ᠦ᠋ ᠵᠢᠶᠦ᠋ᠨ ᠵᠢᠶᠦ᠋ᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠠ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/28
    5 ᠰᠠᠷ᠎ᠠ ᠶᠢᠨ 22 ᠤᠨ ᠡᠳᠦᠷ᠂ ᠤᠷᠤᠨ ᠤ ᠨᠠᠮ ᠤᠨ ᠠᠵᠢᠯ ᠤᠨ ᠬᠤᠷᠢᠶᠠᠨ ᠤ ᠱᠦᠵᠢ ᠦ᠋ ᠵᠢᠶᠦ᠋ᠨ ᠵᠢᠶᠦ᠋ᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠥᠷᠨᠢᠭᠦᠯᠪᠡ᠃     ᠪᠠᠶᠢᠴᠠᠭᠠᠨ ᠰᠤᠳᠤᠯᠤᠯᠲᠠ ᠶᠢᠨ ᠳᠤᠮᠳᠠ᠂ ᠦ᠋ ᠵᠢᠶᠦ᠋ᠨ ᠵᠢᠶᠦ᠋ᠨ ᠤᠷᠢᠳ ᠬᠤᠵᠢᠳ ᠸᠠᠨ ᠱᠦᠢ ᠴᠢᠤᠸᠠᠨ ᠪᠠᠯᠭᠠᠰᠤᠨ ᠤ ᠵᠢᠶᠤᠤ ᠵᠢᠶᠧ ᠶᠢᠩᠽᠢ ᠲᠣᠰᠬᠤᠨ᠂ ᠬᠤᠸᠠᠩ ᠼᠤᠤ ᠸᠠ ᠲᠣᠰᠬᠤᠨ ᠳᠤ ᠬᠦᠷᠴᠦ᠂ ᠲᠤᠬᠠᠢ ᠶᠢᠨ ᠲᠠᠯᠠᠪᠠᠢ ᠳᠤ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠣᠣᠷᠵᠢᠯ ᠤᠨ ᠪᠠᠶᠢᠷᠢᠯᠠᠭᠤᠯᠤᠯᠲᠠ᠂ ᠰᠢᠢᠳᠪᠦᠷᠢᠯᠡᠬᠦ ᠵᠦᠢᠯᠡᠰ ᠤᠨ ᠨᠠᠷᠢᠨ ᠲᠠᠩᠰᠠ᠂ ᠵᠢᠷᠭᠢᠶ᠎ᠡ ᠶᠢᠨ ᠠᠵᠢᠯ ᠢ ᠴᠡᠪᠡᠷᠯᠡᠭᠰᠡᠨ ᠪᠠᠶᠢᠳᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃     ᠦ᠋ ᠵᠢᠶᠦ᠋ᠨ ᠵᠢᠶᠦ᠋ᠨ ᠴᠢᠬᠤᠯᠠᠴᠢᠯᠠᠭᠰᠠᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠮᠥᠨ᠂ ᠪᠢᠳᠡᠨ ᠤ ᠡᠷᠬᠡᠪᠰᠢ ᠰᠠᠶᠢᠲᠤᠷ ᠠᠳᠬᠤᠬᠤ ᠴᠢᠬᠤᠯᠠ ᠤᠯᠤᠰ ᠲᠦᠷᠦ ᠶᠢᠨ ᠡᠭᠦᠷᠭᠡ ᠮᠥᠨ᠃ ᠬᠦᠴᠦᠨ ᠢᠶᠠᠨ ᠲᠥᠪᠯᠡᠷᠡᠭᠦᠯᠦᠨ᠂ ᠭᠤᠷᠪᠠᠨ ᠵᠦᠢᠯ ᠤᠨ ᠠᠵᠢᠯ ᠢ ᠠᠬᠢᠭᠤᠯᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠬᠦ ᠬᠡᠷᠡᠭᠲᠡᠶ᠃ ᠦᠨᠳᠦᠰᠦᠨ ᠱᠠᠲᠤᠨ ᠤ ᠬᠡᠯᠪᠡᠷᠢᠴᠢ ᠦᠵᠡᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠶᠡᠭᠡ ᠪᠠᠷ ᠥᠷᠨᠢᠭᠦᠯᠵᠦ᠂ ᠦᠨᠳᠦᠰᠦᠨ ᠱᠠᠲᠤᠨ ᠤ ︽ᠵᠢᠵᠢᠭ ᠮᠤᠷᠢ ᠪᠠᠷ ᠲᠡᠷᠭᠡ ᠲᠠᠲᠠᠬᠤ︾ ᠲᠤᠪᠤᠶᠢᠮ᠎ᠠ ᠠᠰᠠᠭᠤᠳᠠᠯ ᠪᠣᠯᠤᠨ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠣᠰᠬᠤᠨ ︵ᠨᠡᠶᠢᠭᠡᠮ ᠲᠣᠭᠤᠷᠢᠭ︶ ᠤ ᠵᠣᠬᠢᠶᠠᠨ ᠪᠠᠶᠢᠭᠤᠯᠬᠤ ᠠᠵᠢᠯ ᠤᠨ ᠶᠠᠪᠤᠳᠠᠯ᠂ ᠲᠣᠭᠲᠠᠴᠠ ᠶᠢᠨ ᠫᠠᠶᠢᠰᠠ ᠪᠣᠯᠤᠨ ᠭᠡᠷᠡᠴᠢᠯᠡᠬᠦ ᠵᠦᠢᠯᠡᠰ ᠢ ᠪᠦᠬᠦ ᠲᠠᠯ᠎ᠠ ᠪᠠᠷ ᠴᠡᠪᠡᠷᠯᠡᠨ ᠵᠢᠷᠤᠮᠵᠢᠭᠤᠯᠵᠤ᠂ ︽ᠲᠡᠷᠭᠡᠨ ᠳᠤ ᠳᠠᠷᠤᠭᠠᠰᠤ ᠶᠢ ᠬᠥᠩᠭᠡᠯᠡᠬᠦ︾ ᠂ ︽ᠮᠤᠷᠢ ᠪᠠᠷ ᠴᠢᠳᠠᠪᠤᠷᠢ ᠣᠯᠭᠤᠬᠤ︾ ᠶᠢ ᠦᠨᠡᠨ ᠬᠦ ᠪᠡᠶᠡᠯᠡᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠣᠯ ᠰᠡᠳᠦᠪ ᠭᠤᠣᠯ ᠱᠤᠭᠤᠮ ᠲᠠᠢ ᠨᠢᠭᠲᠠ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠲᠡᠷᠡ ᠬᠡᠪ ᠢᠶᠠᠷ ᠨᠢ ᠲᠦᠷᠢᠮ ᠢ ᠰᠤᠷᠤᠯᠴᠠᠭᠤᠯᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠶᠢᠯᠠᠬᠤ᠂ ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃     ᠤᠷᠤᠨ ᠤ ᠨᠠᠮ ᠤᠨ ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠤᠳᠤᠷᠢᠳᠤᠯᠭ᠎ᠠ ᠵᠠᠢ ᠶᠦᠨ ᡂᠢ᠂ ᠵᠢᠢ ᠶᠦᠩ ᠹᠧᠩ᠂ ᠴᠢ ᠵᠢᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号