ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ᠄ ᠰᠢᠨᠵᠢᠯᠡᠬᠦ ᠤᠬᠠᠭᠠᠨ ᠮᠡᠷᠭᠡᠵᠢᠯ ᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠤᠨ᠎ᠠ
ᠨᠡᠶᠢᠲᠡᠯᠡᠭᠰᠡᠨ ᠴᠠᠭ᠄
2024/5/25
    ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠪᠣᠯ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠮᠠᠲ᠋ᠧᠷᠢᠶᠠᠯ ᠢᠶᠠᠷ ᠡᠷᠭᠢᠭᠴᠢ ᠶᠢᠨ ᠰᠣᠷᠢᠨᠵᠢᠨ ᠡᠭᠦᠰᠬᠡᠭᠴᠢ ᠪᠣᠯᠭᠠᠭᠰᠠᠨ ᠨᠢᠭᠡ ᠵᠦᠢᠯ ᠤᠨ ᠴᠠᠬᠢᠯᠭᠠᠨ ᠮᠠᠰᠢᠨ ᠮᠥᠨ᠂ ᠲᠡᠷᠡ ᠨᠢ ᠬᠤᠪᠣᠷ ᠰᠢᠷᠣᠢ ᠶᠢᠨ ᠮᠠᠲ᠋ᠧᠷᠢᠶᠠᠯ ᠤᠨ ᠥᠨᠳᠥᠷ ᠰᠣᠷᠢᠨᠵᠢᠨ ᠡᠨᠧᠷᠭᠢ ᠪᠠ ᠴᠠᠬᠢᠯᠭᠠᠨ ᠮᠠᠰᠢᠨ ᠤ ᠥᠨᠳᠥᠷ ᠴᠢᠳᠠᠮᠵᠢ ᠲᠠᠢ ᠤᠶᠠᠯᠳᠤᠭᠤᠯᠵᠤ᠂ ᠬᠤᠪᠣᠷ ᠰᠢᠷᠣᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠤᠭᠰᠠᠨ ᠪᠠᠶᠢᠨ᠎ᠠ᠃    ᠥᠪᠥᠷ ᠮᠣᠩᠭᠤᠯ ᠤᠨ ᠤᠮᠠᠷᠠᠲᠤ ᠶᠢᠨ ᠵᠢᠶᠠ ᠰᠢᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠦᠢᠯᠡᠳᠪᠦᠷᠢᠯᠡᠯ ᠤᠨ ᠰᠠᠭᠤᠷᠢᠨ ᠳᠤ ᠬᠦᠷᠬᠦ ᠳᠤ᠂ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠤᠶᠠᠨ ᠵᠥᠭᠡᠯᠡᠨ ᠦᠢᠯᠡᠳᠪᠦᠷᠢᠯᠡᠯ ᠤᠨ ᠱᠤᠭᠤᠮ᠂ ᠶᠡᠷᠦᠩᠬᠡᠶᠢᠯᠡᠭᠰᠡᠨ ᠴᠠᠬᠢᠯᠭᠠᠨ ᠮᠠᠰᠢᠨ ᠤ ᠰᠢᠯᠭᠠᠯᠲᠠ ᠶᠢᠨ ᠲᠠᠪᠴᠠᠩ᠂ ᠨᠡᠭᠡᠭᠡᠯᠲᠡᠲᠤ ᠲᠤᠷᠰᠢᠯᠲᠠ ᠶᠢᠨ ᠲᠠᠰᠤᠭ ᠵᠡᠷᠭᠡ ᠶᠢ ᠨᠢᠭᠡᠨᠲᠡ ᠪᠠᠶᠢᠭᠤᠯᠤᠨ ᠳᠠᠭᠤᠰᠬᠠᠵᠤ᠂ ᠦᠢᠯᠡᠳᠪᠦᠷᠢᠯᠡᠯ ᠤᠨ ᠱᠤᠭᠤᠮ ᠵᠢᠩᠬᠢᠨᠢ ᠪᠠᠷ ᠲᠤᠷᠰᠢᠨ ᠦᠢᠯᠡᠳᠪᠦᠷᠢᠯᠡᠬᠦ ᠱᠠᠲᠤᠨ ᠳᠤ ᠣᠷᠣᠭᠰᠠᠨ ᠢ ᠰᠤᠷᠪᠤᠯᠵᠢᠯᠠᠭᠴᠢ ᠣᠯᠵᠤ ᠬᠠᠷᠠᠪᠠ᠃     ᠥᠪᠥᠷ ᠮᠣᠩᠭᠤᠯ ᠤᠨ ᠤᠮᠠᠷᠠᠲᠤ ᠶᠢᠨ ᠵᠢᠶᠠ ᠰᠢᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠦᠢᠯᠡᠳᠪᠦᠷᠢᠯᠡᠯ ᠤᠨ ᠲᠠᠰᠤᠭ ᠤᠨ ᠠᠵᠢᠯᠴᠢᠳ ᠦᠢᠯᠡᠳᠪᠦᠷᠢᠯᠡᠵᠦ ᠭᠠᠷᠭᠠᠭᠰᠠᠨ ᠴᠠᠬᠢᠯᠭᠠᠨ ᠮᠠᠰᠢᠨ ᠳᠤ ᠲᠣᠬᠢᠷᠠᠭᠤᠯᠤᠯᠲᠠ ᠬᠢᠵᠦ ᠪᠣᠶ  ᠃     ᠤᠮᠠᠷᠠᠲᠤ ᠶᠢᠨ ᠵᠢᠶᠠ ᠰᠢᠤᠸᠠᠨ ᠢ ᠤᠮᠠᠷᠠᠲᠤ ᠶᠢᠨ ᠬᠤᠪᠣᠷ ᠰᠢᠷᠣᠢ ᠪᠣᠯᠣᠨ ᠵᠢᠶᠠᠩᠰᠤ ᠶᠢᠨ ᠵᠢᠶᠠ ᠰᠢᠤᠸᠠᠨ ᠬᠠᠮᠳᠣ ᠪᠠᠷ ᠪᠠᠶᠢᠭᠤᠯᠤᠭᠰᠠᠨ ᠶᠤᠮ᠃ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ᠤᠮᠠᠷᠠᠲᠤ ᠶᠢᠨ ᠬᠤᠪᠣᠷ ᠰᠢᠷᠣᠢ ᠶᠢᠨ ᠡᠬᠢ ᠪᠠᠶᠠᠯᠢᠭ ᠤᠨ ᠳᠠᠪᠠᠭᠤᠯᠢᠭ ᠪᠣᠯᠣᠨ ᠵᠢᠶᠠᠩᠰᠤ ᠶᠢᠨ ᠵᠢᠶᠠ ᠰᠢᠤᠸᠠᠨ ᠤ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠭᠦᠢᠴᠡᠳ ᠪᠠᠳᠠᠷᠠᠭᠤᠯᠪᠠ᠃ ᠣᠳᠣᠬᠠᠨ ᠳᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠨᠢ 3.15 ᠰᠠᠶ᠎ᠠ ᠸᠠᠲ ᠵᠢᠴᠢ ᠲᠡᠭᠦᠨ ᠠᠴᠠ ᠳᠣᠷᠣᠭᠰᠢᠬᠢ ᠡᠯ᠎ᠡ ᠴᠠᠬᠢᠯᠭᠠᠨ ᠬᠦᠴᠦᠳᠡᠯ ᠤᠨ ᠲᠠᠰ ᠤᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠦᠢᠯᠡᠳᠬᠦᠨ ᠢ ᠬᠠᠮᠤᠷᠴᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠨ ᠳᠠᠬᠢ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠲᠤ ᠬᠡᠷᠡᠭᠯᠡᠵᠦ ᠪᠠᠶᠢᠭ᠎ᠠ ᠬᠤᠭᠤᠰᠤᠨ ᠢ ᠨᠥᠬᠦᠪᠦᠷᠢᠯᠡᠪᠡ᠃     ᠺᠣᠮᠫᠠᠨᠢ ᠶᠢᠨ ᠶᠡᠷᠦᠩᠬᠡᠢ ᠳᠠᠭᠠᠭᠠᠮᠠᠯ ᠳ᠋ᠦᠩ ᠵᠢᠢ ᠸᠧᠨ ᠲᠠᠨᠢᠯᠴᠠᠭᠤᠯᠬᠤ ᠳᠠᠭᠠᠨ᠄ ︽ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠡᠨᠧᠷᠭᠢ ᠠᠷᠪᠢᠯᠠᠬᠤ ᠳᠠᠪᠠᠭᠤᠯᠢᠭ ᠨᠢ ᠢᠯᠡᠷᠬᠡᠢ ᠪᠠᠶᠢᠵᠤ᠂ ᠤᠯᠠᠮᠵᠢᠯᠠᠯᠲᠤ ᠭᠤᠷᠪᠠᠨ ᠹᠠᠰ ᠤᠨ ᠣᠨᠳᠣᠣ ᠠᠯᠬᠤᠮᠲᠤ ᠴᠠᠬᠢᠯᠭᠠᠨ ᠬᠥᠳᠡᠯᠭᠡᠭᠦᠷ ᠤᠨ ᠮᠡᠷᠭᠡᠵᠢᠯ ᠲᠠᠢ ᠬᠠᠷᠢᠴᠠᠭᠤᠯᠪᠠᠯ ᠂ ᠠᠵᠤ ᠦᠢᠯᠡᠳᠪᠦᠷᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠰᠢᠰᠲ᠋ᠧᠮ ᠤᠨ ᠡᠨᠧᠷᠭᠢ ᠠᠷᠪᠢᠯᠠᠬᠤ ᠨᠢ 20% ᠠᠴᠠ ᠳᠡᠭᠡᠭᠰᠢ ᠪᠠᠶᠢᠳᠠᠭ᠂ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠨᠢ ᠲᠥᠬᠦᠭᠡᠷᠦᠮᠵᠢ ᠶᠢ ᠰᠢᠭᠤᠳ ᠬᠥᠳᠡᠯᠭᠡᠵᠦ᠂ ᠤᠯᠠᠮᠵᠢᠯᠠᠯᠲᠤ ᠴᠠᠬᠢᠯᠭᠠᠨ ᠮᠠᠰᠢᠨ ᠤ ᠳᠠᠮᠵᠢᠭᠤᠯᠬᠤ ᠠᠷᠭ᠎ᠠ ᠮᠠᠶ᠋ᠢᠭ ᠢ ᠬᠤᠪᠢᠷᠠᠭᠤᠯᠪᠠᠯ᠂ ᠰᠠᠭᠠᠳ ᠲᠣᠳᠬᠠᠷ ᠤᠨ ᠨᠣᠷᠮ᠎ᠠ ᠨᠢ ᠨᠠᠩ ᠳᠣᠣᠷ᠎ᠠ ᠮᠥᠷᠲᠡᠭᠡᠨ ᠡᠵᠡᠯᠡᠬᠦᠨ ᠨᠢ ᠬᠥᠩᠭᠡᠨ᠂ ᠬᠤᠷᠳᠤᠴᠠ ᠲᠣᠬᠢᠷᠠᠭᠤᠯᠬᠤ ᠨᠢ ᠨᠠᠩ ᠥᠷᠭᠡᠨ᠂ ᠨᠠᠶᠢᠳᠠᠪᠤᠷᠢᠲᠤ ᠴᠢᠨᠠᠷ ᠢᠶᠠᠷ ᠨᠠᠩ ᠥᠨᠳᠥᠷ ᠪᠠᠶᠢᠵᠤ᠂ ᠬᠠᠮᠠᠭᠠᠯᠠᠬᠤ ᠳᠤ ᠲᠥᠬᠦᠮ ᠪᠠᠶᠢᠳᠠᠭ︾ ᠭᠡᠵᠡᠢ᠃     ᠶᠡᠷᠦᠩᠬᠡᠶᠢᠯᠡᠭᠰᠡᠨ ᠴᠠᠬᠢᠯᠭᠠᠨ ᠮᠠᠰᠢᠨ ᠤ ᠰᠢᠯᠭᠠᠯᠲᠠ ᠶᠢᠨ ᠲᠠᠪᠴᠠᠩ ᠳᠡᠭᠡᠷ᠎ᠡ᠂ ᠠᠵᠢᠯᠴᠢᠳ ᠶᠠᠭ ᠰᠠᠶᠢᠬᠠᠨ ᠲᠣᠭᠲᠠᠮᠠᠯ ᠰᠣᠷᠢᠨᠵᠢᠨᠲᠤ ᠥᠩᠬᠦᠷᠢᠭᠦᠯ ᠲᠦᠩᠰᠡ ᠶᠢᠨ ᠴᠠᠬᠢᠯᠭᠠᠨ ᠮᠠᠰᠢᠨ ᠳᠤ ᠲᠤᠷᠰᠢᠯᠲᠠ ᠬᠢᠵᠦ ᠪᠠᠶᠢᠨ᠎ᠠ᠃ ᠲᠣᠭᠲᠠᠮᠠᠯ ᠰᠣᠷᠢᠨᠵᠢᠨᠲᠤ ᠥᠩᠬᠦᠷᠢᠭᠦᠯ ᠴᠠᠬᠢᠯᠭᠠᠨ ᠮᠠᠰᠢᠨ ᠪᠣᠯ ᠬᠥᠳᠡᠯᠭᠡᠬᠦ ᠮᠡᠷᠭᠡᠵᠢᠯ ᠤᠨ ᠬᠥᠭᠵᠢᠯᠲᠡ ᠶᠢᠨ ᠨᠢᠭᠡᠨ ᠴᠢᠭᠯᠡᠯ ᠮᠥᠨ᠂ ᠳ᠋ᠦᠩ ᠵᠢᠢ ᠸᠧᠨ ᠬᠡᠯᠡᠬᠦ ᠳᠡᠭᠡᠨ᠄ ︽ᠲᠣᠭᠲᠠᠮᠠᠯ ᠰᠣᠷᠢᠨᠵᠢᠨᠲᠤ ᠥᠩᠬᠦᠷᠢᠭᠦᠯ ᠴᠠᠬᠢᠯᠭᠠᠨ ᠮᠠᠰᠢᠨ ᠪᠣᠯ ᠤᠯᠠᠮᠵᠢᠯᠠᠯᠲᠤ ᠳᠠᠮᠵᠢᠭᠤᠯᠭ᠎ᠠ ᠶᠢᠨ ᠰᠢᠰᠲ᠋ᠧᠮ ᠤᠨ ᠳᠣᠲᠣᠷᠠᠬᠢ ᠬᠤᠷᠳᠤᠴᠠ ᠪᠠᠭᠤᠷᠠᠭᠤᠯᠬᠤ ᠮᠠᠰᠢᠨ᠂ ᠲᠡᠩᠭᠡᠯᠢᠭ ᠤᠨ ᠵᠠᠯᠭᠠᠭᠤᠷ ᠢ ᠪᠦᠬᠦᠨ ᠢ ᠬᠦᠴᠦᠨ ᠦᠭᠡᠢ ᠪᠣᠯᠭᠠᠵᠤ᠂ ᠰᠢᠰᠲ᠋ᠧᠮ ᠤᠨ ᠪᠦᠬᠦᠯᠢ ᠴᠣᠭᠴᠠ ᠶᠢᠨ ᠲᠥᠰᠥᠪᠯᠡᠯ ᠪᠣᠯᠭᠠᠨ ᠬᠤᠪᠢᠷᠠᠭᠤᠯᠵᠤ᠂ ᠤᠤᠯ ᠤᠨ ᠬᠤᠪᠢᠶᠠᠷᠢ ᠰᠢᠰᠲ᠋ᠧᠮ ᠤᠨ ᠡᠨᠧᠷᠭᠢ ᠶᠢᠨ ᠬᠤᠷᠣᠭᠳᠠᠯ ᠢ ᠪᠠᠭᠠᠰᠬᠠᠪᠠ᠃ ᠡᠨᠡ ᠬᠦ ᠦᠢᠯᠡᠳᠬᠦᠨ ᠢ ᠭᠤᠣᠯᠳᠠᠭᠤ ᠪᠦᠰᠡᠯᠢᠭ ᠳᠠᠮᠵᠢᠭᠤᠯᠬᠤ ᠮᠠᠰᠢᠨ ᠳᠤ ᠬᠡᠷᠡᠭᠯᠡᠳᠡᠭ᠂ ᠪᠦᠰᠡᠯᠢᠭ ᠳᠠᠮᠵᠢᠭᠤᠯᠬᠤ ᠮᠠᠰᠢᠨ ᠳᠤ ᠬᠡᠷᠡᠭᠯᠡᠬᠦ ᠭᠠᠵᠠᠷ ᠨᠡᠯᠢᠶᠡᠳ ᠤᠯᠠᠨ ᠪᠠᠶᠢᠳᠠᠭ᠂ ᠵᠢᠱᠢᠶᠡᠯᠡᠪᠡᠯ ᠨᠡᠭᠦᠷᠡᠰᠦᠨ ᠠᠭᠤᠷᠬᠠᠢ᠂ ᠪᠣᠯᠣᠳ ᠲᠡᠮᠦᠷ ᠤᠨ ᠦᠢᠯᠡᠳᠪᠦᠷᠢ ᠵᠡᠷᠭᠡ ᠪᠣᠯᠣᠨ᠎ᠠ᠃ ᠲᠡᠭᠦᠨ ᠤ ᠳᠠᠪᠠᠭᠤᠯᠢᠭ ᠲᠠᠯ᠎ᠠ ᠨᠢ ᠭᠡᠪᠡᠯ ᠰᠢᠰᠲ᠋ᠧᠮ ᠤᠨ ᠨᠠᠶᠢᠳᠠᠪᠤᠷᠢᠲᠤ ᠴᠢᠨᠠᠷ ᠳᠡᠭᠡᠭᠰᠢᠯᠡᠵᠦ᠂ ᠳᠠᠮᠵᠢᠯᠭ᠎ᠠ ᠶᠢᠨ ᠦᠷ᠎ᠡ ᠪᠦᠲᠦᠮᠵᠢ ᠴᠦ ᠳᠡᠭᠡᠭᠰᠢᠯᠡᠵᠦ᠂ ᠪᠠᠰᠠ ᠡᠨᠧᠷᠭᠢ ᠠᠷᠪᠢᠯᠠᠬᠤ ᠵᠣᠷᠢᠯᠭ᠎ᠠ ᠪᠠᠨ ᠪᠡᠶᠡᠯᠡᠭᠦᠯᠦᠭᠰᠡᠨ ᠳᠤ ᠣᠷᠣᠰᠢᠨ᠎ᠠ᠃︾     ᠣᠶᠢᠯᠠᠭᠠᠭᠰᠠᠨ ᠢᠶᠠᠷ᠂ ᠲᠣᠭᠲᠠᠮᠠᠯ ᠰᠣᠷᠢᠨᠵᠢᠨᠲᠤ ᠥᠩᠬᠦᠷᠢᠭᠦᠯ ᠴᠠᠬᠢᠯᠭᠠᠨ ᠮᠠᠰᠢᠨ ᠢ ᠥᠪᠥᠷ ᠮᠣᠩᠭᠤᠯ ᠤᠨ ᠣᠯᠠᠨ ᠭᠠᠵᠠᠷ ᠲᠤ ᠥᠷᠭᠡᠨ ᠢᠶᠠᠷ ᠬᠡᠷᠡᠭᠯᠡᠵᠦ ᠪᠠᠶᠢᠨ᠎ᠠ᠂ ᠤᠮᠠᠷᠠᠲᠤ ᠶᠢᠨ ᠵᠢᠶᠠ ᠰᠢᠤᠸᠠᠨ ᠴᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠡᠯᠬᠢᠶ᠎ᠡ ᠶᠢ ᠨᠡᠪᠲᠡᠷᠡᠭᠦᠯᠬᠦ ᠪᠠᠷ ᠴᠢᠷᠮᠠᠶᠢᠵᠤ᠂ ᠬᠤᠪᠣᠷ ᠰᠢᠷᠣᠢ ᠶᠢᠨ ᠮᠠᠲ᠋ᠧᠷᠢᠶᠠᠯ ᠤᠨ ᠦᠵᠦᠭᠦᠷ ᠤᠨ ᠬᠡᠷᠡᠭᠯᠡᠯᠲᠡ ᠪᠠ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠬᠥᠭᠵᠢᠯᠲᠡ ᠶᠢ ᠠᠬᠢᠭᠤᠯᠵᠤ ᠪᠠᠶᠢᠨ᠎ᠠ᠃     ᠦᠢᠯᠡᠳᠪᠦᠷᠢᠯᠡᠯ ᠤᠨ ᠲᠡᠰᠤᠬ ᠲᠤ ᠪᠠᠰᠠ ᠨᠢᠭᠡᠨ ᠪᠦᠬᠦ ᠤᠯᠤᠰ ᠤᠨ ᠲᠡᠷᠢᠭᠦᠨ ᠤ ᠲᠣᠭᠠᠨ ᠤ ᠡᠵᠡᠮᠰᠢᠯᠲᠦ ᠪᠦᠷᠢᠨ ᠠᠦᠲ᠋ᠤ᠋ ᠣᠷᠢᠶᠠᠮᠠᠭ ᠤᠨ ᠮᠠᠰᠢᠨ ᠪᠠᠶᠢᠳᠠᠭ᠂ ᠲᠡᠷᠡ ᠨᠢ ᠲᠣᠭᠲᠠᠭᠴᠢ ᠣᠷᠢᠶᠠᠮᠠᠭ ᠢ ᠠᠦ᠋ᠲ᠋ᠣ᠋ ᠦᠢᠯᠡᠳᠪᠦᠷᠢᠯᠡᠵᠦ᠂ ᠲᠣᠭᠲᠠᠭᠴᠢ ᠣᠷᠢᠶᠠᠮᠠᠭ ᠢ ᠦᠢᠯᠡᠳᠪᠦᠷᠢᠯᠡᠵᠦ ᠪᠠᠷᠠᠭᠰᠠᠨ ᠤ ᠳᠠᠷᠠᠭ᠎ᠠ ᠨᠢᠭᠡ ᠭᠤᠭᠴᠤᠭ᠎ᠠ ᠳᠤ ᠣᠷᠣᠵᠤ ᠪᠣᠯᠣᠨ᠎ᠠ᠃ ᠲᠣᠭᠠᠨ ᠡᠵᠡᠮᠰᠢᠯᠲᠦ ᠠᠦ᠋ᠲ᠋ᠣ᠋ ᠣᠷᠢᠶᠠᠮᠠᠭ ᠤᠨ ᠮᠠᠰᠢᠨ ᠨᠢ ᠬᠥᠮᠥᠨ ᠤ ᠬᠦᠴᠦᠨ ᠤ ᠥᠪᠡᠷ ᠤᠨ ᠤᠶᠢᠷᠳᠡᠭ ᠢ ᠪᠠᠭᠠᠰᠬᠠᠭᠰᠠᠨ ᠢᠶᠠᠷ ᠪᠠᠷᠠᠬᠤ ᠤᠶᠢᠭᠡᠢ ᠪᠠᠰᠠ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠴᠦ ᠳᠡᠭᠡᠭᠰᠢᠯᠡᠭᠦᠯᠦᠭᠰᠡᠨ ᠪᠠᠶᠢᠨ᠎ᠠ᠃     ᠴᠠᠬᠢᠯᠭᠠᠨ ᠮᠠᠰᠢᠨ ᠤ ᠦᠢᠯᠡᠳᠪᠦᠷᠢᠯᠡᠯ ᠤᠨ ᠬᠠᠮᠤᠭ ᠰᠡᠭᠦᠯᠴᠢ ᠶᠢᠨ ᠨᠢᠭᠡ ᠭᠤᠭᠴᠤᠭ᠎ᠠ ᠪᠣᠯ ᠤᠮᠠᠷᠠᠲᠤ ᠶᠢᠨ ᠵᠢᠶᠠ ᠰᠢᠤᠸᠠᠨ ᠪᠣᠯᠣᠨ ᠮᠠᠰᠢᠨ ᠲᠥᠬᠦᠭᠡᠷᠦᠮᠵᠢ ᠦᠢᠯᠡᠳᠴᠦ ᠪᠠᠷᠠᠭ᠎ᠠ ᠬᠠᠩᠭᠠᠬᠤ ᠬᠤᠳᠠᠯᠳᠤᠭᠠᠴᠢᠨ ᠤ ᠬᠠᠮᠲᠤᠷᠠᠨ ᠨᠡᠭᠡᠭᠡᠭᠰᠡᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠢ ᠤᠭᠰᠠᠷᠠᠬᠤ ᠳᠤ ᠲᠤᠰᠬᠠᠶᠢᠯᠠᠨ ᠬᠡᠷᠡᠭᠯᠡᠳᠡᠭ ᠲᠥᠬᠦᠭᠡᠷᠦᠮᠵᠢ ᠪᠣᠯᠣᠨ᠎ᠠ᠂ ᠤᠭᠰᠠᠷᠠᠵᠤ ᠪᠠᠷᠠᠭᠰᠠᠨ ᠤ ᠳᠠᠷᠠᠭ᠎ᠠ ᠦᠢᠯᠡᠳᠪᠦᠷᠢ ᠠᠴᠠ ᠭᠠᠷᠭᠠᠬᠤ ᠲᠤᠷᠰᠢᠯᠲᠠ ᠬᠢᠵᠦ ᠪᠣᠯᠣᠨ᠎ᠠ᠃ ᠳ᠋ᠦᠩ ᠵᠢᠢ ᠸᠧᠨ ᠲᠠᠨᠢᠯᠴᠠᠭᠤᠯᠬᠤ ᠳᠠᠭᠠᠨ᠄ ︽ᠡᠨᠡ ᠬᠦ ᠤᠭᠰᠠᠷᠠᠬᠤ ᠲᠥᠬᠦᠭᠡᠷᠦᠮᠵᠢ ᠨᠢ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠪᠦᠬᠦᠯᠢ ᠮᠠᠰᠢᠨ ᠤ ᠶᠠᠰᠤ ᠴᠢᠨᠠᠷ ᠢ ᠪᠠᠲᠤᠯᠠᠬᠤ ᠶᠢᠨ ᠬᠠᠮᠲᠤ ᠬᠥᠳᠡᠯᠮᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠠᠮᠵᠢᠯᠠᠯᠲᠤ ᠬᠥᠮᠥᠨ ᠤ ᠬᠦᠴᠦ ᠪᠠᠷ ᠤᠭᠰᠠᠷᠠᠭᠰᠠᠨ ᠠᠴᠠ 5 ~ 8 ᠳᠠᠬᠢᠨ ᠥᠨᠳᠥᠷ ᠠᠰᠢᠭᠯᠠᠮᠵᠢ ᠲᠠᠢ ᠪᠠᠶᠢᠳᠠᠭ︾ ᠭᠡᠵᠡᠢ᠃     ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠷᠡᠮᠵᠢ ᠪᠠᠷ ᠲᠡᠭᠦᠯᠳᠡᠷ ᠦᠢᠯᠡᠳᠪᠦᠷᠢᠯᠡᠯ ᠤᠨ ᠱᠤᠭᠤᠮ ᠳᠡᠭᠡᠷ᠎ᠡ᠂ ᠮᠡᠷᠭᠡᠵᠢᠯ ᠤᠨ ᠮᠡᠳᠡᠷᠡᠮᠵᠢ ᠪᠠᠷ ᠳᠦᠭᠦᠷᠡᠩ ᠦᠢᠯᠡᠳᠪᠦᠷᠢ ᠶᠢᠨ ᠪᠠᠶᠢᠰᠢᠩ ᠳᠤ᠂ ᠬᠤᠪᠣᠷ ᠰᠢᠷᠣᠢ ᠶᠢᠨ ᠰᠢᠨᠵᠢᠯᠡᠬᠦ ᠤᠬᠠᠭᠠᠨ ᠮᠡᠷᠭᠡᠵᠢᠯ ᠨᠢ ᠥᠪᠡᠷᠮᠢᠴᠡ ᠬᠦᠴᠦᠨ ᠢᠶᠠᠷ ᠢᠶᠠᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠰᠢᠨᠡᠴᠢᠯᠡᠯᠲᠡ ᠶᠢ ᠠᠬᠢᠭᠤᠯᠵᠤ ᠪᠤᠢ᠃ ︽ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠪᠣᠯ ᠳᠠᠷᠤᠢ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠪᠣᠯᠣᠨ ᠬᠤᠪᠣᠷ ᠰᠢᠷᠣᠢ ᠶᠢᠨ ᠬᠡᠷᠡᠭᠯᠡᠭᠡᠨ ᠤ ᠦᠵᠦᠭᠦᠷ ᠤᠨ ᠠᠵᠤ ᠦᠢᠯᠡᠰ ᠤᠨ ᠬᠡᠯᠬᠢᠶ᠎ᠡ ᠶᠢ ᠨᠡᠪᠲᠡᠷᠡᠭᠦᠯᠦᠭᠰᠡᠨ ᠬᠠᠮᠲᠤᠷᠠᠯᠴᠠᠭᠠᠨ ᠤ ᠲᠦᠷᠦᠯ ᠵᠦᠢᠯ ᠪᠣᠯᠣᠨ᠎ᠠ᠂ ᠡᠨᠡᠬᠦ ᠲᠦᠷᠦᠯ ᠵᠦᠢᠯ ᠨᠢ ᠮᠥᠨᠴᠦ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠬᠡᠷᠡᠭᠯᠡᠭᠡᠨ ᠤ ᠬᠦᠷᠢᠶ᠎ᠡ ᠵᠢᠴᠢ ᠬᠡᠷᠡᠭᠯᠡᠭᠡᠨ ᠤ ᠣᠷᠣᠨ ᠵᠠᠢ ᠶᠢ ᠥᠷᠭᠡᠳᠬᠡᠵᠦ᠂ ᠪᠤᠭᠤᠲᠤ ᠶᠢᠨ ᠠᠵᠤ ᠦᠢᠯᠡᠳᠪᠦᠷᠢ ᠶᠢᠨ ᠬᠦᠷᠢᠶᠡᠨ ᠳᠠᠬᠢ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠦᠢᠯᠡᠳᠪᠦᠷᠢᠯᠡᠯ ᠤᠨ ᠬᠤᠭᠤᠰᠤᠨ ᠢ ᠨᠥᠬᠦᠪᠦᠷᠢᠯᠡᠬᠦ ᠶᠢᠨ ᠬᠠᠮᠲᠤ ᠪᠠᠰᠠ ᠠᠭᠤᠷᠬᠠᠢ ᠳᠤ ᠬᠡᠷᠡᠭᠯᠡᠬᠦ ᠵᠢᠴᠢ ᠪᠠᠷᠢᠯᠭ᠎ᠠ ᠶᠢᠨ ᠮᠠᠰᠢᠨ ᠲᠡᠷᠭᠡᠨ ᠤ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠦᠢᠯᠡᠳᠪᠦᠷᠢᠯᠡᠯ ᠤᠨ ᠬᠤᠭᠤᠰᠤᠨ ᠢ ᠨᠥᠬᠦᠪᠦᠷᠢᠯᠡᠵᠡᠢ︾  ᠭᠡᠵᠦ ᠳ᠋ᠦᠩ ᠵᠢᠢ ᠸᠧᠨ ᠬᠡᠯᠡᠪᠡ᠃     ᠤᠮᠠᠷᠠᠲᠤ ᠶᠢᠨ ᠵᠢᠶᠠ ᠰᠢᠤᠸᠠᠨ᠂ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠴᠢᠬᠤᠯᠠ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠥᠪᠡᠷᠮᠢᠴᠡ ᠳᠠᠪᠠᠭᠤᠯᠢᠭ ᠪᠠ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠢᠶᠠᠨ ᠬᠤᠪᠣᠷ ᠰᠢᠷᠣᠢ ᠶᠢᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ ᠪᠠᠶᠢᠨ᠎ᠠ᠃ ᠤᠮᠠᠷᠠᠲᠤ ᠶᠢᠨ ᠵᠢᠶᠠ ᠰᠢᠤᠸᠠᠨ ᠬᠤᠪᠣᠷ ᠰᠢᠷᠣᠢ ᠶᠢᠨ ᠠᠵᠤ ᠦᠢᠯᠡᠰ ᠢ ᠬᠥᠲᠥᠯᠥᠨ ᠳᠠᠭᠠᠭᠤᠯᠵᠤ ᠨᠡᠩ ᠥᠷᠭᠡᠨ ᠠᠭᠤᠳᠠᠮ ᠢᠷᠡᠭᠡᠳᠦᠢ ᠲᠡᠰᠢ ᠤᠷᠤᠭᠰᠢᠯᠠᠬᠤ ᠶᠢ ᠪᠢᠳᠡ ᠬᠠᠮᠳᠣ ᠪᠠᠷ ᠵᠦᠩᠨᠡᠶ᠎ᠡ᠃  
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号