ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ 5 ᠰᠠᠷ᠎ᠠ ᠶᠢᠨ 16 ᠤ ᠡᠳᠦᠷ | ᠬᠡᠪᠯᠡᠭᠳᠡᠭᠰᠡᠨ 10 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ | ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ︾ ᠭᠡᠬᠦ ᠴᠢᠬᠤᠯᠠ | ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2012 ᠣᠨ ᠤ 12 ᠰᠠᠷ᠎ᠠ ᠠᠴᠠ 2024 | ᠣᠨ ᠤ 3 ᠰᠠᠷ᠎ᠠ ᠪᠤᠯᠲᠠᠯᠠᠭᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠲᠣᠪᠴᠢᠯᠠᠯ ᠪᠣᠯᠣᠨ᠎ᠠ | ᠃ | ᠵᠣᠬᠢᠶᠠᠯ ᠳᠤ᠂ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠲᠣᠮᠣ ᠠᠯᠬᠤᠮ ᠢᠶᠠᠷ | ᠴᠠᠭ ᠦᠶ᠎ᠡ ᠶᠢ ᠬᠥᠭᠡᠭᠡᠵᠦ ᠭᠦᠢᠴᠡᠬᠦ ᠴᠢᠬᠤᠯᠠ ᠡᠷᠳᠡᠨᠢ ᠪᠣᠯᠣᠨ᠎ᠠ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠢᠯᠠᠵᠤ ᠢᠯᠠᠭᠳᠠᠬᠤ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠪᠣᠯᠣᠨ᠎ᠠ᠃ ᠨᠠᠮ ᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠨᠠᠭᠠᠰᠢ ᠥᠭᠡᠷᠡᠴᠢᠯᠡᠯᠲᠡ ᠶᠢ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠲᠡᠦᠬᠡᠲᠦ ᠴᠢᠨᠠᠷᠲᠠᠢ ᠠᠭᠤᠤ ᠶᠡᠭᠡ ᠠᠮᠵᠢᠯᠲᠠ ᠣᠯᠵᠠᠢ᠃ ᠡᠳᠡᠭᠡᠷ ᠵᠢᠯ ᠤᠨ | ᠥᠭᠡᠷᠡᠴᠢᠯᠡᠯᠲᠡ ᠶᠢᠨ ᠠᠵᠢᠯ ᠢ ᠡᠷᠭᠢᠴᠡᠭᠦᠯᠪᠡᠯ ᠪᠢᠳᠡᠨ ᠤ ᠳᠤᠷᠠᠳᠤᠭᠰᠠᠨ ᠠᠯᠢ ᠤᠯᠠᠨ ᠰᠢᠨ᠎ᠡ ᠡᠭᠦᠳᠦᠭᠰᠡᠨ ᠤᠨᠤᠯ᠂ ᠠᠯᠢ | ᠤᠯᠠᠨ ᠴᠢᠬᠤᠯᠠ ᠶᠡᠭᠡ ᠠᠷᠭ᠎ᠠ ᠬᠡᠮᠵᠢᠶ᠎ᠡ᠂ ᠠᠯᠢ ᠤᠯᠠᠨ ᠴᠢᠬᠤᠯᠠ ᠶᠡᠭᠡ ᠰᠢᠪᠲᠤᠯᠤᠯᠲᠠ ᠨᠢ ᠴᠥᠮ ᠬᠤᠪᠢᠰᠬᠠᠯ ᠤᠨ | ᠴᠢᠨᠠᠷᠲᠠᠢ ᠪᠠᠶᠢᠵᠤ᠂ ᠥᠭᠡᠷᠡᠴᠢᠯᠡᠯᠲᠡ ᠨᠡᠭᠡᠭᠡᠯᠲᠡ ᠪᠠᠷ ᠨᠠᠮ ᠪᠣᠯᠣᠨ ᠤᠯᠤᠰ ᠤᠨ ᠡᠯ᠎ᠡ ᠵᠦᠢᠯ ᠤᠨ ᠠᠵᠢᠯ ᠦᠢᠯᠡᠰ ᠤᠨ | ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠤᠭᠰᠠᠨ ᠰᠢᠨ᠎ᠡ | ᠪᠠᠶᠢᠳᠠᠯ ᠢ ᠡᠭᠦᠳᠴᠡᠢ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠳᠤ ᠡᠷᠬᠡᠪᠰᠢ | ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠳᠤ ᠲᠠᠰᠤᠷᠠᠯᠲᠠ ᠦᠭᠡᠢ ᠵᠣᠬᠢᠴᠠᠵᠤ ᠦᠢᠯᠡᠳᠪᠦᠷᠢᠯᠡᠯ ᠤᠨ | ᠬᠠᠷᠢᠴᠠᠭ᠎ᠠ ᠶᠢ ᠲᠣᠬᠢᠷᠠᠭᠤᠯᠤᠨ᠂ ᠠᠵᠤ ᠠᠬᠤᠢ ᠶᠢᠨ ᠰᠠᠭᠤᠷᠢ ᠳᠤ ᠲᠠᠰᠤᠷᠠᠯᠲᠠ ᠦᠭᠡᠢ ᠵᠣᠬᠢᠴᠠᠵᠤ ᠳᠡᠭᠡᠳᠦ | ᠳᠠᠪᠬᠤᠷᠭ᠎ᠠ ᠶᠢ ᠬᠥᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠪᠢᠳᠡ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠶᠢ ᠳᠤᠷᠠᠳᠤᠨ ᠭᠠᠷᠭᠠᠭᠰᠠᠨ ᠨᠢ ᠳᠠᠷᠤᠢ ᠮᠠᠨ ᠤ ᠤᠯᠤᠰ ᠤᠨ ᠨᠡᠶᠢᠭᠡᠮ ᠤᠨ ᠦᠨᠳᠦᠰᠦᠨ ᠵᠥᠷᠢᠴᠡᠯ ᠤᠨ | ᠬᠥᠳᠡᠯᠭᠡᠭᠡᠨ ᠤ ᠬᠤᠪᠢᠷᠠᠯᠲᠠ ᠳᠤ ᠵᠣᠬᠢᠴᠠᠭᠤᠯᠤᠨ ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠠᠪᠤᠳᠠᠯ ᠪᠣᠯᠣᠨ᠎ᠠ᠃ | ᠥᠭᠡᠷᠡᠴᠢᠯᠡᠯᠲᠡ ᠨᠡᠭᠡᠭᠡᠯᠲᠡ ᠳᠤ ᠶᠠᠪᠤᠭᠳᠠᠬᠤ ᠴᠠᠭ ᠪᠠᠶᠢᠬᠤ ᠠᠴᠠ ᠪᠢᠰᠢ ᠲᠡᠭᠦᠰᠬᠦ ᠴᠠᠭ ᠭᠡᠵᠦ ᠪᠠᠶᠢᠬᠤ ᠦᠭᠡᠢ ᠶᠤᠮ᠃ | ᠥᠭᠡᠷᠡᠴᠢᠯᠡᠯᠲᠡ ᠨᠡᠭᠡᠭᠡᠯᠲᠡ ᠳᠤ ᠪᠠᠰᠠ ᠴᠢᠭᠯᠡᠯ ᠲᠠᠢ᠂ ᠵᠣᠭᠰᠣᠯᠲᠠ ᠲᠠᠢ᠂ ᠵᠠᠷᠴᠢᠮ ᠲᠠᠢ ᠪᠠᠶᠢᠳᠠᠭ᠃ ᠮᠠᠨ ᠤ ᠴᠢᠭᠯᠡᠯ ᠪᠣᠯ | ᠳᠠᠷᠤᠢ ᠨᠡᠶᠢᠭᠡᠮ ᠵᠢᠷᠤᠮᠲᠤ ᠪᠠᠶᠢᠭᠤᠯᠤᠯ ᠤᠨ ᠥᠪᠡᠷ ᠢ ᠪᠠᠨ ᠲᠡᠭᠦᠯᠳᠡᠷᠵᠢᠭᠦᠯᠬᠦ ᠪᠠ ᠬᠥᠭᠵᠢᠭᠦᠯᠬᠦ ᠶᠢ ᠲᠠᠰᠤᠷᠠᠯᠳᠠ ᠦᠭᠡᠢ | ᠠᠬᠢᠭᠤᠯᠬᠤ ᠶᠠᠪᠤᠳᠠᠯ ᠪᠣᠯᠣᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠳᠤ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠦᠨᠳᠦᠰᠦᠨ ᠬᠥᠳᠡᠯᠭᠡᠬᠦ ᠬᠦᠴᠦᠨ ᠪᠤᠯᠭᠠᠵᠤ᠂ ᠶᠡᠭᠡ ᠲᠠᠯ᠎ᠠ ᠶᠢ ᠲᠣᠭᠲᠠᠪᠤᠷᠢᠵᠢᠭᠤᠯᠬᠤ᠂ ᠬᠤᠪᠢᠷᠠᠯᠲᠠ ᠶᠢ | ᠠᠷᠭᠠᠴᠠᠭᠠᠬᠤ᠂ ᠰᠢᠨ᠎ᠡ ᠪᠠᠶᠢᠳᠠᠯ ᠢ ᠡᠭᠦᠳᠬᠦ ᠴᠢᠬᠤᠯᠠ ᠭᠠᠷᠳᠠᠴᠠ ᠪᠤᠯᠭᠠᠵᠤ᠂ ᠴᠢᠭᠯᠡᠯ ᠢᠶᠠᠨ ᠣᠨᠣᠪᠴᠢᠲᠠᠢ ᠡᠵᠡᠮᠳᠡᠵᠦ᠂ | ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠨ᠎ᠡ ᠠᠶᠠᠨ ᠳᠠᠭᠠᠨ | ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠥᠭᠡᠷᠡᠴᠢᠯᠡᠯᠲᠡ | ᠨᠡᠭᠡᠭᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ | ᠴᠢᠯᠦᠭᠡᠯᠡᠨ ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠴᠢᠯᠦᠭᠡᠯᠡᠨ ᠴᠢᠩᠭᠠᠷᠠᠭᠤᠯᠬᠤ ᠬᠡᠷᠡᠭᠲᠡᠢ᠃ ᠨᠠᠮ ᠤᠨ | ᠬᠤᠷᠢᠳᠤᠭᠠᠷ ᠶᠡᠭᠡ ᠬᠤᠷᠠᠯ ᠠᠴᠠ ᠠᠯᠢ ᠤᠯᠠᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠴᠠᠢ᠂ | ᠡᠨᠡ ᠪᠣᠯ ᠨᠠᠮ ᠤᠨ ᠲᠥᠪ ᠬᠤᠷᠢᠶ᠎ᠠ ᠠᠴᠠ ᠰᠢᠨ᠎ᠡ ᠴᠠᠭ ᠦᠶ᠎ᠡ ᠰᠢᠨ᠎ᠡ ᠠᠶᠠᠨ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠲᠤᠬᠠᠢ ᠲᠣᠭᠲᠠᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠃ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠲᠠᠢ ᠨᠢᠭᠲᠠ | ᠤᠶᠠᠯᠳᠤᠭᠤᠯᠤᠨ ᠨᠢᠭᠡ ᠪᠦᠯᠦᠭ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠪᠦᠲᠦᠭᠡᠯᠴᠢ ᠴᠢᠨᠠᠷᠲᠠᠢ᠂ ᠬᠥᠲᠥᠯᠥᠨ | ᠳᠠᠭᠠᠭᠤᠯᠬᠤ ᠴᠢᠨᠠᠷᠲᠠᠢ ᠥᠭᠡᠷᠡᠴᠢᠯᠡᠯᠲᠡ ᠶᠢ ᠬᠢᠵᠦ᠂ ᠥᠭᠡᠷᠡᠴᠢᠯᠡᠯᠲᠡ ᠶᠢᠨ ᠰᠢᠰᠲ᠋ᠧᠮ ᠤᠨ ᠬᠤᠷᠠᠮᠳᠤᠯ᠂ ᠬᠠᠮᠵᠢᠯᠴᠠᠭ᠎ᠠ | ᠥᠨᠳᠥᠷ ᠪᠦᠲᠦᠮᠵᠢᠲᠡᠢ ᠪᠠᠶᠢᠬᠤ ᠶᠢ ᠴᠢᠩᠭᠠᠳᠬᠠᠵᠤ᠂ ᠴᠢᠬᠤᠯᠠ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠳᠤ | ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ᠃ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ | ᠠᠷᠭ᠎ᠠ ᠬᠡᠮᠵᠢᠶ᠎ᠡ ᠶᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ | ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠣᠪᠤᠶᠢᠯᠭᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠯᠢᠶᠡᠰᠦᠯᠡᠵᠦ ᠪᠠᠶᠢᠭ᠎ᠠ ᠰᠠᠭᠠᠳ ᠲᠦᠭᠵᠢᠷᠡᠯ ᠤᠨ | ᠠᠰᠠᠭᠤᠳᠠᠯ᠂ ᠬᠥᠭᠵᠢᠯᠲᠡ ᠶᠢᠨ ᠣᠷᠴᠢᠨ ᠨᠥᠬᠦᠴᠡᠯ ᠪᠠ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠦᠴᠢᠷ ᠲᠦᠪᠡᠭᠲᠡᠢ | ᠠᠰᠠᠭᠤᠳᠠᠯ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠠᠴᠠ ᠲᠡᠷᠰᠯᠡᠭᠰᠡᠨ ᠲᠥᠪᠯᠡᠷᠡᠩᠭᠦᠢ ᠬᠠᠯᠠᠮᠰᠢᠯ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ | ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠠᠰᠤᠷᠠᠯᠲᠠ ᠦᠭᠡᠢ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ | ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ |