ᠸᠠᠨ ᠱᠦᠶ ᠴᠢᠤᠸᠠᠨ ᠪᠠᠯᠭᠠᠰᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠲᠤᠰᠬᠠᠶ ᠰᠥᠨᠢ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/28
     ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨ ᠠᠶᠤᠯ ᠤᠨ ᠠᠳᠡᠯ ᠤᠨ ᠬᠡᠷᠡᠭ ᠤᠨ ᠵᠢᠱᠢᠶ᠎ᠡ ᠠᠴᠠ ᠰᠤᠷᠭᠠᠮᠵᠢ ᠠᠪᠴᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠸᠠᠨ ᠱᠦᠶ ᠴᠢᠤᠸᠠᠨ ᠪᠠᠯᠭᠠᠰᠤᠨ ᠤ ᠭᠠᠯ ᠤᠨᠲᠠᠷᠠᠭᠠᠬᠤ ︽ᠨᠢᠭᠡ ᠠᠩᠭᠢ ᠨᠢᠭᠡ ᠲᠥᠪ︾ ᠤᠨ ᠠᠵᠢᠯᠲᠠᠨ᠂ ᠪᠠᠯᠭᠠᠰᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯᠲᠠᠨ ᠵᠢᠴᠢ ᠨᠡᠶᠢᠭᠡᠮ ᠲᠣᠭᠤᠷᠢᠭ ᠤᠨ ᠠᠵᠢᠯᠲᠠᠳ ᠬᠠᠮᠲᠤᠷᠠᠨ ᠬᠠᠷᠢᠶᠠᠲᠤ ᠣᠷᠣᠨ ᠤ ᠳᠣᠲᠣᠷᠠᠬᠢ ᠴᠠᠬᠢᠯᠭᠠᠨ ᠬᠥᠳᠡᠯᠭᠡᠭᠦᠷᠲᠦ ᠲᠡᠷᠭᠡᠨ ᠤ ᠲᠤᠰᠬᠠᠶ ᠵᠦᠢᠯ ᠤᠨ ᠰᠥᠨᠢ ᠶᠢᠨ ᠪᠠᠶᠢᠴᠠᠭᠠᠯᠲᠠ ᠶᠢᠨ ᠠᠵᠢᠯᠯᠠᠭ᠎ᠠ ᠶᠢ ᠬᠢᠵᠦ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨ ᠠᠶᠤᠯ ᠤᠨ ᠣᠯᠠᠨ ᠡᠭᠦᠰᠬᠦ ᠪᠠᠶᠢᠳᠠᠯ ᠢ ᠡᠷᠡᠰ ᠰᠡᠷᠭᠡᠶᠢᠯᠡᠨ ᠬᠤᠷᠢᠭᠯᠠᠵᠤ᠂ ᠭᠠᠯ ᠤᠨ ᠠᠶᠤᠯ ᠤᠨ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠪᠠ᠃     ᠠᠵᠢᠯᠯᠠᠭ᠎ᠠ ᠶᠢᠨ ᠳᠤᠮᠳᠠ᠂ ᠠᠵᠢᠯᠲᠠᠳ ᠴᠠᠬᠢᠯᠭᠠᠨ ᠬᠥᠳᠡᠯᠭᠡᠭᠦᠷᠲᠦ ᠲᠡᠷᠭᠡ ᠶᠢ ᠡᠵᠡᠯᠡᠨ ᠲᠠᠷᠬᠠᠭᠠᠬᠤ ᠵᠠᠮ ᠱᠤᠭᠤᠮ ᠢ ᠡᠵᠡᠯᠡᠨ ᠬᠡᠷᠡᠭᠯᠡᠬᠦ᠂ ᠬᠠᠤᠯᠢ ᠪᠤᠰᠤ ᠪᠠᠷ ᠳ᠋ᠢᠶᠠᠨ ᡂᠢ ᠶᠢ ᠥᠭᠡᠷᠡᠴᠢᠯᠡᠨ ᠤᠭᠰᠠᠷᠠᠬᠤ᠂ ᠲᠣᠭᠲᠠᠭᠠᠯ ᠠᠴᠠ ᠵᠥᠷᠢᠴᠡᠨ ︽ᠠᠰᠠᠷ ᠲᠤ ᠣᠷᠣᠵᠤ ᠡᠷᠦᠬᠡ ᠳᠤ ᠣᠷᠣᠬᠤ︾᠂ ︽ᠬᠥᠮᠦᠨ ᠲᠡᠷᠭᠡ ᠬᠠᠮᠲᠤ ᠬᠡᠷ ᠲᠠᠢ︾᠂ ︽ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ︾ ᠵᠡᠷᠭᠡ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠪᠠ᠃ ᠣᠷᠣᠨ ᠰᠠᠭᠤᠴᠠ ᠶᠢᠨ ᠲᠣᠭᠤᠷᠢᠭ ᠤᠨ ᠳᠣᠲᠣᠷᠠᠬᠢ ᠮᠠᠰᠢᠨᠲᠤ ᠪᠤᠰᠤ ᠲᠡᠷᠭᠡᠨ ᠤ ᠰᠠᠷᠠᠪᠴᠢ᠂ ᠣᠯᠠᠨ ᠨᠡᠶᠢᠲᠡ ᠶᠢᠨ ᠲᠡᠷᠭᠡ ᠵᠣᠭᠰᠣᠬᠤ ᠭᠠᠵᠠᠷ ᠵᠡᠷᠭᠡ ᠭᠠᠵᠠᠷ ᠲᠤ ᠭᠦᠨᠵᠡᠭᠡᠶᠢᠷᠡᠨ ᠵᠢᠭᠰᠠᠭᠠᠨ ᠪᠠᠶᠢᠴᠠᠭᠠᠯᠲᠠ ᠬᠢᠬᠦ ᠬᠡᠷᠡᠭᠲᠡᠶ᠃ ᠪᠠᠶᠢᠴᠠᠭᠠᠯᠲᠠ ᠶᠢᠨ ᠳᠤᠮᠳᠠ ᠣᠲᠣ ᠪᠠᠶᠢᠭ᠎ᠠ ᠬᠡᠰᠡᠭ ᠰᠠᠭᠤᠭᠠᠯᠢ ᠠᠷᠠᠳ ᠤᠨ ᠤᠲᠠᠰᠤ ᠪᠠᠷ ᠴᠠᠬᠢᠯᠭᠠᠨ ᠴᠡᠨᠡᠭᠯᠡᠵᠦ᠂ ᠠᠵᠢᠯᠲᠠᠳ ᠳᠠᠷᠤᠶ ᠲᠦᠷᠭᠡᠨ ᠡᠭᠦᠳᠡ ᠲᠣᠭᠰᠢᠵᠤ ᠡᠷᠦᠬᠡ ᠳᠤ ᠣᠷᠣᠵᠤ᠂  ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠳᠠᠬᠢᠨ ᠡᠭᠦᠰᠬᠦ ᠶᠢ ᠬᠤᠷᠢᠭᠯᠠᠨ᠎ᠠ᠃ ᠡᠭᠦᠨ ᠤ ᠬᠠᠮᠲᠤ ᠴᠠᠬᠢᠯᠭᠠᠨ ᠴᠡᠨᠡᠭᠯᠡᠬᠦ ᠰᠠᠭᠤᠭᠠᠯᠢ ᠠᠷᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠬᠢᠵᠦ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠰᠠᠭᠤᠭᠠᠯᠢ ᠠᠷᠠᠳ ᠤᠨ ᠠᠰᠠᠷ ᠲᠤ ᠵᠣᠭᠰᠣᠭᠠᠭᠰᠠᠨ ᠠᠮᠤᠷ ᠲᠦᠪᠰᠢᠨ ᠤ ᠳᠠᠯᠳᠠ ᠭᠡᠮ ᠢ ᠲᠠᠶᠢᠯᠪᠤᠷᠢᠯᠠᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠠᠮᠤᠷ ᠲᠦᠪᠰᠢᠨ ᠢᠶᠠᠷ ᠴᠠᠬᠢᠯᠭᠠᠨ ᠴᠡᠨᠡᠭᠯᠡᠬᠦ ᠮᠡᠳᠡᠯᠭᠡ ᠶᠢ ᠤᠬᠠᠭᠤᠯᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠡᠷᠡᠭᠯᠡᠬᠦ ᠵᠢᠯ ᠬᠤᠭᠤᠴᠠᠭ᠎ᠠ ᠶᠢ ᠡᠷᠬᠡᠪᠰᠢ ᠴᠠᠭ ᠲᠤᠬᠠᠶ ᠳᠤᠨᠢ ᠰᠣᠯᠢᠬᠤ ᠶᠢᠨ ᠴᠢᠬᠤᠯᠠ ᠴᠢᠨᠠᠷ ᠢ ᠤᠬᠠᠭᠤᠯᠵᠤ᠂ ᠰᠠᠭᠤᠭᠠᠯᠢ ᠠᠷᠠᠳ ᠲᠤ ᠡᠳᠦᠷ ᠲᠤᠲᠤᠮ ᠤᠨ ᠥᠪᠡᠰᠦᠪᠡᠨ ᠪᠠᠶᠢᠴᠠᠭᠠᠬᠤ ᠪᠠ ᠰᠡᠷᠭᠡᠶᠢᠯᠡᠨ ᠬᠠᠮᠠᠭᠠᠯᠠᠬᠤ ᠶᠢ ᠴᠠᠭ ᠢᠮᠠᠭᠲᠠ ᠠᠩᠬᠠᠷᠴᠤ᠂ ᠪᠠᠰᠠ ᠬᠡᠷᠡᠭ ᠤᠨ ᠵᠢᠱᠢᠶ᠎ᠡ ᠲᠠᠢ ᠢᠳᠡᠪᠬᠢᠲᠡᠶ ᠪᠠᠷ ᠤᠶᠠᠯᠳᠤᠭᠤᠯᠤᠨ ᠰᠠᠭᠤᠭᠠᠯᠢ ᠠᠷᠠᠳ ᠲᠤ ᠮᠡᠳᠡᠭᠳᠡᠵᠦ᠂ ᠤᠲᠠᠰᠤ ᠪᠠᠷ ᠴᠠᠬᠢᠯᠭᠠᠨ ᠴᠡᠨᠡᠭᠯᠡᠬᠦ ᠬᠦᠨᠳᠦ ᠨᠣᠴᠢᠲᠠᠶ ᠦᠷ᠎ᠡ ᠳ᠋ᠦᠩ ᠭᠠᠷᠪᠠᠯ᠂ ᠪᠥᠬᠦ ᠠᠰᠠᠷ ᠤᠨ ᠰᠠᠭᠤᠭᠠᠯᠢ ᠠᠷᠠᠳ ᠤᠨ ᠠᠮᠢ ᠨᠠᠰᠤᠨ ᠤ ᠠᠮᠤᠷ ᠲᠦᠪᠰᠢᠨ ᠢ ᠨᠥᠯᠥᠭᠡᠯᠡᠬᠦ ᠪᠣᠯᠤᠨ᠎ᠠ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠨᠢᠭᠡᠴᠢ ᠠᠰᠠᠷ ᠤᠨ ᠳᠣᠲᠣᠷᠠᠬᠢ ᠣᠯᠠᠨ ᠨᠡᠶᠢᠲᠡ ᠶᠢᠨ ᠣᠷᠣᠨ ᠵᠠᠶ ᠶᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠵᠦ ᠂ ᠰᠠᠭᠤᠭᠠᠯᠢ ᠠᠷᠠᠳ ᠤᠨ ᠠᠮᠤᠷ ᠲᠦᠪᠰᠢᠨ ᠤ ᠲᠦᠭᠰᠢᠭᠦᠷᠢ ᠶᠢᠨ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠪᠡ᠃ ᠠᠰᠠᠭᠤᠳᠠᠯ ᠤᠨ ᠳᠠᠯᠳᠠ ᠭᠡᠮ ᠢ ᠠᠷᠢᠯᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ᠬᠤᠶᠢᠰᠢᠳᠠ ᠶᠢᠨ ᠠᠵᠢᠯ ᠤᠨ ᠳᠤᠮᠳᠠ᠂ ᠮᠠᠨ ᠤ ᠪᠠᠯᠭᠠᠰᠤᠨ ᠤ ᠭᠠᠯ ᠤᠨᠲᠠᠷᠠᠭᠠᠬᠤ ︽ᠨᠢᠭᠡ ᠠᠩᠭᠢ ᠨᠢᠭᠡ ᠲᠥᠪ︾ ᠤᠨ ᠠᠵᠢᠯᠲᠠᠳ ᠬᠠᠷᠢᠶ᠎ᠠ ᠣᠷᠣᠨ ᠤ ᠪᠠᠨ ᠳᠣᠲᠣᠷᠠᠬᠢ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠬᠥᠨᠳᠡᠯᠡᠨ ᠭᠤᠯᠳᠤ ᠪᠠᠷ ᠡᠴᠦᠰ ᠲᠤᠨᠢ ᠲᠤᠯᠲᠠᠯ᠎ᠠ ᠬᠢᠵᠦ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号