︽ᠬᠤᠶᠠᠷ ᠱᠠᠳᠣ ᠪᠠᠷ ᠢᠶᠠᠨ ᠬᠠᠮᠲᠤᠷᠠᠨ ᠬᠥᠳᠡᠯᠦᠯᠴᠡᠵᠦ ᠬᠠᠮᠲᠤᠷᠠᠨ ᠰᠢᠢᠳᠪᠦᠷᠢᠯᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠮᠵᠢ ᠶᠢ ᠲᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/5/25
    ᠣᠶᠢᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠲᠠᠨ ᠳᠤ ᠬᠠᠪᠰᠤᠷᠤᠨ ᠭᠦᠢᠴᠡᠳᠬᠡᠬᠦ︾ ᠴᠣᠩᠬᠤ ᠨᠢ ᠰᠦᠯᠵᠢᠶᠡᠨ ᠳᠡᠭᠡᠷ᠎ᠡ ᠭᠤᠶᠤᠴᠢᠯᠠᠬᠤ ᠲᠠᠪᠴᠠᠩ ᠢᠶᠠᠷ ᠳᠡᠮᠵᠢᠨ᠂ ᠪᠤᠭᠤᠲᠤ ᠶᠢᠨ ᠪᠠᠷᠢᠯᠭ᠎ᠠ ᠶᠢᠨ ᠠᠵᠤ ᠦᠢᠯᠡᠳᠪᠦᠷᠢ ︵ᠪᠦᠯᠦᠭᠯᠡᠯ︶ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠡᠵᠡᠩᠨᠡᠯᠲᠡ ᠶᠢᠨ ᠦᠨᠡᠮᠯᠡᠯ ᠤᠨ ᠬᠤᠭᠤᠴᠠᠭ᠎ᠠ ᠶᠢ ᠤᠷᠲᠤᠳᠬᠠᠬᠤ ᠲᠤᠬᠠᠶᠢᠯᠠᠭᠰᠠᠨ ᠠᠵᠢᠯ ᠢ ᠠᠮᠵᠢᠯᠲᠠ ᠲᠠᠢ ᠭᠥᠯᠢᠶᠡᠨ ᠠᠪᠴᠤ ᠰᠢᠢᠳᠪᠦᠷᠢᠯᠡᠵᠡᠢ᠃ ᠥᠩᠭᠡᠷᠡᠭᠰᠡᠨ ᠤ  ᠬᠢ ᠲᠠᠢ ᠠᠳᠠᠯᠢ ᠦᠭᠡᠢ ᠨᠢ ᠭᠡᠪᠡᠯ᠂ ᠲᠣᠰ ᠲᠤᠬᠠᠶᠢᠯᠠᠭᠰᠠᠨ ᠠᠵᠢᠯ ᠢ ᠣᠷᠣᠨ ᠤ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ ᠠᠵᠤ ᠠᠬᠤᠶᠢᠯᠠᠯ ᠢ ᠬᠠᠪᠰᠤᠷᠤᠨ ᠬᠤᠪᠢᠷᠠᠭᠤᠯᠬᠤ ᠭᠤᠶᠤᠴᠢᠯᠠᠯ ᠭᠠᠷᠭᠠᠵᠤ᠂ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠷ ᠬᠢᠨᠠᠨ ᠵᠥᠪᠰᠢᠶᠡᠷᠡᠭᠦᠯᠵᠦ᠂ ᠬᠤᠲᠠ ᠤᠷᠤᠨ ᠬᠤᠶᠠᠷ ᠱᠠᠲᠤ ᠪᠠᠷ ᠢᠶᠠᠨ ᠬᠠᠮᠲᠤᠷᠠᠨ ᠭᠦᠢᠴᠡᠳᠬᠡᠨ᠎ᠡ᠃
    ᠲᠦᠷᠦᠭᠦᠬᠡᠨ᠂ 60 ᠨᠠᠰᠤᠲᠠᠢ ᠸᠠᠩ ᠠᠪᠤᠭᠠᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ  ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠢᠷᠡᠵᠦ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠠᠵᠢᠯ   ᠠᠴᠠ ᠪᠠᠨ ᠪᠠᠭᠤᠵᠤ ᠠᠮᠠᠷᠠᠬᠤ ᠲᠤᠬᠠᠶᠢᠯᠠᠭᠰᠠᠨ ᠠᠵᠢᠯ   ᠢ ᠬᠦᠢᠴᠡᠳᠭᠡᠭᠦ ᠪᠠᠷ ᠢᠷᠡᠪᠡ᠃ ᠸᠠᠩ ᠠᠪᠤᠭᠠᠢ ᠭᠠᠳᠠᠷ ᠮᠤᠵᠢ ᠳᠤ ᠪᠠᠶᠢᠩᠭᠤ ᠰᠠᠭᠤᠵᠤ᠂ ᠲᠤᠬᠠᠶᠢᠯᠠᠭᠰᠠᠨ ᠠᠵᠢᠯ   ᠢ ᠭᠦᠢᠴᠡᠳᠬᠡᠬᠦ ᠳᠤ ᠬᠡᠷᠡᠭᠰᠡᠬᠦ ᠮᠠᠲ᠋ᠧᠷᠢᠶᠠᠯ ᠪᠠ ᠲᠤᠬᠠᠶᠢᠯᠠᠭᠰᠠᠨ ᠠᠵᠢᠯ ᠤᠨ ᠬᠤᠭᠤᠴᠠᠭ᠎ᠠ   ᠶᠢ ᠣᠶᠢᠯᠠᠭᠠᠬᠤ ᠦᠭᠡᠢ ᠤᠴᠢᠷ ᠠᠴᠠ ᠲᠣᠰ ᠰᠠᠷ᠎ᠠ   ᠶᠢᠨ ᠠᠵᠢᠯ ᠠᠴᠠ ᠪᠠᠨ ᠪᠠᠭᠤᠵᠤ ᠠᠮᠠᠷᠠᠬᠤ ᠴᠠᠭ ᠠᠴᠠ ᠬᠤᠴᠣᠷᠴᠠᠢ᠃ ᠲᠤᠶᠢᠯ ᠢᠶᠠᠷ ᠪᠠᠴᠢᠮᠳᠠᠵᠤ ᠪᠠᠶᠢᠭᠰᠠᠨ ᠸᠠᠩ ᠠᠪᠤᠭᠠᠢ ᠶᠢ ᠬᠠᠷᠠᠭᠠᠳ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠨᠢᠭᠡ ᠴᠣᠩᠬᠤᠪᠴᠢ ᠮᠠᠶ᠋ᠢᠭ︾ ᠤᠨ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡᠨ ᠤ ᠪᠦᠯᠬᠦᠮ ᠤᠨ ᠬᠢᠨ ᠬᠤᠲᠠ ᠶᠢᠨ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠢᠳᠡᠪᠬᠢᠲᠡᠢ ᠪᠠᠷ ᠬᠠᠷᠢᠯᠴᠠᠵᠤ᠂ ᠸᠢᠴᠠᠲ᠂ ᠳ᠋ᠢᠶᠠᠩᠬᠤᠸᠠ᠂ ᠠᠯᠤᠰ ᠡᠵᠡᠮᠰᠢᠯ ᠤᠨ ᠰᠢᠰᠲ᠋ᠧᠮ ᠵᠡᠷᠭᠡ ᠰᠦᠯᠵᠢᠶᠡᠨ ᠳᠡᠭᠡᠷᠡᠬᠢ ᠠᠷᠭ᠎ᠠ ᠵᠠᠮ ᠢᠶᠠᠷ ᠸᠠᠩ ᠠᠪᠤᠭᠠᠢ ᠳᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠵᠢᠯ   ᠠᠴᠠ ᠪᠠᠨ ᠪᠠᠭᠤᠵᠤ ᠠᠮᠠᠷᠠᠬᠤ ᠲᠤᠬᠠᠶᠢᠯᠠᠭᠰᠠᠨ ᠠᠵᠢᠯ   ᠢ ᠲᠣᠭᠲᠠᠭᠰᠠᠨ ᠬᠤᠭᠤᠴᠠᠭᠠᠨ ᠳᠤ ᠭᠦᠢᠴᠡᠳᠬᠡᠵᠦ ᠥᠭᠭᠦᠭᠰᠡᠨ ᠪᠠᠶᠢᠨ᠎ᠠ᠃     ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠨᠢ ᠵᠠᠰᠠᠭ ᠤᠨ ᠣᠷᠳᠣᠨ ᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ︾ ᠪᠣᠯᠣᠨ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠣᠯᠳᠠᠯᠭ᠎ᠠ ᠲᠠᠢ ᠠᠵᠢᠯ︾ ᠢ ᠬᠠᠷᠢᠯᠴᠠᠨ ᠠᠭᠤᠰᠤᠯᠴᠠᠭᠤᠯᠵᠤ᠂ ᠲᠦᠷᠭᠡᠨ ᠪᠥᠭᠡᠳ ᠳᠥᠭᠦᠮ ᠳᠥᠲᠡ ᠣᠲᠣ ᠦᠶ᠎ᠡ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠪᠠᠷ ᠬᠠᠷᠠᠯᠲᠠ ᠪᠣᠯᠭᠠᠨ᠂ ᠬᠤᠷᠳᠤᠴᠠ ᠪᠠ ᠲᠣᠯᠠᠭᠠᠴᠨ ᠶᠢ ᠬᠤᠣᠰᠯᠠᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠠᠬᠢ ︽ᠰᠢᠨ᠎ᠡ︾ ᠬᠡᠪ ᠳᠠᠭᠤᠷᠢᠶᠠᠯ ᠢ ᠪᠣᠶ ᠪᠣᠯᠭᠠᠪᠠ᠃
    ᠲᠤᠰ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠴᠣᠩᠬᠤᠪᠴᠢ ᠶᠢᠨ ᠵᠢᠱᠢᠶ᠎ᠡ ᠦᠵᠡᠭᠦᠯᠬᠦ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ︽ᠦᠨᠡᠨᠴᠢ ᠢᠲᠡᠭᠡᠮᠵᠢ + ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡ︾ ᠶᠢᠨ ᠡᠵᠡᠩᠨᠡᠯᠲᠡ ᠶᠢᠨ ᠣᠷᠴᠢᠨ ᠲᠣᠭᠤᠷᠢᠨ ᠤ ᠦᠢᠯᠡᠴᠢᠯᠡᠭᠡᠨ ᠤ ᠲᠣᠭᠲᠠᠴᠠ  ᠶᠢ ᠪᠠᠶᠢᠭᠤᠯᠵᠤ᠂ ᠭᠠᠵᠠᠷ ᠣᠷᠣᠨ ᠤ ᠬᠢᠵᠠᠭᠠᠷᠯᠠᠯ ᠢ ᠡᠪᠳᠡᠵᠦ᠂ ᠵᠠᠢ ᠶᠢᠨ ᠬᠠᠯᠬᠠᠪᠴᠢ ᠶᠢ ᠡᠪᠳᠡᠵᠦ ᠬᠤᠲᠠ ᠤᠷᠤᠨ ᠬᠤᠶᠠᠷ ᠱᠠᠲᠤᠨ ᠤ ᠳᠡᠭᠡᠳᠦ ᠳᠣᠣᠷᠠᠳᠤ ᠱᠠᠲᠤᠨ ᠤ ᠬᠤᠯᠪᠤᠭᠠᠯᠠᠨ ᠬᠥᠳᠡᠯᠦᠯᠴᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ︽ᠭᠤᠷᠪᠠ ᠶᠢ ᠲᠥᠪᠯᠡᠷᠡᠭᠦᠯᠵᠦ᠂ ᠭᠤᠷᠪᠠ ᠶᠢ ᠪᠣᠳᠠᠲᠠᠶᠢᠵᠢᠭᠤᠯᠬᠤ︾ ᠳᠠᠪᠠᠭᠤᠯᠢᠭ ᠢ ᠪᠠᠳᠠᠷᠠᠭᠤᠯᠤᠨ᠂ ︽ᠨᠢᠭᠡ ᠯᠡ ᠡᠭᠦᠳᠡ ᠪᠠᠷ ᠣᠷᠣᠵᠤ᠂ ᠬᠠᠮᠤᠭ ᠣᠯᠠᠨ ᠳᠠᠭᠠᠨ ᠨᠢᠭᠡ ᠯᠡ ᠤᠳᠠᠭ᠎ᠠ ᠭᠦᠶᠦᠵᠦ︾᠂ ᠠᠵᠤ ᠠᠬᠤᠶᠢᠯᠠᠯ ᠤᠨ ᠡᠵᠡᠩᠨᠡᠯᠲᠡ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠬᠠᠮᠤᠭ ᠤᠨ ᠲᠡᠷᠢᠭᠦᠨ ᠳᠤ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠬᠢ ᠪᠠᠶᠠᠯᠢᠭ ᠤᠨ ᠬᠠᠮᠲᠤ ᠪᠠᠷ ᠡᠳ᠋ᠯᠡᠵᠦ ᠬᠠᠷᠢᠯᠴᠠᠨ ᠨᠡᠪᠲᠡᠷᠡᠯᠴᠡᠬᠦ ᠶᠢ ᠪᠦᠲᠦᠮᠵᠢᠲᠡᠶ ᠪᠡᠶᠡᠯᠡᠭᠦᠯᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号