ᠡᠨᠡ ᠵᠢᠯ ᠠᠴᠠ ᠨᠠᠰᠢ᠂ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠤᠯᠤᠰ ᠤᠨ | ᠬᠤᠪᠣᠷ ᠰᠢᠷᠣᠢ ᠶᠢᠨ ᠡᠬᠢ ᠪᠠᠶᠠᠯᠢᠭ ᠤᠨ ᠪᠠᠶᠢᠯᠳᠤᠬᠤ ᠪᠣᠳᠣᠯᠭ᠎ᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠵᠤ᠂ | ᠬᠤᠪᠣᠷ ᠰᠢᠷᠣᠢ ᠶᠢᠨ ᠠᠵᠤ ᠦᠢᠯᠡᠰ ᠤᠨ ᠪᠣᠬᠢᠷᠲᠤᠯ ᠦᠭᠡᠢ᠂ ᠣᠶᠤᠨᠴᠢᠯᠠᠭᠰᠠᠨ᠂ ᠳᠡᠭᠡᠳᠦ ᠦᠵᠦᠭᠦᠷᠴᠢᠯᠡᠭᠰᠡᠨ | ᠬᠥᠭᠵᠢᠯᠲᠡ ᠶᠢ ᠠᠬᠢᠭᠤᠯᠵᠤ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠬᠦᠷᠢᠶᠡᠨ ᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠪᠡ᠃ | ᠬᠠᠯᠠᠭᠤᠨ ᠢ ᠬᠥᠨᠳᠡᠶᠢᠷᠡᠭᠦᠯᠬᠦ ᠬᠠᠭᠤᠴᠢᠨ ᠬᠦᠴᠢᠷ ᠠᠰᠠᠭᠤᠳᠠᠯ ᠢ ᠰᠢᠢᠳᠪᠦᠷᠢᠯᠡᠪᠡ | ᠣᠶᠢᠷ᠎ᠠ ᠳᠤ᠂ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠪᠣᠯᠣᠨ ᠯᠠᠨᠵᠧᠦ ᠶᠡᠭᠡ | ᠰᠤᠷᠭᠠᠭᠤᠯᠢ ᠬᠠᠮᠲᠤᠷᠠᠨ ᠪᠡᠷᠬᠡ ᠰᠡᠳᠦᠪ ᠢ ᠰᠢᠢᠳᠪᠦᠷᠢᠯᠡᠵᠦ᠂ ᠨᠢᠭᠡ ᠵᠦᠢᠯ ᠤᠨ ᠵᠥᠭᠡᠯᠡᠨ ᠴᠢᠨᠠᠷᠲᠠᠢ ᠬᠤᠪᠣᠷ | ᠰᠢᠷᠣᠢ ᠶᠢᠨ ᠰᠢᠷᠬᠡᠭᠯᠢᠭ ᠬᠡᠢ ᠶᠢᠨ ᠴᠠᠷᠴᠠᠮᠠᠯ ᠴᠠᠪᠠᠤ ᠶᠢ ᠰᠤᠳᠤᠯᠤᠨ ᠭᠠᠷᠭᠠᠵᠠᠢ᠂ ᠲᠣᠰ ᠮᠠᠲ᠋ᠧᠷᠢᠶᠠᠯ ᠨᠢ ᠢᠯᠴᠢ | ᠳᠣᠣᠷ᠎ᠠ ᠪᠠ ᠥᠨᠳᠥᠷ ᠳᠤᠯᠠᠭᠠᠨ ᠳᠤ ᠲᠡᠰᠪᠦᠷᠢᠲᠡᠢ᠂ ᠭᠤᠣᠯᠯᠠᠬᠤ ᠮᠡᠷᠭᠡᠵᠢᠯ ᠤᠨ ᠭᠦᠢᠴᠡᠳᠬᠡᠯ ᠲᠤᠭ᠎ᠠ ᠨᠢ | ᠲᠡᠷᠢᠭᠦᠨ ᠤ ᠪᠠᠶᠢᠳᠠᠭ᠃ ᠣᠶᠢᠯᠠᠭᠠᠭᠰᠠᠨ ᠢᠶᠠᠷ᠂ ᠬᠡᠢ ᠴᠠᠷᠴᠠᠮᠠᠯ ᠴᠠᠪᠠᠤ ᠶᠢᠨ ᠮᠠᠲ᠋ᠧᠷᠢᠶᠠᠯ ᠢ ᠬᠢᠮᠢ ᠶᠢᠨ ᠠᠵᠤ | ᠦᠢᠯᠡᠳᠪᠦᠷᠢ ᠶᠢᠨ ᠳᠤᠯᠠᠭᠠᠨ ᠢ ᠬᠠᠮᠠᠭᠠᠯᠠᠬᠤ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠬᠤᠪᠴᠠᠰᠤ ᠵᠠᠰᠠᠯ ᠵᠡᠷᠭᠡ | ᠬᠦᠷᠢᠶᠡᠨ ᠳᠤ ᠥᠷᠭᠡᠨ ᠢᠶᠠᠷ ᠬᠡᠷᠡᠭᠯᠡᠵᠦ᠂ ᠬᠡᠷᠡᠭᠴᠡᠭᠡᠨ ᠤ ᠬᠡᠮᠵᠢᠶ᠎ᠡ ᠵᠢᠴᠢ ᠭᠦᠢᠴᠡᠳᠬᠡᠬᠦ ᠲᠤᠭ᠎ᠠ ᠶᠢᠨ ᠱᠠᠭᠠᠷᠳᠠᠯᠭ᠎ᠠ | ᠠᠯᠬᠤᠮ ᠠᠯᠬᠤᠮ ᠢᠶᠠᠷ ᠳᠡᠭᠡᠭᠰᠢᠯᠡᠵᠡᠢ᠃ | | | | | | 2022 ᠣᠨ ᠳᠤ᠂ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠪᠣᠯᠣᠨ ᠯᠠᠨᠵᠧᠦ ᠶᠡᠭᠡ | ᠰᠤᠷᠭᠠᠭᠤᠯᠢ ᠶᠢᠨ ᠬᠢᠨ ᠵᠠᠬ᠎ᠠ ᠳᠡᠯᠭᠡᠭᠦᠷ ᠤᠨ ᠥᠨᠳᠥᠷ ᠴᠢᠳᠠᠪᠬᠢᠲᠤ ᠢᠯᠴᠢ ᠬᠥᠨᠳᠡᠶᠢᠷᠡᠭᠦᠯᠬᠦ ᠮᠠᠲ᠋ᠧᠷᠢᠶᠠᠯ ᠤᠨ | ᠬᠡᠷᠡᠭᠴᠡᠭᠡ ᠳᠤ ᠰᠠᠭᠤᠷᠢᠯᠠᠵᠤ᠂ ᠤᠯᠠᠮᠵᠢᠯᠠᠯᠲᠤ ᠸᠠᠭᠠᠷ ᠱᠠᠭᠠᠵᠠᠩ ᠤᠨ ᠰᠢᠷᠬᠡᠭᠯᠢᠭ ᠤᠨ ᠤᠶᠠᠨ ᠬᠠᠳᠠᠨ ᠴᠢᠨᠠᠷ ᠢᠶᠠᠷ | ᠳᠤᠲᠠᠮᠠᠭ᠂ ᠠᠵᠢᠯ ᠤᠨ ᠳᠤᠯᠠᠭᠠᠨ ᠤ ᠬᠡᠮᠵᠢᠶ᠎ᠡ ᠨᠡᠯᠢᠶᠡᠳ ᠳᠣᠣᠷ᠎ᠠ ᠵᠡᠷᠭᠡ ᠠᠰᠠᠭᠤᠳᠠᠯ ᠳᠤ ᠬᠠᠮᠲᠤᠷᠠᠯᠴᠠᠨ ᠪᠣᠭᠤᠮᠲᠠ | ᠰᠢᠪᠲᠤᠯᠵᠤ᠂ ᠬᠥᠩᠭᠡᠨ ᠴᠢᠨᠠᠷ᠂ ᠳᠣᠣᠷ᠎ᠠ ᠢᠯᠴᠢᠲᠦ ᠳᠠᠮᠵᠢᠭᠤᠯᠭ᠎ᠠ᠂ ᠥᠨᠳᠥᠷ ᠳᠤᠯᠠᠭᠠᠨ ᠤ ᠲᠣᠭᠲᠠᠪᠤᠷᠢᠲᠤ | ᠴᠢᠨᠠᠷ᠂ ᠳᠠᠪᠠᠭᠤᠯᠢᠭ ᠬᠦᠴᠦᠨ ᠤ ᠤᠬᠠᠭᠠᠨ ᠤ ᠴᠢᠳᠠᠪᠬᠢ ᠵᠡᠷᠭᠡ ᠲᠠᠯ᠎ᠠ ᠪᠠᠷ ᠭᠤᠣᠯᠳᠠᠭᠤᠯᠵᠤ ᠥᠨᠳᠥᠷ ᠴᠢᠳᠠᠪᠬᠢᠲᠤ | ᠢᠯᠴᠢ ᠬᠥᠨᠳᠡᠶᠢᠷᠡᠭᠦᠯᠬᠦ ᠮᠠᠲ᠋ᠧᠷᠢᠶᠠᠯ ᠢ ᠨᠡᠭᠡᠭᠡᠨ ᠬᠥᠭᠵᠢᠭᠦᠯᠵᠡᠢ᠃ ᠣᠯᠠᠨ ᠲᠠᠬᠢᠨ ᠨᠢᠭᠲᠠ ᠨᠡᠪᠲᠡᠷᠡᠯᠴᠡᠬᠦ᠂ | ᠬᠦᠴᠦ ᠪᠠᠨ ᠬᠠᠮᠲᠤᠳᠬᠠᠨ ᠬᠠᠮᠵᠢᠯᠴᠠᠬᠤ ᠪᠠᠷ ᠳᠠᠮᠵᠢᠨ᠂ ᠡᠴᠦᠰ ᠲᠡᠭᠡᠨ ᠮᠣᠯᠧᠺᠦ᠋ᠯ ᠤᠨ ᠥᠳᠥᠭᠡᠯᠲᠡ ᠵᠢᠴᠢ | ᠠᠷᠭ᠎ᠠ ᠢᠶᠤᠨ ᠤ ᠬᠤᠭᠤᠰᠤᠨ ᠪᠠᠶᠢᠷᠢ ᠶᠢᠨ ᠲᠣᠬᠢᠷᠠᠭᠤᠯᠤᠯ ᠡᠵᠡᠮᠳᠡᠯ ᠤᠨ ᠠᠷᠭ᠎ᠠ ᠪᠣᠳᠣᠯᠭ᠎ᠠ ᠶᠢ ᠲᠣᠭᠲᠠᠭᠠᠵᠤ᠂ | ᠯᠠᠨᠲ᠋ᠠᠨ ᠼᠧᠷᠢ ᠵᠡᠷᠭᠡ ᠥᠪᠡᠷ ᠤᠨ ᠦᠷᠳᠡᠭ ᠢᠶᠠᠷ ᠳᠣᠣᠷ᠎ᠠ᠂ ᠡᠯᠪᠡᠭ ᠪᠠᠶᠠᠯᠢᠭ ᠬᠤᠪᠣᠷ ᠰᠢᠷᠣᠢ ᠪᠠᠷ ᠲᠦᠭᠦᠬᠡᠢ | ᠮᠠᠲ᠋ᠧᠷᠢᠶᠠᠯ ᠪᠣᠯᠭᠠᠭᠰᠠᠨ ᠬᠤᠪᠣᠷ ᠰᠢᠷᠣᠢ ᠶᠢᠨ ᠰᠢᠷᠬᠡᠭᠯᠢᠭ ᠬᠡᠢ ᠶᠢᠨ ᠴᠠᠷᠴᠠᠮᠠᠯ ᠴᠠᠪᠠᠤ ᠶᠢᠨ ᠮᠠᠲ᠋ᠧᠷᠢᠶᠠᠯ ᠢ | ᠠᠮᠵᠢᠯᠲᠠ ᠲᠠᠢ ᠰᠤᠳᠤᠯᠤᠨ ᠪᠦᠲᠦᠭᠡᠪᠡ᠃ ᠲᠣᠰ ᠮᠠᠲ᠋ᠧᠷᠢᠶᠠᠯ ᠤᠨ ᠭᠡᠷ ᠤᠨ ᠳᠤᠯᠠᠭᠠᠨ ᠳᠣᠣᠷ᠎ᠠ᠂ ᠢᠯᠴᠢ | ᠳᠠᠮᠵᠢᠭᠤᠯᠬᠤ ᠢᠯᠡᠳᠬᠡᠮᠵᠢ ᠨᠢ 0.012W/ ︵m·K︶ ︵ᠸᠠᠭᠠᠷ ᠤᠨ ᠮᠧᠲᠷ ᠪᠦᠷᠢ ᠳᠤ ᠨᠢᠭᠡ ᠵᠦᠰᠦᠮ︶᠂ | ᠭᠡᠷ ᠤᠨ ᠳᠤᠯᠠᠭᠠᠨ ᠠᠴᠠ 800℃᠂ ᠢᠯᠴᠢ ᠳᠠᠮᠵᠢᠭᠤᠯᠬᠤ ᠢᠯᠡᠳᠬᠡᠮᠵᠢ ᠨᠢ 0.012~0.04W/︵m·K︶ | ᠪᠠᠶᠢᠵᠤ᠂ ᠰᠠᠨᠰᠠᠷ ᠤᠨ ᠨᠢᠰᠦᠭᠦᠷ᠂ ᠬᠢᠮᠢ ᠶᠢᠨ ᠠᠵᠤ ᠦᠢᠯᠡᠳᠪᠦᠷᠢ ᠵᠢᠴᠢ ᠪᠠᠷᠢᠯᠭ᠎ᠠ ᠶᠢᠨ ᠮᠠᠲ᠋ᠧᠷᠢᠶᠠᠯ ᠤᠨ | ᠳᠤᠯᠠᠭᠠᠨ ᠢ ᠬᠠᠮᠠᠭᠠᠯᠠᠨ ᠢᠯᠴᠢ ᠶᠢ ᠬᠥᠨᠳᠡᠶᠢᠷᠡᠭᠦᠯᠬᠦ᠂ ᠰᠢᠨ᠎ᠡ ᠡᠨᠧᠷᠭᠢ ᠶᠢᠨ ᠳ᠋ᠢᠶᠠᠨ ᡂᠢ ᠶᠢᠨ ᠳᠡᠯᠪᠡᠷᠡᠯᠲᠡ ᠶᠢ | ᠰᠡᠷᠭᠡᠶᠢᠯᠡᠬᠦ᠂ ᠬᠦᠢᠲᠡᠨ ᠢ ᠪᠠᠲᠤᠯᠠᠬᠤ᠂ ᠲᠦᠷᠭᠡᠳᠬᠡᠬᠦ᠂ ᠣᠷᠴᠢᠨ ᠠᠬᠤᠢ ᠶᠢᠨ ᠪᠣᠬᠢᠷᠲᠤᠯ ᠪᠣᠳᠠᠰ ᠢ ᠵᠠᠰᠠᠬᠤ ᠵᠡᠷᠭᠡ | ᠬᠦᠷᠢᠶᠡᠨ ᠳᠤ ᠳᠡᠯᠭᠡᠷᠡᠭᠦᠯᠦᠨ ᠬᠡᠷᠡᠭᠯᠡᠬᠦ ᠪᠣᠯᠣᠮᠵᠢ ᠲᠠᠢ ᠪᠠᠶᠢᠨ᠎ᠠ᠃ ᠪᠤᠭᠤᠲᠤ ᠶᠢᠨ ᠬᠤᠪᠣᠷ ᠰᠢᠷᠣᠢ ᠶᠢᠨ | ᠰᠤᠳᠤᠯᠭᠠᠨ ᠤ ᠬᠦᠷᠢᠶᠡᠯᠡᠩ ᠨᠢ ᠺᠣᠮᠫᠠᠨᠢ ᠶᠢᠨ ᠰᠤᠷᠭᠠᠭᠤᠯᠢ ᠠᠵᠤ ᠠᠬᠤᠶᠢᠯᠠᠯ ᠤᠨ ᠲᠠᠪᠴᠠᠩ ᠢ ᠬᠠᠮᠲᠤᠪᠠᠷ | ᠪᠠᠶᠢᠭᠤᠯᠬᠤ ᠳᠤ ᠰᠠᠭᠤᠷᠢᠯᠠᠵᠤ᠂ ᠯᠠᠨᠵᠧᠦ ᠶᠡᠭᠡ ᠰᠤᠷᠭᠠᠭᠤᠯᠢ ᠶᠢᠨ ᠲᠦᠷᠦᠯ ᠵᠦᠢᠯ ᠢ ᠬᠠᠮᠲᠤᠪᠠᠷ ᠰᠤᠳᠤᠯᠵᠤ᠂ ᠦᠷ᠎ᠡ | ᠪᠦᠲᠦᠭᠡᠯ ᠢ ᠬᠠᠮᠲᠤᠪᠠᠷ ᠡᠳ᠋ᠯᠡᠵᠦ᠂ ᠬᠤᠶᠠᠷ ᠲᠠᠯ᠎ᠠ ᠪᠠᠷ ᠢᠶᠠᠨ ᠲᠤᠰ ᠮᠠᠲ᠋ᠧᠷᠢᠶᠠᠯ ᠤᠨ ᠲᠣᠭᠤᠷᠢᠨ ᠳᠤ 2 ᠵᠦᠢᠯ ᠤᠨ | ᠡᠭᠦᠳᠦᠯᠲᠡ ᠶᠢᠨ ᠲᠤᠰᠬᠠᠢ ᠠᠰᠢᠭ ᠢ ᠭᠤᠶᠤᠴᠢᠯᠠᠨ ᠮᠡᠳᠡᠭᠦᠯᠵᠡᠢ᠃ ᠲᠠᠷᠠᠭᠠᠴᠢ ᠶᠢᠨ ᠠᠯᠬᠤᠮ ᠳᠤ᠂ ᠲᠣᠰ ᠪᠦᠯᠬᠦᠮ | ᠨᠢ ᠦᠷᠭᠦᠯᠵᠢᠯᠡᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠵᠣᠯᠭᠠᠭᠤᠯᠵᠤ᠂ ᠮᠠᠲ᠋ᠧᠷᠢᠶᠠᠯ ᠤᠨ | ᠰᠢᠲᠠᠯᠲᠠ ᠶᠢᠨ ᠴᠢᠳᠠᠮᠵᠢ᠂ ᠢᠳᠡᠭᠳᠡᠯ ᠳᠤ ᠳᠠᠭᠠᠭᠠᠮᠠᠭᠠᠢ ᠪᠠ ᠤᠰᠤ ᠶᠢ ᠰᠡᠷᠭᠡᠶᠢᠯᠡᠬᠦ ᠵᠡᠷᠭᠡ ᠴᠢᠳᠠᠮᠵᠢ ᠶᠢᠨ | ᠦᠨᠡᠯᠡᠯᠲᠡ ᠬᠢᠵᠦ᠂ ᠬᠡᠷᠡᠭᠯᠡᠭᠡᠨ ᠤ ᠰᠢᠰᠲ᠋ᠧᠮ ᠤᠨ ᠪᠣᠯᠵᠣᠯᠲᠤ ᠲᠤᠭ᠎ᠠ ᠶᠢ ᠲᠡᠭᠦᠯᠳᠡᠷᠵᠢᠭᠦᠯᠦᠨ᠂ ᠵᠠᠪᠰᠠᠷ ᠤᠨ | ᠲᠤᠷᠰᠢᠯᠲᠠ ᠶᠢᠨ ᠲᠣᠨᠤᠭ ᠲᠥᠬᠦᠭᠡᠷᠦᠮᠵᠢ ᠶᠢ ᠰᠤᠳᠤᠯᠤᠨ ᠦᠢᠯᠡᠳᠬᠦ ᠪᠠ ᠠᠵᠢᠯᠯᠠᠭᠤᠯᠬᠤ ᠠᠵᠢᠯ ᠤᠨ ᠲᠠᠯ᠎ᠠ ᠶᠢᠨ | ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ᠡᠨᠧᠷᠭᠢ ᠶᠢᠨ ᠰᠤᠷᠪᠤᠯᠵᠢ ᠶᠢ ᠠᠷᠪᠢᠯᠠᠨ ᠭᠠᠮᠨᠠᠬᠤ ᠰᠢᠨ᠎ᠡ ᠪᠠᠶᠢᠳᠠᠯ ᠢ ᠵᠢᠷᠤᠭᠯᠠᠨ᠎ᠠ | ᠠᠭᠠᠭᠢᠮ᠎ᠠ ᠬᠠᠯᠠᠭᠤᠨ ᠵᠤᠨ ᠤ ᠤᠯᠠᠷᠢᠯ ᠳᠤ᠂ ᠰᠢᠲᠠᠮ᠎ᠠ ᠨᠡᠷᠡᠨ ᠳᠤ ᠰᠢᠷᠠᠭᠳᠠᠭᠰᠠᠨ ᠪᠠᠷᠢᠯᠭ᠎ᠠ ᠶᠢᠨ | ᠬᠠᠯᠠᠭᠤᠨ ᠢ ᠬᠡᠷᠬᠢᠨ ᠪᠠᠭᠤᠷᠠᠭᠤᠯᠬᠤ ᠨᠢ ᠬᠥᠮᠥᠰ ᠤᠨ ᠴᠥᠬᠦᠷᠡᠯ ᠦᠭᠡᠢ ᠡᠷᠢᠯᠬᠢᠯᠡᠭᠰᠡᠭᠡᠷ ᠢᠷᠡᠵᠡᠢ᠃ ᠪᠤᠭᠤᠲᠤ ᠶᠢᠨ | ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠤᠨ ᠲᠢᠶᠠᠨᠵᠢᠨ ᠤ ᠬᠤᠪᠢᠶᠠᠷᠢ ᠬᠦᠷᠢᠶᠡᠯᠡᠩ ᠤᠨ ᠤᠷᠳᠤ | ᠬᠤᠭᠤᠴᠠᠭ᠎ᠠ ᠪᠠᠷ ᠠᠩᠬᠠᠷᠤᠯ ᠢᠶᠠᠨ ᠲᠥᠪᠯᠡᠷᠡᠭᠦᠯᠦᠭᠰᠡᠭᠡᠷ ᠢᠷᠡᠭᠰᠡᠨ ᠬᠤᠪᠣᠷ ᠰᠢᠷᠣᠢ ᠶᠢᠨ ᠣᠶᠢᠯᠲᠠ ᠶᠢᠨ ᠢᠯᠴᠢ ᠶᠢ | ᠬᠥᠨᠳᠡᠶᠢᠷᠡᠭᠦᠯᠬᠦ ᠰᠢᠷ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠨᠢ ᠪᠠᠷᠢᠯᠭ᠎ᠠ ᠶᠢᠨ ᠭᠠᠳᠠᠷᠭᠤ ᠶᠢᠨ | ᠳᠤᠯᠠᠭᠠᠨ ᠤ ᠬᠡᠮᠵᠢᠶ᠎ᠡ ᠶᠢ 10 ᠠᠴᠠ 20 ᠭᠷᠡᠳᠦ᠋ᠰ ᠲᠤ ᠪᠦᠲᠦᠮᠵᠢᠲᠡᠢ ᠪᠠᠭᠤᠷᠠᠭᠤᠯᠵᠤ᠂ ᠲᠤᠰ ᠦᠷ᠎ᠡ ᠪᠦᠲᠦᠭᠡᠯ ᠢ | ᠣᠶᠢᠷ᠎ᠠ ᠶᠢᠨ ᠡᠳᠦᠷ ᠠᠮᠵᠢᠯᠲᠠ ᠲᠠᠢ ᠪᠠᠷ ᠬᠤᠪᠢᠷᠠᠭᠤᠯᠪᠠ᠃ | ᠬᠤᠪᠣᠷ ᠰᠢᠷᠣᠢ ᠶᠢᠨ ᠣᠶᠢᠯᠲᠠ ᠶᠢᠨ ᠢᠯᠴᠢ ᠶᠢ ᠬᠥᠨᠳᠡᠶᠢᠷᠡᠭᠦᠯᠬᠦ ᠰᠢᠷᠯᠢᠭ ᠡᠳ᠋ ᠨᠢ ᠡᠨᠧᠷᠭᠢ ᠠᠷᠪᠢᠯᠠᠬᠤ | ᠰᠢᠯᠢᠳᠡᠭ ᠦᠢᠯᠡᠳᠦᠯ ᠲᠠᠢ ᠪᠠᠶᠢᠵᠤ᠂ ᠪᠠᠷᠢᠯᠭ᠎ᠠ ᠶᠢᠨ ᠭᠠᠳᠠᠷ ᠬᠡᠷᠡᠮ ᠪᠠ ᠭᠡᠷ ᠤᠨ ᠣᠷᠣᠢ ᠳᠤ ᠳᠦᠷᠭᠢᠪᠡᠯ᠂ | ᠪᠣᠳᠠᠰ ᠤᠨ ᠭᠠᠳᠠᠷᠭᠤ ᠶᠢᠨ ᠳᠤᠯᠠᠭᠠᠨ ᠤ ᠬᠡᠮᠵᠢᠶ᠎ᠡ ᠶᠢ 15 ︱ 20 ᠭᠷᠡᠳᠦ᠋ᠰ ᠪᠠᠭᠤᠷᠠᠭᠤᠯᠵᠤ᠂ ᠭᠡᠷ ᠳᠣᠲᠣᠷᠠᠬᠢ | ᠳᠤᠯᠠᠭᠠᠨ ᠤ ᠬᠡᠮᠵᠢᠶ᠎ᠡ ᠶᠢ 1 ᠠᠴᠠ 3 ᠭᠷᠡᠳᠦ᠋ᠰ ᠪᠠᠭᠤᠷᠠᠭᠤᠯᠵᠤ᠂ ᠠᠭᠠᠷ ᠲᠣᠬᠢᠷᠠᠭᠤᠯᠤᠭᠴᠢ ᠶᠢᠨ ᠴᠠᠬᠢᠯᠭᠠᠨ ᠤ | ᠰᠦᠢᠳᠬᠡᠯ ᠢ 20% ᠪᠠᠷ ᠠᠷᠪᠢᠯᠠᠨ᠎ᠠ᠃ 100 ᠲᠡᠭᠰᠢ ᠳᠥᠷᠪᠡᠯᠵᠢᠨ ᠮᠧᠲᠷ ᠤᠨ ᠠᠯᠪᠠᠨ ᠭᠡᠷ ᠲᠤ ᠬᠤᠪᠣᠷ | ᠰᠢᠷᠣᠢ ᠶᠢᠨ ᠣᠶᠢᠯᠲᠠ ᠶᠢᠨ ᠢᠯᠴᠢ ᠶᠢ ᠬᠥᠨᠳᠡᠶᠢᠷᠡᠭᠦᠯᠬᠦ ᠰᠢᠷ ᠢ ᠲᠦᠷᠬᠢᠭᠰᠡᠨ ᠤ ᠳᠠᠷᠠᠭ᠎ᠠ᠂ ᠵᠢᠯ ᠪᠦᠷᠢ | ᠴᠠᠬᠢᠯᠭᠠᠨ ᠤ ᠰᠦᠢᠳᠬᠡᠯ ᠢ 500 ᠭᠠᠷᠤᠢ ᠲᠥᠭᠦᠷᠢᠭ ᠠᠷᠪᠢᠯᠠᠵᠤ ᠪᠣᠯᠣᠨ᠎ᠠ᠃ ᠲᠤᠰᠬᠠᠢ ᠮᠡᠷᠭᠡᠵᠢᠯ ᠤᠨ | ᠲᠥᠰᠥᠭᠡᠯᠡᠨ ᠪᠤᠳᠤᠭᠰᠠᠨ ᠢᠶᠠᠷ᠂ 1 ᠭᠷᠡᠳᠦ᠋ᠰ ᠤᠨ ᠴᠠᠬᠢᠯᠭᠠᠨ ᠢ ᠠᠷᠪᠢᠯᠠᠬᠤ ᠪᠦᠷᠢ 305.5 ᠭᠷᠡᠮ ᠪᠠᠷᠢᠮᠵᠢᠶᠠᠲᠤ | ᠨᠡᠭᠦᠷᠡᠰᠦ ᠠᠷᠪᠢᠯᠠᠵᠤ᠂ 4 ᠯᠢᠲᠷ ᠤᠰᠤ ᠠᠷᠪᠢᠯᠠᠵᠤ᠂ 751.53 ᠭᠷᠡᠮ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢᠨ ᠬᠠᠮᠲᠤ 0.043 ᠰᠠᠭᠤᠷᠢ ᠮᠣᠳᠣ ᠳᠠᠷᠢᠭᠰᠠᠨ ᠲᠠᠢ | ᠲᠡᠩᠴᠡᠨ᠎ᠡ᠃ ᠲᠣᠰ ᠠᠷᠭ᠎ᠠ ᠮᠠᠶ᠋ᠢᠭ ᠢᠶᠠᠷ ᠰᠣᠯᠢᠵᠤ ᠪᠤᠳᠤᠪᠠᠯ᠂ ᠨᠠᠩ ᠶᠡᠭᠡ ᠣᠷᠣᠨ ᠵᠠᠢ᠂ ᠨᠠᠩ ᠣᠯᠠᠨ | ᠬᠡᠷᠡᠭᠯᠡᠭᠡᠨ ᠤ ᠲᠠᠯᠠᠪᠤᠷ ᠢ ᠬᠠᠷᠠᠪᠠᠯ᠂ ᠠᠵᠤ ᠠᠬᠤᠢ ᠶᠢᠨ ᠦᠷ᠎ᠡ ᠠᠰᠢᠭ᠂ ᠣᠷᠴᠢᠨ ᠠᠬᠤᠢ ᠶᠢᠨ ᠦᠷ᠎ᠡ ᠠᠰᠢᠭ | ᠮᠠᠰᠢ ᠰᠠᠶᠢᠨ ᠪᠣᠯᠬᠤ ᠶᠤᠮ᠃ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠤᠨ ᠲᠢᠶᠠᠨᠵᠢᠨ ᠤ | ᠬᠤᠪᠢᠶᠠᠷᠢ ᠬᠦᠷᠢᠶᠡᠯᠡᠩ ᠤᠨ ᠬᠢᠨ ᠪᠠᠰᠠ ᠬᠡᠷᠡᠭᠯᠡᠭᠴᠢᠳ ᠤᠨ ᠠᠳᠠᠯᠢ ᠪᠤᠰᠤ ᠬᠡᠷᠡᠭᠴᠡᠭᠡ ᠪᠣᠯᠣᠨ ᠬᠡᠷᠡᠭᠴᠡᠭᠡ ᠶᠢ | ᠦᠨᠳᠦᠰᠦᠯᠡᠵᠦ᠂ ᠤᠯᠠᠪᠤᠷ᠂ ᠰᠢᠷ᠎ᠠ᠂ ᠬᠥᠬᠡ ᠵᠡᠷᠭᠡ ᠤᠯᠠᠨ ᠲᠦᠷᠦᠯ ᠤᠨ ᠥᠩᠭᠡ ᠶᠢᠨ ᠰᠢᠷ ᠢ ᠰᠤᠳᠤᠯᠤᠨ | ᠦᠢᠯᠡᠳᠴᠦ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠬᠠᠳᠠᠭᠠᠯᠠᠮᠵᠢ ᠶᠢᠨ ᠰᠠᠪᠠ᠂ ᠠᠮᠤ ᠪᠤᠳᠠᠭ᠎ᠠ | ᠨᠥᠭᠡᠴᠡᠯᠡᠬᠦ ᠬᠥᠮᠥᠷᠭᠡ᠂ ᠣᠩᠭᠤᠴᠠ ᠰᠠᠯ᠂ ᠲᠡᠷᠭᠡ ᠬᠥᠰᠬᠡ᠂ ᠪᠠᠷᠢᠯᠭ᠎ᠠ ᠶᠢᠨ ᠦᠢᠯᠡᠳᠪᠦᠷᠢ ᠶᠢᠨ ᠪᠠᠶᠢᠰᠢᠩ᠂ ᠣᠷᠣᠨ | ᠰᠠᠭᠤᠴᠠ ᠵᠡᠷᠭᠡ ᠶᠢᠨ ᠭᠠᠳᠠᠷᠭᠤ ᠳᠤ ᠲᠦᠷᠬᠢᠵᠦ᠂ ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠪᠠᠷ ᠪᠠᠷᠠᠬᠤ ᠦᠭᠡᠢ | ᠪᠠᠰᠠ ᠡᠯ᠎ᠡ ᠵᠦᠢᠯ ᠤᠨ ᠬᠡᠷᠡᠭᠯᠡᠭᠡᠨ ᠤ ᠦᠵᠡᠭᠳᠡᠯ ᠢ ᠴᠢᠮᠡᠭᠯᠡᠵᠦ᠂ ᠬᠡᠷᠡᠭᠯᠡᠭᠴᠢᠳ ᠤᠨ ᠲᠠᠭᠠᠰᠢᠶᠠᠯ ᠢ ᠣᠯᠣᠭᠰᠠᠨ | ᠪᠠᠶᠢᠨ᠎ᠠ᠃ |