠷᠢᠭ ᠪᠠᠶᠢᠨ᠎ᠠ
ᠨᠡᠶᠢᠲᠡᠯᠡᠭᠰᠡᠨ ᠴᠠᠭ᠄
2024/5/15
    ᠳᠡᠭᠡᠳᠦ ᠱᠠᠲᠤᠨ ᠤ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠤᠰᠠᠳᠠ᠂ ᠴᠡᠷᠢᠭ ᠠᠴᠠ ᠬᠠᠯᠠᠭᠳᠠᠭᠰᠠᠳ ᠵᠢᠴᠢ ᠪᠤᠰᠤᠳ ᠬᠠᠷᠠᠭᠠᠯᠵᠠᠯ ᠭᠥᠷᠳᠡᠬᠦ ᠡᠲᠡᠭᠡᠳ ᠤᠨ ᠬᠠᠷᠠᠭᠠᠯᠵᠠᠯ ᠤᠨ ᠦᠨᠡᠮᠯᠡᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠠᠷᠠᠭᠠᠯᠵᠠᠯ ᠤᠨ ᠦᠨᠡᠮᠯᠡᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠨᠵᠢ ᠴᠢᠨᠠᠷ ᠢ ᠭᠦᠢᠴᠡᠳ ᠠᠰᠢᠭᠯᠠᠨ᠂ ᠮᠠᠨ ᠤ ᠣᠷᠣᠨ ᠤ ᠬᠠᠷᠠᠭᠠᠯᠵᠠᠯ ᠭᠥᠷᠳᠡᠬᠦ ᠡᠲᠡᠭᠡᠳ ᠲᠤ ᠨᠠᠩ ᠰᠠᠶᠢᠨ ᠦᠢᠯᠡᠴᠢᠯᠡᠨ᠎ᠡ᠃ ᠮᠠᠨ ᠤ ᠲᠥᠪ ᠪᠣᠯᠣᠨ ᠬᠠᠷᠢᠶᠠᠲᠤ ᠣᠷᠣᠨ ᠤ ᠦᠢᠯᠡᠳᠪᠦᠷᠢ ᠬᠤᠳᠠᠯᠳᠤᠭᠠᠨ ᠤ ᠪᠠᠩᠬᠢ ︵ᠬᠠᠷᠠᠭᠠᠯᠵᠠᠯ ᠤᠨ ᠦᠨᠡᠮᠯᠡᠯ ᠣᠯᠭᠤᠬᠤ ᠨᠢᠭᠡᠴᠢ︶ ᠶᠢᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠭᠤᠯᠤᠨ᠂ ᠬᠠᠭᠠᠰ ᠬᠤᠭᠤᠴᠠᠭ᠎ᠠ ᠳᠤ᠂ ᠲᠣᠰ ᠵᠢᠯ ᠤᠨ 4 ᠰᠠᠷ᠎ᠠ ᠳᠤ ᠪᠥᠬᠦ ᠬᠤᠲᠠ ᠳᠤ ᠬᠠᠷᠠᠭᠠᠯᠵᠠᠯ ᠤᠨ ᠦᠨᠡᠮᠯᠡᠯ ᠣᠯᠭᠤᠬᠤ ᠬᠠᠷᠠᠭᠠᠯᠵᠠᠯ ᠤᠨ ᠮᠥᠩᠭᠦ ᠶᠢ ᠬᠠᠮᠤᠭ ᠤᠨ ᠲᠦᠷᠦᠭᠦᠨ ᠳᠤ ᠪᠡᠶᠡᠯᠡᠭᠦᠯᠪᠡ᠃    ᠮᠠᠨ ᠤ ᠣᠷᠣᠨ ᠳᠤ ᠡᠯ᠎ᠡ ᠲᠥᠷᠥᠯ ᠤᠨ ᠠᠰᠠᠷᠠᠨ ᠬᠠᠷᠠᠭᠠᠯᠵᠠᠬᠤ ᠡᠲᠡᠭᠡᠳ ᠨᠡᠶᠢᠲᠡ 97 ᠬᠥᠮᠥᠨ ᠪᠠᠶᠢᠵᠤ᠂ ᠰᠠᠷ᠎ᠠ ᠪᠦᠷᠢ ᠶᠢᠨ ᠠᠰᠠᠷᠠᠨ ᠬᠠᠷᠠᠭᠠᠯᠵᠠᠬᠤ ᠮᠥᠩᠭᠦ ᠨᠡᠶᠢᠲᠡ 13 ᠲᠦᠮᠡ ᠭᠠᠷᠤᠢ ᠲᠥᠭᠦᠷᠢᠭ ᠪᠣᠯᠣᠨ᠎ᠠ᠃ ᠬᠠᠷᠠᠭᠠᠯᠵᠠᠯ ᠤᠨ ᠦᠨᠡᠮᠯᠡᠯ ᠳᠤ ᠬᠠᠷᠠᠭᠠᠯᠵᠠᠯ ᠤᠨ ᠮᠥᠩᠭᠦ ᠣᠯᠭᠤᠬᠤ ᠠᠵᠢᠯ ᠤᠨ ᠱᠠᠭᠠᠷᠳᠠᠯᠭ᠎ᠠ ᠶᠢ ᠪᠡᠶᠡᠯᠡᠭᠦᠯᠬᠦ ᠶᠢᠨ ᠲᠥᠯᠥᠭᠡ᠂ ᠮᠠᠨ ᠤ ᠲᠥᠪ ᠣᠯᠠᠨ ᠤᠳᠠᠭ᠎ᠠ ᠭᠡᠷ ᠲᠤᠨᠢ ᠬᠦᠷᠴᠦ ᠮᠡᠳᠡᠭᠡ ᠵᠠᠩᠭᠢ ᠴᠤᠭᠯᠠᠭᠤᠯᠵᠤ᠂ ᠬᠥᠳᠡᠯᠵᠦ ᠪᠠᠷᠢᠬᠤ ᠳᠤ ᠳᠥᠭᠦᠮ ᠦᠭᠡᠢ ᠬᠠᠷᠠᠭᠠᠯᠵᠠᠯ ᠤᠨ ᠡᠲᠡᠭᠡᠳ ᠲᠤ ᠬᠠᠷᠠᠭᠠᠯᠵᠠᠯ ᠤᠨ ᠦᠨᠡᠮᠯᠡᠯ ᠣᠯᠭᠤᠵᠤ᠂ ᠬᠠᠷᠠᠭᠠᠯᠵᠠᠯ ᠤᠨ ᠦᠨᠡᠮᠯᠡᠯ ᠢ ᠬᠢᠨᠠᠨ ᠬᠠᠷᠭᠤᠭᠤᠯᠬᠤ ᠠᠬᠢᠴᠠ ᠶᠢ ᠲᠦᠷᠭᠡᠳᠬᠡᠪᠡ᠃ ᠪᠠᠩᠬᠢ ᠳᠤ ᠲᠤᠰᠬᠠᠢ ᠬᠠᠷᠠᠭᠠᠯᠵᠠᠯ ᠤᠨ ᠦᠨᠡᠮᠯᠡᠯ ᠤᠨ ᠴᠣᠩᠬᠤ ᠭᠠᠷᠭᠠᠵᠤ᠂ ᠺᠠᠷᠲ ᠨᠡᠭᠡᠭᠡᠬᠦ ᠶᠠᠪᠤᠳᠠᠯ ᠢ ᠬᠠᠯᠠᠰᠢᠷᠠᠯ ᠦᠭᠡᠢ  ᠵᠢᠯᠣᠭᠤᠳᠣᠪᠠ᠃ ᠡᠭᠦᠨ ᠤ ᠬᠠᠮᠲᠤ ᠲᠤᠰᠬᠠᠶᠢᠯᠠᠨ ᠦᠢᠯᠡᠳᠪᠦᠷᠢ ᠬᠤᠳᠠᠯᠳᠤᠭᠠᠨ ᠤ ᠪᠠᠩᠬᠢ ᠲᠠᠢ ᠣᠷᠣᠯᠠᠨ ᠲᠠᠷᠬᠠᠭᠠᠬᠤ ᠳᠠᠩᠰᠠᠨ ᠡᠷᠦᠬᠡ ᠶᠢᠨ ᠭᠡᠷ᠎ᠡ ᠲᠣᠭᠲᠠᠵᠤ᠂ ᠠᠰᠠᠷᠠᠮᠵᠢ ᠶᠢᠨ ᠪᠡᠯᠡ ᠮᠥᠩᠭᠦ ᠶᠢᠨ ᠬᠡᠷᠡᠭᠯᠡᠯᠲᠡ ᠶᠢᠨ ᠢᠯᠡ ᠲᠣᠳᠣ ᠶᠢᠨ ᠬᠡᠮᠵᠢᠶ᠎ᠡ ᠪᠠ ᠠᠶᠤᠯᠭᠦᠢ ᠴᠢᠨᠠᠷ ᠪᠠ ᠪᠠᠩᠬᠢ ᠶᠢᠨ ᠠᠵᠢᠯᠲᠠᠳ ᠲᠠᠢ ᠤᠯᠠᠨ ᠤᠳᠠᠭ᠎ᠠ ᠠᠭᠤᠯᠵᠠᠨ ᠶᠠᠷᠢᠯᠴᠠᠬᠤ ᠬᠤᠷᠠᠯ ᠬᠢᠵᠦ᠂ ᠠᠰᠠᠭᠤᠳᠠᠯ ᠢ ᠨᠢᠭᠡᠳ ᠨᠢᠭᠡ ᠪᠠᠷ ᠬᠤᠷᠢᠶᠠᠩᠭᠤᠶᠢᠯᠠᠨ ᠰᠢᠢᠳᠪᠦᠷᠢᠯᠡᠵᠦ᠂ ᠠᠰᠠᠷᠠᠮᠵᠢ ᠶᠢᠨ ᠮᠥᠩᠭᠦ ᠶᠢ ᠭᠦᠢᠴᠡᠳ ᠲᠤᠭ᠎ᠠ ᠪᠠᠷ ᠴᠠᠭ ᠲᠤᠬᠠᠢ ᠳᠤᠨᠢ ᠥᠭᠬᠦ ᠶᠢ ᠪᠠᠲᠤᠯᠠᠪᠠ᠃     ᠬᠠᠷᠠᠭᠠᠯᠵᠠᠯ ᠤᠨ ᠦᠨᠡᠮᠯᠡᠯ ᠣᠯᠭᠤᠬᠤ ᠬᠠᠷᠠᠭᠠᠯᠵᠠᠯ ᠤᠨ ᠮᠥᠩᠭᠦ ᠨᠢ ᠬᠠᠷᠠᠭᠠᠯᠵᠠᠯ ᠤᠨ ᠦᠨᠡᠮᠯᠡᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠨᠵᠢ ᠴᠢᠨᠠᠷ ᠤᠨ ᠲᠥᠬᠦᠮ ᠴᠢᠨᠠᠷ ᠪᠠ ᠠᠮᠢᠳᠤᠯᠢᠭ ᠴᠢᠨᠠᠷ ᠢ ᠭᠦᠢᠴᠡᠳ ᠢᠯᠡᠷᠡᠭᠦᠯᠵᠦ᠂ ᠬᠠᠷᠠᠭᠠᠯᠵᠠᠯ ᠤᠨ ᠦᠨᠡᠮᠯᠡᠯ ᠲᠠᠢ ᠬᠥᠮᠥᠰ ᠲᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠬᠦᠮ ᠨᠥᠬᠦᠴᠡᠯ ᠪᠠ ᠠᠰᠠᠷᠠᠮᠵᠢ ᠶᠢ ᠣᠯᠭᠤᠵᠤ᠂ ᠥᠷᠭᠡᠨ ᠣᠯᠠᠨ ᠴᠡᠷᠢᠭ ᠠᠴᠠ ᠬᠠᠯᠠᠭᠳᠠᠭᠰᠠᠳ ᠪᠠ ᠬᠠᠷᠠᠭᠠᠯᠵᠠᠯ ᠤᠨ ᠡᠲᠡᠭᠡᠳ ᠤᠨ ᠨᠡᠶᠢᠭᠡᠮ ᠤᠨ ᠳᠠᠪᠰᠢᠯᠲᠠ ᠪᠠ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠶᠢ ᠤᠷᠮᠠᠰᠢᠭᠤᠯᠤᠨ ᠵᠣᠷᠢᠭᠵᠢᠭᠤᠯᠵᠠᠢ᠃ ᠵᠠᠯᠭᠠᠭᠠᠳ ᠮᠠᠨ ᠤ ᠲᠥᠪ ᠪᠠᠰᠠ ᠬᠠᠷᠠᠭᠠᠯᠵᠠᠯ ᠤᠨ ᠬᠦᠷᠢᠶ᠎ᠡ ᠪᠠᠨ ᠲᠠᠰᠤᠷᠠᠯᠲᠠ ᠦᠭᠡᠢ ᠥᠷᠭᠡᠳᠬᠡᠵᠦ᠂ ᠬᠠᠷᠠᠭᠠᠯᠵᠠᠯ ᠤᠨ ᠦᠨᠡᠮᠯᠡᠯ ᠤᠨ ︽ᠦᠨ᠎ᠡ ᠴᠠᠨ᠎ᠠ︾ ᠶᠢ ᠳᠡᠭᠡᠭᠰᠢᠯᠡᠭᠦᠯᠦᠨ᠂ ᠦᠨᠡᠮᠯᠡᠯ ᠭᠠᠷᠳᠠᠭᠴᠢ ᠶᠢᠨ ᠢᠷᠠᠭᠤ ᠠᠯᠳᠠᠷ ᠤᠨ ᠰᠡᠳᠬᠢᠯᠭᠡ᠂ ᠬᠦᠷᠲᠡᠮᠵᠢ ᠶᠢᠨ ᠰᠡᠳᠬᠢᠯᠭᠡ ᠶᠢ ᠦᠨᠡᠨ ᠬᠦ ᠨᠡᠮᠡᠭᠳᠡᠭᠦᠯᠦᠨ᠎ᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号