ᠨᠢᠦ ᠰᠢᠨ᠄ ᠬᠤᠪᠣᠷ ᠰᠢᠷᠣᠢ ᠶᠢᠨ ᠥᠨᠳᠦᠷᠯᠢᠭ ᠲᠠᠬᠢ ︽ᠲᠡᠮᠦᠷ ᠬᠥᠮᠥᠨ︾ ᠱᠦᠵᠢ᠂ ᠪᠢᠴᠢᠭ ᠤᠨ ᠬᠥᠮᠥᠨ ᠠᠴᠠ ᠤᠷᠠᠨ ᠳᠠᠷᠬᠠᠨ ᠪᠣᠯᠤᠭᠰᠠᠨ ᠭᠠᠶᠢᠬᠠᠮᠰᠢᠭᠲᠤ ᠵᠠᠮ
ᠨᠡᠶᠢᠲᠡᠯᠡᠭᠰᠡᠨ ᠴᠠᠭ᠄
2024/5/25
    ᠳ᠋ᠠ ᠳ᠋ᠢ ᠰᠢᠶᠦᠶᠢᠩ ᠲᠣᠭᠲᠠᠮᠠᠯ ᠰᠣᠷᠢᠨᠵᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠡᠯ᠎ᠡ ᠥᠨᠴᠥᠭ ᠪᠤᠯᠤᠩ ᠳᠤ᠂ ᠦᠦᠷ ᠴᠠᠶᠢᠬᠤ ᠴᠦ ᠲᠡᠷᠡ᠂ ᠦᠳᠡᠰᠢ ᠴᠣ᠋ ᠲᠡᠷᠨ᠂ ᠲᠡᠭᠦᠨ ᠤ  ᠪᠠᠷ᠎ᠠ ᠶᠢ ᠣᠯᠵᠤ ᠬᠠᠷᠠᠳᠠᠭ᠃ ᠲᠡᠷᠡ ᠪᠣᠯ ᠳᠠᠷᠤᠢ ᠨᠢᠦ ᠰᠢᠨ ᠮᠥᠨ᠂ ᠬᠥᠮᠥᠨ ᠲᠡᠭᠦᠨ ᠤ ᠨᠡᠷ᠎ᠡ ᠶᠢᠨ ᠲᠡᠳᠦᠢ᠂ ᠲᠡᠭᠦᠨ ᠤ ᠴᠢᠷᠠᠢ ᠨᠢ ᠡᠷᠡᠰ ᠬᠠᠲᠠᠭᠤ᠂ ᠬᠥᠮᠥᠰᠬᠡᠨ ᠳᠤᠨᠢ ᠨᠤᠭᠤᠷᠠᠰᠢ ᠦᠭᠡᠢ ᠪᠠᠭᠠᠲᠤᠷ ᠵᠣᠷᠢᠭ ᠢᠯᠡᠷᠡᠵᠦ᠂ ᠦᠷᠭᠦᠯᠵᠢ ᠢᠨᠢᠶᠡᠮᠰᠦᠭᠯᠡᠳᠡᠭ᠂ ᠲᠡᠷᠡ ᠪᠣᠯ ᠲᠡᠭᠦᠨ ᠤ ᠠᠮᠢᠳᠤᠷᠠᠯ ᠳᠠᠭᠠᠨ ᠬᠠᠨᠳᠤᠭᠤᠯᠤᠭᠰᠠᠨ ᠬᠠᠯᠠᠭᠤᠨ ᠬᠠᠶᠢᠷ᠎ᠠ ᠪᠠ ᠢᠷᠡᠭᠡᠳᠦᠢ ᠳᠡᠭᠡᠨ ᠬᠠᠨᠳᠤᠭᠤᠯᠤᠭᠰᠠᠨ ᠪᠠᠲᠤ ᠴᠢᠩᠭ᠎ᠠ ᠢᠲᠡᠭᠡᠯ ᠵᠣᠷᠢᠭ ᠪᠣᠯᠣᠨ᠎ᠠ᠃
    ᠠᠯᠤᠰ ᠤᠨ ᠵᠣᠷᠢᠯᠲᠠ ᠲᠠᠢ ᠬᠥᠳᠡᠭᠡ ᠶᠢᠨ ᠪᠠᠭᠠᠴᠤᠳ     37 ᠵᠢᠯ ᠤᠨ ᠡᠮᠦᠨ᠎ᠡ᠂ ᠨᠢᠦ ᠰᠢᠨ ᠤᠯᠠᠭᠠᠨᠬᠠᠳᠠ ᠬᠤᠳᠠ ᠶᠢᠨ ᠨᠢᠭᠡᠨ ᠵᠢᠵᠢᠭ ᠠᠭᠤᠯᠠᠨ ᠲᠣᠰᠬᠤᠨ ᠳᠤ ᠲᠦᠷᠦᠵᠡᠢ ᠂ ᠪᠠᠭ᠎ᠠ ᠨᠠᠰᠤᠨ ᠤ ᠦᠶ᠎ᠡ ᠳᠡᠭᠡᠨ ᠠᠮᠢᠳᠤᠷᠠᠯ ᠨᠢ ᠶᠠᠳᠠᠭᠤ ᠵᠦᠳᠡᠭᠦᠦ ᠪᠠᠶᠢᠭᠰᠠᠨ ᠴᠤ ᠬᠠᠶᠢᠷ᠎ᠠ ᠪᠠ ᠬᠦᠰᠡᠯ ᠡᠷᠡᠮᠡᠯᠵᠡᠯ ᠢᠶᠠᠷ ᠪᠢᠯᠬᠠᠨ᠎ᠠ᠃ ᠭᠡᠲᠡᠯ᠎ᠡ᠂ ᠲᠡᠭᠦᠨ ᠢ 11 ᠨᠠᠰᠤᠲᠠᠢ ᠲᠡᠷᠡ ᠵᠢᠯ᠂ ᠡᠴᠢᠭᠡ ᠶᠢᠨ ᠬᠢᠨᠢ ᠨᠠᠰᠤ ᠪᠠᠷᠠᠭᠰᠠᠨ ᠶᠠᠪᠤᠳᠠᠯ ᠨᠢ ᠡᠨᠡ ᠬᠦ ᠭᠡᠷ ᠪᠦᠯᠢ ᠶᠢ ᠬᠦᠴᠢᠷᠳᠡᠯ ᠲᠠᠢ ᠪᠠᠶᠢᠳᠠᠯ ᠳᠤ ᠣᠷᠣᠭᠤᠯᠵᠠᠢ᠃ ᠡᠵᠢ ᠨᠢ ᠲᠣᠰᠬᠤᠨ ᠤ ᠶᠡᠭᠡ ᠪᠠᠷᠢᠭᠠᠳᠠ ᠶᠢᠨ ᠭᠤᠣᠯᠯᠠᠭᠴᠢ ᠬᠦᠴᠦᠨ ᠪᠣᠯᠬᠤᠷ᠂ ᠲᠡᠭᠦᠨ ᠤ ᠠᠮᠢᠳᠤᠷᠠᠯ ᠢ ᠬᠠᠷᠠᠭᠠᠯᠵᠠᠬᠤ ᠳᠤ ᠬᠦᠴᠢᠷᠲᠡᠢ᠂ ᠲᠡᠷᠡ ᠨᠠᠰᠤ ᠬᠤᠷᠠᠭ ᠬᠡᠦᠬᠡᠳ ᠠᠴᠠ ᠴᠦ ᠡᠷᠲᠡ ᠲᠣᠮᠤᠭ᠎ᠠ ᠲᠠᠢ ᠪᠠᠶᠢᠵᠤ᠂ ᠥᠪᠡᠷ ᠢᠶᠠᠨ ᠬᠤᠭᠤᠯᠠ ᠬᠢᠬᠦ ᠶᠢ ᠰᠤᠷᠬᠤ ᠪᠠᠷ ᠪᠠᠷᠠᠬᠤ ᠦᠭᠡᠢ᠂ ᠪᠠᠰᠠ ᠨᠢᠭᠡ ᠲᠠᠯ᠎ᠠ ᠪᠠᠷ ᠰᠤᠷᠭᠠᠭᠤᠯᠢ ᠳᠤ ᠰᠠᠭᠤᠨ ᠨᠢᠭᠡ ᠲᠠᠯ᠎ᠠ ᠪᠠᠷ ᠦᠬᠡᠷ ᠬᠠᠷᠢᠭᠤᠯᠤᠨ ᠬᠤᠨᠢ ᠲᠡᠵᠢᠭᠡᠵᠦ  ᠲᠠᠷᠢᠶᠠᠯᠠᠨ᠂ ᠠᠯᠢ ᠡᠷᠲᠡ ᠭᠡᠷ ᠪᠦᠯᠢ ᠶᠢᠨ ᠬᠦᠨᠳᠦ ᠳᠠᠷᠤᠭᠠᠰᠤ ᠶᠢ ᠡᠭᠦᠷᠭᠡᠯᠡᠵᠦ᠂ ᠲᠡᠷᠡ ᠪᠡᠶ᠎ᠡ ᠪᠠᠨ ᠳᠠᠭᠠᠭᠠᠵᠤ ᠠᠮᠢᠳᠤᠷᠠᠬᠤ ᠶᠢ ᠰᠤᠷᠴᠤ᠂ ᠬᠤᠪᠢ ᠵᠠᠶᠠᠭᠠᠨ ᠤ ᠥᠷᠢᠰᠦᠯᠳᠦᠭᠡᠨ ᠳᠤ ᠡᠷᠡᠰ ᠰᠢᠭᠤᠷᠬᠠᠢ ᠪᠠᠷ ᠬᠠᠨᠳᠤᠬᠤ ᠶᠢ ᠴᠤ ᠰᠤᠷᠴᠠᠢ᠃ ᠲᠡᠷᠡ ᠬᠤᠪᠢ ᠵᠠᠶᠠᠭᠠᠨ ᠳᠠᠭᠠᠨ ᠨᠤᠭᠤᠷᠠᠬᠤ ᠦᠭᠡᠢ᠂ ᠲᠧᠯᠸᠢᠰ ᠳᠡᠭᠡᠷᠡᠬᠢ ᠤᠷᠤᠯᠳᠤᠭᠠᠨ ᠤ ᠦᠵᠡᠭᠳᠡᠯ ᠢ ᠦᠵᠡᠬᠦ ᠪᠦᠷᠢ ᠥᠪᠡᠷ ᠢᠶᠠᠨ ᠴᠦ ᠲᠠᠶᠢᠰᠠᠨ ᠳᠡᠭᠡᠷ᠎ᠡ ᠵᠣᠭᠰᠣᠵᠤ ᠥᠪᠡᠷ ᠢ ᠪᠠᠨ ᠳᠡᠯᠭᠡᠨ ᠦᠵᠡᠭᠦᠯᠬᠦ ᠶᠢ ᠬᠦᠰᠡᠨ ᠮᠥᠷᠥᠭᠡᠳᠳᠡᠭ᠃ ᠨᠠᠰᠤᠨ ᠤ ᠨᠡᠮᠡᠭᠳᠡᠬᠦ ᠶᠢ ᠳᠠᠭᠠᠯᠳᠤᠨ ᠲᠡᠷᠡ ᠥᠪᠡᠷ ᠤᠨ ᠢᠲᠡᠭᠡᠯ ᠵᠣᠷᠢᠭ ᠢᠶᠠᠨ ᠤᠯᠠᠮ ᠪᠠᠳᠣᠳᠬᠠᠨ ᠶᠡᠭᠡ ᠠᠭᠤᠯᠠᠨ ᠠᠴᠠ ᠭᠠᠷᠴᠤ᠂ ᠥᠪᠡᠷ ᠤᠨ ᠬᠤᠪᠢ ᠵᠠᠶᠠᠭ᠎ᠠ ᠪᠠᠨ ᠬᠤᠪᠢᠷᠠᠭᠤᠯᠬᠤ ᠪᠠᠷ ᠮᠡᠷᠡᠶᠢᠪᠠ᠃ 2009 ᠣᠨ ᠳᠤ᠂ ᠶᠡᠭᠡ ᠰᠤᠷᠭᠠᠭᠤᠯᠢ ᠪᠠᠨ ᠲᠡᠭᠦᠰᠦᠭᠰᠡᠨ ᠤ ᠲᠠᠷᠠᠭ᠎ᠠ᠂ ᠲᠡᠷᠡ ᠡᠨᠡᠬᠦ ᠢᠲᠡᠭᠡᠯ ᠵᠣᠷᠢᠭ ᠢ ᠡᠪᠦᠷᠯᠡᠨ᠂ ᠨᠤᠲᠤᠭ ᠤᠰᠤ ᠠᠴᠠ ᠪᠠᠨ ᠰᠠᠯᠵᠤ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠠᠶᠠᠨ ᠳᠠᠭᠠᠨ ᠮᠣᠷᠳᠠᠵᠠᠢ᠃    ᠪᠢᠴᠢᠭ ᠤᠨ ᠬᠥᠮᠥᠨ ᠤ ᠤᠭ ᠰᠠᠨᠠᠭ᠎ᠠ᠂ ᠮᠡᠷᠭᠡᠵᠢᠯ ᠠᠯᠣᠰᠯᠣᠭᠰᠠᠨ ᠰᠢᠨ᠎ᠠ ᠠᠶᠠᠨ     ᠥᠩᠭᠡᠷᠡᠭᠰᠡᠨ ᠤ ᠬᠡᠳᠦᠨ ᠴᠠᠭ ᠲᠤ᠂ ᠨᠢᠦ ᠰᠢᠨ ᠪᠠᠰᠠ ᠶᠡᠭᠡ ᠰᠤᠷᠭᠠᠭᠤᠯᠢ ᠶᠢᠨ ᠰᠤᠷᠤᠭᠴᠢ ᠪᠠᠶᠢᠪᠠ᠂ ᠲᠡᠷᠡ ᠡᠷᠳᠡᠮ ᠮᠡᠳᠡᠯᠭᠡ ᠶᠢᠨ ᠲᠤᠬᠠᠢ ᠬᠦᠰᠡᠯ ᠡᠷᠡᠮᠡᠯᠵᠡᠯ ᠪᠠ ᠢᠷᠡᠭᠡᠳᠦᠢ ᠶᠢᠨ ᠲᠤᠬᠠᠢ ᠬᠦᠰᠡᠯ ᠡᠷᠡᠮᠡᠯᠵᠡᠯ ᠢ ᠡᠪᠦᠷᠯᠡᠨ ᠪᠤᠭᠤᠲᠤ ᠳᠤ ᠬᠦᠷᠴᠦ ᠢᠷᠡᠪᠡ᠃ ᠭᠡᠲᠡᠯ᠎ᠡ᠂ ᠠᠵᠢᠯ ᠣᠯᠭᠤᠯᠲᠠ ᠶᠢᠨ ᠥᠷᠢᠰᠦᠯᠳᠦᠭᠡᠨ ᠤ ᠳᠠᠷᠤᠯᠲᠠ ᠠᠴᠠ ᠪᠣᠯᠵᠤ ᠲᠡᠷᠡ ᠨᠤᠷᠠᠭᠠᠯᠲᠠ ᠶᠢᠨ ᠴᠢᠨᠠᠷᠲᠠᠢ ᠰᠣᠩᠭᠤᠯᠲᠠ ᠬᠢᠵᠦ᠂ ᠪᠠᠶᠢᠭᠤᠯᠤᠯᠭ᠎ᠠ ᠠᠴᠠ ᠪᠠᠨ ᠰᠠᠯᠵᠤ ᠠᠯᠪᠠᠨ ᠭᠡᠷ ᠲᠤ ᠰᠠᠭᠤᠵᠤ ᠠᠵᠤ ᠠᠬᠤᠶᠢᠯᠠᠯ ᠳᠤ ᠣᠷᠣᠵᠤ ᠦᠢᠯᠡᠳᠪᠦᠷᠢ ᠳᠤ ᠣᠴᠢᠵᠠᠢ᠃ ᠶᠠᠭ ᠡᠨᠡ ᠬᠦ ᠰᠢᠢᠳᠪᠦᠷᠢ ᠨᠢ ᠲᠡᠭᠦᠨ ᠢ ᠬᠤᠪᠣᠷ ᠰᠢᠷᠣᠢ ᠶᠢᠨ ᠠᠵᠢᠯ ᠲᠥᠷᠥᠯ ᠲᠠᠢ ᠰᠠᠯᠤᠰᠢ ᠦᠭᠡᠢ ᠬᠤᠪᠢ ᠪᠠᠷᠢᠯᠳᠤᠯᠭ᠎ᠠ ᠲᠠᠢ ᠪᠣᠯᠭᠠᠪᠠ᠃ ᠲᠡᠭᠦᠨ ᠠᠴᠠ ᠬᠤᠶᠢᠰᠢ᠂ ᠲᠡᠭᠦᠨ ᠤ ᠠᠮᠢᠳᠤᠷᠠᠯ ᠤᠨ ᠵᠠᠮ ᠳᠤ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠠᠢ᠃ ᠣᠷᠳᠣᠰ ᠬᠤᠳᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠰᠠᠶᠢᠨ ᠳᠤᠷ᠎ᠠ ᠶᠢᠨ ᠠᠵᠢᠯᠯᠠᠭᠴᠢ ᠠᠴᠠ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠬᠤᠪᠣᠷ ᠰᠢᠷᠣᠢ ᠶᠢᠨ ᠰᠣᠷᠢᠨᠵᠢᠨ ᠴᠢᠨᠠᠷᠲᠠᠢ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠬᠠᠶᠢᠯᠤᠰᠢ ᠶᠢᠨ ᠦᠢᠯᠡᠳᠪᠦᠷᠢ ᠶᠢᠨ ᠲᠠᠰᠤᠭ ᠤᠨ ᠡᠷᠬᠢᠯᠡᠭᠴᠢ ᠬᠦᠷᠲᠡᠯ᠎ᠡ᠂ ᠳᠠᠬᠢᠭᠠᠳ ᠳ᠋ᠠ ᠳ᠋ᠢ ᠰᠢᠶᠦ᠋ᠩ ᠲᠣᠭᠲᠠᠮᠠᠯ ᠰᠣᠷᠢᠨᠵᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳᠠᠭᠠᠭᠤᠯᠤᠭᠴᠢ ᠪᠣᠯᠳᠠᠯ᠎ᠠ ᠲᠡᠷᠡ ᠥᠪᠡᠷ ᠤᠨ ᠴᠢᠷᠮᠠᠶᠢᠯᠭ᠎ᠠ ᠪᠠ ᠬᠦᠴᠦ ᠬᠥᠯᠥᠰᠦ ᠪᠠᠷ ᠢᠶᠠᠨ ᠭᠠᠶᠢᠬᠠᠮᠰᠢᠭᠲᠤ ᠬᠠᠭᠤᠳᠠᠰᠣ ᠶᠢ ᠪᠢᠴᠢᠭᠯᠡᠭᠰᠡᠭᠡᠷ᠃
    ᠰᠢᠨ᠎ᠡ ᠭᠠᠷ᠂ ᠰᠢᠨ᠎ᠡ ᠬᠤᠰᠢᠭᠤᠴᠢ     ᠬᠤᠪᠣᠷ ᠰᠢᠷᠣᠢ ᠶᠢᠨ ᠠᠵᠢᠯ ᠲᠥᠷᠥᠯ ᠳᠤ ᠠᠩᠬ᠎ᠠ ᠣᠷᠣᠬᠤ ᠦᠶ᠎ᠡ ᠳᠤ ᠨᠢᠦ ᠰᠢᠨ ᠯᠤᠲᠤ ᠶᠡᠭᠡ ᠥᠷᠢᠰᠦᠯᠳᠦᠭᠡᠨ ᠳᠤ ᠲᠤᠯᠭᠠᠷᠠᠵᠠᠢ᠃ ᠱᠤᠷᠠᠭ᠂ ᠬᠥᠰᠢᠭᠦᠷ ᠮᠠᠶ᠋ᠢᠭ ᠢ ᠢᠯᠭᠠᠵᠤ ᠳᠡᠶᠢᠯᠬᠦ ᠦᠭᠡᠢ ᠰᠢᠨ᠎ᠡ ᠭᠠᠷ ᠨᠢᠦ ᠰᠢᠨ ᠪᠠᠰᠠ ᠪᠠᠴᠢᠮᠳᠠᠨ ᠰᠠᠨᠳᠤᠷᠴᠤ ᠪᠠᠶᠢᠭᠰᠠᠨ ᠠᠴᠠ ᠶᠠᠭᠤ ᠴᠤ ᠭᠡᠰᠡᠨ ︽ᠪᠢᠷ ᠨᠠᠭᠠᠳᠬᠤ︾ ᠠᠴᠠ ︽ᠱᠤᠷᠠᠭ ᠢ ᠮᠤᠰᠬᠢᠬᠤ︾ ᠪᠣᠯᠵᠤ ᠬᠤᠪᠢᠷᠠᠭᠰᠠᠨ ᠨᠢ ᠨᠢᠭᠡ ᠤᠳᠠᠭᠠᠨ ᠤ ︽ᠲᠤᠶᠢᠯᠪᠤᠷᠢᠲᠠᠢ ᠥᠭᠡᠷᠡᠴᠢᠯᠡᠭᠳᠡᠭᠰᠡᠨ︾ ᠥᠩᠭᠡᠷᠡᠯᠲᠡ ᠪᠣᠯᠬᠤ ᠶᠤᠮ᠃ ᠭᠡᠪᠡᠴᠦ ᠲᠡᠷᠡ ᠤᠬᠤᠷᠢᠭᠰᠠᠨ ᠦᠭᠡᠢ᠂ ᠬᠠᠷᠢᠨ ᠬᠦᠴᠢᠷ ᠢ ᠰᠥᠷᠦᠨ  ᠣᠷᠣᠭᠰᠢᠯᠠᠪᠠ᠃ ᠲᠡᠷᠡ ᠪᠠᠭᠰᠢ ᠠᠴᠠ ᠪᠠᠨ ᠳᠠᠷᠤᠤ ᠬᠢᠴᠢᠶᠡᠩᠭᠦᠢ ᠪᠠᠷ ᠵᠢᠭᠠᠯᠭᠠᠵᠤ᠂ ᠪᠡᠶ᠎ᠡ ᠳᠡᠭᠡᠨ ᠵᠢᠵᠢᠭ ᠳᠡᠪᠲᠡᠷ ᠤᠨ ᠲᠡᠮᠳᠡᠭᠯᠡᠯ ᠪᠠ ᠰᠤᠷᠤᠯᠭ᠎ᠠ   ᠶᠢᠨ ᠣᠯᠣᠯᠲᠠ ᠲᠥᠷᠥᠭᠳᠡᠯ   ᠢᠶᠠᠨ ᠠᠪᠴᠤ ᠶᠠᠪᠤᠳᠠᠭ᠃ ᠪᠦᠬᠦ ᠬᠦᠴᠦ ᠪᠠᠷ ᠢᠶᠠᠨ ᠲᠡᠷᠡ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠭᠤᠣᠯᠯᠠᠬᠤ ᠮᠡᠷᠭᠡᠵᠢᠯ ᠢ ᠮᠠᠰᠢ ᠲᠦᠷᠭᠡᠨ ᠢᠶᠠᠷ ᠡᠵᠡᠮᠰᠢᠭᠰᠡᠨ ᠪᠥᠭᠡᠳ ᠦᠢᠯᠡᠳᠦᠯᠭᠡ ᠶᠢᠨ ᠳᠤᠮᠳᠠ ᠲᠠᠰᠤᠷᠠᠯᠲᠠ ᠦᠭᠡᠢ ᠰᠢᠨ᠎ᠡ ᠶᠢ ᠡᠭᠦᠳᠴᠡᠢ᠃ ᠲᠡᠷᠡ ᠪᠦᠯᠬᠦᠮ ᠢᠶᠠᠨ ᠳᠠᠭᠠᠭᠤᠯᠤᠨ ᠰᠢᠨ᠎ᠡ ᠤᠷᠠᠯᠠᠯ᠂ ᠰᠢᠨ᠎ᠡ ᠮᠡᠷᠭᠡᠵᠢᠯ ᠢ ᠢᠳᠡᠪᠬᠢᠲᠡᠢ ᠬᠠᠶᠢᠨ ᠰᠦᠪᠡᠭᠴᠢᠯᠡᠵᠦ᠂ ᠦᠢᠯᠡᠳᠪᠦᠷᠢᠯᠡᠯ ᠤᠨ ᠲᠦᠪᠰᠢᠨ ᠢᠶᠠᠨ ᠰᠠᠶᠢᠵᠢᠷᠠᠭᠤᠯᠵᠤ᠂ ᠺᠣᠮᠫᠠᠨᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠳᠠᠰᠤᠷᠠᠯᠳᠠ ᠦᠭᠡᠢ ᠰᠢᠪᠲᠤᠯᠤᠯᠲᠠ ᠲᠠᠢ ᠪᠣᠯᠭᠠᠨ ᠳᠡᠭᠡᠭᠰᠢᠯᠡᠭᠦᠯᠵᠡᠢ᠃ ᠲᠡᠭᠦᠨ ᠤ ᠰᠢᠷᠭᠠᠭᠤ ᠴᠢᠷᠮᠠᠶᠢᠯᠭ᠎ᠠ ᠪᠠ ᠰᠥᠰᠥ ᠵᠣᠷᠢᠭ ᠨᠢ ᠨᠡᠩ ᠴᠤ ᠤᠳᠤᠷᠢᠳᠤᠯᠭ᠎ᠠ ᠪᠠ ᠬᠠᠮᠲᠤ ᠠᠵᠢᠯᠯᠠᠭᠰᠠᠳ ᠤᠨ ᠬᠦᠷᠢᠶᠡᠯᠡᠯ ᠢ ᠣᠯᠣᠭᠰᠠᠨ ᠪᠠᠶᠢᠨ᠎ᠠ᠃ ᠣᠬᠤᠷᠬᠠᠨ ᠬᠠᠭᠠᠰ ᠵᠢᠯ ᠤᠨ ᠬᠤᠭᠤᠴᠠᠭᠠᠨ ᠳᠤ᠂ ᠲᠡᠷᠡ ᠡᠩ ᠤᠨ ᠨᠢᠭᠡ ᠠᠵᠢᠯᠴᠢᠨ ᠪᠠᠶᠢᠭᠰᠠᠨ ᠠᠴᠠ ᠪᠠᠨ ᠠᠩᠭᠢ ᠶᠢᠨ ᠳᠠᠷᠤᠭ᠎ᠠ ᠪᠣᠯᠣᠨ ᠳᠠᠪᠰᠢᠵᠤ᠂ ᠳᠠᠷᠠᠭ᠎ᠠ ᠨᠢ ᠠᠩᠭᠢ ᠶᠢᠨ ᠳᠠᠷᠤᠭ᠎ᠠ ᠠᠴᠠ ᠦᠢᠯᠡᠳᠪᠦᠷᠢ ᠶᠢᠨ ᠲᠠᠰᠤᠭ ᠤᠨ ᠳᠡᠳ᠋ ᠡᠷᠬᠢᠯᠡᠭᠴᠢ᠂ ᠦᠢᠯᠡᠳᠪᠦᠷᠢᠯᠡᠯ ᠤᠨ ᠬᠡᠯᠲᠡᠰ ᠤᠨ ᠳᠠᠷᠤᠭ᠎ᠠ ᠬᠦᠷᠲᠡᠯ᠎ᠡ᠂ 2024 ᠣᠨ ᠳᠤ ᠣᠷᠴᠢᠨ ᠲᠣᠭᠤᠷᠢᠨ ᠤ ᠠᠮᠤᠷ ᠲᠦᠪᠰᠢᠨ ᠤ ᠬᠡᠯᠲᠡᠰ ᠤᠨ ᠳᠠᠷᠤᠭ᠎ᠠ ᠶᠢᠨ ᠲᠤᠰᠢᠶᠠᠯ ᠳᠤ ᠳᠠᠪᠰᠢᠵᠤ᠂ ᠦᠢᠯᠡᠳᠪᠦᠷᠢ ᠶᠢᠨ ᠲᠠᠰᠤᠭ ᠤᠨ ᠬᠡᠰᠡᠭ ᠲᠠᠯ᠎ᠠ ᠶᠢᠨ ᠦᠢᠯᠡᠳᠪᠦᠷᠢᠯᠡᠯ ᠢ ᠬᠠᠮᠢᠶᠠᠷᠬᠤ ᠠᠴᠠ ᠪᠦᠬᠦ ᠲᠠᠯᠠᠪᠠᠢ ᠶᠢᠨ ᠠᠮᠤᠷ ᠲᠦᠪᠰᠢᠨ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢ ᠶᠡᠷᠦᠩᠬᠡᠶᠢᠯᠡᠨ ᠡᠵᠡᠮᠳᠡᠬᠦ ᠬᠦᠷᠲᠡᠯ᠎ᠡ᠂ ᠡᠨᠡ ᠬᠤᠭᠤᠴᠠᠭᠠᠨ ᠳᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ᠂ ᠨᠢᠭᠡ ᠨᠠᠮ ᠤᠨ ᠭᠡᠰᠢᠭᠦᠨ ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠪᠠᠷᠢᠮᠲᠠᠯᠠᠭᠰᠠᠭᠠᠷ ᠢᠷᠡᠵᠠᠢ᠃ ᠰᠢᠨ᠎ᠡ ᠶᠢ ᠡᠭᠦᠳᠬᠦ ᠵᠠᠮ ᠳᠤ᠂ ᠨᠢᠦ ᠰᠢᠨ ᠶᠡᠷᠦᠨᠢ ᠬᠥᠮᠥᠨ ᠠᠴᠠ ᠲᠦᠷᠦᠭᠦᠯᠡᠬᠦ ᠵᠣᠷᠢᠭ ᠲᠠᠢ ᠪᠠᠶᠢᠳᠠᠭ᠃ ᠲᠡᠭᠦᠨ ᠤ ᠳᠠᠭᠠᠭᠤᠯᠤᠭᠰᠠᠨ ᠪᠦᠯᠬᠦᠮ ᠨᠢ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ︵ᠪᠦᠯᠦᠭᠯᠡᠯ︶ ᠶᠢᠨ ᠺᠣᠮᠫᠠᠨᠢ ᠶᠢᠨ ︽ᠪᠡᠶ᠎ᠡ ᠪᠠᠨ ᠳᠠᠭᠠᠭᠠᠵᠤ ᠬᠠᠮᠢᠶᠠᠷᠤᠯᠲᠠ ᠪᠠᠨ ᠰᠠᠶᠢᠵᠢᠷᠠᠭᠤᠯᠬᠤ ᠬᠤᠶᠠᠳᠤᠭᠠᠷ ᠳᠡᠰ ᠤᠨ ᠱᠠᠩᠨᠠᠯ︾ ᠢ ᠭᠥᠷᠳᠡᠭᠰᠡᠨ ᠢᠶᠠᠷ ᠪᠠᠷᠠᠬᠤ ᠦᠭᠡᠢ᠂ ᠨᠡᠩ ᠴᠤ ᠳ᠋ᠠ ᠳ᠋ᠢ ᠰᠢᠶᠦ᠋ᠩ ᠦᠢᠯᠡᠳᠪᠦᠷᠢᠯᠡᠯ ᠤᠨ ᠬᠡᠯᠲᠡᠰ ᠤᠨ  ᠬᠢᠨ ᠡᠭᠡᠯᠵᠢ ᠳᠤᠭᠤᠶᠢᠯᠠᠩ ᠢᠶᠠᠨ ᠰᠢᠲᠠᠭᠠᠨ ᠪᠠᠷᠢᠯᠳᠤᠭᠤᠯᠵᠤ ᠳᠡᠭᠡᠳᠦ ᠰᠢᠨ᠎ᠡ ᠮᠡᠷᠭᠡᠵᠢᠯ ᠤᠨ ᠤᠷᠤᠨ ᠳᠤ ᠴᠣᠯᠭᠤᠷᠠᠭᠤᠯᠵᠤ ᠂ ︽ᠰᠢᠯᠢᠳᠡᠭ ᠡᠭᠡᠯᠵᠢ ᠳᠤᠭᠤᠶᠢᠯᠠᠩ︾  ᠢᠶᠠᠷ ᠦᠨᠡᠯᠡᠭᠳᠡᠪᠡ᠃ ᠡᠲᠡᠭᠡᠷ ᠢᠷᠠᠭᠤ ᠠᠯᠳᠠᠷ ᠤᠨ ᠠᠷᠤ ᠳᠤ ᠨᠢᠦ ᠰᠢᠨ ᠪᠣᠯᠣᠨ ᠪᠦᠯᠬᠦᠮ ᠤᠨ ᠭᠡᠰᠢᠭᠦᠳ ᠤᠨ ᠲᠤᠭ᠎ᠠ ᠲᠣᠮᠰᠢ ᠦᠭᠡᠢ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠ ᠴᠥᠬᠦᠷᠡᠰᠢ ᠦᠭᠡᠢ ᠴᠢᠷᠮᠠᠶᠢᠯᠭ᠎ᠠ ᠪᠣᠶ᠃     ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠨ᠎ᠡ     ᠶᠡᠭᠡ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ᠂ ᠨᠢᠦ ᠰᠢᠨ ᠰᠤᠷᠤᠭᠴᠢᠳ ᠤᠨ ᠵᠥᠪᠯᠡᠯ ᠤᠨ ᠭᠤᠣᠯᠯᠠᠭᠴᠢ ᠬᠦᠴᠦᠨ ᠪᠠᠶᠢᠵᠤ᠂ ᠲᠡᠭᠦᠰᠦᠭᠰᠡᠨ ᠤ ᠳᠠᠷᠠᠭ᠎ᠠ ᠪᠠᠰᠠ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠠᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠤᠷᠢᠶᠠᠯᠠᠭ᠎ᠠ ᠨᠢ ᠲᠡᠭᠦᠨ ᠳᠤ ᠰᠡᠳᠬᠢᠯ ᠤᠨ ᠬᠠᠷᠢᠶᠠᠯᠠᠯ ᠢ ᠣᠯᠭᠤᠵᠤ᠂ ᠢᠷᠠᠭᠤ ᠠᠯᠳᠠᠷᠲᠤ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠪᠠᠶᠢᠨ᠎ᠠ᠃ ᠠᠵᠤ ᠠᠬᠤᠶᠢᠯᠠᠯ ᠳᠤ᠂ ᠲᠡᠷᠡ ᠨᠠᠮ ᠤᠨ ᠡᠭᠦᠷ ᠤᠨ ᠪᠠᠶᠢᠭᠤᠯᠤᠭᠳᠠᠬᠤ ᠶᠢ ᠢᠳᠡᠪᠬᠢᠲᠡᠢ ᠠᠬᠢᠭᠤᠯᠵᠤ᠂ ᠠᠵᠢᠯᠲᠠᠳ ᠲᠠᠭᠠᠨ ᠬᠠᠯᠠᠭᠤᠨ ᠳᠤᠯᠠᠭᠠᠨ ᠵᠣᠬᠢᠶᠠᠨ ᠪᠠᠶᠢᠭᠤᠯᠤᠯᠲᠠ ᠶᠢᠨ ᠭᠡᠷ ᠣᠷᠣᠨ ᠢ ᠬᠠᠩᠭᠠᠵᠠᠢ᠃ ᠲᠡᠷᠡ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠪᠡ᠃ ᠺᠣᠮᠫᠠᠨᠢ ᠶᠢᠨ ᠬᠠᠮᠢᠶᠠᠷᠤᠯᠲᠠ ᠳᠤ᠂ ᠨᠢᠦ ᠰᠢᠨ ᠢᠮᠠᠭᠲᠠ ᠵᠠᠷᠴᠢᠮ ᠢ ᠪᠠᠷᠢᠮᠲᠠᠯᠠᠵᠤ᠂ ᠭᠤᠣᠯᠴᠢ ᠪᠠᠷ ᠠᠵᠢᠯᠯᠠᠪᠠ᠃ ᠲᠡᠷᠡ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠣᠯᠣᠨ ᠺᠣᠮᠫᠠᠨᠢ ᠶᠢᠨ ᠡᠯ᠎ᠡ ᠵᠦᠢᠯ ᠤᠨ ᠳᠦᠷᠢᠮ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠡᠯ᠎ᠡ ᠵᠦᠢᠯ ᠤᠨ ᠢᠯᠵᠠᠷᠠᠮᠠᠯ ᠦᠵᠡᠭᠳᠡᠯ ᠢ ᠡᠷᠡᠰ ᠡᠰᠡᠷᠭᠦᠴᠡᠨ ᠬᠤᠷᠢᠭᠯᠠᠪᠠ᠃ ᠲᠡᠷᠡ ᠠᠵᠢᠯ ᠳᠠᠭᠠᠨ ᠲᠥᠪ ᠴᠢᠩᠭ᠎ᠠ ᠨᠠᠷᠢᠨ ᠬᠢᠨᠠᠮᠠᠭᠠᠢ᠂ ᠥᠴᠥᠬᠡᠨ ᠴᠦ ᠣᠰᠣᠯᠳᠠᠬᠤ ᠦᠭᠡᠢ ᠪᠠᠶᠢᠳᠠᠭ᠃ ᠬᠠᠮᠲᠤ ᠠᠵᠢᠯᠯᠠᠭᠰᠠᠳ ᠲᠠᠭᠠᠨ ᠲᠥᠪ ᠭᠤᠣᠯᠴᠢ ᠡᠷᠬᠡ ᠲᠡᠭᠰᠢ ᠬᠠᠨᠳᠤᠵᠤ᠂ ᠬᠡᠯᠪᠡᠶᠢᠨ ᠬᠡᠯᠪᠡᠶᠢᠬᠦ ᠦᠭᠡᠢ ᠪᠠᠶᠢᠬᠤ ᠬᠡᠷᠡᠭᠲᠡᠢ᠃ ᠲᠡᠷᠡ ᠪᠠᠷ ᠪᠣᠳᠠᠲᠤ ᠠᠵᠢᠯᠯᠠᠭ᠎ᠠ ᠪᠠᠷ ᠢᠶᠠᠨ ᠠᠵᠢᠯᠲᠠᠳ ᠤᠨ ᠢᠶᠠᠨ ᠬᠦᠨᠳᠦᠳᠬᠡᠯ ᠪᠠ ᠢᠲᠡᠭᠡᠯ ᠢ ᠣᠯᠵᠠᠢ᠃ ᠠᠵᠢᠯᠲᠠᠳ ᠤᠨ ᠨᠢᠳᠦᠨ ᠳᠤ᠂ ᠨᠢᠦ ᠰᠢᠨ ᠪᠣᠯ ᠰᠢᠯᠢᠳᠡᠭ ᠤᠳᠤᠷᠢᠳᠤᠭᠴᠢ ᠪᠣᠯᠬᠤ ᠪᠠᠷ ᠪᠠᠷᠠᠬᠤ ᠦᠭᠡᠢ᠂ ᠨᠠᠩ ᠴᠤ ᠢᠲᠡᠭᠡᠭᠦᠰᠢᠲᠡᠢ ︽ᠰᠠᠶᠢᠨ ᠠᠬ᠎ᠠ︾ ᠪᠣᠯᠣᠨ᠎ᠠ᠃ ᠲᠡᠷᠡ ᠠᠵᠢᠯ ᠳᠠᠭᠠᠨ ᠯᠠᠪᠳᠠᠭᠤᠨ ᠲᠣᠭᠲᠠᠭᠤᠨ᠂ ᠵᠣᠪᠠᠭᠤᠷᠢ ᠵᠦᠳᠡᠭᠦᠷᠢ ᠶᠢ ᠬᠦᠯᠢᠴᠡᠨ ᠲᠡᠰᠪᠦᠷᠢᠯᠡᠵᠦ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ ᠪᠠᠶᠢᠳᠠᠭ᠃ ᠳ᠋ᠠ ᠳ᠋ᠢ ᠰᠢᠶᠦ᠋ᠩ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠡᠬᠢᠨ ᠤ ᠬᠤᠭᠤᠴᠠᠭᠠᠨ ᠳᠤ ᠴᠤ ᠭᠡᠰᠡᠨ᠂ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠴᠤ ᠭᠡᠰᠡᠨ᠂  ᠲᠡᠷᠡ ᠴᠥᠮ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠡᠮᠦᠨ᠎ᠡ ᠨᠢ ᠭᠠᠪᠰᠢᠭᠠᠶᠢᠯᠠᠨ ᠭᠠᠪᠰᠢᠭᠠᠶᠢᠯᠠᠵᠤ ᠪᠠᠶᠢᠪᠠ᠃ ᠲᠡᠷᠡ ᠦᠷᠭᠦᠯᠵᠢ ᠰᠥᠨᠢ ᠳᠦᠯᠢ ᠪᠣᠯᠲᠠᠯ᠎ᠠ ᠠᠵᠢᠯᠯᠠᠭᠠᠳ ᠰᠠᠶ᠋ᠢ ᠠᠵᠢᠯ ᠤᠨ ᠪᠠᠶᠢᠷᠢ ᠠᠴᠠ ᠪᠠᠨ ᠰᠠᠯᠵᠤ᠂ ᠠᠯᠢᠪᠠ ᠠᠵᠢᠯ ᠢ ᠴᠥᠮ ᠴᠠᠭ ᠲᠠᠭᠠᠨ ᠪᠡᠶᠡᠯᠡᠭᠦᠯᠬᠦ ᠶᠢ ᠪᠠᠲᠤᠯᠠᠳᠠᠭ᠃ ᠥᠪᠡᠷ ᠤᠨ ᠲᠡᠮᠡᠴᠡᠯ ᠤᠨ ᠥᠩᠭᠡᠷᠡᠯᠲᠡ ᠪᠠᠨ ᠡᠷᠭᠢᠴᠡᠭᠦᠯᠬᠦ ᠳᠤ᠂ ᠨᠢᠦ ᠰᠢᠨ ᠮᠠᠰᠢ ᠤᠯᠠᠨ ᠲᠥᠷᠥᠭᠳᠡᠯ ᠲᠠᠢ ᠪᠠᠶᠢᠪᠠ᠂ ᠲᠡᠷᠡ᠄ ︽ᠬᠠᠷᠠᠬᠠᠨ ᠪᠠᠭ᠎ᠠ ᠠᠴᠠ ᠪᠠᠨ ᠪᠢ ᠴᠡᠷᠢᠭ ᠤᠨ ᠬᠥᠮᠥᠨ ᠤ ᠬᠦᠰᠡᠯ ᠵᠡᠭᠦᠳᠦ ᠲᠠᠢ ᠪᠠᠶᠢᠭᠰᠠᠨ᠂ ᠡᠳᠦᠭᠡ ᠪᠣᠯᠲᠠᠯ᠎ᠠ ᠴᠡᠷᠢᠭ ᠲᠤ ᠣᠷᠣᠬᠤ ᠨᠠᠰᠤ ᠶᠢ ᠥᠩᠭᠡᠷᠡᠭᠰᠡᠨ ᠪᠣᠯᠪᠠᠴᠤ ᠲᠡᠷᠨ ᠬᠦ ᠬᠦᠰᠡᠯ ᠬᠠᠷᠬᠠᠨ ᠪᠠᠭᠤᠷᠠᠭᠠᠳᠣᠢ᠃ ᠣᠳᠣᠬᠠᠨ ᠳᠤ ᠠᠵᠢᠯ ᠤᠨ ᠪᠠᠶᠢᠷᠢᠨ ᠳᠤ ᠭᠠᠷᠴᠤ᠂ ᠡᠪ ᠬᠠᠮᠲᠤ ᠨᠠᠮ ᠤᠨ ᠭᠡᠰᠢᠭᠦᠨ ᠤ ᠳᠦᠷᠢ ᠠᠴᠠ ᠴᠡᠷᠢᠭ ᠤᠨ ᠬᠥᠮᠥᠨ ᠤ ᠲᠥᠷᠥᠭᠳᠡᠯ ᠢ ᠣᠯᠵᠤ᠂ ᠮᠥᠨ ᠴᠦ ᠨᠠᠮ ᠪᠣᠯᠣᠨ ᠤᠯᠤᠰ ᠤᠨ ᠲᠥᠯᠥᠭᠡ ᠬᠦᠴᠦᠨ ᠴᠢᠳᠠᠯ ᠢᠶᠠᠨ ᠡᠷᠭᠦᠵᠦ᠂ ᠬᠥᠳᠡᠭᠡ ᠲᠣᠰᠬᠤᠨ ᠤ ᠪᠠᠭᠠᠴᠤᠳ ᠠᠴᠠ ᠥᠨᠥᠳᠥᠷ ᠤᠨ ᠡᠨᠡᠬᠦ ᠪᠠᠶᠢᠷᠢᠨ ᠳᠤ ᠬᠦᠷᠬᠦ ᠳᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠮᠥᠵᠢᠭᠦᠯᠦᠯ ᠪᠣᠯᠣᠨ ᠳᠡᠮᠵᠢᠯᠭᠡ ᠠᠴᠠ ᠶᠠᠷᠣ ᠨᠢ ᠰᠠᠯᠵᠤ ᠴᠢᠳᠠᠬᠤ ᠦᠭᠡᠢ᠂ ᠲᠡᠷᠡ ᠨᠠᠮᠠᠶᠢ ᠢᠮᠠᠭᠲᠠ ᠬᠥᠲᠥᠯᠥᠨ ᠳᠠᠭᠠᠭᠤᠯᠵᠤ ᠵᠢᠭᠠᠨ ᠵᠢᠯᠤᠭᠤᠳᠴᠤ ᠪᠠᠶᠢᠭᠠᠳ ᠳᠠᠰᠤᠷᠠᠯᠳᠠ ᠦᠭᠡᠢ ᠤᠷᠤᠭᠰᠢᠯᠠᠭᠤᠯᠤᠭᠰᠠᠨ ᠶᠤᠮ︾ ᠭᠡᠵᠦ ᠬᠡᠯᠡᠪᠡ᠃ ᠲᠡᠷᠡ᠄ ︽ᠵᠣᠪᠠᠭᠤᠷᠢ ᠵᠦᠳᠡᠭᠦᠷᠢ ᠶᠢ ᠤᠷᠢᠳᠠᠪᠠᠷ ᠠᠮᠰᠠᠵᠤ᠂ ᠵᠣᠯ ᠵᠢᠷᠭᠠᠯ ᠢ ᠬᠤᠶᠢᠨ᠎ᠠ ᠡᠳ᠋ᠯᠡᠨ᠎ᠡ︾ ᠭᠡᠵᠦ ᠦᠷᠭᠦᠯᠵᠢ ᠬᠡᠯᠡᠳᠡᠭ᠃ ᠡᠨᠡ ᠦᠭᠡ ᠨᠢ ᠲᠡᠭᠦᠨ ᠤ ᠠᠮᠢᠳᠤᠷᠠᠯ ᠤᠨ ᠵᠢᠷᠤᠮᠯᠠᠯ ᠪᠣᠯᠬᠤ ᠪᠠᠷ ᠪᠠᠷᠠᠬᠤ ᠦᠭᠡᠢ᠂ ᠨᠡᠩ ᠴᠤ ᠲᠡᠭᠦᠨ ᠤ ᠠᠵᠢᠯ ᠤᠨ ᠦᠨᠡᠨ ᠪᠣᠳᠠᠲᠤ ᠵᠢᠷᠤᠭᠯᠠᠯ ᠪᠣᠯᠬᠤ ᠶᠤᠮ᠃ ᠲᠡᠷᠡ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠲᠠᠰᠤᠷᠠᠯᠲᠠ ᠦᠭᠡᠢ ᠰᠤᠷᠤᠯᠴᠠᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠳᠠᠭ ᠯᠠ ᠶᠤᠮ ᠪᠣᠯ ᠨᠡᠩ ᠬᠤᠯᠠ᠂ ᠨᠡᠩ ᠯᠠᠪᠳᠠᠭᠤᠨ᠂ ᠨᠡᠩ ᠭᠤᠶᠢᠳᠠ ᠰᠠᠶᠢᠬᠠᠨ ᠶᠠᠪᠤᠵᠤ ᠴᠢᠳᠠᠨ᠎ᠠ ᠭᠡᠳᠡᠭ ᠢ ᠭᠡᠷᠡᠴᠢᠯᠡᠵᠡᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号