【ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠦᠵᠢᠯ】ᠳ᠋ᠢᠩ ᠰᠢᠤ ᠹᠧᠩ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/21
     5 ᠳ᠋ᠤᠭᠠᠷ ᠰᠠᠷ᠎ᠠ ᠶᠢᠨ 15 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠳ᠋ᠢᠩ ᠰᠢᠤ ᠹᠧᠩ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠡᠢ᠃      ᠪᠠᠶᠢᠴᠠᠭᠠᠨ ᠰᠤᠳᠤᠯᠤᠯᠲᠠ ᠳᠤ᠂ ᠳ᠋ᠢᠩ ᠰᠢᠤ ᠹᠧᠩ ᠤᠷᠢᠳ ᠬᠤᠵᠢᠳ ᠬᠥᠨᠳᠡᠯᠡᠨ ᠲᠣᠭᠤᠷᠢᠭ ᠤᠨ ᠢᠦᠢ ᠴᠢᠤᠸᠠᠨ ᠲᠣᠰᠬᠤᠨ᠂ ᠮᠢᠩ ᠿᠢ ᠰᠢᠩ ᠴᠧᠩ ᠨᠡᠶᠢᠭᠡᠮ ᠲᠣᠭᠤᠷᠢᠭ᠂ ᠵᠡᠭᠦᠨ ᠨᠥᠬᠦᠷᠯᠡᠯ 22 ᠨᠡᠶᠢᠭᠡᠮ ᠲᠣᠭᠤᠷᠢᠭ ᠲᠤ ᠬᠦᠷᠴᠦ᠂ ᠲᠣᠰᠬᠤᠨ ︵ᠨᠡᠶᠢᠭᠡᠮ ᠲᠣᠭᠤᠷᠢᠭ︶ ᠤ ᠰᠢᠢᠳᠪᠦᠷᠢᠯᠡᠬᠦ ᠵᠦᠢᠯᠡᠰ ᠤᠨ ᠨᠠᠷᠢᠨ ᠬᠠᠭᠤᠳᠠᠰᠤ᠂ ᠸᠢᠴᠠᠲ ᠤᠨ ᠠᠵᠢᠯ ᠤᠨ ᠬᠤᠯᠪᠣᠭ᠎ᠠ᠂ ᠡᠬᠡ ᠲᠠᠩᠰᠠ ᠮᠡᠳᠡᠭᠦᠯᠬᠦ ᠬᠦᠰᠦᠨᠦᠭᠲᠦ ᠶᠢ ᠵᠢᠷᠤᠮᠵᠢᠭᠤᠯᠤᠨ ᠴᠣᠮᠬᠠᠳᠬᠠᠭᠰᠠᠨ ᠪᠠᠶᠢᠳᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠠᠰᠢᠷᠠᠮ ᠢᠶᠠᠷ ᠰᠠᠭᠤᠭᠠᠯᠢ ᠠᠷᠠᠳ ᠤᠨ ᠬᠡᠷ ᠲᠤ ᠬᠦᠷᠴᠦ᠂ ᠣᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ ᠰᠠᠨᠠᠯ ᠰᠠᠨᠠᠭᠤᠯᠭ᠎ᠠ ᠶᠢ ᠨᠢ ᠰᠣᠨᠣᠰᠪᠠ᠃ ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠳᠤ᠂ ᠳ᠋ᠢᠩ ᠰᠢᠤ ᠹᠧᠩ ᠰᠤᠷᠭᠠᠨ ᠬᠥᠮᠦᠵᠢᠯ ᠤᠨ ᠰᠢᠰᠲ᠋ᠧᠮ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ᠂ ᠪᠢᠳᠠ ᠰᠤᠷᠭᠠᠨ ᠬᠥᠮᠦᠵᠢᠯ ᠤᠨ ᠥᠨᠳᠦᠷᠯᠢᠭ ᠢ ᠪᠠᠶᠢᠭᠤᠯᠬᠤ ᠶᠢᠨ ᠵᠣᠷᠢᠯᠭ᠎ᠠ ᠪᠣᠯ ᠳᠠᠷᠤᠢ ᠠᠷᠠᠳ ᠤᠯᠠᠨ ᠳᠤ ᠨᠡᠩ ᠴᠢᠨᠠᠷ ᠰᠠᠶᠢᠲᠠᠢ ᠨᠡᠩ ᠲᠡᠩᠴᠡᠭᠦᠷᠢᠲᠡᠢ ᠨᠡᠩ ᠭᠤᠣᠯᠴᠢ ᠰᠤᠷᠭᠠᠨ ᠬᠥᠮᠦᠵᠢᠯ ᠬᠦᠷᠲᠡᠭᠡᠬᠦ ᠶᠢᠨ ᠲᠥᠯᠥᠭᠡ ᠶᠤᠮ᠃ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠰᠤᠷᠭᠠᠭᠤᠯᠢ ᠤᠳ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠪᠠᠷ ᠦᠨᠳᠦᠰᠦᠨ ᠪᠠᠷᠢᠮᠵᠢᠶ᠎ᠠ ᠪᠣᠯᠭᠠᠵᠤ᠂ ᠠᠰᠠᠭᠤᠳᠠᠯ ᠢ ᠣᠨᠣᠪᠴᠢᠲᠠᠶ ᠢᠯᠡᠷᠡᠭᠦᠯᠵᠦ᠂ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠡᠪᠳᠡᠭᠰᠡᠨ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠠᠳᠬᠤᠵᠤ᠂ ᠲᠦᠷᠢᠮ ᠵᠣᠬᠢᠴᠠᠮᠵᠢ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ ᠰᠤᠷᠭᠠᠨ ᠬᠥᠮᠦᠵᠢᠯ ᠢ ᠨᠠᠩ ᠡᠷᠬᠡ ᠲᠡᠭᠰᠢ ᠪᠣᠯᠭᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠦᠨᠡᠨ ᠬᠦ ᠰᠠᠶᠢᠲᠤᠷ ᠡᠷᠭᠢᠯᠡᠬᠦ ᠬᠡᠷᠡᠭᠲᠡᠶ ᠭᠡᠵᠡᠢ᠃       ᠳ᠋ᠢᠩ ᠰᠢᠤ ᠹᠧᠩ ᠠᠴᠠ ᠴᠢᠬᠤᠯᠠᠴᠢᠯᠠᠭᠰᠠᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠂ ᠪᠢᠳᠡᠨ ᠤ ᠡᠷᠬᠡᠪᠰᠢ ᠰᠠᠶᠢᠲᠤᠷ ᠠᠳᠬᠤᠬᠤ ᠤᠯᠤᠰ ᠲᠦᠷᠦ ᠶᠢᠨ ᠡᠭᠦᠷᠭᠡ ᠪᠣᠯᠤᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠢ ᠰᠤᠷᠤᠯᠴᠠᠭᠤᠯᠵᠤ᠂ ᠰᠠᠬᠢᠯᠭ᠎ᠠ ᠪᠠᠲᠤ ᠶᠢ ᠣᠶᠢᠯᠠᠭᠠᠭᠤᠯᠵᠤ᠂ ᠰᠠᠬᠢᠯᠭ᠎ᠠ ᠪᠠᠲᠤ ᠶᠢ ᠮᠡᠳᠡᠭᠦᠯᠵᠦ᠂ ᠰᠠᠬᠢᠯᠭ᠎ᠠ ᠪᠠᠲᠤ ᠶᠢ ᠰᠠᠬᠢᠭᠤᠯᠵᠤ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃ ᠨᠢᠭᠡ ᠲᠣᠰᠬᠤᠨ ︵ᠨᠡᠶᠢᠭᠡᠮ ᠲᠣᠭᠤᠷᠢᠭ︶ ᠳᠤ ᠨᠢᠭᠡ ᠠᠷᠭ᠎ᠠ ᠪᠣᠳᠣᠯᠭ᠎ᠠ ᠠᠪᠬᠤ ᠶᠢ ᠪᠠᠷᠢᠮᠲᠠᠯᠠᠵᠤ᠂ ᠲᠣᠰᠬᠤᠨ ︵ᠨᠡᠶᠢᠭᠡᠮ ᠲᠣᠭᠤᠷᠢᠭ︶ ᠤ ᠬᠡᠷᠡᠭ ᠤᠨ ᠵᠦᠢᠯᠡᠰ ᠢ ᠪᠠᠭᠠᠰᠬᠠᠬᠤ᠂ ᠫᠠᠶᠢᠰᠠ ᠶᠢ ᠴᠥᠬᠡᠳᠭᠡᠬᠦ᠂ ᠭᠡᠷᠡᠴᠢᠯᠡᠯ ᠢ ᠴᠥᠬᠡᠳᠭᠡᠬᠦ ᠵᠡᠷᠭᠡ ᠠᠵᠢᠯ ᠢ ᠭᠦᠨᠵᠡᠭᠡᠶ ᠠᠬᠢᠭᠤᠯᠵᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠵᠢᠯᠯᠠᠭᠠᠨ ᠤ ᠵᠣᠬᠢᠴᠠᠮᠵᠢ ᠶᠢ ᠪᠥᠬᠦ ᠲᠠᠯ᠎ᠠ ᠪᠠᠷ ᠵᠢᠷᠤᠮᠵᠢᠭᠤᠯᠵᠤ᠂ ᠠᠵᠢᠯᠯᠠᠬᠤ ᠠᠷᠭ᠎ᠠ ᠶᠢᠨ ᠰᠢᠨ᠎ᠡ ᠶᠢ ᠬᠦᠴᠦᠯᠡᠨ ᠡᠭᠦᠳᠴᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠦᠨᠳᠦᠰᠦᠨ ᠱᠠᠲᠤᠨ ᠤ ᠵᠠᠰᠠᠯᠲᠠ ᠶᠢ ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠬᠡᠦᠬᠡᠳ ᠲᠤ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ ᠪᠠᠶᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠤᠯᠠᠨ ᠲᠦᠮᠡᠨ ᠳᠤ ᠦᠢᠯᠡᠴᠢᠯᠡᠬᠦ ︽ᠬᠦᠴᠦᠯᠡᠬᠦ ᠴᠡᠭ︾ ᠢ ᠣᠨᠣᠪᠴᠢᠲᠠᠢ ᠡᠷᠢᠨ ᠣᠯᠵᠤ᠂ ᠡᠷᠬᠡᠪᠰᠢ ᠬᠠᠷᠢᠭᠤᠯᠵᠤ᠂ ᠤᠴᠢᠷ ᠦᠭᠡᠢ ᠪᠣᠯ ᠦᠢᠮᠡᠭᠦᠯᠬᠦ ᠦᠭᠡᠢ ᠪᠠᠶᠢᠵᠤ᠂ ᠤᠯᠠᠨ ᠲᠦᠮᠡᠨ ᠢ ᠳᠥᠭᠦᠮ ᠳᠥᠲᠡ ᠲᠠᠭᠠᠯᠠᠮᠵᠢᠲᠠᠢ ᠪᠣᠯᠭᠠᠬᠤ ᠪᠠᠷ ᠪᠠᠷᠠᠬᠤ ᠦᠭᠡᠢ ᠪᠠᠰᠠ ᠦᠨᠳᠦᠰᠦᠨ ᠱᠠᠲᠤᠨ ᠤ ᠺᠠᠳ᠋ᠷᠴᠤᠳ ᠤᠨ ᠪᠠᠭ᠎ᠠ ᠳᠤ ᠶᠡᠭᠡ ᠶᠢ ᠬᠡᠷᠡᠭᠵᠢᠭᠦᠯᠬᠦ ᠶᠢ ᠰᠡᠷᠭᠡᠶᠢᠯᠡᠬᠦ ᠬᠡᠷᠡᠭᠲᠡᠢ ᠃ ᠡᠨᠡ ᠭᠤᠷᠪᠠᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠰᠠᠭᠤᠳᠠᠯ ᠢ ᠨᠡᠪᠲᠡᠷᠡᠭᠦᠯᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠤᠯᠠᠨ ᠲᠦᠮᠡᠨ ᠳᠤ ᠦᠨᠡᠨ ᠪᠣᠳᠠᠲᠠᠢ ᠬᠤᠪᠢᠷᠠᠯᠲᠠ ᠪᠠ ᠦᠷ᠎ᠡ ᠪᠦᠲᠦᠮᠵᠢ ᠶᠢ ᠮᠡᠳᠡᠷᠡᠭᠦᠯᠬᠦ ᠬᠡᠷᠡᠭᠲᠡᠢ ᠭᠡᠵᠡᠢ᠃      ᠪᠠᠶᠢᠴᠠᠭᠠᠨ ᠰᠤᠳᠤᠯᠤᠯᠲᠠ ᠳᠤ᠂ ᠳ᠋ᠢᠩ ᠰᠢᠤ ᠹᠧᠩ ᠪᠠᠰᠠ ᠤᠤᠯ ᠤᠨ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠰᠤᠷᠭᠠᠨ ᠬᠥᠮᠦᠵᠢᠯ ᠤᠨ ᠭᠠᠵᠠᠷ ᠤᠨ ᠬᠡᠷ ᠪᠦᠯᠢ ᠶᠢᠨ ᠠᠰᠠᠷ ᠲᠤ ᠬᠦᠷᠴᠦ᠂ ᠬᠠᠶᠢᠷ᠎ᠠ ᠬᠠᠯᠠᠮᠵᠢ ᠶᠢᠨ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠵᠦ᠂ ᠠᠵᠢᠯ ᠤᠨ ᠠᠬᠢᠴᠠ ᠶᠢ ᠲᠦᠷᠭᠡᠳᠬᠡᠨ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠵᠤ᠂ ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠳᠠ ᠶᠢᠨ ᠤᠳᠤᠷᠢᠳᠤᠯᠭ᠎ᠠ ᠳ᠋ᠦᠩ ᠰᠢᠨ ᠶᠤᠸᠠᠢ᠂ ᠯᠢᠶᠠᠨ ᠳ᠋ᠦᠩ ᠵᠢᠴᠢ ᠬᠥᠨᠳᠡᠯᠡᠨ ᠲᠣᠭᠤᠷᠢᠭ᠂ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠪᠤᠭᠤᠲᠤ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号