ᠲᠣᠮᠳᠠᠳᠣ ᠣᠯᠥᠰ ᠤᠨ ᠣᠮᠠᠷᠡᠳᠦ ᠶᠢᠨ ᠬᠤᠪᠤᠷ ᠰᠢᠷᠦᠢ  ᠶᠢᠨ ᠡᠭᠦᠷᠭᠡᠯᠡᠭᠰᠡᠨ ᠣᠯᠥᠰ ᠤᠨ ᠮᠡᠷᠭᠡᠵᠢᠯ ᠤᠨ ᠪᠡᠷᠢᠮᠵᠢᠶ᠎ᠠ ᠶᠢᠨ ᠰᠢᠨ᠎ᠡ ᠶᠢ ᠡᠬᠦᠳᠬᠦ ᠰᠠᠭᠤᠷᠢᠨ ᠭᠠᠵᠡᠷ ︵ᠬᠤᠪᠤᠷ ᠰᠢᠷᠦᠢ︶ ᠢ  ᠪᠠᠶᠢᠭᠤᠯᠬᠤ ᠪᠠᠷ ᠵᠦᠪᠰᠢᠶᠡᠷᠡᠭᠳᠡᠵᠡᠢ
ᠨᠡᠶᠢᠲᠡᠯᠡᠭᠰᠡᠨ ᠴᠠᠭ᠄
2024/5/22
      ᠲᠦᠷᠦᠭᠦᠬᠡᠨ᠂ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠵᠥᠪᠯᠡᠯ ᠠᠴᠠ ︽ᠤᠯᠤᠰ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ︵ᠬᠤᠪᠣᠷ ᠰᠢᠷᠣᠶ︶ ᠪᠠᠶᠢᠭᠤᠯᠬᠤ ᠶᠢ ᠵᠥᠪᠰᠢᠶᠡᠷᠡᠬᠦ ᠲᠤᠬᠠᠶ ᠵᠠᠬᠢᠳᠠᠯ︾ ᠢ ᠳᠠᠷᠤᠮᠠᠯᠯᠠᠨ ᠲᠠᠷᠬᠠᠭᠠᠵᠤ᠂ ᠳᠤᠮᠳᠠᠳᠤ ᠤᠯᠤᠰ ᠤᠨ ᠤᠮᠠᠷᠠᠲᠤ ᠶᠢᠨ ᠬᠤᠪᠣᠷ ᠰᠢᠷᠣᠶ  ᠵᠢᠨ‌ᠡᠭᠦᠷᠭᠡᠯᠡᠨ ᠪᠦᠲᠦᠭᠡᠨ ᠪᠠᠶᠢᠭᠤᠯᠤᠭᠰᠠᠨ ᠰᠢᠨ᠎ᠡ ᠶᠢ ᠡᠭᠦᠳᠬᠦ ᠰᠠᠭᠤᠷᠢᠨ ᠭᠠᠵᠠᠷ ᠵᠥᠪᠰᠢᠶᠡᠷᠡᠭᠳᠡᠨ ᠪᠠᠶᠢᠭᠤᠯᠤᠭᠳᠠᠪᠠ᠂ ᠡᠨᠡ ᠨᠢ ᠪᠥᠬᠦ ᠤᠯᠤᠰ ᠤᠨ ᠬᠤᠪᠣᠷ ᠰᠢᠷᠣᠶ ᠶᠢᠨ ᠬᠦᠷᠢᠶᠡᠨ ᠳᠠᠬᠢ ᠴᠣᠷ ᠤᠨ ᠭᠠᠭᠴᠠ ᠤᠯᠤᠰ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠳᠤᠮᠳᠠᠳᠤ ᠤᠯᠤᠰ ᠤᠨ ᠤᠮᠠᠷᠠᠲᠤ ᠶᠢᠨ ᠬᠤᠪᠣᠷ ᠰᠢᠷᠣᠶ ᠳᠤ ᠵᠢᠩᠬᠢᠨᠢ ᠪᠠᠷ ᠰᠠᠭᠤᠷᠢᠰᠢᠨ ᠣᠷᠣᠭᠰᠠᠨ ᠢ ᠬᠠᠷᠠᠭᠤᠯᠵᠤ ᠪᠠᠶᠢᠨ᠎ᠠ᠃      ᠤᠯᠤᠰ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠪᠣᠯ ᠮᠠᠨ ᠤ ᠤᠯᠤᠰ ᠤᠨ ᠪᠠᠷᠢᠮᠵᠢᠶᠠᠵᠢᠭᠤᠯᠬᠤ ᠠᠵᠢᠯ ᠤᠨ ᠰᠢᠰᠲ᠋ᠧᠮᠵᠢ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠪᠠᠷᠢᠮᠵᠢᠶᠠᠲᠤ ᠮᠡᠷᠭᠡᠵᠢᠯ ᠂ ᠪᠠᠶᠢᠴᠠᠭᠠᠨ ᠰᠢᠨᠵᠢᠵᠦ ᠭᠡᠷᠡᠴᠢᠯᠡᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠪᠠᠷᠢᠮᠵᠢᠶᠠᠲᠤ ᠥᠯᠢᠭᠡᠷ ᠡᠳ᠋ ᠵᠢᠴᠢ ᠰᠢᠨᠵᠢᠯᠡᠬᠦ ᠤᠬᠠᠭᠠᠨ ᠮᠡᠷᠭᠡᠵᠢᠯ ᠪᠠ ᠠᠵᠤ ᠦᠢᠯᠡᠰ ᠵᠡᠷᠭᠡ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠪᠥᠬᠦ ᠲᠥᠷᠥᠯ ᠬᠡᠯᠪᠡᠷᠢ ᠶᠢᠨ ᠪᠠᠷᠢᠮᠵᠢᠶ᠎ᠠ ᠪᠠ ᠪᠠᠷᠢᠮᠵᠢᠶᠠᠵᠢᠭᠤᠯᠤᠯᠲᠠ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠲᠣᠭᠤᠷᠢᠨ ᠳᠤ᠂ ᠪᠠᠷᠢᠮᠵᠢᠶᠠᠵᠢᠭᠤᠯᠬᠤ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠬᠠᠷᠢᠯᠴᠠᠨ ᠬᠥᠳᠡᠯᠦᠯᠴᠡᠵᠦ ᠬᠥᠭᠵᠢᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ᠂ ᠪᠠᠷᠢᠮᠵᠢᠶ᠎ᠠ ᠶᠢ ᠬᠡᠷᠡᠭᠵᠢᠭᠦᠯᠵᠦ ᠬᠡᠷᠡᠭᠯᠡᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ᠂ ᠤᠯᠤᠰ ᠤᠨ ᠳᠣᠲᠣᠭᠠᠳᠤ ᠪᠠ ᠣᠯᠠᠨ ᠤᠯᠤᠰ ᠤᠨ ᠪᠠᠷᠢᠮᠵᠢᠶᠠᠵᠢᠭᠤᠯᠬᠤ ᠠᠵᠢᠯ ᠢ ᠵᠡᠷᠭᠡ ᠪᠠᠷ ᠠᠬᠢᠭᠤᠯᠬᠤ ᠠᠷᠭ᠎ᠠ ᠮᠠᠶ᠋ᠢᠭ ᠤᠨ ᠴᠢᠬᠤᠯᠠ ᠲᠠᠪᠴᠠᠩ ᠮᠥᠨ᠃      ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠤᠮᠠᠷᠠᠲᠤ ᠶᠢᠨ ᠬᠤᠪᠣᠷ ᠰᠢᠷᠣᠶ ᠶᠢ 2017 ᠣᠨ ᠳᠤ ᠤᠯᠤᠰ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ︵ᠬᠤᠪᠣᠷ ᠰᠢᠷᠣᠶ︶ ᠢ ᠪᠡᠯᠡᠳᠬᠡᠨ ᠪᠠᠶᠢᠭᠤᠯᠬᠤ ᠪᠠᠷ ᠭᠤᠶᠤᠴᠢᠯᠠᠨ ᠮᠡᠳᠡᠭᠦᠯᠵᠦ᠂ 2019 ᠣᠨ ᠤ 2 ᠰᠠᠷ᠎ᠠ ᠳᠤ ᠪᠡᠯᠡᠳᠬᠡᠨ ᠪᠠᠶᠢᠭᠤᠯᠬᠤ ᠶᠢ ᠵᠥᠪᠰᠢᠶᠡᠷᠡᠪᠡ᠃ ᠤᠯᠤᠰ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ︵ᠬᠤᠪᠣᠷ ᠰᠢᠷᠣᠢ︶ ᠨᠢ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠨᠢᠭᠡ ᠪᠦᠯᠦᠭ ᠪᠠᠷᠢᠮᠵᠢᠶᠠᠵᠢᠭᠤᠯᠤᠭᠰᠠᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠡᠶᠡᠯᠡᠭᠦᠯᠪᠡ᠃ ᠬᠤᠪᠣᠷ ᠰᠢᠷᠣᠶ ᠶᠢᠨ ᠬᠦᠷᠢᠶᠡᠨ ᠳᠠᠬᠢ ᠠᠩᠬᠠᠳᠠᠭᠴᠢ ᠪᠦᠯᠦᠭ ᠬᠤᠪᠣᠷ ᠰᠢᠷᠣᠶ ᠶᠢᠨ ᠨᠡᠷ᠎ᠡ ᠲᠣᠮᠢᠶ᠎ᠠ ᠶᠢᠨ ᠣᠯᠠᠨ ᠤᠯᠤᠰ ᠤᠨ ᠪᠠᠷᠢᠮᠵᠢᠶ᠎ᠠ ᠶᠢ 2 ᠨᠡᠶᠢᠲᠡᠯᠡᠵᠦ᠂ ᠣᠯᠠᠨ ᠤᠯᠤᠰ ᠤᠨ ᠠᠷᠭ᠎ᠠ ᠶᠢᠨ 2 ᠵᠦᠢᠯ ᠢ ᠲᠤᠭᠤᠷᠪᠢᠬᠤ ᠳᠤ ᠣᠷᠣᠯᠴᠠᠵᠤ᠂ ᠤᠯᠤᠰ ᠤᠨ ᠪᠠᠷᠢᠮᠵᠢᠶ᠎ᠠ 46 ᠵᠦᠢᠯ᠂ ᠠᠵᠢᠯ ᠲᠥᠷᠥᠯ ᠤᠨ ᠪᠠᠷᠢᠮᠵᠢᠶ᠎ᠠ 71 ᠵᠦᠢᠯ ᠢ ᠲᠤᠭᠤᠷᠪᠢᠵᠤ᠂ ᠪᠦᠯᠬᠦᠮ ᠤᠨ ᠪᠠᠷᠢᠮᠵᠢᠶ᠎ᠠ 28 ᠵᠦᠢᠯ᠂ ᠠᠵᠤ ᠠᠬᠤᠶᠢᠯᠠᠯ ᠤᠨ ᠪᠠᠷᠢᠮᠵᠢᠶ᠎ᠠ 105 ᠵᠦᠢᠯ ᠢ ᠲᠤᠭᠤᠷᠪᠢᠪᠠ᠃ ᠣᠳᠣᠬᠠᠨ ᠳᠤ᠂ ᠤᠯᠤᠰ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ︵ᠬᠤᠪᠣᠷ ᠰᠢᠷᠣᠢ︶ ᠨᠢᠭᠡᠨᠲᠡ ᠤᠯᠤᠰ ᠤᠨ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢᠶᠠᠷ ᠲᠤᠯᠭᠠᠭᠤᠷᠢᠯᠠᠯ ᠪᠣᠯᠭᠠᠭᠰᠠᠨ᠂ ᠠᠵᠢᠯ ᠲᠥᠷᠥᠯ ᠤᠨ ᠳᠠᠪᠠᠭᠤᠯᠢᠭ ᠠᠵᠤ ᠠᠬᠤᠶᠢᠯᠠᠯ ᠥᠷᠭᠡᠨ ᠢᠶᠠᠷ ᠣᠷᠣᠯᠴᠠᠭᠰᠠᠨ᠂ ᠳᠡᠭᠡᠳᠦ ᠲᠠᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠪᠠᠷᠢᠮᠵᠢᠶ᠎ᠠ ᠶᠢᠨ ᠴᠢᠳᠠᠪᠤᠷᠢᠲᠠᠨ ᠴᠤᠭᠯᠠᠷᠠᠭᠰᠠᠨ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠰᠢᠨᠵᠢᠯᠡᠬᠦ ᠤᠬᠠᠭᠠᠨᠴᠢ᠂ ᠠᠵᠢᠯᠯᠠᠭᠠᠨ ᠤ ᠲᠦᠷᠢᠮ ᠪᠦᠷᠢᠨ ᠲᠡᠭᠦᠯᠳᠡᠷ ᠪᠠᠷᠢᠮᠵᠢᠶᠠᠲᠤ ᠨᠡᠭᠡᠭᠡᠨ ᠬᠥᠭᠵᠢᠭᠦᠯᠬᠦ ᠠᠵᠢᠯᠯᠠᠭᠠᠨ ᠤ ᠰᠢᠰᠲ᠋ᠧᠮ ᠢ ᠪᠦᠷᠢᠯᠳᠦᠭᠦᠯᠪᠡ᠃     ᠤᠯᠤᠰ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ︵ᠬᠤᠪᠣᠷ ᠰᠢᠷᠣᠢ︶ ᠤᠨ ᠲᠦᠷᠦᠯ ᠵᠦᠢᠯ ᠢ ᠵᠥᠪᠰᠢᠶᠡᠷᠡᠭᠦᠯᠦᠨ ᠪᠠᠶᠢᠭᠤᠯᠤᠭᠰᠠᠨ ᠨᠢ ᠬᠤᠪᠣᠷ ᠰᠢᠷᠣᠢ ᠶᠢᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠪᠠ ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢ ᠪᠦᠲᠦᠮᠵᠢᠲᠡᠢ ᠠᠬᠢᠭᠤᠯᠬᠤ ᠪᠣᠯᠣᠨ᠎ᠠ᠃ ᠢᠷᠡᠭᠡᠳᠦᠢ ᠳᠤ᠂ ᠤᠯᠤᠰ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ︵ᠬᠤᠪᠣᠷ ᠰᠢᠷᠣᠢ︶ ᠨᠢ ᠤᠯᠤᠰ᠂ ᠠᠵᠢᠯ ᠲᠥᠷᠥᠯ ᠤᠨ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠠᠴᠠ ᠬᠤᠪᠣᠷ ᠰᠢᠷᠣᠢ ᠶᠢᠨ ᠬᠦᠷᠢᠶ᠎ᠡ ᠴᠠᠷᠠᠭ᠎ᠠ ᠪᠣᠯᠣᠨ ᠳᠡᠭᠡᠳᠦ ᠳᠣᠣᠷᠠᠳᠤ ᠤᠷᠤᠰᠬᠠᠯ ᠤᠨ ᠬᠦᠷᠢᠶ᠎ᠡ ᠴᠠᠷᠠᠭ᠎ᠠ ᠠᠯᠤᠰᠯᠠᠭᠰᠠᠨ ᠬᠠᠮᠵᠢᠯᠴᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠪᠣᠷ ᠰᠢᠷᠣᠢ ᠶᠢᠨ ︽ᠠᠵᠤ ᠦᠢᠯᠡᠰ ᠤᠨ ᠬᠡᠯᠬᠢᠶ᠎ᠡ ᠶᠢ ᠪᠠᠷᠢᠮᠵᠢᠶᠠᠵᠢᠭᠤᠯᠬᠤ᠂ ᠦᠷ᠎ᠡ ᠪᠦᠲᠦᠭᠡᠯ ᠢ ᠤᠯᠠᠷᠢᠭᠤᠯᠬᠤ ᠶᠢ ᠬᠠᠮᠤᠭ ᠤᠨ ᠶᠡᠭᠡ ᠪᠣᠯᠭᠠᠬᠤ ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠤᠷᠠᠭᠤᠯᠬᠤ᠂ ᠠᠵᠢᠯ ᠲᠥᠷᠥᠯ ᠤᠨ ᠪᠠᠷᠢᠮᠵᠢᠶ᠎ᠠ ᠶᠢ ᠣᠯᠠᠨ ᠤᠯᠤᠰᠴᠢᠯᠠᠬᠤ︾ ᠬᠠᠮᠵᠢᠯᠴᠠᠨ ᠬᠥᠭᠵᠢᠬᠦ ᠰᠠᠶᠢᠨ ᠰᠠᠶᠢᠬᠠᠨ ᠬᠥᠭᠵᠢᠯᠲᠡ ᠶᠢᠨ ᠵᠠᠭᠪᠤᠷ ᠢ ᠪᠣᠢ ᠪᠣᠯᠭᠠᠵᠤ᠂ ᠬᠤᠪᠣᠷ ᠰᠢᠷᠣᠢ ᠶᠢᠨ ᠪᠠᠷᠢᠮᠵᠢᠶ᠎ᠠ ᠶᠢᠨ ᠰᠢᠰᠲ᠋ᠧᠮᠵᠢ ᠶᠢᠨ ᠳᠡᠯᠡᠬᠡᠶᠢᠵᠢᠭᠰᠡᠨ ᠬᠥᠭᠵᠢᠯᠲᠡ ᠶᠢ ᠠᠬᠢᠭᠤᠯᠵᠤ᠂ ᠪᠠᠷᠢᠮᠵᠢᠶ᠎ᠠ ᠪᠠᠷ ᠬᠤᠪᠣᠷ ᠰᠢᠷᠣᠢ ᠶᠢᠨ ᠠᠵᠤ ᠦᠢᠯᠡᠰ ᠢ ᠬᠥᠲᠥᠯᠥᠨ ᠳᠠᠭᠠᠭᠤᠯᠵᠤ ᠴᠢᠨᠠᠷ ᠰᠠᠶᠢᠲᠠᠢ ᠬᠥᠭᠵᠢᠯᠲᠡ ᠶᠢᠨ ᠵᠠᠮ ᠲᠡᠰᠢ ᠬᠥᠭᠵᠢᠭᠦᠯᠦᠨ᠎ᠡ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号