ᠰᠤᠷᠪᠤᠯᠵᠢᠯᠠᠨ ᠶᠠᠷᠢᠯᠴᠠᠬᠤ ᠴᠠᠭ᠄ 2024 ᠣᠨ ᠤ 2 ᠳ᠋ᠤᠭᠠᠷ ᠰᠠᠷ᠎ᠠ ᠶᠢᠨ 22 ᠤ ᠡᠳᠦᠷ | ᠰᠣᠷᠪᠤᠯᠵᠢᠯᠠᠭᠳᠠᠭᠴᠢ᠄ ᠬᠤᠲᠠ ᠶᠢᠨ ᠬᠢᠨᠠᠨ ᠪᠤᠳᠤᠬᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠣᠪᠴᠢᠶᠠᠨ ᠳᠠᠷᠤᠭ᠎ᠠ ᠯᠢᠦ ᠴᠢᠩ ᠢ | ᠰᠤᠷᠪᠤᠯᠵᠢᠯᠠᠨ ᠶᠠᠷᠢᠯᠴᠠᠬᠤ ᠠᠭᠤᠯᠭ᠎ᠠ ᠶᠢᠨ ᠲᠣᠬᠠᠢ ᠲᠣᠪᠴᠢ ᠲᠠᠨᠢᠯᠴᠠᠭᠤᠯᠭ᠎ᠠ᠄ 2 ᠳ᠋ᠤᠭᠠᠷ ᠰᠠᠷ᠎ᠠ ᠶᠢᠨ 22 ᠤ | ᠡᠳᠦᠷ᠂ ᠪᠥᠬᠦ ᠬᠤᠲᠠ ᠶᠢᠨ ᠬᠢᠨᠠᠨ ᠪᠤᠳᠤᠬᠤ ᠠᠵᠢᠯ ᠤᠨ ᠬᠤᠷᠠᠯ ᠵᠢᠴᠢ ᠪᠥᠬᠦ ᠬᠤᠲᠠ ᠶᠢᠨ ᠬᠢᠨᠠᠨ ᠪᠤᠳᠤᠬᠤ | ᠪᠠᠶᠢᠭᠤᠯᠭ᠎ᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠢ | ᠬᠤᠷᠠᠯᠳᠤᠭᠤᠯᠪᠠ᠃ ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠪᠦᠬᠦ ᠬᠤᠳᠠ ᠶᠢᠨ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠠᠵᠢᠯ ᠪᠣᠯᠤᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠪᠦᠬᠦ ᠤᠯᠤᠰ᠂ ᠪᠦᠬᠦ ᠣᠷᠣᠨ ᠤ ᠬᠢᠨᠠᠨ ᠪᠤᠳᠤᠬᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2023 ᠣᠨ ᠤ ᠠᠵᠢᠯ ᠢᠶᠠᠨ | ᠳ᠋ᠦᠩᠨᠡᠵᠦ᠂ 2024 ᠣᠨ ᠤ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ | ᠬᠥᠲᠥᠯᠥᠭᠴᠢ᠄ 2023 ᠣᠨ ᠳᠤ᠂ ᠪᠥᠬᠦ ᠬᠤᠲᠠ ᠶᠢᠨ ᠬᠢᠨᠠᠨ ᠪᠤᠳᠤᠬᠤ ᠪᠠᠶᠢᠭᠤᠯᠭ᠎ᠠ ᠶᠠᠮᠠᠷ ᠶᠠᠮᠠᠷ ᠠᠵᠢᠯ ᠢ | ᠭᠤᠤᠯᠳᠠᠯᠭ᠎ᠠ ᠲᠠᠢ ᠥᠷᠨᠢᠭᠦᠯᠵᠦ᠂ ᠶᠠᠮᠠᠷ ᠶᠠᠮᠠᠷ ᠠᠮᠵᠢᠯᠲᠠ ᠣᠯᠤᠭᠰᠠᠨ ᠪᠣᠶ︖ | ᠰᠣᠷᠪᠤᠯᠵᠢᠯᠠᠭᠳᠠᠭᠴᠢ ᠯᠢᠦ ᠴᠢᠩ ᠢ᠄ 2023 ᠣᠨ ᠪᠣᠯ ᠬᠢᠨᠠᠨ ᠪᠣᠳᠣᠬᠤ ᠪᠠᠶᠢᠭᠤᠯᠭ᠎ᠠ ᠪᠠᠶᠢᠭᠤᠯᠤᠭᠳᠠᠭᠰᠠᠨ | ᠳᠥᠴᠢᠨ ᠵᠢᠯ ᠤᠨ ᠣᠢ ᠪᠣᠯᠤᠨ᠎ᠠ᠃ ᠪᠦᠬᠦ ᠬᠤᠲᠠ ᠶᠢᠨ ᠬᠤᠶᠠᠷ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠬᠤᠲᠠ ᠶᠢᠨ | ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ | ᠲᠢᠩᠬᠢᠮ ᠤᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠵᠤ ᠠᠬᠤᠶ ᠶᠢᠨ | ᠬᠢᠨᠠᠯᠲᠠ ᠲᠠᠯᠪᠢᠬᠤ ᠳᠤ ᠰᠠᠭᠤᠷᠢᠯᠠᠨ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ ︽ᠨᠢᠭᠡ ᠠᠯᠪᠠᠨ ᠬᠡᠷ ᠤᠨ | ᠦᠢᠯᠡᠳᠦᠯ︾ ᠢ ᠪᠠᠳᠠᠷᠠᠭᠤᠯᠵᠤ᠂ ︽ᠲᠠᠪᠤᠨ ᠭᠤᠤᠯᠳᠠᠯᠭ᠎ᠠ︾ ᠶᠢ ᠴᠢᠩᠭ᠎ᠠ ᠠᠳᠬᠤᠨ᠂ ︽ᠭᠤᠷᠪᠠᠨ ᠵᠠᠩᠭᠢᠯᠠᠭ᠎ᠠ︾ ᠶᠢ | ᠪᠣᠳᠠᠲᠠᠶ ᠠᠳᠬᠤᠵᠤ᠂ ︽ᠲᠠᠪᠤᠨ ᠶᠡᠭᠡ ᠳᠡᠭᠡᠭᠰᠢᠯᠡᠯᠲᠡ ᠶᠢᠨ ᠠᠵᠢᠯᠯᠠᠭ᠎ᠠ︾ ᠶᠢᠨ ᠰᠡᠳᠬᠢᠮᠵᠢ ᠶᠢ ᠥᠷᠨᠢᠭᠦᠯᠵᠦ᠂ | ᠭᠤᠤᠯᠳᠠᠯᠭ᠎ᠠ ᠶᠢᠨ ᠲᠣᠭᠤᠷᠢᠨ ᠳᠤ ᠪᠠᠶᠢᠷᠢᠯᠠᠭᠤᠯᠤᠯᠲᠠ ᠬᠢᠵᠦ᠂ ᠭᠤᠤᠯᠳᠠᠯᠭ᠎ᠠ ᠶᠢ ᠴᠢᠩᠭ᠎ᠠ ᠠᠩᠬᠠᠷᠴᠤ᠂ ᠬᠢᠨᠠᠨ ᠪᠤᠳᠤᠬᠤ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠲᠡᠶ ᠠᠬᠢᠭᠤᠯᠵᠤ᠂ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠦᠢᠯᠡᠴᠢᠯᠡᠵᠦ ᠪᠠᠲᠤᠯᠠᠭ᠎ᠠ ᠬᠠᠩᠭᠠᠭᠰᠠᠨ ᠪᠠᠶᠢᠨ᠎ᠠ᠃ | ︵ᠨᠢᠭᠡ︶ ᠬᠢᠨᠠᠨ ᠪᠤᠳᠤᠬᠤ ᠠᠯᠪᠠᠨ ᠭᠡᠷ ᠤᠨ ᠲᠠᠪᠴᠠᠩ ᠤᠨ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠨᠠᠮ ᠤᠨ | ᠤᠳᠤᠷᠢᠳᠤᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠪᠠ᠃ ᠪᠢᠳᠡ ᠬᠢᠨᠠᠨ ᠪᠤᠳᠤᠬᠤ ᠠᠵᠢᠯ ᠳᠠᠬᠢ ᠨᠠᠮ ᠤᠨ | ᠤᠳᠤᠷᠢᠳᠤᠯᠭ᠎ᠠ ᠶᠢ ᠦᠨᠡᠨ ᠬᠦ ᠴᠢᠩᠭᠠᠳᠬᠠᠨ ᠰᠠᠶᠢᠵᠢᠷᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ | ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠡᠯ᠎ᠡ ᠵᠦᠢᠯ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠪᠠ᠃ | ᠨᠢᠭᠡ ᠳᠤ᠂ ᠤᠯᠤᠰ ᠲᠦᠷᠦ ᠶᠢᠨ ᠪᠦᠲᠦᠭᠡᠨ ᠪᠠᠶᠢᠭᠤᠯᠤᠯᠲᠠ ᠶᠢ ᠲᠤᠪᠤᠶᠢᠯᠭᠠᠨ ᠠᠳᠬᠤᠪᠠ᠃ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠶᠡᠷᠦᠩᠬᠡᠢ | ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠬᠢᠨᠠᠨ ᠪᠤᠳᠤᠬᠤ ᠵᠥᠪᠯᠡᠯ ᠤᠨ ᠠᠩᠬᠠᠳᠤᠭᠠᠷ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠵᠤ᠂ ᠬᠤᠶᠠᠷ ᠱᠠᠲᠤᠨ ᠤ ᠬᠢᠨᠠᠨ ᠪᠤᠳᠤᠬᠤ | ᠪᠠᠶᠢᠭᠤᠯᠭ᠎ᠠ ᠶᠢ ᠵᠣᠬᠢᠶᠠᠨ ᠪᠠᠶᠢᠭᠤᠯᠤᠨ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠤ᠂ ᠲᠡᠭᠦᠨ ᠤ ᠪᠠᠶᠠᠯᠢᠭ | ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠨᠡᠩ ᠭᠦᠨᠵᠡᠭᠡᠢ ᠣᠶᠢᠯᠠᠭᠠᠵᠤ᠂ ᠡᠵᠡᠮᠰᠢᠪᠡ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠬᠤᠷᠢᠶ᠎ᠠ ᠶᠢᠨ ︽ᠰᠢᠨ᠎ᠡ ᠴᠠᠭ ᠦᠶ᠎ᠡ ᠶᠢᠨ ᠬᠢᠨᠠᠨ ᠪᠤᠳᠤᠬᠤ | ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠠᠨᠠᠯ ᠤᠨ ᠠᠷᠭ᠎ᠠ ᠬᠡᠮᠵᠢᠶ᠎ᠡ ᠨᠦᠭᠦᠳ︾ ᠢ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠪᠠᠨ ᠨᠠᠷᠢᠯᠢᠬᠵᠢᠭᠤᠯᠤᠨ᠂ ᠠᠵᠢᠯ ᠤᠨ ᠬᠤᠪᠢᠶᠠᠷᠢᠯᠠᠯ ᠢᠶᠠᠨ | ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ 20 ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃ | ᠬᠤᠶᠠᠷ ᠲᠤ᠂ ᠵᠢᠭᠠᠪᠤᠷᠢ ᠠᠪᠬᠤ ᠪᠠ ᠮᠡᠳᠡᠭᠦᠯᠦᠯᠲᠡ ᠬᠢᠬᠦ ᠶᠢ ᠵᠢᠷᠤᠮᠵᠢᠭᠤᠯᠪᠠ᠃ ︽ᠬᠤᠰᠢᠭᠤ ᠰᠢᠶᠠᠨ | ᠲᠣᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠴᠢᠬᠤᠯᠠ ᠶᠡᠭᠡ ᠤᠴᠢᠷ ᠶᠠᠪᠤᠳᠠᠯ ᠤᠨ ᠲᠤᠬᠠᠶ | ᠵᠢᠭᠠᠪᠤᠷᠢ ᠠᠪᠬᠤ ᠮᠡᠳᠡᠭᠦᠯᠦᠯᠲᠡ ᠶᠢᠨ ᠲᠦᠷᠢᠮ︾᠂ ︽ᠴᠢᠬᠤᠯᠠ ᠶᠡᠭᠡ ᠤᠴᠢᠷ ᠶᠠᠪᠤᠳᠠᠯ ᠤᠨ ᠲᠤᠬᠠᠶ ᠵᠢᠭᠠᠪᠤᠷᠢ ᠠᠪᠬᠤ | ᠮᠡᠳᠡᠭᠦᠯᠦᠯᠲᠡ ᠶᠢᠨ ᠨᠠᠷᠢᠨ ᠬᠠᠭᠤᠳᠠᠰᠤ︾᠂ ︽ᠴᠢᠬᠤᠯᠠ ᠠᠵᠢᠯ ᠤᠨ ᠪᠠᠶᠢᠳᠠᠯ ᠤᠨ ᠲᠤᠰᠬᠠᠶ ᠮᠡᠳᠡᠭᠦᠯᠦᠯᠲᠡ ᠶᠢᠨ ᠲᠦᠷᠢᠮ | ︾ ᠳᠤ ᠵᠠᠰᠠᠪᠤᠷᠢ ᠣᠷᠣᠭᠤᠯᠪᠠ᠃ ᠴᠢᠬᠤᠯᠠ ᠶᠠᠪᠤᠳᠠᠯ ᠢ ᠭᠦᠢᠴᠡᠳᠬᠡᠬᠦ ᠳᠤ ᠡᠩ ᠲᠡᠷᠢᠭᠦᠨ ᠳᠤ ᠬᠢᠨᠠᠨ ᠪᠤᠳᠤᠬᠤ ᠺᠣᠮᠢᠰ ᠲᠤ | ᠮᠡᠳᠡᠭᠦᠯᠬᠦ ᠲᠦᠷᠢᠮ ᠢ ᠬᠡᠷᠡᠭᠵᠢᠭᠦᠯᠪᠡ᠃ ᠪᠥᠬᠦ ᠵᠢᠯ ᠳᠤ ᠬᠤᠲᠠ ᠶᠢᠨ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠬᠤᠷᠢᠶ᠎ᠠ ᠵᠢᠴᠢ ᠲᠡᠭᠦᠨ ᠤ ᠠᠯᠪᠠᠨ ᠬᠡᠷ ᠲᠤ | ᠴᠢᠬᠤᠯᠠ ᠮᠡᠳᠡᠭᠦᠯᠦᠯᠲᠡ᠂ ᠴᠢᠬᠤᠯᠠ ᠵᠦᠢᠯᠡᠰ᠂ ᠴᠢᠬᠤᠯᠠ ᠪᠠᠶᠢᠳᠠᠯ ᠢ 54 ᠬᠤᠪᠢ ᠮᠡᠳᠡᠭᠦᠯᠦᠨ ᠬᠦᠷᠭᠡᠵᠦ᠂ ᠮᠡᠳᠡᠭᠦᠯᠬᠦ | ᠶᠣᠰᠣᠲᠠᠶ ᠶᠢ ᠨᠢ ᠴᠥᠮ ᠮᠡᠳᠡᠭᠦᠯᠵᠦ᠂ ᠪᠣᠢ ᠪᠣᠯᠤᠮᠠᠭᠴᠠ ᠳᠠᠷᠦ᠋ᠢᠬᠠᠨ ᠮᠡᠳᠡᠭᠦᠯᠪᠡ᠃ ᠥᠪᠡᠷᠲᠡᠭᠡᠨ ᠵᠠᠰᠠᠬᠤ ᠣᠷᠣᠨ ᠤ | ᠬᠢᠨᠠᠨ ᠪᠣᠳᠣᠬᠤ ᠲᠢᠩᠬᠢᠮ ᠤᠨ ᠲᠤᠰᠬᠠᠢ ᠪᠠᠶᠢᠴᠠᠭᠠᠯᠲᠠ ᠶᠢ ᠭᠦᠢᠴᠡᠳ ᠨᠤᠲᠠᠯᠠᠵᠤ᠂ ᠪᠠᠶᠠᠨᠨᠠᠭᠤᠷ ᠬᠤᠲᠠ᠂ ᠬᠢᠩᠭᠠᠨ | ᠠᠶᠢᠮᠠᠭ ᠵᠡᠷᠭᠡ ᠠᠬ᠎ᠠ ᠳᠡᠭᠦᠦ ᠠᠶᠢᠮᠠᠭ ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢᠨ ᠬᠢᠨ ᠲᠣᠪᠴᠢᠶ᠎ᠠ ᠳᠤ ᠢᠷᠡᠵᠦ | ᠰᠠᠨᠠᠯ ᠢᠶᠠᠨ ᠰᠣᠯᠢᠯᠴᠠᠪᠠ᠃ | ᠭᠤᠷᠪᠠ ᠳᠤ᠂ ᠶᠡᠷᠦᠩᠬᠡᠶᠢᠯᠡᠨ ᠵᠣᠬᠢᠴᠠᠭᠤᠯᠬᠤ ᠶᠢ ᠠᠳᠬᠤᠬᠤ ᠶᠢ ᠴᠢᠬᠤᠯᠠᠴᠢᠯᠠᠪᠠ᠃ ᠠᠷᠪᠠᠨ ᠭᠤᠷᠪᠠᠳᠤᠭᠠᠷ | ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠳᠥᠷᠪᠡᠳᠦᠭᠡᠷ ᠬᠤᠷᠠᠯ ᠢ ᠪᠡᠯᠡᠳᠬᠡᠨ | ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ 2022 ᠣᠨ ᠤ ᠠᠵᠢᠯ ᠤᠨ | ᠪᠠᠶᠢᠳᠠᠯ᠂ 2021 ᠣᠨ ᠤ ᠬᠤᠲᠠ ᠶᠢᠨ ᠲᠣᠰ ᠱᠠᠲᠤᠨ ᠤ ᠲᠥᠰᠦᠪ ᠢ ᠬᠡᠷᠡᠭᠵᠢᠭᠦᠯᠦᠭᠰᠡᠨ ᠪᠠ ᠪᠤᠰᠤᠳ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢ ᠬᠢᠨᠠᠨ ᠪᠤᠳᠤᠵᠤ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢ ᠬᠠᠷᠢᠭᠤ ᠮᠡᠳᠡᠭᠦᠯᠵᠦ᠂ ︽ᠬᠤᠲᠠ ᠶᠢᠨ ᠨᠠᠮ ᠤᠨ ᠬᠤᠷᠢᠶᠠᠨ ᠤ ᠬᠢᠨᠠᠨ ᠪᠤᠳᠤᠬᠤ | ᠵᠥᠪᠯᠡᠯ ᠤᠨ 2023 ᠣᠨ ᠤ ᠠᠵᠢᠯ ᠤᠨ ᠭᠤᠤᠯᠳᠠᠯᠭ᠎ᠠ︾᠂ ︽2023 ᠣᠨ ᠤ ᠬᠢᠨᠠᠨ ᠪᠤᠳᠤᠬᠤ ᠲᠥᠷᠥᠯ ᠵᠦᠢᠯ ᠤᠨ | ᠲᠥᠯᠥᠪᠯᠡᠭᠡ ︵ᠲᠥᠰᠦᠯ︶︾ ᠶᠢ ᠬᠢᠨᠠᠨ ᠵᠥᠪᠯᠡᠪᠡ᠃ ᠬᠤᠲᠠ ᠶᠢᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ | ᠪᠦᠷᠢᠯᠳᠦᠬᠦᠨ ᠨᠢᠭᠡᠴᠢ ᠶᠢᠨ ᠵᠣᠬᠢᠴᠠᠭᠤᠯᠬᠤ ᠬᠤᠷᠠᠯ᠂ ᠬᠤᠲᠠ ᠶᠢᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ | ᠪᠤᠳᠤᠬᠤ ᠠᠵᠢᠯ ᠤᠨ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠢᠯ ᠤᠨ ᠪᠠᠶᠢᠳᠠᠯ ᠢᠶᠠᠨ | ᠬᠠᠷᠢᠯᠴᠠᠨ ᠨᠡᠪᠲᠡᠷᠡᠯᠴᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ᠬᠤᠰᠢᠭᠤ ᠰᠢᠶᠠᠨ ᠲᠣᠭᠤᠷᠢᠭ ᠤᠨ | ᠬᠢᠨᠠᠨ ᠪᠤᠳᠤᠬᠤ ᠪᠠᠶᠢᠭᠤᠯᠭ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠰᠢᠶᠠᠨ ᠤ ᠱᠠᠲᠤᠨ ᠤ ᠨᠠᠮ ᠤᠨ ᠬᠤᠷᠢᠶ᠎ᠠ ᠶᠢᠨ | ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠤᠨ ᠨᠠᠷᠢᠨ ᠪᠢᠴᠢᠭ ᠤᠨ ᠪᠠᠶᠢᠭᠤᠯᠤᠮᠵᠢ ᠪᠠᠶᠢᠭᠤᠯᠬᠤ ᠶᠢ ᠠᠬᠢᠭᠤᠯᠵᠤ᠂ | ᠬᠤᠰᠢᠭᠤ ᠰᠢᠶᠠᠨ ᠲᠣᠭᠤᠷᠢᠭ ᠤᠨ ᠬᠢᠨᠠᠨ ᠪᠤᠳᠤᠬᠤ ᠪᠠᠶᠢᠭᠤᠯᠭ᠎ᠠ ᠶᠢᠨ ᠬᠡᠮᠵᠢᠶᠡᠵᠢᠭᠦᠯᠦᠨ ᠰᠢᠯᠭᠠᠨ ᠦᠨᠡᠯᠡᠬᠦ ᠠᠵᠢᠯ ᠢ | ᠨᠠᠷᠢᠯᠢᠬᠵᠢᠭᠤᠯᠬᠤ ᠶᠢᠨ ᠬᠠᠮᠲᠤ ᠭᠤᠤᠯ ᠬᠠᠷᠢᠭᠤᠴᠠᠯᠭᠠᠲᠠᠨ ᠤ ᠳᠡᠭᠡᠳᠦ ᠱᠠᠲᠤᠨ ᠳᠤ ᠲᠤᠰᠢᠶᠠᠯ ᠤᠨ ᠮᠡᠳᠡᠭᠦᠯᠦᠯᠲᠡ ᠬᠢᠬᠦ | ᠲᠦᠷᠢᠮ ᠢ ᠪᠠᠶᠢᠭᠤᠯᠤᠨ ᠲᠡᠭᠦᠯᠳᠡᠷᠵᠢᠭᠦᠯᠪᠡ᠃ | ︵ᠬᠤᠶᠠᠷ︶ ᠭᠤᠤᠯᠳᠠᠯᠭ᠎ᠠ ᠲᠠᠢ ᠬᠢᠨᠠᠨ ᠪᠤᠳᠤᠯᠳᠠ ᠶᠢ ᠢᠳᠡᠪᠬᠢᠲᠡᠶ ᠥᠷᠨᠢᠭᠦᠯᠵᠦ᠂ ᠬᠢᠨᠠᠯᠲᠠ ᠲᠠᠯᠪᠢᠬᠤ ᠶᠢ ᠦᠨᠡᠨ | ᠬᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠡᠭᠡᠷ᠎ᠡ ᠢᠯᠡᠷᠡᠭᠦᠯᠪᠡ᠃ ᠪᠢᠳᠡ ᠬᠢᠨᠠᠨ ᠪᠤᠳᠤᠬᠤ ᠡᠭᠦᠷᠭᠡ | ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠵᠡᠮᠳᠡᠵᠦ᠂ ︽ᠨᠢᠭᠡ ᠰᠢᠨ᠎ᠡ ᠶᠢ ᠡᠭᠦᠳᠬᠦ᠂ ᠭᠤᠷᠪᠠ ᠶᠢ | ᠪᠡᠶᠡᠯᠡᠭᠦᠯᠬᠦ︾ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠡᠳ᠋ ᠤᠨ ᠬᠦᠴᠦᠨ ᠤ ᠪᠠᠲᠤᠯᠠᠭ᠎ᠠ᠂ ᠲᠥᠷᠥᠯ ᠵᠦᠢᠯ ᠤᠨ | ᠲᠤᠯᠭᠠᠭᠤᠷᠢᠯᠠᠯ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠴᠢᠬᠤᠯᠠ ᠲᠣᠬᠢᠷᠠᠭᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠦᠨ ᠬᠠᠤᠯᠢ ᠶᠣᠰᠣᠭᠠᠷ ᠬᠢᠨᠠᠯᠲᠠ ᠲᠠᠯᠪᠢᠵᠤ᠂ ᠬᠤᠲᠠ ᠶᠢᠨ ᠲᠣᠰ ᠱᠠᠲᠤᠨ ᠳᠤ 54 ᠬᠢᠨᠠᠨ ᠪᠤᠳᠤᠬᠤ ᠲᠥᠷᠥᠯ | ᠵᠦᠢᠯ ᠢ ᠬᠡᠷᠡᠭᠵᠢᠭᠦᠯᠵᠦ᠂ ᠭᠤᠤᠯ ᠠᠰᠠᠭᠤᠳᠠᠯ ᠤᠨ 34.87 ᠳ᠋ᠦᠩᠰᠢᠭᠤᠷ ᠲᠥᠭᠦᠷᠢᠭ ᠢ ᠪᠠᠶᠢᠴᠠᠭᠠᠨ ᠭᠠᠷᠭᠠᠵᠤ᠂ | ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠶᠢ ᠠᠷᠪᠢᠯᠠᠬᠤ ᠪᠠ 12.27 ᠳ᠋ᠦᠩᠰᠢᠭᠤᠷ ᠲᠥᠭᠦᠷᠢᠭ ᠤᠨ ᠬᠤᠬᠢᠷᠠᠯ ᠢ | ᠡᠭᠡᠭᠦᠯᠦᠨ ᠠᠪᠴᠢᠷᠠᠬᠤ ᠶᠢ ᠠᠬᠢᠭᠤᠯᠪᠠ᠃ | ᠨᠢᠭᠡ ᠳᠤ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ | ᠠᠬᠢᠭᠤᠯᠪᠠ᠃ ᠤᠯᠤᠰ ᠤᠨ ᠴᠢᠬᠤᠯᠠ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠᠷ ᠭᠤᠣᠯᠯᠠᠭᠤᠯᠤᠨ᠂ ︽ᠳᠡᠭᠡᠳᠦ ᠱᠠᠲᠤᠨ ᠤ ᠬᠢᠨᠠᠨ | ᠪᠣᠳᠣᠯᠲᠠ ᠶᠢ ᠳᠣᠷᠣᠭᠰᠢ ᠪᠠᠭᠤᠯᠭᠠᠬᠤ︾ ᠪᠠ ︽ᠠᠳᠠᠯᠢ ᠱᠠᠲᠤᠨ ᠤ ᠬᠢᠨᠠᠯᠲᠠ︾ ᠶᠢ ᠬᠠᠷᠢᠯᠴᠠᠨ ᠤᠶᠠᠯᠳᠤᠭᠤᠯᠬᠤ ᠠᠷᠭ᠎ᠠ | ᠬᠡᠯᠪᠡᠷᠢ ᠶᠢ ᠠᠪᠴᠤ᠂ 3 ᠬᠢᠨᠠᠨ ᠪᠣᠳᠣᠯᠲᠠ ᠶᠢ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠵᠢᠤᠶᠤᠸᠠᠨ ᠲᠣᠭᠤᠷᠢᠭ᠂ | ᠰᠢᠭᠤᠶᠢᠲᠤ ᠲᠣᠭᠤᠷᠢᠭ᠂ ᠲᠦᠮᠡᠳ ᠪᠠᠷᠠᠭᠤᠨ ᠬᠤᠰᠢᠭᠤ ᠵᠡᠷᠭᠡ 3 ᠬᠤᠰᠢᠭᠤ ᠰᠢᠶᠠᠨ ᠲᠣᠭᠤᠷᠢᠭ ᠲᠤ ᠬᠢᠨᠠᠨ | ᠪᠣᠳᠣᠯᠲᠠ ᠶᠢᠨ ᠪᠠᠶᠢᠴᠠᠭᠠᠯᠲᠠ ᠥᠷᠨᠢᠭᠦᠯᠵᠦ᠂ 6.5 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠰᠤᠭᠤᠴᠢᠨ | ᠪᠠᠶᠢᠴᠠᠭᠠᠵᠤ᠂ ᠡᠭᠦᠷᠭᠡ ᠶᠢ ᠨᠠᠶᠢᠳᠠᠪᠤᠷᠢᠵᠢᠭᠤᠯᠬᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠪᠡᠯᠡ ᠮᠥᠩᠭᠦ ᠶᠢ | ᠬᠡᠷᠡᠭᠯᠡᠬᠦ ᠵᠡᠷᠭᠡ 10 ᠲᠠᠯ᠎ᠠ ᠶᠢᠨ 34 ᠠᠰᠠᠭᠤᠳᠠᠯ ᠢ ᠢᠯᠡᠷᠡᠭᠦᠯᠪᠡ᠃ ᠪᠣᠳᠠᠲᠤ ᠴᠣᠭᠴᠠ ᠶᠢᠨ ᠠᠵᠤ ᠠᠬᠤᠶ ᠶᠢᠨ | ᠬᠥᠭᠵᠢᠯᠲᠡ ᠶᠢᠨ ᠲᠣᠭᠤᠷᠢᠨ ᠳᠤ᠂ ︽ᠬᠢᠨᠠᠨ ᠪᠤᠳᠤᠬᠤ ᠪᠠᠶᠢᠭᠤᠯᠭ᠎ᠠ ᠶᠢᠨ ᠬᠢᠨᠠᠨ ᠪᠤᠳᠤᠬᠤ ᠡᠭᠦᠷᠭᠡ ᠴᠢᠳᠠᠪᠤᠷᠢ ᠪᠠᠨ | ᠪᠠᠳᠠᠷᠠᠭᠤᠯᠵᠤ ᠬᠤᠳᠠᠯᠳᠤᠭᠠᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ︾ | ᠶᠢ ᠲᠣᠭᠲᠠᠭᠠᠵᠤ᠂ 4 ᠵᠢᠯ ᠳᠠᠷᠠᠭᠠᠯᠠᠨ ᠬᠤᠳᠠᠯᠳᠤᠭᠠᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠨ ᠪᠤᠳᠤᠯᠳᠠ ᠬᠢᠵᠦ᠂ 7.9 ᠳ᠋ᠦᠩᠰᠢᠭᠤᠷ ᠲᠥᠭᠦᠷᠢᠭ ᠤᠨ | ᠪᠠᠯᠠ ᠮᠥᠩᠭᠦ ᠶᠢ ᠰᠤᠭᠤᠴᠢᠨ ᠪᠠᠶᠢᠴᠠᠭᠠᠵᠤ᠂ ᠳᠡᠭᠡᠭᠰᠢ ᠮᠡᠳᠡᠭᠦᠯᠦᠭᠰᠡᠨ ᠬᠢᠨᠠᠨ ᠪᠤᠳᠤᠭᠰᠠᠨ ᠮᠡᠳᠡᠭᠦᠯᠦᠯᠲᠡ ᠶᠢ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠠᠯᠪᠠᠨ ᠬᠡᠷ ᠤᠨ ︽ᠴᠢᠬᠤᠯᠠ ᠬᠢᠨᠠᠨ ᠪᠤᠳᠤᠬᠤ ᠪᠠᠶᠢᠳᠠᠯ ᠤᠨ | ᠲᠣᠪᠴᠢ ᠮᠡᠳᠡᠭᠡ︾ ᠳᠤ ᠬᠤᠷᠢᠶᠠᠩᠭᠤᠶᠢᠯᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠤᠤᠯ | ᠤᠳᠤᠷᠢᠳᠤᠯᠭ᠎ᠠ ᠶᠢᠨ ᠴᠣᠬᠤᠯᠠᠪᠤᠷᠢ ᠶᠢ ᠣᠯᠵᠤ᠂ ᠬᠤᠯᠪᠤᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠦᠲᠦᠮᠵᠢᠲᠡᠶ ᠠᠬᠢᠭᠤᠯᠵᠤ᠂ ︽ᠲᠠᠨ ᠳᠤ ᠬᠠᠨᠤᠮᠵᠢᠲᠠᠢ ᠪᠠᠶᠢᠬᠤ︾ | ᠬᠤᠳᠠᠯᠳᠤᠭᠠᠨ ᠤ ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃ ᠠᠵᠤ ᠠᠬᠤᠶ ᠶᠢᠨ | ᠲᠣᠭᠲᠠᠭᠤᠨ ᠪᠠᠶᠢᠬᠤ ᠰᠠᠭᠤᠷᠢ ᠶᠢ ᠪᠠᠬᠢᠵᠢᠭᠦᠯᠬᠦ᠂ ᠪᠦᠲᠦᠮᠵᠢᠲᠡᠶ ᠬᠡᠷᠡᠭᠴᠡᠭᠡ ᠱᠠᠭᠠᠷᠳᠠᠯᠭ᠎ᠠ ᠶᠢ ᠥᠷᠭᠡᠳᠬᠡᠬᠦ ᠶᠢᠨ | ᠲᠣᠭᠤᠷᠢᠨ ᠳᠤ᠂ ᠠᠵᠤ ᠠᠬᠤᠶ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠪᠠ ᠵᠠᠯᠭᠠᠮᠵᠢ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠨ ᠪᠣᠳᠣᠯᠲᠠ ᠬᠢᠵᠦ᠂ 3 ᠳ᠋ᠦᠩᠰᠢᠭᠤᠷ | ᠲᠥᠭᠦᠷᠢᠭ ᠤᠨ ᠪᠠᠯᠠ ᠮᠥᠩᠭᠦ ᠶᠢ ᠰᠤᠭᠤᠴᠢᠨ ᠪᠠᠶᠢᠴᠠᠭᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ 1203 ᠲᠦᠮᠡᠨ | ᠲᠥᠭᠦᠷᠢᠭ ᠰᠢᠯᠵᠢᠭᠦᠯᠦᠨ ᠥᠭᠬᠦ ᠶᠢ ᠲᠦᠷᠭᠡᠳᠬᠡᠬᠦ ᠶᠢ ᠠᠬᠢᠭᠤᠯᠵᠤ᠂ ᠬᠡᠷ ᠤᠨ ᠲᠦᠷᠢᠶᠡᠰᠦ ᠶᠢ ᠬᠠᠰᠤᠵᠤ ᠬᠡᠯᠲᠦᠷᠢᠭᠦᠯᠬᠦ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠬᠤᠷᠰᠢᠮᠠᠯ ᠬᠤᠳᠠᠯᠳᠤᠭᠠᠴᠢᠨ ᠠᠵᠢᠯᠯᠠᠭ᠎ᠠ ᠶᠢᠨ ᠪᠠᠯᠠ ᠮᠥᠩᠭᠦ ᠶᠢ ᠴᠠᠭ | ᠲᠤᠬᠠᠶ ᠳᠤ ᠨᠢ ᠳᠣᠭᠢᠷᠠᠭᠤᠯᠬᠤ᠂ ᠬᠡᠷ ᠤᠨ ᠴᠠᠬᠢᠯᠭᠠᠨ ᠬᠡᠷᠡᠭᠰᠡᠯ ᠤᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ | ᠥᠬᠡᠶ ᠨᠥᠬᠦᠪᠥᠷᠢ ᠶᠢ ᠢᠯᠭᠠᠷᠠᠭᠤᠯᠤᠨ ᠪᠤᠴᠠᠭᠠᠬᠤ ᠵᠡᠷᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠪᠠ᠃ | ᠬᠤᠶᠠᠷ ᠲᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠨᠠᠨ | ᠵᠥᠪᠯᠡᠭᠰᠡᠨ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠲᠠ ᠶᠢᠨ ᠲᠣᠰ ᠱᠠᠲᠤᠨ ᠤ 2022 ᠣᠨ ᠤ | ᠲᠥᠰᠥᠪ ᠤᠨ ᠬᠡᠷᠡᠭᠵᠢᠭᠦᠯᠦᠯᠲᠡ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠳᠤ ᠬᠢᠨᠠᠨ | ᠪᠣᠳᠣᠯᠲᠠ ᠬᠢᠵᠦ᠂ 1.16 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠲᠦᠷᠭᠡᠨ ᠥᠭᠬᠦ ᠶᠢ ᠠᠬᠢᠭᠤᠯᠵᠤ᠂ ᠰᠠᠯᠠᠭ᠎ᠠ | ᠮᠥᠴᠢᠷ ᠤᠨ ᠲᠤᠰᠬᠠᠢ ᠲᠥᠷᠥᠯ ᠤᠨ ᠦᠯᠡᠳᠡᠪᠦᠷᠢ ᠪᠡᠯᠡ ᠮᠥᠩᠭᠦ ᠶᠢ ᠡᠳ᠋ ᠤᠨ ᠵᠠᠰᠠᠭ ᠲᠤ 1.33 ᠳ᠋ᠦᠩᠰᠢᠭᠤᠷ | ᠲᠥᠭᠦᠷᠢᠭ ᠲᠤᠰᠢᠶᠠᠬᠤ ᠶᠢ ᠠᠬᠢᠭᠤᠯᠪᠠ᠃ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠠᠤᠯᠢ ᠴᠠᠭᠠᠵᠠ ᠶᠢᠨ | ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ᠂ ᠲᠠᠩᠰᠠ ᠡᠪᠬᠡᠮᠡᠯ ᠤᠨ ᠣᠷᠳᠣᠨ ᠵᠡᠷᠭᠡ 4 ᠰᠠᠯᠠᠭ᠎ᠠ ᠮᠥᠴᠢᠷ ᠤᠨ | 2022 ᠣᠨ ᠤ ᠲᠥᠰᠦᠪ ᠢ ᠬᠡᠷᠡᠭᠵᠢᠭᠦᠯᠦᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠳᠤ | ᠬᠢᠨᠠᠨ ᠪᠤᠳᠤᠯᠲᠠ ᠬᠢᠵᠦ᠂ ᠪᠠᠯᠠ ᠮᠥᠩᠭᠦ ᠶᠢ ᠬᠤᠪᠢᠶᠠᠷᠢᠯᠠᠬᠤ᠂ ᠰᠠᠯᠭᠠᠨ ᠥᠭᠬᠦ᠂ ᠬᠡᠷᠡᠭᠯᠡᠬᠦ ᠬᠦᠴᠦᠨ ᠴᠢᠳᠠᠪᠤᠷᠢ ᠥᠨᠳᠥᠷ | ᠪᠤᠰᠤ ᠪᠠᠶᠢᠬᠤ ᠠᠰᠠᠭᠤᠳᠠᠯ ᠢ ᠲᠤᠰᠬᠠᠵᠤ᠂ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠵᠣᠭᠤᠰ ᠤᠨ ᠲᠤᠭ᠎ᠠ 1.24 | ᠳ᠋ᠦᠩᠰᠢᠭᠤᠷ ᠲᠥᠭᠦᠷᠢᠭ ᠪᠠᠶᠢᠵᠤ᠂ 5 ᠵᠦᠢᠯ ᠤᠨ ᠲᠦᠷᠢᠮ ᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠶᠢ ᠠᠬᠢᠭᠤᠯᠪᠠ᠃ | ᠬᠤᠲᠠ ᠶᠢᠨ ᠵᠠᠰᠠᠭ ᠤᠨ ᠣᠷᠳᠣᠨ ᠢ ᠣᠷᠣᠯᠠᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠳᠤ ᠨᠢᠳᠤᠨᠤᠨ ᠤ 7 ᠳ᠋ᠤᠭᠠᠷ ᠰᠠᠷ᠎ᠠ ᠠᠴᠠ ᠡᠨᠡ ᠵᠢᠯ ᠤᠨ 7 ᠳ᠋ᠤᠭᠠᠷ ᠰᠠᠷ᠎ᠠ ᠪᠣᠯᠲᠠᠯ᠎ᠠ ᠨᠡᠶᠢᠲᠡ 29 | ᠲᠥᠷᠥᠯ ᠵᠦᠢᠯ ᠤᠨ ᠬᠢᠨᠠᠨ ᠪᠤᠳᠤᠯᠲᠠ ᠶᠢᠨ ᠦᠷ᠎ᠡ ᠳ᠋ᠦᠩ ᠢ ᠮᠡᠳᠡᠭᠦᠯᠵᠦ᠂ 64 ᠵᠦᠢᠯ ᠤᠨ 154 ᠬᠤᠪᠢ ᠪᠣᠳᠠᠲᠠᠶ | ᠠᠰᠠᠭᠤᠳᠠᠯ ᠢ ᠲᠤᠰᠬᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠬᠢᠨᠠᠨ ᠪᠤᠳᠤᠯᠲᠠ ᠶᠢᠨ ᠠᠵᠢᠯ ᠤᠨ ᠮᠡᠳᠡᠭᠦᠯᠦᠯᠲᠡ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠮᠡᠳᠡᠭᠦᠯᠦᠯᠲᠡ ᠶᠢᠨ ᠠᠭᠤᠯᠭ᠎ᠠ ᠶᠢ | ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠢᠨᠠᠨ ᠪᠤᠳᠤᠯᠲᠠ ᠶᠢᠨ ᠶᠠᠰᠤ ᠴᠢᠨᠠᠷ ᠢᠯᠡᠳᠲᠡ ᠳᠡᠭᠡᠭᠰᠢᠯᠡᠵᠦ᠂ ᠪᠠᠲᠤᠯᠠᠭᠰᠠᠨ ᠦᠷ᠎ᠡ | ᠳ᠋ᠦᠩ ᠢ ︽ᠬᠠᠨᠤᠮᠵᠢᠲᠠᠶ︾ ᠭᠡᠵᠦ ᠦᠵᠡᠪᠡ᠃ ᠭᠦᠶᠡᠩ ᠰᠢᠶᠠᠨ ᠤ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠯ ᠪᠠ | ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠳᠤ ᠬᠢᠨᠠᠨ ᠪᠣᠳᠣᠯᠲᠠ ᠬᠢᠵᠦ᠂ 3 ᠲᠣᠮᠣ ᠲᠥᠷᠥᠯ ᠤᠨ | 34 ᠵᠦᠢᠯ ᠤᠨ ᠠᠰᠠᠭᠤᠳᠠᠯ ᠢ ᠢᠯᠡᠷᠡᠭᠦᠯᠵᠦ᠂ 8723 ᠲᠦᠮᠡᠨ ᠲᠥᠭᠦᠷᠢᠭ ᠤᠨ ᠦᠯᠡᠳᠡᠭᠡᠯ ᠪᠡᠯᠡ ᠮᠥᠩᠭᠦ ᠶᠢ | ᠢᠯᠭᠠᠷᠠᠭᠤᠯᠤᠨ ᠴᠡᠪᠡᠷᠯᠡᠵᠦ ᠠᠮᠢᠳᠤᠯᠢᠭ ᠪᠣᠯᠭᠠᠬᠤ ᠶᠢ ᠰᠢᠪᠠᠳᠠᠨ ᠱᠠᠭᠠᠷᠳᠠᠵᠤ᠂ ᠤᠯᠤᠰ ᠤᠨ ᠥᠮᠴᠢᠯᠡᠯ ᠤᠨ ᠡᠳ᠋ | ᠬᠥᠷᠥᠩᠭᠡ ᠵᠢᠴᠢ ᠲᠤᠰᠬᠠᠢ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠳᠦᠷᠢᠮ ᠢ ᠠᠬᠢᠭᠤᠯᠤᠨ ᠲᠡᠭᠦᠯᠳᠡᠷᠵᠢᠭᠦᠯᠪᠡ᠃ | ᠭᠤᠷᠪᠠ ᠳᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠠᠬᠢᠭᠤᠯᠪᠠ᠃ ︽ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ | ᠪᠣᠳᠣᠯᠲᠠ ᠶᠢᠨ ᠬᠢᠨᠠᠯᠲᠠ ᠲᠠᠯᠪᠢᠬᠤ ᠬᠡᠷᠡᠭᠵᠢᠭᠦᠯᠬᠦ ᠠᠷᠭ᠎ᠠ︾ ᠶᠢ ᠲᠣᠭᠲᠠᠭᠠᠵᠤ᠂ ᠬᠢᠨᠠᠨ ᠪᠣᠳᠣᠯᠲᠠ ᠶᠢᠨ ᠬᠠᠮᠤᠷᠬᠤ | ᠬᠡᠪᠴᠢᠶ᠎ᠡ ᠶᠢ ᠥᠷᠭᠡᠳᠬᠡᠵᠦ᠂ ᠶᠠᠪᠤᠴᠠ ᠳᠤ ᠬᠢᠨᠠᠯᠲᠠ ᠲᠠᠯᠪᠢᠬᠤ ᠶᠢ ᠴᠢᠬᠤᠯᠠᠴᠢᠯᠠᠵᠤ᠂ ᠪᠠᠷᠢᠯᠭ᠎ᠠ ᠳᠠᠭᠤᠰᠤᠭᠰᠠᠨ | ᠲᠥᠰᠦᠪ ᠤᠨ ᠭᠦᠢᠴᠡᠳᠬᠡᠯ ᠢ ᠬᠢᠨᠠᠨ ᠪᠣᠳᠣᠬᠤ ᠪᠠ ᠮᠥᠷᠳᠡᠨ ᠬᠢᠨᠠᠨ ᠪᠤᠳᠤᠬᠤ ᠶᠢ ᠬᠠᠷᠢᠯᠴᠠᠨ ᠤᠶᠠᠯᠳᠤᠭᠤᠯᠬᠤ ᠶᠢ | ᠬᠡᠷᠡᠭᠵᠢᠭᠦᠯᠵᠦ᠂ ᠴᠢᠬᠤᠯᠠ ᠶᠡᠭᠡ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ᠂ | ᠪᠸᠢ ᠯᠢᠶᠠᠩ ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ᠂ 6 ᠭᠠᠵᠠᠷ ᠳᠣᠣᠷᠠᠬᠢ ᠶᠡᠷᠦᠩᠬᠡᠶᠢᠯᠡᠭᠰᠡᠨ | ᠬᠤᠭᠤᠯᠠᠢ ᠬᠤᠩᠭᠢᠯ᠂ 2 ᠵᠤᠷᠪᠤᠰ ᠬᠤᠲᠠ ᠶᠢᠨ ᠵᠠᠮ ᠵᠡᠷᠭᠡ ᠳᠤ ᠬᠢᠨᠠᠨ ᠪᠣᠳᠣᠯᠲᠠ ᠬᠢᠵᠦ᠂ 158 ᠲᠦᠷᠦᠯ ᠵᠦᠢᠯ ᠳᠤ | ᠰᠤᠭᠤᠴᠢᠨ ᠪᠠᠶᠢᠴᠠᠭᠠᠯᠲᠠ ᠬᠢᠵᠦ᠂ ᠵᠣᠭᠤᠰ ᠤᠨ ᠲᠤᠭ᠎ᠠ ᠨᠢ 670 ᠳ᠋ᠦᠩᠰᠢᠭᠤᠷ ᠲᠥᠭᠦᠷᠢᠭ ᠪᠠᠶᠢᠵᠤ᠂ 10 ᠲᠠᠯ᠎ᠠ ᠶᠢᠨ | 292 ᠠᠰᠠᠭᠤᠳᠠᠯ ᠢ ᠢᠯᠡᠷᠡᠭᠦᠯᠵᠦ᠂ 2.38 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠠᠷᠪᠢᠯᠠᠬᠤ ᠶᠢ | ᠠᠬᠢᠭᠤᠯᠪᠠ᠃ 6 ᠬᠤᠪᠢ ᠬᠢᠨᠠᠨ ᠪᠣᠳᠣᠬᠤ ᠲᠤᠰᠬᠠᠶ ᠮᠡᠳᠡᠭᠦᠯᠦᠯᠲᠡ ᠶᠢ ᠪᠦᠷᠢᠯᠳᠦᠭᠦᠯᠵᠦ᠂ ᠢᠯᠠᠩᠭᠤᠶ᠎ᠠ 10 ᠵᠢᠯ | ᠳᠠᠷᠠᠭᠠᠯᠠᠨ ᠪᠸᠢ ᠯᠢᠶᠠᠩ ᠳᠥᠭᠦᠮ ᠪᠦᠳᠦᠭᠦᠯᠢᠭ ᠣᠷᠣᠨ ᠰᠠᠭᠤᠴᠠ ᠶᠢᠨ ᠥᠭᠡᠷᠡᠴᠢᠯᠡᠯᠲᠡ ᠶᠢᠨ ᠲᠥᠷᠥᠯ ᠵᠦᠢᠯ ᠢ ᠮᠥᠷᠳᠡᠨ | ᠬᠢᠨᠠᠨ ᠪᠣᠳᠣᠯᠲᠠ ᠬᠢᠵᠦ᠂ ᠮᠡᠳᠡᠭᠦᠯᠦᠨ ᠬᠦᠷᠭᠡᠭᠰᠡᠨ ᠲᠤᠰᠬᠠᠶ ᠰᠡᠳᠦᠪᠲᠦ ᠮᠡᠳᠡᠭᠦᠯᠦᠯᠲᠡ ᠶᠢ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ | ᠬᠤᠲᠠ ᠶᠢᠨ ᠵᠠᠰᠠᠭ ᠤᠨ ᠣᠷᠳᠣᠨ ᠬᠢᠨᠠᠨ ᠪᠣᠳᠣᠯᠲᠠ ᠶᠢᠨ ᠠᠰᠠᠭᠤᠳᠠᠯ ᠢ ᠣᠯᠠᠨ ᠤᠳᠠᠭ᠎ᠠ ᠲᠣᠬᠢᠷᠠᠭᠤᠯᠤᠨ ᠴᠡᠭᠴᠡᠯᠡᠨ | ᠰᠠᠶᠢᠵᠢᠷᠠᠭᠤᠯᠵᠤ᠂ ᠪᠸᠢ ᠯᠢᠶᠠᠩ ᠤᠨ ᠪᠥᠬᠦ ᠲᠠᠯ᠎ᠠ ᠪᠠᠷ ᠠᠮᠢᠳᠤᠯᠢᠭ ᠪᠣᠯᠬᠤ ᠶᠢ ᠪᠦᠲᠦᠮᠵᠢᠲᠡᠶ ᠠᠬᠢᠭᠤᠯᠵᠤ᠂ ᠬᠢᠨᠠᠨ | ᠪᠤᠳᠤᠬᠤ ᠬᠢᠨᠠᠯᠲᠠ ᠲᠠᠯᠪᠢᠬᠤ ᠪᠦᠲᠦᠭᠡᠯᠴᠢ ᠴᠢᠨᠠᠷᠲᠠᠶ ᠦᠢᠯᠡᠳᠦᠯ ᠢ ᠨᠡᠯᠢᠶᠡᠳ ᠰᠠᠶᠢᠨ ᠪᠠᠳᠠᠷᠠᠭᠤᠯᠪᠠ᠃ | ᠲᠦᠷᠪᠡ ᠳᠤ᠂ ᠡᠷᠬᠡ ᠶᠢᠨ ᠵᠢᠷᠤᠮᠵᠢᠯ ᠲᠠᠢ ᠠᠵᠢᠯᠯᠠᠭᠠᠨ ᠢ ᠠᠬᠢᠭᠤᠯᠪᠠ᠃ ᠰᠠᠯᠠᠭ᠎ᠠ ᠮᠥᠴᠢᠷ ᠤᠨ ᠲᠥᠰᠦᠪ ᠢ ᠬᠢᠨᠠᠨ | ᠪᠤᠳᠤᠬᠤ ᠲᠠᠢ ᠤᠶᠠᠯᠳᠤᠭᠤᠯᠤᠨ᠂ ᠬᠤᠰᠢᠭᠤ ᠰᠢᠶᠠᠨ ᠲᠣᠭᠤᠷᠢᠭ᠂ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ᠂ | ᠡᠮᠨᠡᠯᠭᠡ ᠶᠢᠨ ᠬᠤᠷᠢᠶ᠎ᠠ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠨᠡᠶᠢᠲᠡ 18 ᠨᠢᠭᠡᠴᠢ᠂ 26 ᠨᠡᠷ᠎ᠡ | ᠰᠢᠶᠠᠨ ᠤ ᠱᠠᠲᠤᠨ ᠤ ᠭᠤᠤᠯ ᠤᠳᠤᠷᠢᠳᠬᠤ ᠺᠠᠳ᠋ᠷ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠳᠤ | ᠬᠢᠨᠠᠨ ᠪᠣᠳᠣᠯᠲᠠ ᠬᠢᠵᠦ᠂ ︽ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠪᠢᠴᠢᠭ ᠮᠠᠲ᠋ᠧᠷᠢᠶᠠᠯ ᠪᠠ ᠬᠢᠨᠠᠨ | ᠪᠤᠳᠤᠬᠤ ᠪᠢᠴᠢᠭ ᠮᠠᠲ᠋ᠧᠷᠢᠶᠠᠯ ᠤᠨ ᠬᠡᠪ ᠵᠠᠭᠪᠤᠷ︾ ᠢ ᠵᠣᠬᠢᠶᠠᠵᠤ᠂ ᠬᠢᠨᠠᠨ ᠪᠤᠳᠤᠬᠤ ᠭᠤᠤᠯᠳᠠᠯᠭ᠎ᠠ ᠶᠢ ᠳᠣᠪᠤᠶᠢᠯᠭᠠᠨ᠂ | ᠴᠢᠬᠤᠯᠠ ᠶᠡᠭᠡ ᠠᠵᠤ ᠠᠬᠤᠶ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ᠂ ᠴᠢᠬᠤᠯᠠ | ᠶᠡᠭᠡ ᠠᠵᠤ ᠠᠬᠤᠶ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠡᠳ᠋ ᠤᠨ ᠵᠠᠰᠠᠭ ᠡᠳ᠋ ᠤᠨ ᠶᠠᠪᠤᠳᠠᠯ ᠤᠨ ᠬᠠᠮᠢᠶᠠᠷᠤᠯᠲᠠ | ᠪᠠ ᠠᠵᠤ ᠠᠬᠤᠶ ᠶᠢᠨ ᠲᠦᠭᠰᠢᠭᠦᠷᠢ ᠶᠢ ᠰᠡᠷᠭᠡᠶᠢᠯᠡᠬᠦ ᠵᠡᠷᠭᠡ ᠠᠭᠤᠯᠭ᠎ᠠ ᠶᠢ ᠨᠠᠩ ᠠᠩᠬᠠᠷᠴᠤ᠂ ᠨᠡᠶᠢᠲᠡ 387 | ᠠᠰᠠᠭᠤᠳᠠᠯ ᠢ ᠪᠠᠶᠢᠴᠠᠭᠠᠨ ᠭᠠᠷᠭᠠᠵᠤ᠂ ᠬᠤᠯᠪᠣᠭᠳᠠᠬᠤ ᠵᠣᠭᠤᠰ ᠤᠨ ᠲᠤᠭ᠎ᠠ ᠨᠢ 15.59 ᠳ᠋ᠦᠩᠰᠢᠭᠤᠷ ᠲᠥᠭᠦᠷᠢᠭ | ᠪᠠᠶᠢᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠶᠢᠨ ᠬᠢᠨᠠᠨ ᠪᠤᠳᠤᠯᠲᠠ ᠶᠢ | ᠨᠡᠶᠢᠳᠡᠮ ᠪᠦᠷᠬᠦᠭᠦᠯᠬᠦ ᠶᠢ ᠦᠨᠳᠦᠰᠦᠨ ᠳᠤ ᠪᠠᠨ ᠪᠡᠶᠡᠯᠡᠭᠦᠯᠪᠡ᠃ ᠡᠭᠦᠨ ᠤ ᠬᠠᠮᠲᠤ᠂ ᠬᠤᠰᠢᠭᠤ ᠰᠢᠶᠠᠨ ᠲᠣᠭᠤᠷᠢᠭ ᠤᠨ | ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠪᠠ ᠪᠠᠶᠢᠭᠠᠯᠢ ᠶᠢᠨ ᠡᠬᠢ ᠪᠠᠶᠠᠯᠢᠭ ᠡᠳ᠋ | ᠬᠥᠷᠥᠩᠭᠡ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠶᠢ ᠬᠠᠮᠲᠤ ᠳᠤ ᠨᠢ ᠲᠣᠬᠢᠷᠠᠭᠤᠯᠵᠤ᠂ ᠭᠦᠶᠡᠩ ᠰᠢᠶᠠᠨ ᠤ ᠨᠠᠮ ᠤᠨ | ᠬᠤᠷᠢᠶᠠᠨ ᠤ ᠭᠤᠣᠯ ᠤᠳᠤᠷᠢᠳᠬᠤ ᠺᠠᠳ᠋ᠷ ᠤᠨ ᠭᠠᠵᠠᠷ ᠰᠢᠷᠣᠶ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠳ᠋ | ᠬᠥᠷᠥᠩᠭᠡ ᠶᠢᠨ ᠬᠠᠷᠢᠭᠤᠴᠠᠯᠭ᠎ᠠ ᠶᠢ ᠭᠦᠢᠴᠡᠳᠬᠡᠭᠰᠡᠨ ᠪᠠᠶᠢᠳᠠᠯ ᠳᠤ ᠬᠢᠨᠠᠨ ᠪᠤᠳᠤᠯᠲᠠ ᠬᠢᠵᠦ᠂ ᠨᠢᠭᠡ ᠰᠢᠭᠦᠯᠲᠡ ᠳᠤ ᠤᠯᠠᠨ | ᠵᠦᠢᠯ᠂ ᠨᠢᠭᠡ ᠰᠢᠭᠦᠯᠲᠡ ᠳᠤ ᠤᠯᠠᠨ ᠳ᠋ᠦᠩ ᠢ ᠪᠡᠶᠡᠯᠡᠭᠦᠯᠪᠡ᠃ ᠬᠤᠶᠠᠷ ᠵᠢᠯ ᠳᠠᠷᠠᠭᠠᠯᠠᠨ ᠬᠤᠲᠠ ᠶᠢᠨ ᠲᠤᠰ ᠱᠠᠲᠤᠨ ᠤ | ᠠᠵᠤ ᠠᠬᠤᠢ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠥᠪᠡᠷ ᠤᠨ ᠪᠠᠶᠢᠴᠠᠭᠠᠯᠲᠠ ᠬᠢᠪᠡ᠃ | ᠲᠠᠪᠤ ᠳᠤ᠂ ᠨᠢᠭᠡᠳᠦᠯᠲᠡᠢ ᠰᠢᠭᠦᠬᠦ ᠪᠠ ᠭᠤᠣᠯᠳᠠᠯᠭ᠎ᠠ ᠲᠠᠢ ᠲᠤᠰᠬᠠᠢ ᠬᠢᠨᠠᠨ ᠪᠣᠳᠣᠯᠲᠠ ᠶᠢ ᠰᠠᠶᠢᠲᠤᠷ ᠬᠢᠪᠡ᠃ ᠬᠢᠨᠠᠨ | ᠪᠣᠳᠣᠯᠲᠠ ᠶᠢᠨ ᠬᠠᠮᠵᠢᠯᠴᠠᠨ ᠨᠢᠭᠡᠳᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ | ᠬᠢᠨᠠᠨ ᠪᠤᠳᠤᠬᠤ ᠲᠢᠩᠬᠢᠮ ᠤᠨ ᠨᠢᠭᠡᠳᠦᠯᠲᠡᠶ ᠵᠣᠬᠢᠶᠠᠨ ᠪᠠᠶᠢᠭᠤᠯᠤᠯᠲᠠ ᠶᠣᠰᠣᠭᠠᠷ᠂ 30 ᠭᠠᠷᠤᠶ ᠬᠥᠮᠦᠨ ᠢ ᠲᠠᠲᠠᠵᠤ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠤᠨ ᠰᠠᠯᠠᠭ᠎ᠠ ᠮᠥᠴᠢᠷ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠤᠳᠤᠬᠤ᠂ ᠬᠢᠩᠭᠠᠨ | ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠰᠢᠶᠠᠨ ᠤ ᠬᠢᠨᠠᠨ ᠪᠣᠳᠣᠯᠲᠠ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠠ ᠦᠬᠠᠶ ᠬᠤᠲᠠ ᠶᠢᠨ ᠭᠤᠤᠯ ᠤᠳᠤᠷᠢᠳᠬᠤ ᠺᠠᠳ᠋ᠷ ᠤᠨ | ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠳᠤ ᠣᠷᠣᠯᠴᠠᠭᠤᠯᠵᠤ᠂ ᠬᠢᠨᠠᠨ ᠪᠤᠳᠤᠬᠤ ᠡᠭᠦᠷᠭᠡ ᠪᠠᠨ ᠲᠡᠭᠦᠰ | ᠠᠮᠵᠢᠯᠲᠠ ᠲᠠᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠳᠤ ᠵᠠᠷᠯᠠᠨ | ᠰᠠᠶᠢᠰᠢᠶᠠᠭᠳᠠᠭᠰᠠᠨ ᠪᠠᠶᠢᠨ᠎ᠠ᠃ ᠤᠯᠤᠰ ᠤᠨ ᠭᠠᠳᠠᠭᠠᠳᠤ ᠶᠢᠨ ᠵᠢᠭᠡᠯᠡᠯᠭᠡ ᠶᠢᠨ ᠲᠤᠰᠠᠯᠠᠬᠤ ᠵᠣᠭᠤᠰ ᠤᠨ ᠲᠥᠷᠥᠯ ᠵᠦᠢᠯ ᠤᠨ | ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠰᠬᠠᠶ ᠬᠢᠨᠠᠨ ᠪᠤᠳᠤᠯᠲᠠ ᠶᠢᠨ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠤᠯᠤᠰ ᠤᠨ ᠭᠠᠳᠠᠨᠠᠬᠢ ᠵᠢᠭᠡᠯᠡᠯᠭᠡ ᠲᠤᠰᠠᠯᠠᠬᠤ ᠵᠣᠭᠤᠰ ᠤᠨ 4 ᠲᠥᠷᠥᠯ ᠵᠦᠢᠯ ᠤᠨ ᠡᠳ᠋ | ᠬᠥᠷᠥᠩᠭᠡ ᠶᠢᠨ ᠪᠦᠷᠢᠯᠳᠦᠯ᠂ ᠬᠠᠮᠢᠶᠠᠷᠤᠯᠲᠠ᠂ ᠳᠠᠩᠰᠠᠯᠠᠯᠲᠠ᠂ ᠦᠷ᠎ᠡ ᠠᠰᠢᠭ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ | ᠠᠰᠠᠭᠤᠳᠠᠯ ᠢ ᠲᠣᠳᠣᠷᠬᠠᠶᠢᠯᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠠᠮᠤᠷ ᠲᠦᠪᠰᠢᠨ ᠪᠦᠷᠢᠨ ᠪᠦᠲᠦᠨ | ᠪᠠᠶᠢᠬᠤ ᠶᠢ ᠬᠠᠮᠠᠭᠠᠯᠠᠬᠤ ᠶᠢ ᠠᠬᠢᠭᠤᠯᠪᠠ᠃ ᠬᠤᠲᠠ ᠶᠢᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ | ᠴᠣᠬᠤᠯᠠᠪᠤᠷᠢᠯᠠᠭᠰᠠᠨ ᠨᠢ᠄ ︽ᠮᠡᠳᠡᠭᠦᠯᠦᠯᠲᠡ ᠳᠤ ᠲᠤᠰᠬᠠᠭᠰᠠᠨ ᠠᠰᠠᠭᠤᠳᠠᠯ ᠢ ᠡᠷᠬᠡᠪᠰᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠬᠢᠨᠠᠨ ᠪᠤᠳᠤᠬᠤ ᠰᠠᠨᠠᠭᠤᠯᠭ᠎ᠠ ᠶᠢ ᠡᠭᠦᠷᠭᠡ ᠶᠢᠨ ᠨᠠᠷᠢᠨ ᠲᠠᠩᠰᠠ ᠪᠣᠯᠭᠠᠨ ᠬᠤᠯᠪᠤᠭᠳᠠᠯ ᠪᠥᠬᠦᠶ ᠰᠠᠯᠠᠭ᠎ᠠ | ᠮᠥᠴᠢᠷ ᠨᠢᠭᠡᠴᠢ ᠳᠤ ᠲᠦᠭᠡᠭᠡᠨ ᠥᠭᠴᠦ︾᠂ ᠴᠣᠬᠤᠯᠠᠪᠤᠷᠢ ᠶᠢᠨ ᠱᠠᠭᠠᠷᠳᠠᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ | ᠬᠢᠨᠠᠨ ᠪᠤᠳᠤᠭᠳᠠᠵᠦ ᠪᠠᠶᠢᠭ᠎ᠠ ᠨᠢᠭᠡᠴᠢ ᠶᠢ ᠱᠠᠯᠠᠪᠳᠠᠭᠤᠯᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ | ᠬᠡᠷᠡᠭᠲᠡᠶ᠃ ᠬᠤᠲᠠ ᠶᠢᠨ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ | ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠳᠤ ᠲᠤᠰᠬᠠᠶ ᠬᠢᠨᠠᠨ ᠪᠤᠳᠤᠯᠲᠠ ᠶᠢᠨ ᠪᠠᠶᠢᠴᠠᠭᠠᠯᠲᠠ ᠬᠢᠵᠦ᠂ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠬᠤ᠂ ᠴᠤᠭᠯᠠᠭᠤᠯᠬᠤ᠂ ᠪᠡᠯᠡ ᠣᠷᠣᠭᠤᠯᠬᠤ᠂ | ᠬᠠᠮᠢᠶᠠᠷᠬᠤ᠂ ᠪᠤᠴᠠᠭᠠᠨ ᠭᠠᠷᠭᠠᠬᠤ ᠵᠡᠷᠭᠡ ᠭᠤᠭᠴᠤᠭ᠎ᠠ ᠳᠤ ᠴᠢᠭᠯᠡᠭᠦᠯᠦᠨ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ ᠶᠢᠨ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢ ᠳᠡᠮᠵᠢᠬᠦ᠂ ᠠᠵᠤ | ᠠᠬᠤᠢ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠵᠡᠷᠭᠡ ᠲᠠᠯ᠎ᠠ ᠪᠠᠷ ᠬᠢ ᠬᠥᠲᠥᠯᠥᠨ ᠵᠢᠯᠣᠭᠤᠳᠬᠤ ᠦᠢᠯᠡᠳᠦᠯ ᠢ | ᠬᠦᠴᠦᠯᠡᠨ ᠵᠢᠷᠤᠮᠵᠢᠭᠤᠯᠪᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠲᠦᠯᠬᠢᠨ ᠠᠬᠢᠭᠤᠯᠵᠤ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠤᠰᠬᠠᠶ ᠵᠦᠢᠯ ᠢᠶᠠᠷ ᠬᠢᠨᠠᠨ ᠪᠤᠳᠤᠬᠤ ᠪᠠᠶᠢᠴᠠᠭᠠᠯᠲᠠ ᠬᠢᠵᠦ᠂ ᠤᠷᠢᠳ ᠢᠶᠠᠷ | ᠲᠤᠷᠰᠢᠨ ᠬᠢᠨᠠᠬᠤ᠂ ᠳᠠᠷᠠᠭ᠎ᠠ ᠨᠢ ᠰᠤᠭᠤᠴᠢᠨ ᠰᠢᠭᠦᠬᠦ ᠬᠤᠶᠠᠷ ᠠᠯᠬᠤᠮ ᠳᠠᠷᠠᠭ᠎ᠠ ᠶᠣᠰᠣᠭᠠᠷ᠂ ᠳᠥᠷᠪᠡᠨ ᠲᠥᠷᠥᠯ ᠤᠨ 39 | ᠵᠦᠢᠯ ᠤᠨ ᠠᠰᠠᠭᠤᠳᠠᠯ ᠢ ᠢᠯᠡᠷᠡᠭᠦᠯᠪᠡ᠃ ᠨᠡᠶᠢᠭᠡᠮ ᠲᠣᠭᠤᠷᠢᠭ ᠤᠨ ᠵᠠᠷᠤᠳᠠᠯ ᠵᠢᠴᠢ ᠦᠨᠳᠦᠰᠦᠨ ᠱᠠᠲᠤᠨ ᠤ ᠵᠠᠰᠠᠯᠲᠠ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠤᠰᠬᠠᠶ ᠬᠢᠨᠠᠨ ᠪᠣᠳᠣᠯᠲᠠ ᠶᠢᠨ ᠪᠠᠶᠢᠴᠠᠭᠠᠯᠲᠠ ᠬᠢᠵᠦ᠂ | ᠬᠤᠲᠠ ᠶᠢᠨ ᠲᠣᠪᠴᠢᠶ᠎ᠠ ᠠᠴᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠬᠤᠰᠢᠭᠤ ᠰᠢᠶᠠᠨ ᠲᠣᠭᠤᠷᠢᠭ ᠠᠴᠠ ᠪᠣᠳᠠᠲᠠᠶ | ᠬᠡᠷᠡᠭᠵᠢᠭᠦᠯᠬᠦ᠂ 9 ᠬᠤᠰᠢᠭᠤ ᠰᠢᠶᠠᠨ ᠲᠣᠭᠤᠷᠢᠭ᠂ 9 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠪᠠᠯᠭᠠᠰᠤ︶ ᠤᠨ | ᠬᠠᠷᠢᠶᠠᠨ ᠳᠠᠬᠢ 53 ᠨᠡᠶᠢᠭᠡᠮ ᠲᠣᠭᠤᠷᠢᠭ᠂ ᠬᠤᠲᠠ ᠶᠢᠨ ᠲᠣᠪᠴᠢᠶ᠎ᠠ ᠠᠴᠠ 4 ᠰᠢᠮᠳᠠᠭᠤᠯᠤᠨ ᠵᠢᠯᠣᠭᠤᠳᠬᠤ ᠳᠤᠭᠤᠶᠢᠯᠠᠩ | ᠪᠠᠶᠢᠭᠤᠯᠵᠤ᠂ 9 ᠬᠢᠨᠠᠨ ᠪᠣᠳᠣᠬᠤ ᠳᠤᠭᠤᠶᠢᠯᠠᠩ ᠤᠨ ︽ᠨᠢᠭᠡ ᠳᠤ ᠨᠢᠭᠡ ᠶᠢ ᠬᠠᠷᠭᠤᠭᠤᠯᠬᠤ︾ ᠵᠢᠯᠣᠭᠤᠳᠣᠯᠭ᠎ᠠ᠂ ᠨᠡᠶᠢᠭᠡᠮ | ᠲᠣᠭᠤᠷᠢᠭ ᠤᠨ ᠵᠠᠷᠤᠳᠠᠯ ᠭᠡᠬᠦ ᠡᠨᠡ ᠬᠦ ︽ᠵᠢᠵᠢᠭ︾ ᠲᠠᠯ᠎ᠠ ᠠᠴᠠ ᠭᠠᠷᠳᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ | ᠪᠠᠶᠢᠭᠤᠯᠤᠯ ᠵᠣᠬᠢᠴᠠᠮᠵᠢ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠢᠷᠢ ᠲᠦᠪᠰᠢᠨ ᠤ ᠪᠠᠲᠤᠯᠠᠭ᠎ᠠ᠂ ᠨᠡᠶᠢᠭᠡᠮ | ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ︽ᠲᠣᠮᠣ︾ | ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠳᠡᠭᠡᠭᠰᠢ | ᠮᠡᠳᠡᠭᠦᠯᠦᠭᠰᠡᠨ ︽ᠨᠡᠶᠢᠭᠡᠮ ᠲᠣᠭᠤᠷᠢᠭ ᠤᠨ ᠵᠠᠷᠤᠳᠠᠯ ᠢ ᠳᠠᠩᠰᠠᠨ ᠳᠤ ᠤᠷᠤᠭᠤᠯᠬᠤ ᠨᠢ ᠵᠣᠬᠢᠰ ᠦᠭᠡᠢ︾ ᠲᠤᠰᠬᠠᠶ | ᠰᠣᠨᠢᠨ ᠳᠤ ᠮᠠᠨ ᠤ ᠬᠤᠲᠠ ᠶᠢᠨ ᠬᠢᠨᠠᠨ ᠪᠣᠳᠣᠯᠲᠠ ᠳᠤ ᠢᠯᠡᠷᠡᠭᠦᠯᠦᠭᠰᠡᠨ ᠠᠰᠠᠭᠤᠳᠠᠯ ᠢ ᠬᠡᠷᠡᠭᠯᠡᠭᠰᠡᠨ ᠪᠠᠶᠢᠨ᠎ᠠ᠃ | ᠡᠭᠦᠨ ᠠᠴᠠ ᠭᠠᠳᠠᠨ᠎ᠠ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠶᠣᠰᠣᠭᠠᠷ᠂ ᠬᠢᠨᠠᠨ | ᠪᠤᠳᠤᠬᠤ ᠲᠤᠰᠬᠠᠶ ᠮᠡᠷᠭᠡᠵᠢᠯ ᠤᠨ ᠦᠢᠯᠡᠴᠢᠯᠡᠭᠡ ᠶᠢ ᠢᠳᠡᠪᠬᠢᠲᠡᠶ ᠰᠠᠶᠢᠲᠤᠷ ᠬᠢᠪᠡ᠃ ᠬᠤᠷᠴᠠ ᠴᠢᠳᠠᠮᠠᠭᠠᠶ ᠬᠦᠴᠦᠨ ᠢ | ᠲᠠᠲᠠᠵᠤ᠂ ᠪᠥᠬᠦ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠣᠷᠣᠯᠴᠠᠵᠤ᠂ ᠬᠤᠶᠠᠷ ᠤᠳᠠᠭ᠎ᠠ ᠲᠥᠪᠯᠡᠷᠡᠭᠦᠯᠦᠨ | ᠪᠣᠭᠤᠮᠲᠠ ᠰᠢᠪᠲᠤᠯᠵᠤ᠂ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠤᠨ ᠲᠠᠩᠰᠠᠨ ᠵᠣᠭᠤᠰ ᠢ ᠬᠢᠨᠠᠨ ᠪᠤᠳᠤᠬᠤ ᠶᠢ | ᠪᠡᠶᠡᠯᠡᠭᠦᠯᠵᠦ᠂ ᠬᠤᠯᠪᠣᠭᠳᠠᠬᠤ ᠨᠢᠭᠡᠴᠢ 35 ᠡᠷᠦᠬᠡ᠂ ᠲᠤᠭ᠎ᠠ ᠪᠠᠷᠢᠮᠲᠠ 912 ᠵᠤᠷᠪᠤᠰ᠂ ᠪᠥᠬᠦ ᠬᠤᠲᠠ ᠶᠢᠨ ᠥᠷᠢ ᠶᠢ | ᠲᠦᠯᠦᠬᠦ ᠠᠵᠢᠯ ᠳᠤ ᠬᠢᠨᠠᠨ ᠪᠤᠳᠤᠯᠲᠠ ᠶᠢᠨ ᠯᠠᠪᠯᠠᠯᠲᠠ ᠬᠠᠩᠭᠠᠪᠠ︔ ᠠᠶᠤᠯᠲᠠᠶ ᠬᠠᠶᠠᠭᠳᠠᠮᠠᠯ ᠪᠣᠳᠠᠰ᠂ ᠡᠮᠦᠨ᠎ᠡ ᠲᠡᠭᠦᠷᠭᠡ᠂ | ᠪᠸᠢ ᠯᠢᠶᠠᠩ ᠵᠡᠷᠭᠡ ᠳᠤ ᠲᠤᠰᠬᠠᠶ ᠬᠢᠨᠠᠨ ᠪᠠᠶᠢᠴᠠᠭᠠᠯᠲᠠ ᠬᠢᠪᠠ᠃ | ︵ᠭᠤᠷᠪᠠ︶ ᠰᠤᠳᠤᠯᠭ᠎ᠠ ᠶᠢ ᠤᠷᠢᠳ ᠢᠶᠠᠷ ᠬᠡᠷᠡᠭᠵᠢᠭᠦᠯᠬᠦ ᠲᠤᠭ᠎ᠠ ᠪᠠᠷᠢᠮᠲᠠ ᠶᠢ ᠤᠷᠢᠳ ᠢᠶᠠᠷ ᠬᠡᠷᠡᠭᠵᠢᠭᠦᠯᠬᠦ ᠶᠢ | ᠢᠳᠡᠪᠬᠢᠲᠡᠶ ᠬᠡᠷᠡᠭᠵᠢᠭᠦᠯᠵᠦ᠂ ︽ᠭᠤᠷᠪᠠᠨ ᠬᠢᠨᠠᠯᠲᠠ︾ ᠶᠢ ᠬᠢᠨᠠᠨ ᠪᠤᠳᠤᠬᠤ ᠶᠠᠰᠤ ᠴᠢᠨᠠᠷ ᠦᠷ᠎ᠡ ᠪᠦᠲᠦᠮᠵᠢ ᠶᠢ | ᠴᠢᠩᠭᠠᠳᠬᠠᠬᠤ ᠴᠢᠬᠤᠯᠠ ᠬᠥᠳᠡᠯᠭᠡᠭᠦᠷ ᠪᠣᠯᠭᠠᠪᠠ᠃ ᠪᠢᠳᠡ ᠰᠤᠳᠤᠯᠭᠠᠨ ᠤ ᠬᠡᠯᠪᠡᠷᠢ ᠶᠢᠨ ᠬᠢᠨᠠᠨ ᠪᠤᠳᠤᠬᠤ ᠪᠠ ᠲᠤᠮᠤ | ᠲᠤᠭ᠎ᠠ ᠪᠠᠷᠢᠮᠲᠠ ᠶᠢᠨ ᠬᠢᠨᠠᠨ ᠪᠤᠳᠤᠬᠤ ᠶᠢ ᠰᠠᠨᠠᠭᠠᠴᠢᠯᠠᠵᠤ᠂ ᠳᠣᠲᠣᠭᠠᠳᠤ ᠶᠢᠨ ᠬᠢᠨᠠᠨ ᠪᠤᠳᠤᠬᠤ ᠰᠠᠭᠤᠷᠢ ᠴᠢᠨᠠᠷᠲᠠᠢ | ᠦᠢᠯᠡᠳᠦᠯ ᠢ ᠪᠠᠳᠠᠷᠠᠭᠤᠯᠵᠤ᠂ ︽ᠬᠠᠮ ᠠᠷᠭ᠎ᠠ︾ ᠶᠢ ᠰᠠᠶᠢᠲᠤᠷ ᠬᠡᠷᠡᠭᠯᠡᠵᠦ᠂ ᠬᠢᠨᠠᠨ ᠪᠤᠳᠤᠵᠤ ᠬᠢᠨᠠᠯᠲᠠ ᠲᠠᠯᠪᠢᠬᠤ ᠳᠤ | ᠨᠡᠩ ᠰᠠᠶᠢᠨ ᠴᠢᠳᠠᠪᠤᠷᠢ ᠣᠯᠭᠤᠪᠠ᠃ | ᠨᠢᠭᠡ ᠳᠤ᠂ ᠰᠤᠳᠤᠯᠭᠠᠨ ᠤ ᠬᠡᠯᠪᠡᠷᠢ ᠶᠢᠨ ᠬᠢᠨᠠᠨ ᠪᠤᠳᠤᠯᠳᠠ ᠶᠢ ᠭᠦᠨᠵᠡᠭᠡᠶᠢᠷᠡᠭᠦᠯᠪᠡ᠃ ᠰᠤᠳᠤᠯᠭᠠᠨ ᠤ ᠬᠡᠯᠪᠡᠷᠢ ᠶᠢᠨ | ᠬᠢᠨᠠᠨ ᠪᠤᠳᠤᠯᠳᠠ ᠶᠢ ᠤᠴᠢᠷ ᠶᠠᠪᠤᠳᠠᠯ ᠢ ᠪᠣᠳᠣᠯᠬᠢᠯᠠᠬᠤ ᠶᠢᠨ ᠰᠠᠭᠤᠷᠢ᠂ ᠤᠴᠢᠷ ᠶᠠᠪᠤᠳᠠᠯ ᠢ ᠪᠦᠲᠦᠭᠡᠬᠦ ᠠᠷᠭ᠎ᠠ ᠵᠠᠮ | ᠪᠣᠯᠭᠠᠵᠤ᠂ ᠬᠢᠨᠠᠨ ᠪᠠᠶᠢᠴᠠᠭᠠᠬᠤ ᠶᠢ ᠵᠠᠪᠠᠯ ᠰᠤᠳᠤᠯᠬᠤ᠂ ᠰᠤᠳᠤᠯᠤᠨ ᠬᠢᠨᠠᠬᠤ ᠶᠢ ᠤᠶᠠᠯᠳᠤᠭᠤᠯᠵᠤ᠂ ᠰᠤᠳᠤᠯᠤᠭᠠᠳ | ᠬᠡᠷᠡᠭᠯᠡᠬᠦ᠂ ᠬᠢᠨᠠᠬᠤ᠂ ᠰᠤᠷᠤᠯᠴᠠᠬᠤ᠂ ᠰᠤᠳᠤᠯᠬᠤ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠬᠢᠨᠠᠨ ᠪᠤᠳᠤᠬᠤ | ᠲᠦᠷᠦᠯ ᠵᠦᠢᠯ ᠨᠢᠭᠡᠪᠦᠷᠢ ᠳᠤ ᠴᠥᠮ ᠲᠦᠷᠦᠯ ᠵᠦᠢᠯ ᠲᠣᠭᠲᠠᠭᠠᠬᠤ᠂ ᠠᠰᠠᠭᠤᠳᠠᠯ᠂ ᠰᠠᠨᠠᠭᠤᠯᠭ᠎ᠠ ᠶᠢ ᠰᠤᠳᠤᠯᠬᠤ ᠶᠢ | ᠱᠠᠭᠠᠷᠳᠠᠵᠤ ᠪᠠᠶᠢᠨ᠎ᠠ᠃ ︽2023 ᠣᠨ ᠤ ᠰᠤᠳᠤᠯᠭᠠᠨ ᠤ ᠬᠡᠯᠪᠡᠷᠢ ᠶᠢᠨ ᠬᠢᠨᠠᠨ ᠪᠤᠳᠤᠯᠳᠠ ᠶᠢᠨ ᠬᠡᠷᠡᠭ ᠤᠨ ᠵᠢᠱᠢᠶ᠎ᠡ ᠶᠢᠨ | ᠲᠥᠯᠥᠪᠯᠡᠭᠡ︾ ᠶᠢ ᠲᠣᠭᠲᠠᠭᠠᠵᠤ᠂ ︽ᠰᠤᠳᠤᠯᠭᠠᠨ ᠤ ᠬᠡᠯᠪᠡᠷᠢ ᠶᠢᠨ ᠬᠢᠨᠠᠨ ᠪᠤᠳᠤᠯᠳᠠ︾ ᠶᠢᠨ ᠲᠤᠰᠬᠠᠶ ᠬᠡᠪᠯᠡᠯ ᠢ | ᠪᠠᠶᠢᠭᠤᠯᠤᠨ᠂ ᠰᠤᠳᠤᠯᠭᠠᠨ ᠤ ᠬᠡᠯᠪᠡᠷᠢ ᠶᠢᠨ ᠬᠢᠨᠠᠨ ᠪᠤᠳᠤᠯᠳᠠ ᠶᠢᠨ ᠬᠡᠷᠡᠭ ᠤᠨ ᠵᠢᠱᠢᠶ᠎ᠡ ᠶᠢ 52 ᠬᠤᠪᠢ ᠪᠦᠷᠢᠯᠳᠦᠭᠦᠯᠵᠦ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠯᠳᠠ ᠶᠢᠨ ᠲᠢᠩᠬᠢᠮ ᠠᠴᠠ 14 ᠬᠤᠪᠢ ᠶᠢ ᠰᠤᠷᠪᠤᠯᠵᠢᠯᠠᠨ ᠨᠠᠶᠢᠷᠠᠭᠤᠯᠵᠤ᠂ | 3 ᠬᠤᠪᠢ ᠨᠢ ᠱᠠᠩᠨᠠᠯ ᠭᠥᠷᠳᠡᠪᠡ᠃ | ᠬᠤᠶᠠᠷ ᠲᠤ᠂ ᠲᠣᠮᠣ ᠲᠤᠭ᠎ᠠ ᠪᠠᠷᠢᠮᠲᠠ ᠶᠢᠨ ᠬᠢᠨᠠᠨ ᠪᠣᠳᠣᠯᠲᠠ ᠶᠢ ᠪᠤᠲᠠᠲᠠᠶᠢᠵᠢᠭᠤᠯᠪᠠ᠃ ︽ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢᠶᠠᠷ ᠬᠢᠨᠠᠨ ᠪᠤᠳᠤᠬᠤ ᠶᠢᠨ ᠬᠡᠷᠡᠭᠵᠢᠭᠦᠯᠬᠦ ᠲᠥᠰᠦᠯ︾ ᠵᠢᠴᠢ ᠢᠵᠢ ᠪᠥᠷᠢᠳᠦᠭᠦᠯᠬᠦ ᠠᠷᠭ᠎ᠠ ᠶᠢ | ᠲᠣᠭᠲᠠᠭᠠᠵᠤ᠂ ︽ᠬᠢᠨᠠᠯᠲᠠ ᠶᠢᠨ ᠭᠤᠣᠯ ᠭᠤᠷᠪᠠᠨ ᠬᠤᠭᠤᠴᠠᠭ᠎ᠠ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ | ᠲᠦᠰᠢᠭᠯᠡᠨ᠂ ᠬᠢᠨᠠᠨ ᠪᠤᠳᠤᠬᠤ ᠶᠡᠷᠦᠩᠬᠡᠶᠢᠯᠡᠭᠰᠡᠨ ᠬᠠᠮᠢᠶᠠᠷᠤᠯᠲᠠ᠂ ᠲᠤᠬᠠᠶ ᠶᠢᠨ ᠲᠠᠯᠠᠪᠤᠷ ᠤᠨ ᠬᠢᠨᠠᠨ ᠪᠤᠳᠤᠬᠤ ᠠᠵᠢᠯ ᠤᠨ | ᠡᠭᠦᠯᠡ᠂ ᠰᠢᠯᠵᠢᠮᠡᠯ ᠲᠠᠯ᠎ᠠ ᠵᠡᠷᠭᠡ ᠰᠢᠰᠲ᠋ᠧᠮ ᠢ ᠪᠠᠶᠢᠷᠢᠯᠠᠭᠤᠯᠤᠨ ᠪᠡᠶᠡᠯᠡᠭᠦᠯᠵᠦ᠂ ︽ᠲᠤᠭ᠎ᠠ ᠪᠠᠷᠢᠮᠲᠠ ᠶᠢᠨ ᠵᠠᠳᠠᠯᠤᠯᠲᠠ + | ᠲᠤᠬᠠᠶ ᠶᠢᠨ ᠲᠠᠯᠠᠪᠤᠷ ᠤᠨ ᠪᠠᠶᠢᠴᠠᠭᠠᠯᠲᠠ︾ ᠶᠢᠨ ︽ᠬᠤᠤᠰ ᠭᠤᠤᠯ ᠬᠢᠨᠠᠯᠲᠠ︾ ᠶᠢᠨ ᠬᠢᠨᠠᠨ ᠪᠤᠳᠤᠬᠤ ᠵᠠᠭᠪᠤᠷ ᠢ | ᠳᠡᠯᠭᠡᠷᠡᠭᠦᠯᠦᠨ᠂ ᠬᠢᠨᠠᠨ ᠪᠤᠳᠤᠬᠤ ᠦᠷ᠎ᠡ ᠪᠦᠲᠦᠮᠵᠢ ᠪᠠ ᠢᠯᠡᠷᠡᠭᠦᠯᠦᠭᠰᠡᠨ ᠠᠰᠠᠭᠤᠳᠠᠯ ᠤᠨ ᠣᠨᠣᠪᠴᠢ ᠶᠢᠨ ᠬᠡᠮᠵᠢᠶ᠎ᠡ ᠶᠢ | ᠳᠡᠭᠡᠭᠰᠢᠯᠡᠭᠦᠯᠪᠡ᠃ ᠡᠯ᠎ᠡ ᠲᠥᠷᠥᠯ ᠤᠨ ᠬᠢᠨᠠᠨ ᠪᠤᠳᠤᠬᠤ ᠲᠥᠷᠥᠯ ᠵᠦᠢᠯ ᠳᠤ ᠨᠡᠶᠢᠲᠡ 237 ᠬᠢᠨᠠᠨ ᠪᠤᠳᠤᠬᠤ ᠵᠠᠭᠪᠤᠷ ᠢ | ᠪᠠᠶᠢᠭᠤᠯᠵᠤ᠂ ᠨᠠᠶᠢᠷᠠᠭᠤᠯᠤᠨ ᠪᠢᠴᠢᠭᠰᠡᠨ 13 ᠲᠣᠮᠣ ᠲᠤᠭ᠎ᠠ ᠪᠠᠷᠢᠮᠲᠠ ᠶᠢᠨ ᠬᠡᠷᠡᠭ ᠤᠨ ᠵᠢᠱᠢᠶ᠎ᠡ ᠪᠠ 6 ᠮᠡᠷᠭᠡᠵᠢᠯ ᠤᠨ | ᠪᠠᠭᠠᠵᠢ ᠶᠢ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠳᠤ ᠬᠡᠷᠡᠭᠯᠡᠵᠦ᠂ 40 ᠬᠥᠮᠦᠨ ᠢ ᠬᠢᠨᠠᠨ ᠪᠤᠳᠤᠬᠤ | ᠵᠠᠬᠢᠷᠭ᠎ᠠ ᠶᠢᠨ ᠺᠣᠮᠫᠢᠦ᠋ᠲ᠋ᠧᠷ ᠤᠨ ᠳᠤᠮᠳᠠ ᠵᠡᠷᠭᠡ ᠶᠢᠨ ᠪᠣᠯᠪᠠᠰᠤᠷᠠᠯ ᠤᠨ ᠰᠢᠯᠭᠠᠯᠲᠠ ᠪᠠᠷ ᠳᠡᠮᠵᠢᠨ᠂ ᠪᠥᠬᠦ ᠣᠷᠣᠨ ᠤ | ᠡᠮᠦᠨ᠎ᠡ ᠡᠩᠨᠡᠭᠡᠨ ᠳᠤ ᠣᠷᠣᠭᠤᠯᠪᠠ᠃ | ᠭᠤᠷᠪᠠ ᠳᠤ᠂ ᠳᠣᠲᠣᠭᠠᠳᠤ ᠶᠢᠨ ᠬᠢᠨᠠᠨ ᠪᠤᠳᠤᠯᠲᠠ ᠶᠢᠨ ᠵᠢᠯᠣᠭᠤᠳᠣᠯᠭ᠎ᠠ ᠬᠢᠨᠠᠯᠲᠠ ᠶᠢ ᠴᠢᠩᠭᠠᠷᠠᠭᠤᠯᠪᠠ᠃ ︽ | ᠳᠣᠲᠣᠭᠠᠳᠤ ᠶᠢᠨ ᠬᠢᠨᠠᠨ ᠪᠤᠳᠤᠬᠤ ᠶᠠᠰᠤ ᠴᠢᠨᠠᠷ ᠢ ᠪᠠᠶᠢᠴᠠᠭᠠᠬᠤ ᠠᠵᠢᠯ ᠤᠨ ᠲᠥᠰᠦᠯ︾᠂ ︽︿ᠬᠢᠨᠠᠨ ᠪᠤᠳᠤᠬᠤ ᠪᠠᠷ | ᠪᠣᠯᠪᠠᠰᠤᠷᠠᠯ ᠢ ᠣᠷᠣᠯᠠᠭᠤᠯᠬᠤ﹀ ᠳᠣᠲᠣᠭᠠᠳᠤ ᠶᠢᠨ ᠬᠢᠨᠠᠨ ᠪᠤᠳᠤᠬᠤ ᠠᠵᠢᠯᠲᠠᠨ ᠤ ᠬᠠᠮᠢᠶᠠᠷᠤᠯᠲᠠ ᠶᠢᠨ ᠠᠷᠭ᠎ᠠ︾ ᠶᠢ | ᠲᠣᠭᠲᠠᠭᠠᠵᠤ᠂ ᠳᠣᠲᠣᠭᠠᠳᠤ ᠶᠢᠨ ᠬᠢᠨᠠᠨ ᠪᠤᠳᠤᠬᠤ ᠪᠠᠶᠢᠭᠤᠯᠤᠮᠵᠢ ᠶᠢᠨ ᠬᠢᠨᠠᠯᠲᠠ ᠲᠠᠯᠪᠢᠵᠤ ᠵᠢᠯᠣᠭᠤᠳᠬᠤ ᠶᠢ | ᠴᠢᠩᠭᠠᠳᠬᠠᠪᠠ᠃ ᠳᠣᠲᠣᠭᠠᠳᠤ ᠶᠢᠨ ᠬᠢᠨᠠᠨ ᠪᠤᠳᠤᠬᠤ ᠬᠦᠴᠦᠨ ᠢ ᠳᠠᠶᠢᠴᠢᠯᠠᠵᠤ᠂ 38 ᠳᠣᠲᠣᠭᠠᠳᠤ ᠶᠢᠨ ᠬᠢᠨᠠᠨ ᠪᠤᠳᠤᠬᠤ | ᠠᠵᠢᠯᠲᠠᠨ ᠢ ︽ᠬᠢᠨᠠᠨ ᠪᠠᠶᠢᠴᠠᠭᠠᠬᠤ ᠪᠠᠷ ᠪᠣᠯᠪᠠᠰᠤᠷᠠᠯ ᠢ ᠣᠷᠣᠯᠠᠭᠤᠯᠬᠤ︾ ᠪᠠᠷ ᠳᠠᠮᠵᠢᠭᠤᠯᠤᠨ ᠬᠢᠨᠠᠨ ᠪᠤᠳᠤᠬᠤ ᠲᠥᠷᠥᠯ | ᠵᠦᠢᠯ ᠳᠤ ᠣᠷᠣᠯᠴᠠᠭᠤᠯᠵᠤ᠂ ᠬᠢᠨᠠᠯᠲᠠ ᠲᠠᠯᠪᠢᠬᠤ ᠶᠡᠭᠡ ᠪᠠᠶᠢᠷᠢᠰᠢᠯ ᠢ ᠪᠣᠶ ᠪᠣᠯᠭᠠᠪᠠ᠃ ᠬᠢᠨᠠᠨ ᠪᠤᠳᠤᠬᠤ ᠨᠡᠶᠢᠭᠡᠮᠯᠢᠭ ᠲᠤ | ᠲᠦᠰᠢᠭᠯᠡᠨ᠂ ᠤᠷᠢᠳ ᠬᠤᠵᠢᠳ 3 ᠪᠦᠯᠦᠭ ᠤᠳᠠᠭ᠎ᠠ ᠬᠤᠪᠢᠶᠠᠨ 62 ᠬᠥᠮᠦᠨ ᠢ ᠵᠣᠬᠢᠶᠠᠨ ᠪᠠᠶᠢᠭᠤᠯᠤᠨ ᠵᠠᠬᠢᠷᠭ᠎ᠠ᠂ | ᠲᠢᠩᠬᠢᠮ ᠠᠴᠠ ᠡᠷᠭᠢᠯᠡᠭᠰᠡᠨ ᠳᠣᠲᠣᠭᠠᠳᠤ ᠶᠢᠨ ᠬᠢᠨᠠᠨ ᠪᠤᠳᠤᠬᠤ ᠠᠵᠢᠯᠲᠠᠨ ᠤ ᠪᠣᠯᠪᠠᠰᠤᠷᠠᠯ ᠳᠤ ᠣᠷᠣᠯᠴᠠᠭᠤᠯᠵᠤ᠂ | ᠳᠣᠲᠣᠭᠠᠳᠤ ᠰᠢᠬᠦᠭᠴᠢ ᠶᠢᠨ ᠴᠢᠳᠠᠪᠤᠷᠢ ᠬᠡᠪ ᠴᠢᠨᠠᠷ ᠪᠠ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠡ᠃ | ︵ᠲᠦᠷᠪᠡ︶ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠬᠢᠨᠠᠨ ᠪᠠᠶᠢᠴᠠᠭᠠᠬᠤ ᠶᠢ ᠢᠳᠡᠪᠬᠢᠲᠡᠢ ᠠᠬᠢᠭᠤᠯᠵᠤ᠂ | ︽ᠲᠠᠪᠤᠨ ᠵᠦᠢᠯ ᠢ ᠳᠡᠭᠡᠭᠰᠢᠯᠡᠭᠦᠯᠬᠦ︾ ᠶᠢ ᠬᠢᠨᠠᠨ ᠪᠤᠳᠤᠬᠤ ᠦᠢᠯᠡᠳᠦᠯᠭᠡ ᠳᠤ ᠦᠨᠡᠨ ᠬᠦ ᠠᠭᠤᠰᠬᠠᠨ ᠣᠷᠤᠭᠤᠯᠪᠠ᠃ | ᠪᠢᠳᠡ ᠪᠠᠶᠢᠭᠤᠯᠭ᠎ᠠ ᠶᠢᠨ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠠᠷ ᠰᠠᠭᠤᠷᠢ ᠲᠠᠯᠪᠢᠬᠤ᠂ ᠠᠯᠤᠰ | ᠬᠡᠳᠦ ᠳᠤ ᠠᠰᠢᠭᠲᠠᠢ ᠰᠠᠭᠤᠷᠢ ᠴᠢᠨᠠᠷᠲᠠᠢ ᠠᠵᠢᠯ ᠪᠣᠯᠭᠠᠵᠤ᠂ ︽ᠬᠢᠨᠠᠨ ᠪᠤᠳᠤᠬᠤ ᠵᠣᠷᠢᠭ ᠰᠠᠨᠠᠭ᠎ᠠ ᠪᠠᠷ ᠪᠡᠶ᠎ᠡ ᠪᠠᠨ ᠵᠠᠰᠠᠵᠤ᠂ | ᠰᠢᠨ᠎ᠡ ᠶᠢ ᠡᠭᠦᠳᠬᠦ ᠵᠢᠷᠤᠮᠵᠢᠯ ᠢᠶᠠᠷ ᠦᠢᠯᠡᠰ ᠪᠤᠰᠬᠠᠵᠤ᠂ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠪᠠᠷ ᠢᠲᠡᠭᠡᠯ | ᠣᠯᠭᠤᠬᠤ︾ ᠶᠡᠷᠦᠩᠬᠡᠢ ᠱᠠᠭᠠᠷᠳᠠᠯᠭ᠎ᠠ ᠲᠠᠢ ᠪᠦᠬᠦ ᠲᠠᠯ᠎ᠠ ᠪᠠᠷ ᠬᠠᠷᠭᠤᠭᠤᠯᠵᠤ᠂ ᠬᠢᠨᠠᠨ ᠪᠤᠳᠤᠬᠤ ᠡᠭᠦᠷᠭᠡ ᠶᠢ ᠴᠢᠨᠠᠷ | ᠰᠠᠶᠢᠲᠠᠢ ᠥᠨᠳᠥᠷ ᠪᠦᠲᠦᠮᠵᠢᠲᠡᠢ ᠪᠡᠶᠡᠯᠡᠭᠦᠯᠬᠦ ᠳᠤ ᠪᠠᠲᠤᠯᠠᠭ᠎ᠠ ᠬᠠᠩᠭᠠᠪᠠ᠃ | ᠨᠢᠭᠡ ᠳᠤ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠪᠡ᠃ ᠬᠢᠨᠠᠨ ᠪᠤᠳᠤᠬᠤ ᠶᠠᠰᠤ ᠴᠢᠨᠠᠷ ᠨᠢ ︽ | ᠰᠣᠳᠣᠨ ᠪᠦᠲᠦᠭᠡᠯ ᠭᠠᠷᠭᠠᠬᠤ ᠪᠠᠷ ᠮᠠᠰᠢᠲᠠ ᠴᠢᠷᠮᠠᠶᠢᠬᠤ︾ ᠶᠢ ᠪᠠᠷᠢᠮᠲᠠᠯᠠᠵᠤ᠂ ︽ᠰᠢᠯᠢᠳᠡᠭ ᠬᠢᠨᠠᠨ ᠪᠤᠳᠤᠬᠤ ᠲᠥᠷᠥᠯ | ᠵᠦᠢᠯ ᠢ ᠰᠢᠯᠭᠠᠷᠠᠭᠤᠯᠬᠤ ᠠᠷᠭ᠎ᠠ︾ ︽ᠬᠢᠨᠠᠨ ᠪᠤᠳᠤᠬᠤ ᠮᠡᠳᠡᠭᠦᠯᠦᠯᠲᠡ ᠶᠢᠨ ᠰᠢᠯᠢᠳᠡᠭ ᠵᠥᠷᠢᠶᠡᠲᠦ ᠦᠨᠡᠯᠡᠯᠲᠡ ᠶᠢᠨ | ᠲᠥᠰᠦᠯ︾ ᠢ ᠲᠣᠭᠲᠠᠭᠠᠵᠤ᠂ ᠰᠢᠯᠢᠳᠡᠭ ᠢ ᠰᠢᠯᠭᠠᠷᠠᠭᠤᠯᠬᠤ ᠪᠠᠷ ᠬᠢᠨᠠᠨ ᠪᠤᠳᠤᠬᠤ ᠶᠠᠰᠤ ᠴᠢᠨᠠᠷ ᠢ ᠳᠠᠶᠢᠴᠢᠯᠠᠪᠠ᠃ ᠬᠢᠨᠠᠨ | ᠪᠤᠳᠤᠬᠤ ᠶᠠᠰᠤ ᠴᠢᠨᠠᠷ ᠤᠨ ᠡᠵᠡᠮᠳᠡᠯ ᠢ ᠴᠢᠩᠭᠠᠷᠠᠭᠤᠯᠵᠤ᠂ ︽ᠬᠢᠨᠠᠨ ᠪᠤᠳᠤᠬᠤ ᠶᠠᠰᠤ ᠴᠢᠨᠠᠷ ᠤᠨ ᠪᠥᠬᠦ ᠠᠵᠢᠯᠲᠠᠨ᠂ ᠪᠥᠬᠦ | ᠶᠠᠪᠤᠴᠠ᠂ ᠪᠥᠬᠦ ᠬᠦᠴᠦᠨ ᠵᠦᠢᠯ ᠤᠨ ᠬᠠᠮᠢᠶᠠᠷᠤᠨ ᠡᠵᠡᠮᠳᠡᠬᠦ ᠰᠠᠨᠠᠭᠤᠯᠤᠮᠵᠢ ᠶᠢᠨ ᠨᠠᠷᠢᠨ ᠬᠠᠭᠤᠳᠠᠰᠤ︾᠂ ︽ᠭᠤᠤᠯ | ᠪᠣᠯᠬᠤ ᠬᠢᠨᠠᠨ ᠪᠤᠳᠤᠬᠤ ᠪᠢᠴᠢᠭ ᠬᠠᠷ᠎ᠠ ᠶᠢᠨ ᠯᠠᠪᠯᠠᠯᠲᠠ ᠶᠢᠨ ᠬᠡᠯᠪᠡᠷᠢ︾ ᠶᠢ ᠨᠠᠶᠢᠷᠠᠭᠤᠯᠤᠨ ᠳᠠᠷᠤᠮᠠᠯᠯᠠᠵᠤ᠂ ᠬᠢᠨᠠᠨ | ᠬᠠᠷᠭᠤᠭᠤᠯᠬᠤ᠂ ᠳᠠᠬᠢᠨ ᠬᠢᠨᠠᠬᠤ᠂ ᠰᠢᠭᠦᠬᠦ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠪᠠ᠃ ᠡᠯ᠎ᠡ ᠬᠤᠰᠢᠭᠤ | ᠰᠢᠶᠠᠨ ᠲᠣᠭᠤᠷᠢᠭ ᠤᠨ ᠬᠢᠨᠠᠨ ᠪᠤᠳᠤᠬᠤ ᠪᠠᠶᠢᠭᠤᠯᠭ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠬᠢᠨᠠᠨ ᠪᠤᠳᠤᠬᠤ | ᠲᠤᠬᠠᠶᠢᠯᠠᠭᠰᠠᠨ ᠠᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠨᠡᠶᠢᠲᠡ 50 | ᠬᠢᠨᠠᠨ ᠪᠤᠳᠤᠬᠤ ᠲᠥᠷᠥᠯ ᠵᠦᠢᠯ᠂ 87 ᠳᠠᠩᠰᠠ ᠡᠪᠬᠡᠮᠡᠯ ᠢ ᠰᠤᠭᠤᠴᠢᠨ ᠪᠠᠶᠢᠴᠠᠭᠠᠵᠤ᠂ 13 ᠲᠠᠯ᠎ᠠ ᠶᠢᠨ 391 | ᠠᠰᠠᠭᠤᠳᠠᠯ ᠢ ᠢᠯᠡᠷᠡᠭᠦᠯᠵᠦ᠂ 7 ᠵᠤᠷᠪᠤᠰ ᠠᠵᠢᠯ ᠤᠨ ᠰᠠᠨᠠᠭᠤᠯᠭ᠎ᠠ ᠳᠤᠷᠠᠳᠪᠠ᠃ ᠪᠥᠬᠦ ᠣᠷᠣᠨ ᠤ ᠬᠢᠨᠠᠨ ᠪᠤᠳᠤᠬᠤ | ᠲᠥᠷᠥᠯ ᠵᠦᠢᠯ ᠤᠨ ᠳᠠᠷᠠᠭᠠᠬᠢ ᠦᠨᠡᠯᠡᠨ ᠵᠢᠱᠢᠯᠲᠡ᠂ ᠬᠢᠨᠠᠨ ᠪᠤᠳᠤᠯᠲᠠ ᠶᠢᠨ ᠮᠡᠳᠡᠭᠦᠯᠦᠯᠲᠡ ᠶᠢᠨ ᠰᠢᠯᠢᠳᠡᠭ ᠵᠥᠷᠢᠶᠡᠲᠦ | ᠦᠨᠡᠯᠡᠯᠲᠡ ᠳᠤ᠂ ᠡᠯ᠎ᠡ ᠵᠦᠢᠯ ᠤᠨ ᠨᠡᠷᠡᠰ ᠤᠨ ᠵᠢᠭᠰᠠᠭᠠᠯᠲᠠ ᠡᠮᠦᠨ᠎ᠡ ᠡᠩᠨᠡᠭᠡ ᠳᠤ ᠣᠷᠣᠬᠤ ᠪᠠᠨ ᠪᠠᠲᠤᠯᠠᠪᠠ᠃ | ᠬᠤᠶᠠᠷ ᠲᠤ᠂ ᠦᠷ᠎ᠡ ᠪᠦᠲᠦᠭᠡᠯ ᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠨᠢᠭᠦᠯᠪᠡ᠃ ᠬᠢᠨᠠᠨ ᠪᠤᠳᠤᠯᠳᠠ ᠶᠢᠨ | ᠮᠡᠳᠡᠭᠦᠯᠦᠯᠲᠡ ᠶᠢ ᠭᠦᠨᠵᠡᠭᠡᠢ ᠡᠳ᠋ᠰᠢᠭᠦᠯᠬᠦ ᠶᠢ ᠰᠠᠶᠢᠲᠤᠷ ᠬᠢᠵᠦ᠂ ᠶᠡᠷᠦᠩᠬᠡᠶᠢᠯᠡᠭᠰᠡᠨ ᠮᠡᠳᠡᠭᠦᠯᠦᠯᠲᠡ᠂ ᠲᠤᠰᠬᠠᠢ ᠰᠡᠳᠦᠪᠲᠦ | ᠮᠡᠳᠡᠭᠦᠯᠦᠯᠲᠡ᠂ ᠲᠤᠰᠬᠠᠢ ᠲᠦᠷᠦᠯ ᠤᠨ ᠮᠡᠳᠡᠭᠦᠯᠦᠯᠲᠡ ᠶᠢ ᠴᠠᠭ ᠲᠤᠬᠠᠢ ᠳᠤ ᠨᠢ ᠪᠣᠯᠪᠠᠰᠤᠷᠠᠭᠤᠯᠤᠨ ᠪᠦᠷᠢᠯᠳᠦᠭᠦᠯᠵᠦ᠂ | ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠯᠠᠪᠯᠠᠯᠲᠠ | ᠬᠠᠩᠭᠠᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ᠂ | ᠵᠠᠰᠠᠭ ᠤᠨ ᠣᠷᠳᠣᠨ ᠤ ᠪᠠᠯᠠ ᠣᠷᠣᠭᠤᠯᠤᠯᠲᠠ᠂ ᠪᠸᠢ ᠯᠢᠶᠠᠩ ᠤᠨ ᠳᠥᠭᠦᠮ ᠪᠦᠳᠦᠭᠦᠯᠢᠭ ᠣᠷᠣᠨ ᠰᠠᠭᠤᠴᠠ ᠶᠢ | ᠥᠭᠡᠷᠡᠴᠢᠯᠡᠨ ᠰᠢᠨᠡᠳᠬᠡᠬᠦ ᠵᠡᠷᠭᠡ ᠬᠢᠨᠠᠨ ᠪᠤᠳᠤᠭᠰᠠᠨ ᠦᠷ᠎ᠡ ᠳ᠋ᠦᠩ ᠤᠨ ᠲᠣᠭᠤᠷᠢᠨ ᠳᠤ᠂ ᠬᠤᠲᠠ ᠶᠢᠨ ᠨᠠᠮ ᠤᠨ | ᠬᠤᠷᠢᠶᠠᠨ ᠤ ᠬᠢᠨᠠᠨ ᠪᠤᠳᠤᠬᠤ ᠵᠥᠪᠯᠡᠯ ᠳᠤ ᠡᠯ᠎ᠡ ᠲᠥᠷᠥᠯ ᠤᠨ ᠮᠡᠳᠡᠭᠦᠯᠦᠯᠲᠡ ᠶᠢ 14 ᠬᠤᠪᠢ ᠮᠡᠳᠡᠭᠦᠯᠵᠦ᠂ ᠡᠭᠦᠨ ᠳᠤ | 10 ᠬᠤᠪᠢ ᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠶᠢᠨ | ᠮᠥᠨ ᠴᠢᠨᠠᠷ ᠤᠨ ᠴᠣᠬᠤᠯᠠᠪᠤᠷᠢ ᠶᠢ ᠣᠯᠤᠭᠰᠠᠨ ᠪᠠᠶᠢᠨ᠎ᠠ᠃ ᠬᠢᠨᠠᠨ ᠪᠤᠳᠤᠬᠤ ᠲᠥᠷᠥᠯ ᠵᠦᠢᠯ ᠳᠤ ᠲᠦᠰᠢᠭᠯᠡᠨ᠂ 681 | ᠬᠤᠪᠢ ᠬᠢᠨᠠᠨ ᠪᠤᠳᠤᠬᠤ ᠮᠡᠳᠡᠭᠡ ᠵᠠᠩᠭᠢ ᠶᠢ ᠨᠠᠶᠢᠷᠠᠭᠤᠯᠤᠨ ᠮᠡᠳᠡᠭᠦᠯᠵᠦ᠂ ᠬᠤᠲᠠ ᠶᠢᠨ ᠱᠠᠲᠤ ᠵᠢᠴᠢ ᠲᠡᠭᠦᠨ ᠠᠴᠠ | ᠳᠡᠭᠡᠭᠰᠢᠬᠢ ᠭᠤᠤᠯ ᠵᠠᠭᠤᠴᠢᠯᠠᠭᠤᠷ ᠲᠤ 339 ᠬᠤᠪᠢ ︵ᠤᠳᠠᠭ᠎ᠠ︶ ᠬᠢᠨᠠᠨ ᠪᠤᠳᠤᠬᠤ ᠰᠠᠨᠠᠭᠤᠯᠭ᠎ᠠ ᠶᠢ 546 ᠵᠤᠷᠪᠤᠰ | ᠳᠤᠷᠠᠳᠤᠨ ᠭᠠᠷᠭᠠᠪᠠ᠃ ᠣᠯᠠᠨ ᠵᠦᠢᠯ ᠤᠨ ᠬᠡᠯᠪᠡᠷᠢ ᠪᠠᠷ ᠬᠢᠨᠠᠨ ᠪᠤᠳᠤᠬᠤ ᠪᠠᠶᠢᠭᠤᠯᠭ᠎ᠠ ᠪᠠᠶᠢᠭᠤᠯᠤᠭᠳᠠᠭᠰᠠᠨ 40 ᠵᠢᠯ ᠤᠨ | ᠣᠢ᠂ ᠪᠥᠬᠦ ᠬᠤᠲᠠ ᠶᠢᠨ ᠬᠢᠨᠠᠨ ᠪᠤᠳᠤᠬᠤ ᠪᠠᠶᠢᠭᠤᠯᠭ᠎ᠠ ᠶᠢᠨ ᠵᠣᠬᠢᠶᠠᠯ ᠡᠯᠰᠡᠬᠦ ᠠᠵᠢᠯᠯᠠᠭ᠎ᠠ ᠶᠢᠨ ᠳᠤᠮᠳᠠ᠂ 16 ᠨᠡᠷᠡᠰ | ᠱᠠᠩᠨᠠᠯ ᠣᠯᠤᠭᠰᠠᠨ ᠬᠥᠮᠦᠰ ᠢ ᠰᠢᠯᠭᠠᠷᠠᠭᠤᠯᠤᠨ ᠭᠠᠷᠭᠠᠵᠤ᠂ ᠬᠢᠨᠠᠨ ᠪᠤᠳᠤᠬᠤ ᠴᠤᠭ ᠵᠢᠪᠬᠤᠭ᠎ᠠ ᠶᠢ ᠢᠯᠡᠷᠡᠭᠦᠯᠵᠦ᠂ ᠰᠢᠨ᠎ᠡ | ᠴᠠᠭ ᠦᠶ᠎ᠡ ᠶᠢᠨ ᠬᠢᠨᠠᠨ ᠪᠤᠳᠤᠬᠤ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠤᠰ ᠤᠨ ᠢᠶᠠᠨ | ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠂ ᠠᠷᠠᠳ ᠲᠦᠮᠡᠨ ᠤ ᠲᠥᠯᠥᠭᠡ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠭᠡᠬᠦ ᠰᠡᠳᠬᠢᠯᠭᠡ ᠪᠠᠨ ᠴᠢᠩᠭᠠᠷᠠᠭᠤᠯᠬᠤ ᠶᠢ ᠵᠣᠷᠢᠭᠵᠢᠭᠤᠯᠪᠠ᠃ ᠭᠤᠷᠪᠠ ᠳᠤ᠂ ᠴᠡᠭᠴᠡᠯᠡᠨ ᠰᠠᠶᠢᠵᠢᠷᠠᠭᠤᠯᠵᠤ | ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠪᠡ᠃ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠡᠳᠦᠷ ᠲᠤᠲᠤᠮ ᠤᠨ | ᠬᠢᠨᠠᠯᠲᠠ ᠲᠠᠯᠪᠢᠬᠤ ᠴᠢᠬᠤᠯᠠ ᠭᠠᠷᠳᠠᠴᠠ ᠪᠣᠯᠭᠠᠵᠤ᠂ ᠬᠢᠨᠠᠨ ᠪᠤᠳᠤᠵᠤ ᠢᠯᠡᠷᠡᠭᠦᠯᠦᠭᠰᠡᠨ ᠠᠰᠠᠭᠤᠳᠠᠯ ᠤᠨ ᠡᠮᠦᠨᠡᠬᠢ ᠠᠵᠢᠯ | ᠪᠠ ᠴᠡᠭᠴᠡᠯᠡᠨ ᠰᠠᠶᠢᠵᠢᠷᠠᠭᠤᠯᠬᠤ ᠲᠠᠷᠠᠭᠠᠴᠢ ᠶᠢᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠪᠠ᠃ ︽ᠬᠢᠨᠠᠨ | ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠨᠤᠲᠠᠯᠠᠬᠤ ᠪᠠ | ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠬᠠᠰᠤᠬᠤ ᠶᠢ ᠬᠡᠷᠡᠭᠵᠢᠭᠦᠯᠬᠦ ᠠᠷᠭ᠎ᠠ︾᠂ ︽ᠬᠢᠨᠠᠨ ᠪᠤᠳᠤᠯᠲᠠ ᠪᠠᠷ ᠪᠠᠶᠢᠴᠠᠭᠠᠵᠤ | ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠰᠢᠮᠳᠠᠭᠤᠯᠤᠨ ᠪᠠᠶᠢᠴᠠᠭᠠᠬᠤ ᠠᠵᠢᠯ ᠤᠨ ᠬᠡᠷᠡᠭᠵᠢᠭᠦᠯᠬᠦ ᠠᠷᠭ᠎ᠠ︾ | ᠶᠢ ᠲᠣᠭᠲᠠᠭᠠᠵᠤ᠂ ᠨᠠᠷᠢᠨ ᠬᠠᠭᠤᠳᠠᠰᠤ ᠶᠢ ᠲᠤᠰᠢᠶᠠᠨ ᠰᠢᠢᠳᠪᠦᠷᠢᠯᠡᠭᠦᠯᠬᠦ᠂ ᠲᠣᠭᠲᠠᠮᠠᠯ ᠬᠤᠭᠤᠴᠠᠭ᠎ᠠ ᠲᠠᠢ ᠪᠠᠷ | ᠰᠠᠨᠠᠭᠤᠯᠬᠤ᠂ ᠬᠠᠷᠢᠭᠤ ᠲᠤᠰᠬᠠᠵᠤ ᠬᠢᠨᠠᠨ ᠬᠠᠷᠭᠤᠭᠤᠯᠬᠤ ᠶᠢᠨ ︽ᠰᠢᠮᠳᠠᠭᠤᠯᠬᠤ᠂ ᠥᠭᠡᠷᠡᠴᠢᠯᠡᠭᠦᠯᠬᠦ᠂ ᠪᠣᠷᠣᠯᠠᠭᠤᠯᠬᠤ ᠶᠢ | ᠬᠢᠨᠠᠨ ᠬᠠᠷᠭᠤᠭᠤᠯᠬᠤ︾ ᠪᠢᠲᠡᠭᠦᠦ ᠭᠤᠭᠴᠤᠭ᠎ᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ︽ᠬᠠᠭᠠᠰ ᠰᠠᠷ᠎ᠠ ᠳᠤ ᠨᠢᠭᠡ | ᠳᠣᠭᠢᠷᠠᠭᠤᠯᠵᠤ᠂ ᠨᠢᠭᠡ ᠰᠠᠷ᠎ᠠ ᠳᠤ ᠨᠢᠭᠡ ᠵᠠᠷᠯᠠᠨ ᠮᠡᠳᠡᠭᠳᠡᠬᠦ︾ ᠶᠢ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠶᠢ | ᠰᠢᠮᠳᠠᠭᠤᠯᠬᠤ ᠶᠢ ᠪᠠᠶᠢᠩᠭᠤᠵᠢᠭᠤᠯᠬᠤ ᠶᠢ ᠪᠡᠶᠡᠯᠡᠭᠦᠯᠪᠡ᠃ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠶᠢ ᠠᠬᠢᠭᠤᠯᠵᠤ᠂ | ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠠᠢ ᠬᠠᠮᠲᠤᠷᠠᠨ ︽︿ᠳᠥᠷᠪᠡᠨ | ᠵᠦᠢᠯ ᠤᠨ ᠬᠢᠨᠠᠯᠲᠠ ᠲᠠᠯᠪᠢᠯᠲᠠ﹀ ᠶᠢ ᠨᠡᠪᠲᠡᠷᠡᠭᠦᠯᠦᠨ ᠬᠠᠮᠵᠢᠯᠴᠠᠭᠤᠯᠬᠤ︾᠂ ︽ᠠᠰᠠᠭᠤᠳᠠᠯ ᠤᠨ ᠰᠦᠪᠡᠭᠴᠢ ᠶᠢ ᠬᠤᠤᠰ | ᠴᠢᠭᠯᠡᠯ ᠢᠶᠠᠷ ᠰᠢᠯᠵᠢᠭᠦᠯᠦᠨ ᠬᠦᠷᠭᠡᠬᠦ︾ ᠬᠤᠶᠠᠷ ᠠᠷᠭ᠎ᠠ ᠶᠢ ᠨᠡᠶᠢᠲᠡᠯᠡᠵᠦ᠂ ᠬᠤᠲᠠ ᠶᠢᠨ ᠲᠤᠭ᠎ᠠ ᠪᠦᠷᠢᠳᠬᠡᠯ ᠤᠨ | ᠲᠣᠪᠴᠢᠶ᠎ᠠ ᠲᠠᠢ ᠬᠠᠮᠲᠤᠷᠠᠨ ︽ᠬᠠᠮᠵᠢᠯᠴᠠᠬᠤ ᠵᠣᠬᠢᠴᠠᠮᠵᠢ ᠶᠢᠨ ᠰᠠᠨᠠᠯ︾ ᠢ ᠳᠠᠷᠤᠮᠠᠯᠯᠠᠨ ᠲᠠᠷᠬᠠᠭᠠᠵᠤ᠂ 3 ᠤᠳᠠᠭ᠎ᠠ ︽︿ | 1 + 9﹀ ᠬᠢᠨᠠᠯᠲᠠ ᠲᠠᠯᠪᠢᠬᠤ ᠲᠠᠪᠴᠠᠩ︾ ᠤᠨ 243 ᠬᠤᠪᠢ ᠠᠰᠠᠭᠤᠳᠠᠯ ᠢ ᠳᠡᠭᠡᠭᠰᠢ ᠶᠢᠨ ᠳᠠᠮᠵᠢᠭᠤᠯᠵᠤ᠂ ᠴᠡᠭᠴᠡᠯᠡᠨ | ᠰᠠᠶᠢᠵᠢᠷᠠᠭᠤᠯᠬᠤ ᠬᠤᠭᠤᠴᠠᠭᠠᠨ ᠳᠤ ᠬᠦᠷᠦᠭᠰᠡᠨ ᠠᠰᠠᠭᠤᠳᠠᠯ ᠢ ᠪᠦᠬᠦᠨ ᠢ ᠬᠦᠴᠦᠨ ᠥᠬᠡᠶ ᠪᠣᠯᠭᠠᠪᠠ᠃ | ᠲᠦᠷᠪᠡ ᠳᠤ᠂ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠪᠡ᠃ ︽ᠺᠠᠳ᠋ᠷ ᠤᠨ ᠬᠥᠮᠦᠵᠢᠯ | ᠪᠣᠯᠪᠠᠰᠤᠷᠠᠯ ᠤᠨ ᠭᠤᠷᠪᠠᠨ ᠵᠢᠯ ᠤᠨ ᠲᠥᠯᠥᠪᠯᠡᠭᠡ︾ ᠶᠢ ᠬᠡᠷᠡᠭᠵᠢᠭᠦᠯᠵᠦ᠂ ᠺᠠᠳ᠋ᠷᠴᠤᠳ ᠤᠨ ᠰᠤᠷᠤᠯᠭ᠎ᠠ ᠶᠢᠨ ᠨᠠᠮᠲᠠᠷ ᠢᠶᠠᠷ | ᠮᠡᠷᠭᠡᠵᠢᠯ ᠤᠨ ᠴᠣᠯᠠ ᠲᠣᠭᠲᠠᠭᠠᠬᠤ ᠶᠢ ᠵᠣᠷᠢᠭᠵᠢᠭᠤᠯᠵᠤ᠂ ᠪᠥᠬᠦ ᠲᠠᠯ᠎ᠠ ᠶᠢᠨ ᠵᠢᠩᠬᠢᠨᠢ ᠠᠩᠭᠢ ᠠᠴᠠ ᠳᠡᠭᠡᠭᠰᠢᠬᠢ | ᠰᠤᠷᠤᠯᠭ᠎ᠠ ᠶᠢᠨ ᠨᠠᠮᠲᠠᠷ ᠲᠠᠢ ᠨᠢ 98% ᠳᠤ ᠬᠦᠷᠴᠦ᠂ ᠳᠤᠮᠳᠠ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ | ᠬᠥᠮᠦᠰ ᠨᠢ 70% ᠣᠷᠴᠢᠮ ᠪᠠᠶᠢᠨ᠎ᠠ᠃ ︽ᠪᠥᠬᠦ ᠬᠤᠲᠠ ᠶᠢᠨ ᠬᠢᠨᠠᠨ ᠪᠤᠳᠤᠬᠤ ᠪᠠᠶᠢᠭᠤᠯᠭ᠎ᠠ ᠶᠢᠨ ︿ᠳᠥᠷᠪᠡᠨ | ᠴᠢᠳᠠᠪᠤᠷᠢ ᠲᠠᠢ ᠺᠠᠳ᠋ᠷ﹀ ᠢ ᠰᠣᠩᠭᠤᠨ ᠪᠣᠶ ᠪᠣᠯᠭᠠᠬᠤ ᠠᠵᠢᠯ ᠤᠨ ᠲᠥᠰᠦᠯ︾ ᠢ ᠲᠣᠭᠲᠠᠭᠠᠵᠤ᠂ 14 ᠺᠠᠳ᠋ᠷ ᠥᠪᠡᠷᠲᠡᠭᠡᠨ | ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠳᠤ ︽ᠳᠥᠷᠪᠡᠨ ᠴᠢᠳᠠᠪᠤᠷᠢ ᠲᠠᠢ︾ ᠲᠤᠬᠠᠶᠢᠯᠠᠭᠰᠠᠨ ᠠᠵᠢᠯ ᠤᠨ | ᠴᠢᠳᠠᠪᠤᠷᠢᠲᠠᠨ ᠢᠶᠠᠷ ᠦᠨᠡᠯᠡᠭᠳᠡᠪᠡ᠃ ︽ᠠᠵᠢᠯᠯᠠᠬᠤ ᠰᠤᠷᠤᠯᠴᠠᠬᠤ ᠠᠷᠭ᠎ᠠ︾ ᠶᠢ ᠶᠡᠭᠡ ᠪᠠᠷ ᠬᠡᠷᠡᠭᠵᠢᠭᠦᠯᠵᠦ᠂ ᠰᠤᠷᠤᠯᠴᠠᠬᠤ | ᠳᠤᠮᠳᠠ ᠠᠵᠢᠯᠯᠠᠨ᠂ ᠠᠵᠢᠯᠯᠠᠬᠤ ᠳᠤᠮᠳᠠ ᠰᠤᠷᠤᠯᠴᠠᠨ᠂ ᠲᠤᠰᠬᠠᠶ ᠮᠡᠷᠭᠡᠵᠢᠯ ᠤᠨ ᠴᠢᠳᠠᠪᠤᠷᠢ ᠪᠠᠨ ᠦᠷᠭᠦᠯᠵᠢᠯᠡᠨ | ᠪᠠᠬᠢᠵᠢᠭᠦᠯᠵᠦ᠂ ᠠᠵᠢᠯ ᠮᠡᠷᠭᠡᠵᠢᠯ ᠤᠨ ᠵᠣᠷᠢᠭ ᠰᠠᠨᠠᠭ᠎ᠠ ᠶᠢ ᠬᠦᠮᠦᠵᠢᠭᠦᠯᠪᠡ᠃ ᠤᠷᠢᠳ ᠬᠤᠵᠢᠳ 50 ᠭᠠᠷᠤᠶ ᠺᠠᠳ᠋ᠷ ᠢ | ᠰᠣᠭᠤᠴᠢᠨ ᠲᠣᠬᠢᠷᠠᠭᠤᠯᠵᠤ ᠲᠦᠷ ᠴᠠᠭ ᠲᠤᠰᠢᠶᠠᠯ ᠡᠭᠦᠷᠭᠡᠯᠡᠭᠦᠯᠬᠦ᠂ ᠰᠢᠯᠵᠢᠭᠦᠯᠦᠨ ᠪᠣᠯᠪᠠᠰᠤᠷᠠᠭᠤᠯᠬᠤ᠂ ᠭᠠᠳᠠᠭᠰᠢ | ᠲᠣᠮᠢᠯᠠᠨ ᠬᠢᠨᠠᠨ ᠪᠣᠳᠤᠭᠤᠯᠬᠤ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ᠂ | ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠤᠨ ᠬᠢᠨᠠᠨ ᠵᠢᠯᠣᠭᠤᠳᠬᠤ ᠪᠠ ᠬᠡᠷᠡᠭ ᠢ ᠪᠠᠶᠢᠴᠠᠭᠠᠬᠤ ᠵᠡᠷᠭᠡ ᠠᠵᠢᠯ ᠳᠤ ᠣᠷᠣᠯᠴᠠᠭᠤᠯᠪᠠ᠃ | ᠲᠠᠪᠤ ᠳᠤ᠂ ᠨᠠᠮ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠨᠢᠭᠦᠯᠪᠡ᠃ ︽ᠨᠠᠮ ᠤᠨ ᠪᠦᠲᠦᠭᠡᠨ | ᠪᠠᠶᠢᠭᠤᠯᠤᠯᠲᠠ ᠶᠢᠨ ︿ᠭᠤᠷᠪᠠᠨ ᠱᠠᠲᠤ ᠳᠥᠷᠪᠡᠨ ᠠᠵᠢᠯ ᠤᠨ ᠪᠠᠶᠢᠷᠢ﹀ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ | ᠶᠢ ᠲᠣᠭᠲᠠᠭᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠳᠤ ᠬᠤᠤᠰ | ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠨᠠᠶᠢᠳᠠᠪᠤᠷᠢᠵᠢᠭᠤᠯᠪᠠ᠃ ᠨᠠᠮ ᠤᠨ ᠭᠡᠰᠢᠭᠦᠨ ᠤ ᠠᠵᠢᠯᠯᠠᠭᠠᠨ ᠤ ᠲᠠᠰᠤᠭ᠂ ︽ | ᠨᠠᠮ ᠤᠨ ᠪᠠᠶᠢᠭᠤᠯᠤᠯᠲᠠ ᠶᠢᠨ ᠵᠠᠭᠤᠨ ᠮᠧᠳ᠋ᠷ ᠤᠨ ᠤᠷᠳᠤ ᠬᠤᠩᠬᠢᠯ︾ ᠵᠡᠷᠭᠡ ᠨᠠᠮ ᠤᠨ ᠪᠠᠶᠢᠭᠤᠯᠤᠯᠲᠠ ᠶᠢᠨ ᠲᠦᠷᠦᠯ | ᠲᠡᠮᠲᠡᠭᠲᠦ ᠶᠢ ᠢᠳᠡᠪᠬᠢᠲᠡᠢ ᠡᠭᠦᠳᠴᠦ᠂ ᠪᠠᠶᠢᠭᠤᠯᠭ᠎ᠠ ᠶᠢᠨ 5 ᠨᠠᠮ ᠤᠨ ᠡᠭᠦᠷ ᠪᠦᠬᠦᠨ ᠢᠶᠠᠷ ᠢᠶᠠᠨ ︽ᠬᠠᠮᠤᠭ ᠤᠨ | ᠬᠦᠴᠦᠷᠬᠡᠭ ᠨᠠᠮ ᠤᠨ ᠡᠭᠦᠷ︾ ᠢᠶᠠᠷ ᠦᠨᠡᠯᠡᠭᠳᠡᠪᠡ᠃ ︽ᠬᠤᠣᠰ ᠨᠡᠷ᠎ᠡ ᠮᠡᠳᠡᠭᠦᠯᠦᠯᠲᠡ᠂ ᠬᠤᠣᠰ ᠦᠢᠯᠡᠴᠢᠯᠡᠭᠡ᠂ ᠬᠤᠣᠰ | ᠮᠡᠳᠡᠭᠦᠯᠦᠯᠲᠡ︾ ᠶᠢᠨ ᠠᠵᠢᠯᠯᠠᠭ᠎ᠠ ᠶᠢ ᠨᠠᠷᠢᠨ ᠬᠢᠨᠠᠮᠠᠭᠠᠶ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ︽ᠯᠦ ᠴᠧᠩ | ᠰᠢᠶᠠᠨ ᠹᠧᠩ︾ ᠢᠶᠠᠷ ᠳᠠᠮᠵᠢᠭᠤᠯᠤᠨ 120 ᠭᠠᠷᠤᠶ ᠵᠦᠢᠯ ᠤᠨ ᠨᠡᠶᠢᠭᠡᠮ ᠲᠣᠭᠤᠷᠢᠭ ᠤᠨ ᠡᠭᠦᠷᠭᠡ ᠶᠢ ᠳᠠᠭᠠᠭᠠᠨ ᠠᠪᠴᠤ | ᠪᠡᠶᠡᠯᠡᠭᠦᠯᠪᠡ᠃ ᠪᠣᠳᠠᠲᠠᠶ ᠱᠠᠭᠠᠷᠳᠠᠯᠭ᠎ᠠ ᠶᠣᠰᠣᠭᠠᠷ ᠭᠤᠤᠯ ᠰᠡᠳᠦᠪᠲᠦ ᠬᠥᠮᠦᠵᠢᠯ ᠢ ᠥᠷᠨᠢᠭᠦᠯᠵᠦ᠂ ᠭᠤᠤᠯ ᠰᠡᠳᠦᠪ ᠭᠤᠤᠯ | ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ᠂ ᠨᠣᠮ ᠤᠩᠰᠢᠬᠤ ᠠᠩᠭᠢ ᠶᠢ 4 ᠬᠤᠭᠤᠴᠠᠭ᠎ᠠ ᠵᠣᠬᠢᠶᠠᠨ ᠪᠠᠶᠢᠭᠤᠯᠵᠤ᠂ | ᠣᠨᠣᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ | ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠯᠠᠪᠳᠠᠭᠤᠨ ᠪᠠᠲᠤᠲᠠᠶ ᠠᠬᠢᠭᠤᠯᠵᠤ᠂ ᠥᠪᠡᠷᠲᠡᠭᠡᠨ | ᠵᠠᠰᠠᠬᠤ ᠣᠷᠣᠨ ᠤ ᠬᠢᠨᠠᠨ ᠵᠢᠯᠣᠭᠤᠳᠬᠤ ᠳᠤᠭᠤᠶᠢᠯᠠᠩ ᠬᠤᠲᠠ ᠶᠢᠨ ᠬᠢᠨᠠᠨ ᠪᠤᠳᠤᠬᠤ ᠲᠣᠪᠴᠢᠶ᠎ᠠ ᠳᠤ ᠢᠷᠡᠵᠦ ᠬᠠᠷᠢᠭᠤ | ᠮᠡᠳᠡᠭᠦᠯᠦᠯᠲᠡ ᠶᠢ ᠰᠣᠨᠣᠰᠣᠭᠰᠠᠨ ᠤ ᠬᠠᠮᠲᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠳᠤ ᠣᠷᠣᠯᠴᠠᠵᠤ᠂ ᠬᠦᠢᠴᠡᠳ | ᠨᠤᠲᠠᠯᠠᠪᠠ᠃ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ ᠦᠢᠯᠡᠳᠦᠯᠭᠡ ᠶᠢᠨ | ᠠᠵᠢᠯᠯᠠᠭ᠎ᠠ ᠶᠢ ᠪᠠᠶᠢᠩᠭᠤᠵᠢᠭᠤᠯᠤᠨ ᠠᠬᠢᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠨ᠎ᠡ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ︽ᠬᠢᠨᠠᠨ ᠪᠤᠳᠤᠬᠤ ᠳᠤᠭᠤᠶᠢᠯᠠᠩ | + ᠲᠦᠷ ᠴᠠᠭ ᠤᠨ ᠨᠠᠮ ᠤᠨ ᠡᠭᠦᠷ︾᠂ ︽ᠨᠢᠭᠡ ᠳᠤᠭᠤᠶᠢᠯᠠᠩ ᠭᠤᠷᠪᠠᠨ ᠭᠡᠰᠢᠭᠦᠨ︾᠂ ︽ᠪᠢᠴᠢᠭ ᠤᠨ ᠺᠠᠷᠲ︾ ᠤᠨ | ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠢᠮᠠᠭᠲᠠ ᠬᠠᠤᠯᠢ ᠶᠣᠰᠣᠭᠠᠷ᠂ ᠪᠣᠯᠪᠠᠰᠤᠨ᠂ ᠠᠷᠢᠭᠤᠨ ᠴᠢᠬᠡᠴᠢ ᠪᠠᠷ ᠬᠢᠨᠠᠨ | ᠪᠤᠳᠤᠬᠤ ᠶᠢ ᠪᠡᠶᠡᠯᠡᠭᠦᠯᠦᠨ᠎ᠡ᠃ ᠰᠤᠷᠲᠠᠯ ᠤᠨ ᠠᠷᠬᠠᠭ ᠭᠡᠮ ᠢ ᠡᠷᠡᠰ ᠵᠠᠯᠠᠷᠠᠭᠤᠯᠤᠨ ᠵᠠᠰᠠᠵᠤ᠂ ᠺᠠᠳ᠋ᠷ ᠤᠨ ︽ᠭᠤᠷᠪᠠᠨ | ᠤᠯᠠᠨ ᠭᠤᠷᠪᠠᠨ ᠴᠥᠭᠡᠨ ᠭᠤᠷᠪᠠᠨ ᠤᠳᠠᠭᠠᠨ︾᠂ ︽ᠤᠳᠠᠭᠠᠨ ᠪᠦᠳᠦᠭᠦᠯᠢᠭ ᠬᠡᠶᠢᠰᠪᠦᠷᠢ︾᠂ ︽ᠲᠠᠪᠤᠨ ᠵᠠᠷᠴᠢᠮ︾ | ᠵᠡᠷᠭᠡ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ | ᠬᠥᠲᠥᠯᠥᠭᠴᠢ᠄ ᠣᠳᠣᠬᠠᠨ ᠳᠤ᠂ ᠪᠥᠬᠦ ᠬᠤᠲᠠ ᠶᠢᠨ ᠳᠡᠭᠡᠳᠦ ᠳᠣᠤᠷᠠᠳᠤ ᠱᠠᠲᠤᠨ ᠤ ᠬᠢᠨ ᠲᠡᠤᠬᠡ ᠶᠢᠨ | ᠬᠠᠮᠤᠭ ᠤᠨ ᠥᠨᠳᠥᠷ ᠲᠦᠪᠰᠢᠨ ᠳᠤ ᠪᠤᠴᠠᠬᠤ ᠡᠷᠡᠰ ᠵᠣᠷᠢᠭ ᠪᠠ ᠡᠷᠴᠢ ᠵᠣᠷᠢᠭ ᠢᠶᠠᠨ ᠬᠥᠪᠴᠢᠯᠡᠵᠦ᠂ ᠢᠯᠠᠯᠲᠠ ᠶᠢᠨ | ᠡᠷᠴᠢᠨ ᠳᠡᠭᠡᠷ᠎ᠡ ᠪᠠᠨ ᠤᠷᠤᠭᠰᠢᠯᠠᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠬᠢᠨᠠᠨ ᠪᠤᠳᠤᠬᠤ ᠠᠵᠢᠯ ᠳᠤ | ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠴᠦ ᠲᠠᠰᠤᠷᠠᠯᠲᠠ ᠥᠬᠡᠶ ᠬᠤᠪᠢᠷᠠᠵᠤ ᠪᠠᠶᠢᠨ᠎ᠠ᠃ 2024 ᠣᠨ ᠳᠤ᠂ ᠪᠥᠬᠦ | ᠬᠤᠲᠠ ᠶᠢᠨ ᠬᠢᠨᠠᠨ ᠪᠤᠳᠤᠬᠤ ᠪᠠᠶᠢᠭᠤᠯᠭ᠎ᠠ ᠬᠡᠷᠬᠢᠨ ᠬᠦᠴᠦᠯᠡᠵᠦ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠳᠤ ᠨᠠᠩ ᠰᠠᠶᠢᠲᠤᠷ ᠦᠢᠯᠡᠴᠢᠯᠡᠵᠦ ᠪᠠᠲᠤᠯᠠᠬᠤ ᠪᠣᠶ︖ | ᠰᠣᠷᠪᠤᠯᠵᠢᠯᠠᠭᠳᠠᠭᠴᠢ ᠯᠢᠦ ᠴᠢᠩ ᠢ᠄ 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 | ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ | ᠵᠢᠯ ᠪᠣᠯᠤᠨ᠎ᠠ᠃ ᠪᠦᠬᠦ ᠬᠤᠳᠠ ᠶᠢᠨ ᠬᠢᠨᠠᠨ ᠪᠤᠳᠤᠬᠤ ᠠᠵᠢᠯ ᠤᠨ ᠶᠡᠷᠦᠩᠬᠡᠢ ᠰᠡᠳᠭᠢᠮᠵᠢ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠪᠦᠬᠦ | ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠪᠦᠬᠦ ᠤᠯᠤᠰ᠂ ᠪᠦᠬᠦ ᠣᠷᠣᠨ ᠤ ᠬᠢᠨᠠᠨ ᠪᠤᠳᠤᠬᠤ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠢᠨᠠᠨ ᠪᠤᠳᠤᠬᠤ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠪᠠᠷ ᠭᠤᠣᠯ ᠰᠡᠳᠦᠪ ᠪᠣᠯᠭᠠᠵᠤ᠂ ︽ᠪᠦᠬᠦ ᠤᠯᠤᠰ ᠤᠨ ᠵᠠᠭᠤᠨ ᠬᠦᠴᠦᠷᠬᠡᠭ ᠬᠤᠳᠠ ᠳᠤ ᠲᠠᠬᠢᠨ ᠠᠷᠪᠠ | ᠣᠷᠴᠢᠮ ᠤᠷᠤᠭᠰᠢᠯᠠᠬᠤ︾ ᠬᠠᠷᠠᠯᠲᠠ ᠶᠢ ᠲᠣᠭᠲᠠᠭᠠᠵᠤ᠂ ᠠᠵᠤ ᠠᠬᠤᠢ ᠶᠢᠨ ᠬᠢᠨᠠᠯᠲᠠ ᠲᠠᠯᠪᠢᠬᠤ ᠪᠠᠶᠢᠷᠢ | ᠲᠣᠭᠲᠠᠭᠠᠯᠲᠠ ᠳᠤ ᠰᠠᠭᠤᠷᠢᠯᠠᠵᠤ᠂ ᠭᠤᠣᠯ ᠬᠠᠷᠢᠭᠤᠴᠠᠯᠭ᠎ᠠ ᠭᠤᠣᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ | ᠲᠥᠪᠯᠡᠷᠡᠩᠭᠦᠢ ᠨᠢᠭᠡᠳᠦᠯᠲᠡᠢ᠂ ᠪᠦᠬᠦ ᠲᠠᠯ᠎ᠠ ᠶᠢ ᠬᠠᠮᠤᠷᠤᠭᠰᠠᠨ᠂ ᠡᠷᠬᠡ ᠰᠦᠷ ᠲᠠᠢ ᠥᠨᠳᠥᠷ ᠪᠦᠲᠦᠮᠵᠢᠲᠡᠢ ᠬᠢᠨᠠᠨ ᠪᠤᠳᠤᠬᠤ | ᠬᠢᠨᠠᠯᠲᠠ ᠲᠠᠯᠪᠢᠬᠤ ᠲᠣᠭᠲᠠᠯᠴᠠᠭ᠎ᠠ ᠶᠢ ᠪᠠᠶᠢᠭᠤᠯᠬᠤ ᠪᠠᠷ ᠴᠢᠷᠮᠠᠶᠢᠵᠤ᠂ ᠬᠢᠨᠠᠨ ᠪᠤᠳᠤᠬᠤ ᠬᠢᠨᠠᠯᠲᠠ ᠲᠠᠯᠪᠢᠬᠤ ᠦᠢᠯᠡᠳᠦᠯ ᠢ | ᠨᠡᠩ ᠰᠠᠶᠢᠲᠤᠷ ᠪᠠᠳᠠᠷᠠᠭᠤᠯᠬᠤ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠪᠦᠬᠦ ᠬᠤᠳᠠ ᠶᠢᠨ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠤ | ᠰᠢᠨ᠎ᠡ ᠶᠢ ᠡᠭᠦᠳᠬᠦ ᠬᠥᠭᠵᠢᠯᠲᠡ ᠶᠢᠨ ᠰᠢᠨ᠎ᠡ ᠵᠠᠮ ᠢᠶᠠᠷ ᠲᠦᠷᠭᠡᠨ ᠵᠠᠮᠨᠠᠬᠤ ᠳᠤ ᠬᠢᠨᠠᠨ ᠪᠣᠳᠣᠬᠤ ᠬᠢᠨᠠᠯᠲᠠ ᠲᠠᠯᠪᠢᠬᠤ | ᠥᠪᠡᠷᠮᠢᠴᠡ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠡᠨᠡ ᠵᠢᠯ ᠤᠨ ᠬᠢᠨᠠᠨ ᠪᠤᠳᠤᠬᠤ ᠭᠤᠣᠯᠳᠠᠯᠭ᠎ᠠ ᠪᠣᠯ ᠳᠠᠷᠤᠢ ︽ᠨᠢᠭᠡ | ᠭᠤᠣᠯ ᠰᠡᠳᠦᠪ︾ ᠢ ᠪᠠᠷᠢᠮᠲᠠᠯᠠᠬᠤ ᠶᠠᠪᠤᠳᠠᠯ ᠪᠣᠯᠤᠨ᠎ᠠ᠂ ᠲᠤᠬᠠᠶᠢᠯᠠᠪᠠᠯ ᠬᠢᠨᠠᠨ ᠪᠤᠳᠤᠬᠤ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠪᠠᠷ ᠭᠤᠣᠯ ᠰᠡᠳᠦᠪ ᠪᠣᠯᠭᠠᠨ᠎ᠠ︔ ︽ᠬᠤᠶᠠᠷ ᠢ ᠨᠢᠭᠡᠳᠦᠯᠲᠡᠢ ᠲᠥᠯᠥᠪᠵᠢᠭᠦᠯᠬᠦ︾ ᠶᠢ ᠴᠢᠩᠭᠠᠷᠠᠭᠤᠯᠤᠨ᠎ᠠ᠂ | ᠲᠤᠬᠠᠶᠢᠯᠠᠪᠠᠯ ᠪᠦᠬᠦᠯᠢ ᠴᠣᠭᠴᠠ ᠪᠠᠷ ᠠᠵᠢᠯᠯᠠᠭᠤᠯᠬᠤ ᠶᠢ ᠨᠢᠭᠡᠳᠦᠯᠲᠡᠢ ᠲᠥᠯᠥᠪᠵᠢᠭᠦᠯᠬᠦ᠂ ᠲᠦᠷᠦᠯ ᠵᠦᠢᠯ ᠢ | ᠬᠡᠷᠡᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ᠎ᠡ᠂ ︽ᠭᠤᠷᠪᠠ ᠶᠢ ᠨᠡᠩ ᠴᠢᠬᠤᠯᠠᠴᠢᠯᠠᠬᠤ︾ ᠶᠢ ᠲᠤᠪᠤᠶᠢᠯᠭᠠᠨ᠎ᠠ᠂ | ᠲᠤᠬᠠᠶᠢᠯᠠᠪᠠᠯ ᠶᠠᠰᠤ ᠴᠢᠨᠠᠷ ᠢ ᠪᠠᠲᠤᠯᠠᠬᠤ᠂ ᠦᠷ᠎ᠡ ᠪᠦᠲᠦᠭᠡᠯ ᠭᠠᠷᠭᠠᠬᠤ᠂ ᠬᠡᠪ ᠴᠢᠨᠠᠷ ᠢ ᠴᠢᠩᠭᠠᠳᠬᠠᠬᠤ ᠶᠢ ᠨᠡᠩ | ᠴᠢᠬᠤᠯᠠᠴᠢᠯᠠᠬᠤ ᠶᠠᠪᠤᠳᠠᠯ ᠪᠣᠯᠤᠨ᠎ᠠ᠃ | ︵ᠨᠢᠭᠡ︶ ᠬᠢᠨᠠᠨ ᠪᠤᠳᠤᠬᠤ ᠠᠯᠪᠠᠨ ᠭᠡᠷ ᠤᠨ ᠲᠠᠪᠴᠠᠩ ᠳᠤ ᠲᠦᠰᠢᠭᠯᠡᠨ᠂ ᠪᠦᠬᠦᠯᠢ ᠴᠣᠭᠴᠠ ᠶᠢᠨ ᠠᠵᠢᠯᠯᠠᠭᠠᠨ ᠢ | ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠷᠠᠭᠤᠯᠵᠤ᠂ ᠡᠯ᠎ᠡ ᠵᠦᠢᠯ ᠤᠨ ᠠᠵᠢᠯ ᠢ ᠵᠡᠷᠭᠡ ᠪᠠᠷ ᠠᠬᠢᠭᠤᠯᠵᠤ᠂ ᠬᠢᠨᠠᠨ ᠪᠤᠳᠤᠬᠤ | ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠪᠠᠲᠤ ᠰᠠᠭᠤᠷᠢ ᠲᠠᠯᠪᠢᠵᠤ ᠥᠭᠭᠦᠨ᠎ᠡ ᠨᠢᠭᠡ ᠳᠤ᠂ ᠨᠠᠮ ᠤᠨ ᠬᠢᠨᠠᠨ | ᠪᠤᠳᠤᠬᠤ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠬᠤ ᠶᠢᠨ ᠲᠣᠭᠤᠷᠢᠨ ᠳᠤ᠂ ᠠᠵᠢᠯ ᠤᠨ ᠠᠵᠢᠯᠯᠠᠭᠠᠨ ᠤ | ᠵᠣᠬᠢᠴᠠᠮᠵᠢ ᠶᠢ ᠪᠦᠷᠢᠨᠰᠢᠬᠦᠯᠦᠨ᠎ᠠ᠃ ᠨᠠᠮ ᠠᠴᠠ ᠬᠢᠨᠠᠨ ᠪᠤᠳᠤᠬᠤ ᠰᠢᠨ᠎ᠡ ᠪᠠᠶᠢᠭᠤᠯᠤᠮᠵᠢ ᠶᠢᠨ ᠱᠠᠭᠠᠷᠳᠠᠯᠭ᠎ᠠ ᠶᠢ | ᠤᠳᠤᠷᠢᠳᠴᠤ ᠪᠢᠴᠢᠭ ᠮᠠᠲ᠋ᠧᠷᠢᠶᠠᠯ ᠰᠢᠢᠳᠪᠦᠷᠢᠯᠡᠬᠦ ᠬᠤᠷᠠᠯ ᠤᠨ ᠠᠵᠢᠯ ᠶᠠᠪᠤᠳᠠᠯ ᠰᠢᠢᠳᠪᠦᠷᠢᠯᠡᠬᠦ ᠲᠦᠷᠢᠮ ᠵᠣᠬᠢᠴᠠᠮᠵᠢ ᠶᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠢᠨᠠᠨ ᠪᠤᠳᠤᠬᠤ ᠠᠯᠪᠠᠨ ᠬᠡᠷ ᠢ ᠨᠠᠮ ᠤᠨ ᠤᠳᠤᠷᠢᠳᠤᠯᠭ᠎ᠠ ᠶᠢ ᠲᠠᠭᠠᠬᠤ᠂ | ᠨᠠᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠬᠦ᠂ ᠨᠠᠮ ᠠᠴᠠ ᠵᠢᠭᠠᠪᠤᠷᠢ ᠠᠪᠴᠤ ᠮᠡᠳᠡᠭᠦᠯᠬᠦ᠂ | ᠤᠳᠤᠷᠢᠳᠤᠯᠭ᠎ᠠ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠦᠢᠯᠡᠴᠢᠯᠡᠬᠦ ᠴᠢᠬᠤᠯᠠ ᠲᠠᠪᠴᠠᠩ ᠪᠣᠯᠭᠠᠨ | ᠪᠠᠶᠢᠭᠤᠯᠤᠨ᠎ᠠ᠃ ᠬᠢᠨᠠᠨ ᠪᠤᠳᠤᠬᠤ ᠵᠥᠪᠯᠡᠯ ᠤᠨ ᠵᠥᠪᠯᠡᠨ ᠲᠣᠭᠲᠠᠭᠠᠭᠰᠠᠨ ᠵᠦᠢᠯᠡᠰ᠂ ᠤᠳᠤᠷᠢᠳᠤᠯᠭ᠎ᠠ ᠶᠢᠨ ᠴᠣᠬᠤᠯᠠᠪᠤᠷᠢ | ᠪᠠ ᠴᠢᠬᠤᠯᠠ ᠪᠢᠴᠢᠭ ᠮᠠᠲ᠋ᠧᠷᠢᠶᠠᠯ ᠢ ᠬᠤᠪᠢᠶᠠᠷᠢᠯᠠᠨ ᠭᠦᠢᠴᠡᠳᠭᠡᠬᠦ᠂ ᠰᠢᠮᠳᠠᠭᠤᠯᠤᠨ ᠭᠦᠢᠴᠡᠳᠭᠡᠬᠦ ᠡᠷᠴᠢᠮ ᠢᠶᠠᠨ | ᠴᠢᠩᠭᠠᠷᠠᠭᠤᠯᠵᠤ᠂ ᠨᠢᠭᠡᠲᠦᠯᠵᠢᠭᠦᠯᠵᠦ ᠲᠥᠪᠯᠡᠷᠡᠭᠦᠯᠦᠨ ᠬᠠᠮᠢᠶᠠᠷᠬᠤ ᠶᠢ ᠬᠡᠷᠡᠭᠵᠢᠭᠦᠯᠦᠨ᠂ ︽ᠡᠬᠡ ᠲᠠᠩᠰᠠ ᠶᠢ ᠪᠠᠶᠢᠭᠤᠯᠬᠤ | — ᠡᠭᠦᠷᠭᠡ ᠶᠢ ᠬᠤᠪᠢᠶᠠᠷᠢᠯᠠᠬᠤ — ᠰᠢᠮᠳᠠᠭᠤᠯᠤᠨ ᠭᠦᠢᠴᠡᠳᠭᠡᠵᠦ ᠨᠠᠶᠢᠳᠠᠪᠤᠷᠢᠵᠢᠭᠤᠯᠬᠤ — ᠲᠣᠭᠲᠠᠮᠠᠯ | ᠬᠤᠭᠤᠴᠠᠭ᠎ᠠ ᠲᠠᠢ ᠪᠠᠷ ᠮᠡᠳᠡᠭᠦᠯᠬᠦ — ᠮᠥᠷᠳᠡᠨ ᠦᠷ᠎ᠡ ᠪᠦᠲᠦᠮᠵᠢ ᠶᠢ ᠠᠰᠠᠭᠤᠬᠤ︾ ᠪᠠᠷ ᠳᠠᠮᠵᠢᠭᠤᠯᠤᠨ᠂ ᠪᠥᠬᠦ | ᠬᠡᠯᠬᠢᠶᠡᠨ ᠤ ᠬᠠᠮᠢᠶᠠᠷᠤᠯᠲᠠ ᠶᠢᠨ ᠵᠣᠬᠢᠴᠠᠮᠵᠢ ᠶᠢ ᠲᠠᠰᠤᠷᠠᠯᠲᠠ ᠥᠬᠡᠶ ᠪᠦᠷᠢᠨᠰᠢᠭᠦᠯᠦᠨ ᠲᠡᠭᠦᠯᠳᠡᠷᠵᠢᠭᠦᠯᠵᠦ᠂ ᠶᠠᠪᠤᠳᠠᠯ | ᠪᠣᠯᠭᠠᠨ ᠳᠤ ᠬᠠᠷᠢᠭᠤ ᠥᠭᠴᠦ᠂ ᠶᠠᠪᠤᠳᠠᠯ ᠪᠣᠯᠭᠠᠨ ᠢ ᠨᠠᠶᠢᠳᠠᠪᠤᠷᠢᠵᠢᠭᠤᠯᠬᠤ ᠶᠢ ᠪᠡᠶᠡᠯᠡᠭᠦᠯᠦᠨ᠎ᠡ᠃ ᠬᠤᠰᠢᠭᠤ ᠰᠢᠶᠠᠨ | ᠲᠣᠭᠤᠷᠢᠭ ᠤᠨ ᠬᠢᠨᠠᠨ ᠪᠤᠳᠤᠬᠤ ᠠᠯᠪᠠᠨ ᠬᠡᠷ ᠤᠨ ᠨᠢᠭᠡᠳᠦᠯᠲᠡᠶ ᠤᠳᠤᠷᠢᠳᠤᠯᠭ᠎ᠠ ᠪᠠ ᠲᠤᠬᠠᠶᠢᠯᠠᠭᠰᠠᠨ ᠠᠵᠢᠯ ᠤᠨ | ᠵᠢᠯᠣᠭᠤᠳᠣᠯᠭ᠎ᠠ ᠶᠢ ᠴᠢᠩᠭᠠᠳᠬᠠᠵᠤ᠂ ᠪᠥᠬᠦ ᠬᠤᠲᠠ ᠶᠢᠨ ᠬᠢᠨᠠᠨ ᠪᠤᠳᠤᠬᠤ ᠳᠤ ᠬᠠᠮᠵᠢᠯᠴᠠᠨ ᠨᠢᠭᠡᠳᠬᠦ ᠶᠢ ᠪᠣᠢ ᠪᠣᠯᠭᠠᠨ᠎ᠠ᠃ | ᠬᠢᠨᠠᠨ ᠪᠤᠳᠤᠬᠤ ᠵᠥᠪᠯᠡᠯ ᠤᠨ ᠪᠦᠷᠢᠯᠳᠦᠬᠦᠨ ᠨᠢᠭᠡᠴᠢ ᠶᠢᠨ ᠵᠣᠬᠢᠴᠠᠭᠤᠯᠬᠤ ᠬᠤᠷᠠᠯ ᠤᠨ ᠲᠦᠷᠢᠮ ᠪᠠ ᠬᠤᠯᠪᠣᠭᠠᠴᠢᠨ ᠤ | ᠲᠦᠷᠢᠮ ᠢ ᠨᠠᠶᠢᠳᠠᠪᠤᠷᠢᠵᠢᠭᠤᠯᠵᠤ᠂ ᠬᠢᠨᠠᠨ ᠪᠤᠳᠤᠬᠤ ᠠᠯᠪᠠᠨ ᠬᠡᠷ ᠤᠨ ᠨᠡᠷ᠎ᠡ ᠪᠠᠷ ᠬᠢᠨᠠᠨ ᠪᠤᠳᠤᠬᠤ ᠵᠥᠪᠯᠡᠯ ᠤᠨ | ᠪᠦᠷᠢᠯᠳᠦᠬᠦᠨ ᠨᠢᠭᠡᠴᠢ ᠶᠢᠨ ᠠᠵᠢᠯ ᠤᠨ ᠵᠣᠬᠢᠴᠠᠭᠤᠯᠭ᠎ᠠ ᠶᠢ ᠴᠢᠩᠭᠠᠳᠬᠠᠵᠤ᠂ ᠤᠳᠤᠷᠢᠳᠤᠯᠭ᠎ᠠ ᠶᠢᠨ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠬᠢᠨᠠᠨ ᠪᠤᠳᠤᠬᠤ ᠵᠥᠪᠯᠡᠯ ᠤᠨ ᠵᠥᠪᠯᠡᠨ ᠲᠣᠭᠲᠠᠭᠠᠭᠰᠠᠨ ᠵᠦᠢᠯᠡᠰ ᠢ ᠪᠣᠳᠠᠲᠠᠶ | ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠬᠠᠮᠲᠤ ᠲᠥᠷᠥᠯ ᠵᠦᠢᠯ ᠤᠨ ᠲᠥᠯᠥᠪᠯᠡᠭᠡ ᠶᠢ | ᠲᠣᠭᠲᠠᠭᠠᠬᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠬᠢᠨᠠᠨ ᠪᠤᠳᠤᠭᠰᠠᠨ ᠦᠷ᠎ᠡ ᠪᠦᠲᠦᠭᠡᠯ ᠢ | ᠬᠡᠷᠡᠭᠯᠡᠬᠦ᠂ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ᠂ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ | ᠵᠡᠷᠭᠡ ᠲᠠᠯ᠎ᠠ ᠪᠠᠷ ᠨᠢᠭᠲᠠ ᠬᠠᠮᠵᠢᠯᠴᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠬᠤᠶᠠᠷ ᠲᠤ᠂ ᠬᠢᠨᠠᠨ | ᠪᠤᠳᠤᠯᠳᠠ ᠶᠢᠨ ᠦᠷ᠎ᠡ ᠪᠦᠲᠦᠭᠡᠯ ᠢ ᠬᠤᠪᠢᠷᠠᠭᠤᠯᠬᠤ ᠶᠢᠨ ᠲᠣᠭᠤᠷᠢᠨ ᠳᠤ ᠵᠢᠭᠠᠪᠤᠷᠢ ᠠᠪᠴᠤ ᠮᠡᠳᠡᠭᠦᠯᠬᠦ ᠵᠣᠬᠢᠴᠠᠮᠵᠢ ᠶᠢ | ᠪᠦᠷᠢᠨᠰᠢᠬᠦᠯᠦᠨ᠎ᠠ᠃ ᠴᠢᠬᠤᠯᠠ ᠶᠡᠭᠡ ᠤᠴᠢᠷ ᠶᠠᠪᠤᠳᠠᠯ ᠤᠨ ᠲᠤᠬᠠᠢ ᠵᠢᠭᠠᠪᠤᠷᠢ ᠠᠪᠴᠤ ᠮᠡᠳᠡᠭᠦᠯᠬᠦ ᠲᠦᠷᠢᠮ ᠢ ᠪᠦᠬᠦ | ᠲᠠᠯ᠎ᠠ ᠪᠠᠷ ᠵᠢᠷᠤᠮᠵᠢᠭᠤᠯᠤᠨ ᠨᠠᠶᠢᠳᠠᠪᠤᠷᠢᠵᠢᠭᠤᠯᠵᠤ᠂ ᠵᠢᠭᠠᠪᠤᠷᠢ ᠠᠪᠴᠤ ᠮᠡᠳᠡᠭᠦᠯᠬᠦ ᠶᠠᠪᠤᠴᠠ ᠶᠢ ᠰᠢᠯᠤᠭᠤᠳᠬᠠᠵᠤ᠂ | ᠴᠢᠬᠤᠯᠠ ᠬᠢᠨᠠᠨ ᠪᠤᠳᠤᠯᠳᠠ ᠶᠢᠨ ᠪᠠᠶᠢᠳᠠᠯ᠂ ᠴᠢᠬᠤᠯᠠ ᠬᠢᠨᠠᠨ ᠪᠤᠳᠤᠯᠳᠠ ᠶᠢᠨ ᠮᠡᠳᠡᠭᠦᠯᠦᠯᠲᠡ᠂ ᠰᠠᠬᠢᠯᠭ᠎ᠠ ᠪᠠᠲᠤ ᠬᠠᠤᠯᠢ | ᠴᠠᠭᠠᠵᠠ ᠶᠢ ᠵᠥᠷᠢᠴᠡᠭᠰᠡᠨ ᠬᠦᠨᠳᠦ ᠶᠡᠭᠡ ᠠᠰᠠᠭᠤᠳᠠᠯ ᠵᠢᠴᠢ ᠰᠢᠢᠳᠪᠦᠷᠢᠯᠡᠬᠦ ᠰᠠᠨᠠᠯ ᠵᠡᠷᠭᠡ ᠬᠢᠨᠠᠨ ᠪᠤᠳᠤᠯᠳᠠ ᠶᠢᠨ | ᠠᠵᠢᠯ ᠤᠨ ᠴᠢᠬᠤᠯᠠ ᠶᠡᠭᠡ ᠵᠦᠢᠯᠡᠰ ᠢ ᠦᠨᠡᠨ ᠬᠦ ᠪᠠᠲᠤᠯᠠᠵᠤ᠂ ᠡᠩ ᠲᠡᠷᠢᠭᠦᠨ ᠳᠤ ᠠᠳᠠᠯᠢ ᠱᠠᠲᠤᠨ ᠤ ᠬᠢᠨᠠᠨ ᠪᠤᠳᠤᠬᠤ | ᠵᠥᠪᠯᠡᠯ ᠳᠤ ᠮᠡᠳᠡᠭᠦᠯᠵᠦ᠂ ᠮᠡᠳᠡᠭᠦᠯᠬᠦ ᠶᠣᠰᠣᠲᠠᠢ ᠶᠢ ᠨᠢ ᠪᠦᠬᠦᠨ ᠢ ᠮᠡᠳᠡᠭᠦᠯᠵᠦ᠂ ᠳᠤᠲᠠᠭᠤᠯᠬᠤ ᠦᠭᠡᠢ ᠣᠷᠬᠢᠭᠳᠠᠭᠤᠯᠬᠤ | ᠦᠭᠡᠢ᠂ ᠴᠠᠭ ᠲᠤᠬᠠᠢ ᠳᠤ ᠨᠢ ᠣᠨᠣᠪᠴᠢᠲᠠᠢ ᠪᠠᠶᠢᠯᠭᠠᠬᠤ ᠶᠢ ᠪᠡᠶᠡᠯᠡᠭᠦᠯᠦᠨ᠎ᠡ᠃ ᠮᠡᠳᠡᠭᠦᠯᠦᠨ ᠬᠦᠷᠭᠡᠬᠦ ᠶᠠᠰᠤ ᠴᠢᠨᠠᠷ ᠪᠠ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠳᠠᠯᠢ ᠱᠠᠲᠤᠨ ᠤ ᠬᠢᠨᠠᠨ ᠪᠤᠳᠤᠬᠤ ᠺᠣᠮᠢᠰ ᠲᠤ ᠳᠡᠭᠡᠳᠦ ᠬᠡᠮᠵᠢᠶᠡᠨ ᠤ ᠦᠨ᠎ᠡ | ᠥᠷᠲᠡᠭ ᠲᠠᠢ᠂ ᠴᠢᠨᠠᠷ ᠰᠠᠶᠢᠲᠠᠶ ᠬᠢᠨᠠᠨ ᠪᠤᠳᠤᠬᠤ ᠦᠷ᠎ᠡ ᠪᠦᠲᠦᠭᠡᠯ ᠢ ᠴᠠᠭ ᠲᠤᠬᠠᠶ ᠳᠤ ᠨᠢ ᠮᠡᠳᠡᠭᠦᠯᠵᠦ᠂ ᠰᠤᠳᠤᠯᠬᠤ᠂ | ᠳ᠋ᠦᠩᠨᠡᠬᠦ᠂ ᠬᠤᠷᠢᠶᠠᠩᠭᠤᠶᠢᠯᠠᠬᠤ ᠳᠡᠭᠡᠷ᠎ᠡ ᠬᠦᠴᠦ ᠲᠠᠯᠪᠢᠵᠤ᠂ ᠴᠣᠬᠤᠯᠠᠪᠤᠷᠢ ᠬᠢᠵᠦ ᠳᠡᠶᠢᠯᠬᠦ᠂ ᠨᠠᠶᠢᠳᠠᠪᠤᠷᠢᠵᠢᠭᠤᠯᠵᠤ | ᠳᠡᠶᠢᠯᠬᠦ᠂ ᠦᠢᠯᠡᠳᠦᠯ ᠦᠵᠡᠭᠦᠯᠬᠦ ᠪᠠᠷ ᠴᠢᠷᠮᠠᠶᠢᠨ᠎ᠠ᠃ ᠭᠤᠷᠪᠠ ᠳᠤ᠂ ᠬᠡᠮᠵᠢᠶᠡᠵᠢᠭᠦᠯᠦᠨ ᠰᠢᠯᠭᠠᠨ ᠦᠨᠡᠯᠡᠬᠦ ᠠᠵᠢᠯ ᠤᠨ | ᠲᠣᠭᠤᠷᠢᠨ ᠳᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠵᠣᠬᠢᠴᠠᠮᠵᠢ ᠶᠢ ᠪᠦᠷᠢᠨᠰᠢᠭᠦᠯᠦᠨ᠎ᠡ᠃ ᠬᠡᠮᠵᠢᠶᠡᠵᠢᠭᠦᠯᠦᠨ | ᠰᠢᠯᠭᠠᠨ ᠦᠨᠡᠯᠡᠬᠦ ᠠᠵᠢᠯ ᠤᠨ ᠲᠤᠰᠬᠠᠶ ᠠᠩᠭᠢ ᠶᠢ ᠰᠢᠯᠢᠳᠡᠭᠵᠢᠭᠦᠯᠵᠦ᠂ ᠣᠨ ᠤ ᠬᠡᠮᠵᠢᠶᠡᠵᠢᠭᠦᠯᠦᠨ ᠰᠢᠯᠭᠠᠨ ᠦᠨᠡᠯᠡᠬᠦ᠂ | ᠰᠢᠯᠭᠠᠨ ᠦᠨᠡᠯᠡᠬᠦ ᠠᠵᠢᠯ ᠤᠨ ᠳᠤᠮᠳᠠᠬᠢ ᠨᠠᠮ ᠤᠨ ᠤᠳᠤᠷᠢᠳᠤᠯᠭ᠎ᠠ᠂ ᠬᠢᠨᠠᠨ ᠪᠤᠳᠤᠬᠤ ᠶᠠᠰᠤ ᠴᠢᠨᠠᠷ ᠪᠠ ᠴᠡᠭᠴᠡᠯᠡᠨ | ᠰᠠᠶᠢᠵᠢᠷᠠᠭᠤᠯᠬᠤ᠂ ᠬᠢᠨᠠᠨ ᠪᠤᠳᠤᠬᠤ ᠲᠥᠯᠥᠪᠯᠡᠭᠡ ᠪᠠ ᠮᠡᠳᠡᠭᠡ ᠵᠠᠩᠭᠢ ᠶᠢᠨ ᠤᠬᠠᠭᠤᠯᠭ᠎ᠠ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠴᠢᠩᠭ᠎ᠠ ᠬᠢᠨᠠᠬᠤ᠂ ᠰᠤᠳᠤᠯᠭᠠᠨ ᠤ ᠬᠡᠯᠪᠡᠷᠢ ᠶᠢᠨ ᠬᠢᠨᠠᠨ ᠪᠣᠳᠣᠯᠲᠠ᠂ ᠬᠠᠤᠯᠢ ᠪᠠᠷ ᠵᠠᠰᠠᠬᠤ ᠪᠦᠲᠦᠭᠡᠨ | ᠪᠠᠶᠢᠭᠤᠯᠤᠯᠲᠠ ᠵᠡᠷᠭᠡ ᠵᠢᠷᠭᠤᠭᠠᠨ ᠲᠠᠯ᠎ᠠ ᠶᠢᠨ 30 ᠭᠠᠷᠤᠶ ᠵᠢᠵᠢᠭ ᠵᠦᠢᠯ ᠢ ᠨᠢᠭᠡᠳ ᠨᠢᠭᠡ ᠪᠠᠷ ᠬᠠᠷᠭᠤᠭᠤᠯᠵᠤ᠂ ᠡᠷᠲᠡᠬᠡᠨ | ᠲᠥᠯᠥᠪᠵᠢᠭᠦᠯᠵᠦ᠂ ᠡᠷᠲᠡᠬᠡᠨ ᠬᠥᠳᠡᠯᠦᠯᠴᠡᠵᠦ᠂ ᠵᠠᠮ ᠱᠤᠭᠤᠮ ᠤᠨ ᠵᠢᠷᠤᠭ᠂ ᠴᠠᠭ ᠤᠨ ᠬᠦᠰᠦᠨᠦᠭᠲᠦ᠂ | ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠠᠵᠢᠯ ᠨᠢᠭᠡᠪᠦᠷᠢ ᠳᠤ ᠴᠥᠮ ᠠᠷᠭ᠎ᠠ ᠬᠡᠮᠵᠢᠶ᠎ᠡ ᠲᠠᠢ᠂ ᠵᠠᠩᠭᠢᠯᠠᠭ᠎ᠠ ᠶᠢᠨ | ᠴᠡᠭ ᠲᠠᠢ᠂ ᠦᠷ᠎ᠡ ᠪᠦᠲᠦᠮᠵᠢ ᠲᠠᠢ ᠪᠠᠶᠢᠵᠤ᠂ ᠰᠠᠷ᠎ᠠ ᠪᠦᠷᠢ ᠲᠣᠬᠢᠷᠠᠭᠤᠯᠤᠨ ᠮᠡᠳᠡᠭᠳᠡᠵᠦ᠂ ᠬᠠᠭᠠᠰ ᠵᠢᠯ ᠳᠤ | ᠬᠡᠮᠵᠢᠶᠡᠵᠢᠭᠦᠯᠦᠨ ᠰᠢᠯᠭᠠᠨ ᠦᠨᠡᠯᠡᠬᠦ ᠪᠠ ᠪᠥᠬᠦ ᠵᠢᠯ ᠤᠨ ᠦᠨᠡᠯᠡᠯᠲᠡ ᠳᠤ ᠬᠤᠪᠢ ᠠᠯᠳᠠᠵᠤ ᠪᠣᠯᠬᠤ ᠥᠬᠡᠶ᠂ ᠬᠢᠷᠢ | ᠪᠦᠲᠦᠮᠵᠢ ᠨᠢ ᠡᠷᠬᠡᠪᠰᠢ ᠡᠮᠦᠨ᠎ᠡ ᠡᠩᠨᠡᠭᠡᠨ ᠳᠤ ᠪᠠᠶᠢᠬᠤ ᠬᠡᠷᠡᠭᠲᠡᠶ᠃ | ︵ᠬᠤᠶᠠᠷ︶ ᠬᠢᠨᠠᠨ ᠪᠤᠳᠤᠬᠤ ᠲᠥᠯᠥᠪᠯᠡᠭᠡ ᠳᠤ ᠲᠦᠰᠢᠭᠯᠡᠨ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ | ᠨᠢᠭᠡᠳᠦᠯᠲᠡᠶ ᠲᠥᠯᠥᠪᠯᠡᠬᠦ ᠶᠢ ᠰᠠᠶᠢᠲᠤᠷ ᠠᠳᠬᠤᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠳᠣᠪᠤᠶᠢᠯᠭᠠᠨ ᠴᠢᠬᠤᠯᠠ | ᠠᠰᠠᠭᠤᠳᠠᠯ ᠢ ᠢᠯᠡᠷᠡᠭᠦᠯᠵᠦ᠂ ᠬᠢᠨᠠᠨ ᠪᠤᠳᠤᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠪᠠᠲᠤ ᠪᠠᠬᠢ | ᠰᠠᠭᠤᠷᠢ ᠲᠠᠯᠪᠢᠵᠤ ᠥᠭᠭᠦᠨ᠎ᠡ ᠨᠢᠭᠡ ᠳᠤ᠂ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢᠨ | ᠲᠣᠭᠤᠷᠢᠨ ᠳᠤ ᠬᠢᠨᠠᠨ ᠪᠤᠳᠤᠯᠲᠠ ᠶᠢ ᠥᠷᠨᠢᠭᠦᠯᠦᠨ᠎ᠡ᠃ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ | ᠬᠤᠷᠢᠶ᠎ᠠ ᠠᠴᠠ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ᠂ ᠶᠡᠷᠦᠩᠬᠡᠢ | ᠱᠦᠵᠢ ᠰᠢ ᠶᠢᠨ ᠫᠢᠩ ᠤᠨ ᠪᠤᠭᠤᠲᠤ ᠳᠤ ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ | ᠥᠭᠭᠦᠭᠰᠡᠨ ᠲᠠᠢ ᠨᠢᠭᠲᠠ ᠤᠶᠠᠯᠳᠤᠭᠤᠯᠤᠨ᠂ ᠴᠢᠬᠤᠯᠠ ᠶᠡᠭᠡ ᠪᠠᠶᠢᠯᠳᠤᠬᠤ ᠪᠤᠳᠤᠯᠭ᠎ᠠ᠂ ᠴᠢᠬᠤᠯᠠ ᠶᠡᠭᠡ ᠠᠷᠭ᠎ᠠ ᠬᠡᠮᠵᠢᠶ᠎ᠡ᠂ | ᠴᠢᠬᠤᠯᠠ ᠶᠡᠭᠡ ᠲᠦᠷᠦᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠠᠩᠬᠠᠷᠴᠤ᠂ ᠲᠦᠷᠦ ᠶᠢᠨ ᠪᠤᠳᠤᠯᠭ᠎ᠠ ᠶᠢᠨ | ᠠᠷᠭ᠎ᠠ ᠬᠡᠮᠵᠢᠶ᠎ᠡ ᠶᠢ ᠲᠣᠭᠲᠠᠭᠠᠭᠰᠠᠨ ᠨᠢ ᠵᠦᠢ ᠵᠤᠬᠢᠰ ᠦᠭᠡᠢ᠂ ᠬᠡᠷᠡᠭᠵᠢᠭᠦᠯᠦᠭᠰᠡᠨ ᠨᠢ ᠭᠦᠢᠴᠡᠳ ᠦᠭᠡᠢ ᠵᠢᠴᠢ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠬᠦᠴᠦᠯᠡᠨ ᠢᠯᠡᠷᠡᠭᠦᠯᠬᠦ | ᠬᠡᠷᠡᠭᠲᠡᠢ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠴᠢᠬᠤᠯᠠ ᠶᠡᠭᠡ | ᠲᠣᠬᠢᠷᠠᠭᠤᠯᠤᠯᠲᠠ ᠲᠠᠢ ᠨᠢᠭᠲᠠ ᠤᠶᠠᠯᠳᠤᠭᠤᠯᠤᠨ᠂ ᠢᠯᠠᠩᠭᠤᠶ᠎ᠠ ᠬᠤᠲᠠ ᠶᠢᠨ ᠨᠠᠮ ᠤᠨ ᠬᠤᠷᠢᠶᠠᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠠᠴᠠ ᠲᠣᠬᠢᠷᠠᠭᠤᠯᠤᠨ ᠪᠠᠶᠢᠷᠢᠯᠠᠭᠤᠯᠤᠭᠰᠠᠨ ︽ᠲᠤᠯᠤᠭᠠᠨ | ᠶᠡᠭᠡ ᠠᠵᠢᠯᠯᠠᠭ᠎ᠠ︾ ᠶᠢᠨ ᠡᠯ᠎ᠡ ᠵᠦᠢᠯ ᠤᠨ ᠬᠢᠨᠠᠨ ᠪᠤᠳᠤᠬᠤ ᠶᠠᠪᠤᠴᠠ ᠳᠠᠬᠢ ᠬᠤᠯᠪᠣᠭᠳᠠᠯ ᠪᠥᠬᠦᠶ ᠠᠵᠢᠯ ᠤᠨ ᠡᠭᠦᠷᠭᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠩᠬᠠᠷᠴᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ︽ | ᠡᠴᠦᠰ ᠤᠨ ᠨᠢᠭᠡ ᠺᠢᠯᠣᠮᠧᠳ᠋ᠷ︾ ᠢ ᠰᠢᠯᠤᠭᠤᠳᠬᠠᠨ᠎ᠠ᠃ ᠬᠤᠶᠠᠷ ᠲᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠬᠠᠮᠢᠶᠠᠷᠤᠯᠲᠠ ᠶᠢᠨ ᠲᠣᠭᠤᠷᠢᠨ ᠳᠤ ᠬᠢᠨᠠᠨ ᠪᠤᠳᠤᠯᠲᠠ ᠶᠢ ᠥᠷᠨᠢᠭᠦᠯᠦᠨ᠎ᠡ᠃ ᠲᠥᠰᠦᠪ ᠢ ᠨᠠᠶᠢᠷᠠᠭᠤᠯᠤᠨ ᠵᠣᠬᠢᠶᠠᠬᠤ ᠶᠢᠨ | ᠪᠦᠷᠢᠨ ᠪᠦᠲᠦᠨ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠪᠠ ᠲᠥᠰᠦᠪ ᠢ ᠭᠦᠢᠴᠡᠳᠭᠡᠭᠰᠡᠨ ᠦᠨᠡᠨ ᠪᠣᠳᠠᠲᠤ ᠴᠢᠨᠠᠷ᠂ | ᠬᠠᠤᠯᠢ ᠶᠣᠰᠣᠴᠢ ᠴᠢᠨᠠᠷ᠂ ᠦᠷ᠎ᠡ ᠠᠰᠢᠭ ᠤᠨ ᠴᠢᠨᠠᠷ ᠢᠶᠠᠷ ᠭᠤᠤᠯᠳᠠᠯᠭ᠎ᠠ ᠪᠣᠯᠭᠠᠵᠤ᠂ ᠬᠤᠲᠠ ᠶᠢᠨ ᠲᠣᠰ ᠱᠠᠲᠤᠨ ᠤ | ᠡᠳ᠋ ᠤᠨ ᠵᠠᠰᠠᠭ᠂ 4 ᠰᠠᠯᠠᠭ᠎ᠠ ᠮᠥᠴᠢᠷ ᠤᠨ ᠲᠥᠰᠦᠪ ᠢ ᠭᠦᠢᠴᠡᠳᠭᠡᠭᠰᠡᠨ ᠪᠠᠶᠢᠳᠠᠯ ᠪᠠ 1 ᠬᠤᠰᠢᠭᠤ ᠰᠢᠶᠠᠨ | ᠲᠣᠭᠤᠷᠢᠭ ᠤᠨ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠯ ᠤᠨ ᠪᠠᠶᠢᠳᠠᠯ ᠳᠤ ᠬᠢᠨᠠᠨ ᠪᠣᠳᠣᠯᠲᠠ ᠬᠢᠨ᠎ᠠ︔ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠦᠭᠰᠢᠭᠦᠷᠢ ᠶᠢ ᠰᠡᠷᠭᠡᠶᠢᠯᠡᠬᠦ ᠵᠢᠴᠢ ᠥᠭᠡᠷᠡᠴᠢᠯᠡᠯᠲᠡ ᠬᠥᠭᠵᠢᠯᠲᠡ ᠶᠢᠨ | ᠪᠠᠶᠢᠳᠠᠯ ᠳᠤ ᠲᠤᠰᠬᠠᠶ ᠬᠢᠨᠠᠨ ᠪᠤᠳᠤᠯᠲᠠ ᠶᠢᠨ ᠪᠠᠶᠢᠴᠠᠭᠠᠯᠲᠠ ᠬᠢᠨ᠎ᠡ᠃ ︽ᠲᠤᠯᠤᠭᠠᠨ ᠶᠡᠭᠡ ᠠᠵᠢᠯᠯᠠᠭ᠎ᠠ︾ ᠶᠢᠨ ᠪᠠᠯᠠ | ᠮᠥᠩᠭᠦ ᠶᠢᠨ ᠪᠠᠲᠤᠯᠠᠭ᠎ᠠ᠂ ᠳᠡᠭᠡᠳᠦ ᠱᠠᠲᠤᠨ ᠤ ᠰᠢᠯᠵᠢᠭᠦᠯᠦᠨ ᠲᠦᠯᠦᠪᠦᠷᠢ ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠠᠷᠢᠯᠭᠠᠬᠤ ᠪᠠ ︽ᠠᠷᠪᠢᠴᠢ ᠭᠠᠮᠲᠠᠶ ᠠᠮᠢᠳᠤᠷᠠᠬᠤ︾ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠪᠠᠶᠢᠳᠠᠯ ᠢ ᠨᠢᠭᠲᠠ ᠠᠩᠬᠠᠷᠴᠤ᠂ ᠡᠳ᠋ ᠤᠨ ᠵᠠᠰᠠᠭ ᠤᠨ ᠪᠠᠯᠠ ᠮᠥᠩᠭᠦ ᠶᠢ | ᠴᠢᠩᠭ᠎ᠠ ᠠᠩᠬᠠᠷᠴᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠤᠨ᠎ᠠ᠃ ᠭᠤᠷᠪᠠ ᠳᠤ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠲᠣᠭᠤᠷᠢᠨ ᠳᠤ ᠬᠢᠨᠠᠨ ᠪᠤᠳᠤᠯᠲᠠ ᠶᠢ ᠥᠷᠨᠢᠭᠦᠯᠦᠨ᠎ᠡ᠃ ᠪᠡᠯᠡ ᠣᠷᠣᠭᠤᠯᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠬᠤ᠂ | ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠵᠠᠰᠠᠮᠠᠯ ᠵᠠᠮ ᠤᠨ ᠵᠠᠮ | ᠬᠠᠷᠢᠯᠴᠠᠭ᠎ᠠ᠂ ᠬᠤᠲᠠ ᠶᠢᠨ ᠶᠠᠪᠤᠳᠠᠯ ᠤᠨ ᠢᠨᠵᠧᠨᠧᠷᠢᠩ᠂ ︽ᠬᠠᠭᠤᠴᠢᠨ ᠭᠡᠷ︾ ᠢ ᠥᠭᠡᠷᠡᠴᠢᠯᠡᠬᠦ᠂ ᠰᠤᠷᠭᠠᠨ ᠬᠥᠮᠦᠵᠢᠯ᠂ | ᠡᠮᠴᠢᠯᠡᠭᠡ᠂ ᠰᠣᠶᠣᠯ ᠤᠨ ︽ᠭᠤᠷᠪᠠᠨ ᠥᠨᠳᠥᠷ ᠭᠠᠵᠠᠷ︾ ᠤᠨ ᠬᠤᠯᠪᠤᠭᠳᠠᠯ ᠪᠦᠬᠦᠢ ᠪᠡᠯᠡ ᠮᠥᠩᠭᠦ ᠪᠠ ᠲᠥᠷᠥᠯ ᠵᠦᠢᠯ | ᠵᠡᠷᠭᠡ ᠳᠤ ᠬᠢᠨᠠᠨ ᠪᠣᠳᠣᠯᠲᠠ ᠶᠢ ᠥᠷᠨᠢᠭᠦᠯᠦᠨ᠎ᠡ᠃ ᠲᠥᠷᠥᠯ ᠵᠦᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ | ᠶᠠᠪᠤᠴᠠ ᠶᠢᠨ ᠭᠦᠢᠴᠡᠳᠭᠡᠯ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ᠂ ᠪᠡᠯᠡ ᠮᠥᠩᠭᠦ ᠶᠢᠨ | ᠬᠠᠮᠢᠶᠠᠷᠤᠯᠲᠠ ᠬᠡᠷᠡᠭᠯᠡᠯᠲᠡ᠂ ᠪᠡᠯᠡ ᠣᠷᠣᠭᠤᠯᠤᠯᠲᠠ ᠶᠢᠨ ᠡᠵᠡᠮᠳᠡᠯ ᠪᠠ ᠢᠨᠵᠧᠨᠧᠷᠢᠩ ᠤᠨ ᠬᠠᠩᠰᠢᠯᠠᠭᠰᠠᠨ ᠦᠨ᠎ᠡ ᠶᠢᠨ | ᠬᠠᠮᠢᠶᠠᠷᠤᠯᠲᠠ᠂ ᠪᠡᠯᠡ ᠣᠷᠣᠭᠤᠯᠤᠯᠲᠠ ᠶᠢᠨ ᠠᠮᠵᠢᠯᠲᠠ ᠪᠦᠲᠦᠮᠵᠢ ᠵᠡᠷᠭᠡ ᠪᠠᠶᠢᠳᠠᠯ ᠢ ᠭᠤᠤᠯᠳᠠᠯᠭ᠎ᠠ ᠲᠠᠢ ᠠᠩᠬᠠᠷᠴᠤ᠂ | ᠪᠦᠲᠦᠮᠵᠢᠲᠡᠶ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠬᠤ ᠶᠢ ᠠᠬᠢᠭᠤᠯᠤᠨ᠎ᠠ᠃ ᠲᠦᠷᠪᠡ ᠳᠤ᠂ | ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠬᠢᠨᠠᠨ ᠪᠤᠳᠤᠯᠳᠠ ᠶᠢ ᠥᠷᠨᠢᠭᠦᠯᠦᠨ᠎ᠡ᠃ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ | ᠪᠠᠶᠢᠭᠤᠯᠬᠤ ᠴᠢᠬᠤᠯᠠ ᠶᠡᠭᠡ ᠡᠭᠦᠷᠭᠡ ᠲᠠᠢ ᠨᠢᠭᠲᠠ ᠤᠶᠠᠯᠳᠤᠭᠤᠯᠤᠨ᠂ ᠬᠤᠰᠢᠭᠤ ᠰᠢᠶᠠᠨ ᠲᠣᠭᠤᠷᠢᠭ ᠤᠨ ᠤᠳᠤᠷᠢᠳᠬᠤ | ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠪᠠ ᠪᠠᠶᠢᠭᠠᠯᠢ ᠶᠢᠨ ᠡᠬᠢ ᠪᠠᠶᠠᠯᠢᠭ ᠡᠳ᠋ | ᠬᠥᠷᠥᠩᠭᠡ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠶᠢ ᠬᠠᠮᠲᠤ ᠳᠤ ᠨᠢ ᠳᠣᠭᠢᠷᠠᠭᠤᠯᠵᠤ᠂ ᠬᠤᠯᠪᠤᠭᠳᠠᠯ ᠪᠥᠬᠦᠶ ᠭᠠᠵᠠᠷ | ᠣᠷᠣᠨ ᠤ ᠤᠳᠤᠷᠢᠳᠬᠤ ᠺᠠᠳ᠋ᠷᠴᠤᠳ ᠤᠨ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠦᠢᠯᠡᠳᠦᠯᠭᠡᠵᠢᠭᠦᠯᠬᠦ ᠶᠢ | ᠠᠬᠢᠭᠤᠯᠤᠨ᠎ᠠ᠃ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠠᠬᠢᠭᠤᠯᠵᠤ᠂ ᠪᠥᠬᠦ ᠬᠤᠲᠠ ᠶᠢᠨ ᠳᠠᠬᠢᠯᠲᠠ | ᠤᠰᠤ ᠶᠢ ᠠᠰᠢᠭᠯᠠᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ | ᠲᠤᠰᠬᠠᠶ ᠬᠢᠨᠠᠨ ᠪᠤᠳᠤᠯᠲᠠ ᠶᠢᠨ ᠪᠠᠶᠢᠴᠠᠭᠠᠯᠲᠠ ᠬᠢᠨ᠎ᠠ᠃ ᠲᠠᠪᠤ ᠳᠤ᠂ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠶᠢᠨ ᠲᠣᠭᠤᠷᠢᠨ ᠳᠤ ᠬᠢᠨᠠᠨ ᠪᠤᠳᠤᠯᠲᠠ ᠶᠢ ᠥᠷᠨᠢᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠢ ᠨᠡᠮᠡᠭᠳᠡᠭᠦᠯᠬᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠶᠢ ᠠᠬᠢᠭᠤᠯᠬᠤ ᠪᠠᠷ ᠬᠠᠷᠠᠯᠲᠠ | ᠪᠣᠯᠭᠠᠵᠤ᠂ ᠨᠠᠰᠤᠵᠢᠯ ᠤᠨ ᠠᠰᠠᠷᠠᠮᠵᠢ᠂ ᠬᠠᠶᠢᠷ᠎ᠠ ᠬᠠᠯᠠᠮᠵᠢ ᠶᠢᠨ ᠢᠨᠵᠧᠨᠧᠷᠢᠩ ᠵᠡᠷᠭᠡ ᠠᠷᠠᠳ ᠤᠨ ᠠᠮᠢᠳᠤᠷᠠᠯ ᠤᠨ ᠬᠢᠨᠠᠨ | ᠪᠤᠳᠤᠯᠳᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢ | ᠬᠤᠷᠠᠮᠳᠤᠭᠤᠯᠬᠤ᠂ ᠬᠠᠮᠢᠶᠠᠷᠬᠤ ᠪᠠ ᠬᠡᠷᠡᠭᠯᠡᠬᠦ᠂ ᠬᠤᠲᠠ ᠶᠢᠨ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠲᠥᠷᠥᠯ | ᠵᠦᠢᠯ ᠢ ᠪᠥᠲᠥᠭᠡᠨ ᠪᠠᠶᠢᠭᠤᠯᠵᠤ ᠡᠵᠡᠩᠨᠡᠬᠦ᠂ ᠬᠠᠭᠤᠴᠢᠨ ᠵᠢᠵᠢᠭ ᠲᠣᠭᠤᠷᠢᠭ ᠤᠨ ᠢᠯᠴᠢ ᠬᠠᠩᠭᠠᠬᠤ ᠬᠤᠭᠤᠯᠠᠶ ᠶᠢᠨ | ᠲᠣᠤᠷ ᠢ ᠥᠭᠡᠷᠡᠴᠢᠯᠡᠬᠦ᠂ ᠢᠯᠴᠢ ᠬᠠᠩᠭᠠᠬᠤ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠭᠰᠡᠨ ᠵᠡᠷᠭᠡ ᠪᠠᠶᠢᠳᠠᠯ ᠢ ᠨᠢᠭᠲᠠ ᠠᠩᠬᠠᠷᠴᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ | ︽ᠡᠴᠦᠰ ᠤᠨ ᠨᠢᠭᠡ ᠺᠢᠯᠣᠮᠧᠳ᠋ᠷ︾ ᠢ ᠨᠡᠪᠲᠡᠷᠡᠭᠦᠯᠦᠨ᠎ᠡ᠃ ᠵᠢᠷᠭᠤᠭ᠎ᠠ ᠳᠤ᠂ ᠡᠷᠬᠡ ᠶᠢᠨ ᠵᠢᠷᠤᠮᠵᠢᠭᠤᠨ ᠠᠵᠢᠯᠯᠠᠭᠠᠨ ᠤ | ᠲᠣᠭᠤᠷᠢᠨ ᠳᠤ ᠬᠢᠨᠠᠨ ᠪᠤᠳᠤᠯᠲᠠ ᠶᠢ ᠥᠷᠨᠢᠭᠦᠯᠦᠨ᠎ᠡ᠃ ︽ᠲᠠᠪᠤᠨ ᠶᠡᠭᠡ ᠡᠭᠦᠷᠭᠡ︾ ᠪᠠ ︽ᠨᠢᠭᠡ ᠰᠢᠨ᠎ᠡ ᠶᠢ ᠡᠭᠦᠳᠬᠦ᠂ | ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠪᠠᠷ | ᠭᠠᠷᠳᠠᠴᠠ ᠪᠣᠯᠭᠠᠵᠤ᠂ ᠡᠷᠬᠡ ᠶᠢ ᠲᠥᠪᠯᠡᠷᠡᠭᠦᠯᠬᠦ᠂ ᠪᠡᠯᠡ ᠮᠥᠩᠭᠦ ᠨᠢᠭᠲᠠ᠂ ᠡᠬᠢ ᠪᠠᠶᠠᠯᠢᠭ ᠡᠯᠪᠡᠭ᠂ ᠡᠳ᠋ ᠬᠥᠷᠥᠩᠭᠡ | ᠲᠥᠪᠯᠡᠷᠡᠭᠰᠡᠨ ᠭᠤᠣᠯᠳᠠᠯᠭ᠎ᠠ ᠲᠠᠢ ᠠᠵᠢᠯ ᠤᠨ ᠪᠠᠶᠢᠷᠢ᠂ ᠭᠤᠣᠯᠳᠠᠯᠭ᠎ᠠ ᠲᠠᠢ ᠵᠦᠢᠯᠡᠰ ᠪᠠ ᠭᠤᠣᠯᠳᠠᠯᠭ᠎ᠠ ᠲᠠᠢ | ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠣᠷᠣᠨ᠂ ᠰᠠᠯᠠᠭ᠎ᠠ ᠮᠥᠴᠢᠷ ᠪᠠ ᠨᠢᠭᠡᠴᠢ ᠶᠢᠨ ᠭᠤᠣᠯ | ᠤᠳᠤᠷᠢᠳᠬᠤ ᠬᠥᠮᠦᠰ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠶᠢ ᠥᠷᠨᠢᠭᠦᠯᠦᠨ᠎ᠡ᠃ ᠤᠳᠤᠷᠢᠳᠬᠤ | ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠬᠠᠮᠢᠶᠠᠷᠤᠯᠲᠠ ᠪᠠ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ᠂ ᠡᠯ᠎ᠡ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠢᠭᠲᠠ ᠠᠩᠬᠠᠷᠴᠤ᠂ ᠤᠳᠤᠷᠢᠳᠬᠤ ᠺᠠᠳ᠋ᠷᠴᠤᠳ ᠤᠨ ᠬᠠᠷᠢᠭᠤᠴᠠᠯᠭ᠎ᠠ ᠪᠠᠨ | ᠭᠦᠢᠴᠡᠳᠬᠡᠵᠦ᠂ ᠡᠷᠬᠡ ᠪᠠᠨ ᠵᠢᠷᠤᠮᠵᠢᠯ ᠲᠠᠢ ᠬᠡᠷᠡᠭᠯᠡᠬᠦ ᠶᠢ ᠠᠬᠢᠭᠤᠯᠤᠨ᠎ᠠ᠃ | ︵ᠭᠤᠷᠪᠠ︶ ᠶᠠᠰᠤ ᠴᠢᠨᠠᠷ ᠢ ᠪᠠᠲᠤᠯᠠᠬᠤ ᠶᠢ ᠨᠡᠩ ᠴᠢᠬᠤᠯᠠᠴᠢᠯᠠᠵᠤ᠂ ᠶᠠᠰᠤ ᠴᠢᠨᠠᠷ ᠤᠨ ᠡᠵᠡᠮᠳᠡᠯ ᠢ | ᠴᠢᠩᠭᠠᠷᠠᠭᠤᠯᠵᠤ᠂ ᠰᠢᠯᠢᠳᠡᠭ ᠬᠢᠨᠠᠨ ᠪᠤᠳᠤᠬᠤ ᠲᠦᠷᠦᠯ ᠵᠦᠢᠯ ᠢ ᠪᠠᠶᠢᠭᠤᠯᠬᠤ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠵᠦ᠂ | ᠬᠢᠨᠠᠨ ᠪᠤᠳᠤᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠰᠠᠶᠢᠲᠤᠷ ᠲᠤᠯᠭᠠᠭᠤᠷᠢᠯᠠᠯ ᠬᠠᠩᠭᠠᠨ᠎ᠠ ᠨᠢᠭᠡ ᠳᠤ | ᠂ ᠶᠠᠰᠤ ᠴᠢᠨᠠᠷ ᠢ ᠬᠠᠮᠢᠶᠠᠷᠤᠨ ᠡᠵᠡᠮᠳᠡᠬᠦ ᠳᠤ ᠡᠷᠬᠡᠪᠰᠢ ᠪᠦᠬᠦ ᠶᠠᠪᠤᠴᠠ ᠶᠢᠨ ᠪᠠᠶᠢᠬᠤ ᠬᠡᠷᠡᠭᠲᠡᠢ᠃ ᠡᠯ᠎ᠡ ᠭᠤᠭᠴᠤᠭ᠎ᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠢᠩᠭ᠎ᠠ ᠱᠠᠭᠠᠷᠳᠠᠯᠭ᠎ᠠ᠂ ᠪᠣᠳᠠᠲᠠᠶ ᠪᠠᠷᠢᠮᠵᠢᠶ᠎ᠠ᠂ ᠨᠠᠷᠢᠨ ᠠᠷᠭ᠎ᠠ ᠬᠡᠮᠵᠢᠶ᠎ᠡ ᠶᠢ | ᠲᠥᠷᠥᠯ ᠵᠦᠢᠯ ᠤᠨ ᠲᠥᠯᠥᠪᠯᠡᠭᠡ᠂ ᠬᠢᠨᠠᠯᠲᠠ ᠠᠴᠠ ᠡᠮᠦᠨᠡᠬᠢ ᠪᠠᠶᠢᠴᠠᠭᠠᠯᠲᠠ᠂ ᠲᠥᠰᠦᠯ ᠢ ᠨᠠᠶᠢᠷᠠᠭᠤᠯᠤᠨ ᠵᠣᠬᠢᠶᠠᠬᠤ᠂ | ᠲᠤᠬᠠᠶ ᠶᠢᠨ ᠲᠠᠯᠠᠪᠤᠷ ᠲᠤ ᠬᠠᠮᠢᠶᠠᠷᠬᠤ᠂ ᠰᠢᠭᠦᠨ ᠰᠢᠢᠳᠪᠦᠷᠢᠯᠡᠵᠦ ᠳᠠᠬᠢᠨ ᠬᠢᠨᠠᠬᠤ᠂ ᠦᠷ᠎ᠡ ᠪᠦᠲᠦᠭᠡᠯ ᠢ ᠠᠰᠢᠭᠯᠠᠬᠤ᠂ | ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠪᠥᠬᠦ ᠶᠠᠪᠤᠴᠠ ᠳᠤ ᠨᠠᠶᠢᠳᠠᠪᠤᠷᠢᠵᠢᠭᠤᠯᠵᠤ᠂ ᠨᠡᠪᠲᠡᠷᠡᠭᠦᠯᠦᠨ | ᠬᠠᠮᠵᠢᠯᠴᠠᠭᠤᠯᠬᠤ᠂ ᠠᠳᠠᠯᠢ ᠴᠢᠭᠯᠡᠯ ᠢᠶᠠᠷ ᠬᠦᠴᠦᠯᠡᠬᠦ ᠶᠢ ᠪᠡᠶᠡᠯᠡᠭᠦᠯᠵᠦ᠂ ᠭᠤᠤᠯᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠬᠦ ᠳᠤ ᠨᠠᠷᠢᠴᠠ ᠲᠠᠢ᠂ ᠬᠢᠨᠠᠨ ᠪᠤᠳᠤᠯᠲᠠ ᠶᠢ ᠬᠡᠷᠡᠭᠵᠢᠭᠦᠯᠬᠦ ᠳᠤ ᠬᠦᠴᠦᠯᠡᠴᠡ ᠲᠠᠢ᠂ ᠠᠰᠠᠭᠤᠳᠠᠯ ᠢ ᠪᠠᠶᠢᠴᠠᠭᠠᠨ | ᠭᠠᠷᠭᠠᠬᠤ ᠳᠤ ᠭᠦᠨᠴᠡ ᠲᠠᠢ᠂ ᠰᠠᠨᠠᠭᠤᠯᠭ᠎ᠠ ᠳᠤᠷᠠᠳᠬᠤ ᠳᠤ ᠥᠨᠳᠥᠷᠴᠡ ᠲᠠᠢ᠂ ᠴᠡᠭᠴᠡᠯᠡᠨ ᠰᠠᠶᠢᠵᠢᠷᠠᠭᠤᠯᠬᠤ ᠶᠢ | ᠠᠬᠢᠭᠤᠯᠬᠤ ᠳᠤ ᠡᠷᠴᠢᠮ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃ ᠤᠳᠤᠷᠢᠳᠬᠤ ᠪᠠᠭ ᠤᠨ ᠭᠡᠰᠢᠭᠦᠳ ᠤᠨ ︽ᠨᠢᠭᠡ ᠨᠢ | ᠬᠤᠶᠠᠷ ᠢ ᠠᠩᠬᠠᠷᠬᠤ︾ ᠵᠣᠬᠢᠴᠠᠮᠵᠢ ᠶᠢ ᠬᠡᠷᠡᠭᠵᠢᠭᠦᠯᠵᠦ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠨᠢᠭᠡᠪᠦᠷᠢ | ᠲᠤᠬᠠᠶ ᠶᠢᠨ ᠵᠢᠯ ᠳᠤ ᠲᠥᠷᠥᠯ ᠵᠦᠢᠯ ᠢ ᠠᠩᠬᠠᠷᠴᠤ᠂ ᠣᠶᠢᠷ᠎ᠠ ᠶᠢᠨ ᠬᠤᠶᠠᠷ ᠵᠢᠯ ᠳᠤ ᠳᠠᠯᠳᠠ ᠬᠦᠴᠦᠨ ᠲᠠᠢ ᠲᠥᠷᠥᠯ | ᠵᠦᠢᠯ ᠢ ᠠᠩᠬᠠᠷᠴᠤ᠂ ᠰᠢᠯᠢᠳᠡᠭ ᠬᠢᠨᠠᠨ ᠪᠤᠳᠤᠬᠤ ᠲᠥᠷᠥᠯ ᠵᠦᠢᠯ ᠢ ᠲᠠᠨᠢᠯᠴᠠᠭᠤᠯᠬᠤ ᠭᠤᠤᠯᠳᠠᠯᠭ᠎ᠠ ᠪᠣᠯᠭᠠᠨ᠎ᠠ᠃ | ᠬᠤᠶᠠᠷ ᠲᠤ᠂ ᠤᠷᠢᠳ ᠢᠶᠠᠷ ᠰᠤᠳᠤᠯᠬᠤ ᠳᠤ ᠡᠷᠬᠡᠪᠰᠢ ᠪᠣᠳᠠᠲᠠᠢ ᠪᠠᠶᠢᠬᠤ ᠬᠡᠷᠡᠭᠲᠡᠢ᠃ ᠰᠤᠳᠤᠯᠬᠤ ᠪᠠᠷ ᠰᠢᠭᠦᠯᠲᠡ ᠶᠢ | ᠠᠬᠢᠭᠤᠯᠬᠤ᠂ ᠰᠤᠳᠤᠯᠤᠨ ᠬᠢᠨᠠᠬᠤ ᠪᠠ ᠬᠢᠨᠠᠨ ᠪᠠᠶᠢᠴᠠᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠤᠳᠤᠯᠭᠠᠨ ᠤ | ᠬᠡᠯᠪᠡᠷᠢ ᠶᠢᠨ ᠬᠢᠨᠠᠨ ᠪᠤᠳᠤᠬᠤ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ︽ᠨᠢᠭᠡ ᠨᠢᠭᠡ ᠲᠦᠷᠦᠯ ᠵᠦᠢᠯ ᠢᠶᠠᠷ | ᠰᠤᠳᠤᠯᠬᠤ︾ ᠶᠢ ᠬᠡᠷᠡᠭᠵᠢᠭᠦᠯᠵᠦ᠂ ᠬᠢᠨᠠᠨ ᠪᠤᠳᠤᠬᠤ ᠲᠦᠷᠦᠯ ᠵᠦᠢᠯ ᠨᠢᠭᠡᠪᠦᠷᠢ ᠳᠤ ᠴᠥᠮ ᠲᠦᠷᠦᠯ ᠵᠦᠢᠯ ᠲᠣᠭᠲᠠᠭᠠᠬᠤ᠂ | ᠠᠰᠠᠭᠤᠳᠠᠯ᠂ ᠰᠠᠨᠠᠭᠤᠯᠭ᠎ᠠ ᠳᠤ ᠰᠤᠳᠤᠯᠭᠠᠨ ᠥᠷᠨᠢᠭᠦᠯᠵᠦ᠂ ︽ᠳᠣᠲᠣᠷ᠎ᠠ ᠪᠠᠨ ᠮᠡᠳᠡᠭᠦᠯᠦᠯᠲᠡ ᠲᠠᠢ ᠪᠠᠶᠢᠬᠤ︾ ᠶᠢ | ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠲᠤᠭ᠎ᠠ ᠪᠠᠷᠢᠮᠲᠠ ᠶᠢ ᠤᠷᠢᠳ ᠢᠶᠠᠷ ᠬᠢᠬᠦ ᠳᠤ ᠡᠷᠬᠡᠪᠰᠢ ᠬᠡᠷᠡᠭᠴᠡᠭᠡ ᠲᠠᠢ ᠪᠠᠶᠢᠬᠤ | ᠬᠡᠷᠡᠭᠲᠡᠶ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠢᠨᠠᠨ ᠪᠠᠶᠢᠴᠠᠭᠠᠯᠲᠠ ᠶᠢ ᠬᠡᠷᠡᠭᠵᠢᠭᠦᠯᠬᠦ ᠲᠥᠰᠦᠯ︾ ᠵᠢᠴᠢ | ᠢᠵᠢ ᠪᠦᠷᠢᠳᠦᠭᠦᠯᠬᠦ ᠠᠷᠭ᠎ᠠ ᠶᠢ ᠨᠠᠶᠢᠳᠠᠪᠤᠷᠢᠵᠢᠭᠤᠯᠵᠤ᠂ ᠲᠤᠭ᠎ᠠ ᠪᠠᠷᠢᠮᠲᠠ ᠶᠢ ᠴᠤᠭᠯᠠᠭᠤᠯᠬᠤ᠂ ᠲᠣᠮᠣ ᠲᠤᠭ᠎ᠠ ᠪᠠᠷᠢᠮᠲᠠ ᠶᠢ | ᠬᠢᠨᠠᠨ ᠪᠤᠳᠤᠬᠤ ᠵᠠᠭᠪᠤᠷ ᠲᠤ ᠰᠢᠨ᠎ᠡ ᠶᠢ ᠡᠭᠦᠳᠬᠦ᠂ ᠲᠣᠮᠣ ᠲᠤᠭ᠎ᠠ ᠪᠠᠷᠢᠮᠲᠠ ᠶᠢᠨ ᠴᠢᠳᠠᠪᠤᠷᠢᠲᠠᠨ ᠢ ᠬᠥᠮᠦᠵᠢᠭᠦᠯᠬᠦ ᠵᠡᠷᠭᠡ | ᠲᠠᠯ᠎ᠠ ᠪᠠᠷ ᠠᠬᠢᠴᠠ ᠲᠠᠢ ᠪᠣᠯᠭᠠᠨ᠎ᠠ᠃ ᠲᠣᠷᠰᠢᠯᠲᠠ ᠶᠢᠨ ᠴᠡᠭ ᠤᠨ ᠠᠶᠢᠮᠠᠭ ᠬᠤᠲᠠ ᠶᠢᠨ ᠤᠷᠢᠳ ᠢᠶᠠᠷ ᠬᠡᠷᠡᠭᠵᠢᠭᠦᠯᠵᠦ | ᠤᠷᠢᠳ ᠢᠶᠠᠷ ᠲᠤᠷᠰᠢᠬᠤ ᠦᠢᠯᠡᠳᠦᠯ ᠢ ᠪᠠᠳᠠᠷᠠᠭᠤᠯᠵᠤ᠂ ︽ᠬᠢᠨᠠᠯᠲᠠ ᠶᠢᠨ ᠭᠤᠣᠯᠳᠠᠯᠭ᠎ᠠ ᠲᠠᠢ ᠭᠤᠷᠪᠠᠨ ᠬᠤᠭᠤᠴᠠᠭ᠎ᠠ︾ | ᠶᠢᠨ ᠢᠨᠵᠧᠨᠧᠷᠢᠩ ᠤᠨ ᠬᠡᠷᠡᠭᠯᠡᠯᠲᠡ ᠶᠢ ᠭᠦᠨᠵᠡᠭᠡᠶᠢᠷᠡᠭᠦᠯᠦᠨ᠎ᠡ᠃ ︽ᠬᠤᠤᠰ ᠭᠤᠤᠯ ᠬᠢᠨᠠᠯᠲᠠ︾ ᠶᠢᠨ ᠬᠢᠨᠠᠨ ᠪᠤᠳᠤᠬᠤ | ᠵᠠᠭᠪᠤᠷ ᠢ ᠬᠡᠷᠡᠭᠵᠢᠭᠦᠯᠵᠦ᠂ ᠰᠢᠯᠢᠳᠡᠭ ᠲᠣᠮᠣ ᠲᠤᠭ᠎ᠠ ᠪᠠᠷᠢᠮᠲᠠ ᠶᠢᠨ ᠬᠢᠨᠠᠨ ᠪᠤᠳᠤᠬᠤ ᠠᠷᠭ᠎ᠠ ᠶᠢ ᠬᠢᠨᠠᠨ ᠪᠤᠳᠤᠬᠤ ᠲᠥᠷᠥᠯ | ᠵᠦᠢᠯ ᠳᠤ ᠭᠦᠨᠵᠡᠭᠡᠶ ᠬᠡᠷᠡᠭᠯᠡᠬᠦ ᠶᠢ ᠠᠬᠢᠭᠤᠯᠤᠨ᠎ᠠ᠃ ︵ᠲᠦᠷᠪᠡ︶ ᠦᠷ᠎ᠡ ᠪᠦᠲᠦᠭᠡᠯ ᠭᠠᠷᠭᠠᠬᠤ ᠶᠢ ᠨᠠᠩ ᠴᠢᠬᠤᠯᠠᠴᠢᠯᠠᠵᠤ᠂ | ᠨᠠᠷᠢᠯᠢᠭ ᠰᠤᠳᠤᠯᠬᠤ ᠪᠠᠨ ᠴᠢᠩᠭᠠᠷᠠᠭᠤᠯᠵᠤ᠂ ᠴᠢᠨᠠᠷ ᠰᠠᠶᠢᠲᠠᠶ ᠬᠢᠨᠠᠨ ᠪᠤᠳᠤᠬᠤ ᠦᠷ᠎ᠡ ᠪᠦᠲᠦᠭᠡᠯ ᠢ ᠪᠣᠶ ᠪᠣᠯᠭᠠᠬᠤ | ᠲᠠᠯ᠎ᠠ ᠪᠠᠷ ᠨᠠᠷᠢᠯᠢᠭ ᠣᠨᠣᠪᠴᠢᠲᠠᠢ ᠪᠠᠷ ᠬᠦᠴᠦᠯᠡᠵᠦ᠂ ᠬᠢᠨᠠᠨ ᠪᠤᠳᠤᠬᠤ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠬᠦᠯᠬᠦ ᠳᠤ ᠲᠠᠩᠰᠠ ᠶᠢ ᠮᠡᠳᠡᠭᠦᠯᠵᠦ ᠰᠢᠯᠭᠠᠯᠲᠠ ᠪᠠᠨ ᠲᠤᠰᠢᠶᠠᠨ᠎ᠠ | ᠨᠢᠭᠡ ᠳᠤ᠂ ᠬᠢᠨᠠᠨ ᠪᠣᠳᠣᠭᠰᠠᠨ ᠮᠡᠳᠡᠭᠦᠯᠦᠯᠲᠡ ᠶᠢ ᠰᠣᠳᠣᠨ ᠪᠦᠲᠦᠭᠡᠯ ᠪᠣᠯᠭᠠᠨ᠎ᠠ᠃ ᠮᠡᠳᠡᠭᠦᠯᠦᠯᠲᠡ ᠶᠢ ᠪᠦᠬᠦ᠋ᠢᠯᠡ | ᠬᠢᠨᠠᠨ ᠪᠤᠳᠤᠬᠤ ᠠᠵᠢᠯ ᠤᠨ ᠬᠠᠮᠤᠭ ᠤᠨ ᠳᠡᠭᠡᠳᠦ ᠲᠡᠰ ᠳᠠᠪᠬᠤᠷᠭ᠎ᠠ ᠳᠤ ᠲᠠᠯᠪᠢᠵᠤ᠂ ᠬᠢᠨᠠᠨ ᠪᠤᠳᠤᠬᠤ ᠮᠡᠳᠡᠭᠦᠯᠦᠯᠲᠡ ᠶᠢ | ᠪᠦᠬᠦ᠋ᠢᠯᠡ ᠬᠢᠨᠠᠨ ᠪᠤᠳᠤᠬᠤ ᠠᠵᠢᠯ ᠤᠨ ᠪᠦᠬᠦ ᠶᠠᠪᠤᠴᠠ ᠡᠯ᠎ᠡ ᠭᠤᠭᠴᠤᠭ᠎ᠠ ᠶᠢ ᠶᠡᠷᠦᠩᠬᠡᠶᠢᠯᠡᠨ ᠵᠢᠯᠤᠭᠤᠳᠤᠭᠤᠯᠤᠨ᠎ᠠ᠃ | ᠬᠢᠨᠠᠨ ᠪᠤᠳᠤᠬᠤ ᠲᠥᠷᠥᠯ ᠵᠦᠢᠯ ᠢ ᠲᠥᠯᠥᠪᠵᠢᠭᠦᠯᠬᠦ ᠱᠠᠲᠤᠨ ᠳᠤ ᠬᠢᠨᠠᠨ ᠪᠤᠳᠤᠬᠤ ᠠᠵᠢᠯ ᠤᠨ ᠮᠡᠳᠡᠭᠦᠯᠦᠯᠲᠡ ᠶᠢ | ᠵᠡᠷᠭᠡ ᠪᠠᠷ ᠲᠥᠯᠥᠪᠵᠢᠭᠦᠯᠵᠦ᠂ ᠬᠢᠨᠠᠨ ᠪᠤᠳᠤᠬᠤ ᠠᠵᠢᠯ ᠤᠨ ᠲᠥᠰᠦᠯ ᠢ ᠲᠣᠭᠲᠠᠭᠠᠬᠤ ᠪᠠ ᠬᠢᠨᠠᠬᠤ ᠠᠴᠠ ᠡᠮᠦᠨᠡᠬᠢ | ᠪᠠᠶᠢᠴᠠᠭᠠᠯᠲᠠ ᠶᠢᠨ ᠱᠠᠲᠤᠨ ᠳᠤ ᠮᠡᠳᠡᠭᠦᠯᠦᠯᠲᠡ ᠶᠢᠨ ᠲᠤᠬᠠᠶ ᠶᠠᠮᠠᠷ ᠦᠵᠡᠯᠲᠡ ᠶᠢ ᠪᠦᠷᠢᠯᠳᠦᠭᠦᠯᠬᠦ᠂ ᠶᠠᠮᠠᠷ ᠠᠰᠠᠭᠤᠳᠠᠯ ᠢ | ᠢᠯᠡᠷᠡᠭᠦᠯᠬᠦ᠂ ᠶᠠᠮᠠᠷ ᠰᠠᠨᠠᠭᠤᠯᠭ᠎ᠠ ᠳᠤᠷᠠᠳᠬᠤ ᠵᠡᠷᠭᠡ ᠶᠢ ᠪᠡᠶᠡᠯᠡᠭᠦᠯᠵᠦ᠂ ᠳᠣᠲᠣᠷ᠎ᠠ ᠪᠠᠨ ᠲᠤᠭ᠎ᠠ ᠲᠠᠢ ᠪᠠᠶᠢᠬᠤ ᠶᠢ | ᠪᠡᠶᠡᠯᠡᠭᠦᠯᠵᠦ᠂ ᠭᠠᠷᠭᠠᠭᠰᠠᠨ ᠬᠢᠨᠠᠨ ᠪᠤᠳᠤᠭᠰᠠᠨ ᠮᠡᠳᠡᠭᠦᠯᠦᠯᠲᠡ ᠶᠢᠨ ᠠᠭᠤᠯᠭ᠎ᠠ ᠶᠢ ᠪᠥᠬᠦ ᠲᠠᠯ᠎ᠠ ᠪᠠᠷ᠂ ᠴᠢᠨᠠᠷ ᠢ | ᠣᠨᠣᠪᠴᠢᠲᠠᠶ ᠲᠣᠭᠲᠠᠭᠠᠵᠤ᠂ ᠵᠣᠬᠢᠰᠲᠠᠶ ᠰᠢᠢᠳᠪᠦᠷᠢᠯᠡᠬᠦ ᠶᠢ ᠪᠠᠲᠤᠯᠠᠵᠤ᠂ ᠨᠢᠭᠡ ᠨᠢᠭᠡᠴᠢ ᠶᠢ ᠢᠯᠡᠷᠡᠭᠦᠯᠵᠦ᠂ ᠬᠡᠳᠦᠨ | ᠠᠰᠠᠭᠤᠳᠠᠯ ᠢᠶᠠᠷ ᠪᠥᠬᠦ ᠣᠷᠣᠨ ᠪᠦᠰᠡ ᠶᠢᠨ ᠴᠢᠨᠠᠷᠲᠠᠶ᠂ ᠠᠵᠢᠯ ᠲᠥᠷᠥᠯ ᠤᠨ ᠴᠢᠨᠠᠷᠲᠠᠶ᠂ ᠰᠢᠰᠲ᠋ᠧᠮ ᠤᠨ ᠴᠢᠨᠠᠷᠲᠠᠶ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ ᠠᠬᠢᠭᠤᠯᠵᠤ᠂ ᠨᠢᠭᠡ ᠬᠡᠷᠡᠭ ᠢ ᠨᠢᠭᠡ ᠭᠠᠵᠠᠷ ᠬᠢᠨᠠᠨ ᠪᠤᠳᠤᠬᠤ ᠶᠢ | ᠪᠡᠶᠡᠯᠡᠭᠦᠯᠵᠦ᠂ ᠠᠳᠠᠯᠢ ᠲᠥᠷᠥᠯ ᠤᠨ ᠪᠥᠬᠦ ᠣᠷᠣᠨ ᠪᠦᠰᠡ ᠶᠢ ᠥᠭᠡᠷᠡᠴᠢᠯᠡᠨ ᠵᠠᠰᠠᠨ᠎ᠠ᠃ | ᠬᠤᠶᠠᠷ ᠲᠤ᠂ ᠬᠢᠨᠠᠨ ᠪᠤᠳᠣᠯᠲᠠ ᠶᠢᠨ ᠲᠤᠰᠬᠠᠶ ᠰᠣᠨᠢᠨ ᠢ ᠬᠦᠨᠳᠦᠴᠡ ᠲᠠᠢ ᠪᠣᠯᠭᠠᠨ᠎ᠠ᠃ ︽ᠬᠢᠨᠠᠨ ᠪᠤᠳᠤᠬᠤ | ᠠᠵᠢᠯ ᠤᠨ ᠪᠠᠶᠢᠳᠠᠯ ᠢ ᠲᠤᠰᠬᠠᠶ ᠮᠡᠳᠡᠭᠦᠯᠬᠦ ᠲᠦᠷᠢᠮ︾ ᠶᠣᠰᠣᠭᠠᠷ᠂ ᠪᠣᠶ ᠪᠥᠬᠦᠶ ᠬᠢᠨᠠᠨ ᠪᠤᠳᠤᠭᠰᠠᠨ ᠦᠷ᠎ᠡ ᠳ᠋ᠦᠩ ᠢ | ᠴᠥᠮ ᠶᠡᠷᠦᠩᠬᠡᠶᠢᠯᠡᠭᠰᠡᠨ᠂ ᠲᠤᠰᠬᠠᠶ ᠰᠡᠳᠦᠪ ᠪᠤᠶᠤ ᠲᠤᠰᠬᠠᠶ ᠮᠡᠳᠡᠭᠦᠯᠦᠯᠲᠡ ᠪᠣᠯᠭᠠᠵᠤ᠂ ᠡᠩ ᠤᠨ ᠪᠥᠭᠡᠳ | ᠣᠶᠢᠯᠠᠭᠠᠮᠵᠢᠲᠠᠶ᠂ ᠲᠣᠪᠴᠢ ᠠᠪᠰᠠᠷᠬᠠᠨ᠂ ᠭᠤᠤᠯᠳᠠᠯᠭ᠎ᠠ ᠲᠠᠢ ᠲᠣᠪᠤᠶᠢᠮ᠎ᠠ ᠬᠤᠪᠢ ᠶᠢᠨ ᠬᠡᠮᠵᠢᠶ᠎ᠡ ᠪᠠᠷ ᠠᠰᠠᠭᠤᠳᠠᠯ ᠢ | ᠲᠤᠰᠬᠠᠵᠤ᠂ ᠳᠥᠭᠦᠮᠬᠡᠨ ᠢᠶᠠᠷ ᠵᠢᠭᠰᠠᠭᠠᠭᠰᠠᠨ ᠠᠰᠠᠭᠤᠳᠠᠯ ᠢ ᠡᠷᠡᠰ ᠬᠤᠷᠢᠭᠯᠠᠨ ᠵᠣᠭᠰᠣᠭᠠᠵᠤ᠂ ᠬᠢᠨᠠᠨ ᠪᠤᠳᠤᠭᠰᠠᠨ | ᠮᠡᠳᠡᠭᠦᠯᠦᠯᠲᠡ ᠶᠢ ᠳᠥᠭᠦᠮᠬᠡᠨ ᠢᠶᠠᠷ ᠠᠪᠴᠢᠭᠤᠯᠬᠤ ᠶᠢ ᠬᠤᠷᠢᠭᠯᠠᠵᠤ᠂ ᠲᠦᠭᠡᠮᠡᠯ ᠴᠢᠨᠠᠷᠲᠠᠶ᠂ ᠨᠡᠶᠢᠲᠡᠯᠢᠭ ᠴᠢᠨᠠᠷᠲᠠᠶ | ᠠᠰᠠᠭᠤᠳᠠᠯ ᠪᠠᠶᠢᠪᠠᠯ᠂ ᠠᠰᠠᠭᠤᠳᠠᠯ ᠤᠨ ᠠᠷᠤ ᠳᠠᠬᠢ ᠭᠦᠨ ᠳᠠᠪᠬᠤᠷᠭ᠎ᠠ ᠶᠢᠨ ᠰᠢᠯᠲᠠᠭᠠᠨ ᠢ ᠭᠦᠨᠵᠡᠭᠡᠶ ᠵᠠᠳᠠᠯᠵᠤ᠂ ᠪᠠᠰᠠ | ᠬᠠᠨᠳᠤᠯᠭᠠᠲᠤ ᠴᠢᠨᠠᠷᠲᠠᠶ ᠰᠠᠨᠠᠭᠤᠯᠭ᠎ᠠ ᠶᠢᠨ ᠠᠷᠭ᠎ᠠ ᠬᠡᠮᠵᠢᠶ᠎ᠡ ᠠᠪᠴᠤ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠭᠤᠤᠯ ᠤᠳᠤᠷᠢᠳᠤᠯᠭ᠎ᠠ ᠶᠢᠨ ᠦᠨᠡᠨ ᠪᠣᠳᠠᠲᠠᠶ ᠴᠣᠬᠤᠯᠠᠪᠤᠷᠢ ᠶᠢ ᠣᠯᠤᠭᠰᠠᠨ ᠤ ᠳᠠᠷᠠᠭ᠎ᠠ᠂ ᠠᠵᠢᠯ ᠢᠶᠠᠨ ᠠᠬᠢᠭᠤᠯᠬᠤ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ᠃ ᠭᠤᠷᠪᠠ ᠳᠤ᠂ ᠬᠢᠨᠠᠨ ᠪᠤᠳᠣᠭᠰᠠᠨ | ᠮᠡᠳᠡᠭᠡ ᠵᠠᠩᠭᠢ ᠶᠢ ᠴᠠᠭᠴᠢ ᠴᠢᠨᠠᠷ ᠲᠠᠢ ᠪᠣᠯᠭᠠᠨ᠎ᠠ᠃ ᠬᠢᠨᠠᠨ ᠪᠤᠳᠤᠬᠤ ᠲᠥᠷᠥᠯ ᠵᠦᠢᠯ ᠳᠤ ᠲᠦᠰᠢᠭᠯᠡᠨ᠂ ᠬᠤᠲᠠ ᠶᠢᠨ | ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠭᠤᠤᠯ ᠠᠵᠢᠯ ᠲᠠᠢ ᠨᠢᠭᠲᠠ ᠤᠶᠠᠯᠳᠤᠭᠤᠯᠤᠨ᠂ ᠪᠥᠬᠦ | ᠬᠤᠲᠠ ᠶᠢᠨ ᠠᠵᠤ ᠠᠬᠤᠶ ᠨᠡᠶᠢᠭᠡᠮ ᠤᠨ ᠠᠵᠢᠯᠯᠠᠭᠠᠨ ᠤ ᠴᠢᠬᠤᠯᠠ ᠶᠡᠭᠡ ᠠᠰᠠᠭᠤᠳᠠᠯ ᠪᠠ ᠬᠠᠨᠳᠤᠰᠢ᠂ ᠥᠭᠡᠷᠡᠴᠢᠯᠡᠯᠲᠡ | ᠬᠥᠭᠵᠢᠯᠲᠡ ᠶᠢᠨ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠠᠰᠠᠭᠤᠳᠠᠯ ᠤᠨ ᠮᠡᠳᠡᠭᠡ ᠵᠠᠩᠭᠢ ᠶᠢ ᠪᠣᠯᠪᠠᠰᠤᠷᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠰᠡᠷᠭᠡᠭ ᠴᠢᠨᠠᠷ᠂ ᠮᠡᠳᠡᠭᠦᠯᠦᠨ ᠬᠦᠷᠭᠡᠬᠦ | ᠠᠭᠤᠯᠭ᠎ᠠ ᠶᠢᠨ ᠰᠢᠨ᠎ᠡ ᠶᠢ ᠡᠭᠦᠳᠬᠦ ᠴᠢᠨᠠᠷ᠂ ᠵᠥᠪᠯᠡᠬᠦ ᠲᠤᠰᠠᠯᠠᠬᠤ ᠵᠠᠰᠠᠭ ᠤᠨ ᠶᠠᠪᠤᠳᠠᠯ ᠤᠨ ᠪᠦᠲᠦᠮᠵᠢᠲᠦ ᠴᠢᠨᠠᠷ ᠢ | ᠲᠠᠰᠤᠷᠠᠯᠲᠠ ᠥᠬᠡᠶ ᠴᠢᠩᠭᠠᠳᠬᠠᠵᠤ᠂ ᠴᠢᠨᠠᠷ ᠰᠠᠶᠢᠲᠠᠶ ᠬᠢᠨᠠᠨ ᠪᠤᠳᠤᠬᠤ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠶᠢ ᠲᠣᠭᠲᠠᠭᠠᠨ᠎ᠠ᠃ | ︵ᠲᠠᠪᠤ︶ ᠬᠡᠪ ᠴᠢᠨᠠᠷ ᠢ ᠴᠢᠩᠭᠠᠳᠬᠠᠬᠤ ᠶᠢ ᠨᠡᠩ ᠴᠢᠬᠤᠯᠠᠴᠢᠯᠠᠵᠤ᠂ ᠺᠠᠳ᠋ᠷ ᠤᠨ ᠶᠡᠷᠦᠩᠬᠡᠶᠢᠯᠡᠭᠰᠡᠨ ᠴᠢᠳᠠᠪᠤᠷᠢ ᠶᠢ | ᠴᠢᠩᠭᠠᠷᠠᠭᠤᠯᠵᠤ᠂ ᠥᠨᠳᠥᠷ ᠬᠡᠪ ᠪᠣᠯᠪᠠᠰᠤᠷᠠᠯ ᠲᠠᠢ ᠲᠤᠰᠬᠠᠢ ᠮᠡᠷᠭᠡᠵᠢᠯ ᠤᠨ ᠡᠩᠨᠡᠭᠡ ᠶᠢ ᠪᠠᠶᠢᠭᠤᠯᠬᠤ ᠲᠠᠯ᠎ᠠ ᠪᠠᠷ ᠤᠨᠢᠨ | ᠳᠡᠭᠡᠷ᠎ᠡ ᠨᠢ ᠬᠦᠴᠦᠯᠡᠵᠦ᠂ ᠬᠢᠨᠠᠨ ᠪᠤᠳᠤᠬᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠳᠤ ᠪᠠᠲᠤᠯᠠᠭ᠎ᠠ ᠬᠠᠩᠭᠠᠨ᠎ᠠ | ᠨᠢᠭᠡ ᠳᠤ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠢᠭᠡᠳᠦᠭᠡᠷ ᠪᠠᠷᠢᠮᠵᠢᠶ᠎ᠠ ᠪᠣᠯᠭᠠᠨ᠎ᠠ᠃ | ᠬᠥᠭᠵᠢᠯᠲᠡ ᠶᠢᠨ ᠪᠦᠬᠦ ᠲᠠᠯ᠎ᠠ ᠳᠤ ᠦᠢᠯᠡᠴᠢᠯᠡᠬᠦ ᠦᠨᠳᠦᠷᠴᠡ ᠠᠴᠠ ᠠᠰᠠᠭᠤᠳᠠᠯ ᠢ ᠪᠣᠳᠣᠯᠬᠢᠯᠠᠬᠤ ᠪᠠ ᠵᠠᠳᠠᠯᠬᠤ | ᠴᠢᠳᠠᠪᠤᠷᠢ ᠪᠠᠨ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠶᠢ ᠨᠡᠪᠲᠡᠷᠬᠡᠢ | ᠣᠶᠢᠯᠠᠭᠠᠬᠤ ᠤᠷᠢᠲᠠᠯ ᠳᠣᠣᠷ᠎ᠠ ᠠᠵᠢᠯ ᠢᠶᠠᠨ ᠥᠷᠨᠢᠭᠦᠯᠬᠦ ᠳᠠᠳᠬᠠᠯ ᠢ ᠪᠤᠢ ᠪᠣᠯᠭᠠᠵᠤ᠂ ᠤᠯᠤᠰ ᠲᠦᠷᠦ ᠶᠢᠨ ᠬᠠᠷᠠᠴᠠ ᠪᠠᠷ | ᠠᠵᠤ ᠠᠬᠤᠢ ᠨᠡᠶᠢᠭᠡᠮ ᠤᠨ ᠠᠰᠠᠭᠤᠳᠠᠯ ᠢ ᠠᠵᠢᠭᠯᠠᠨ ᠵᠠᠳᠠᠯᠵᠤ ᠰᠢᠢᠳᠪᠦᠷᠢᠯᠡᠬᠦ ᠴᠢᠳᠠᠪᠤᠷᠢ ᠪᠠᠨ ᠬᠦᠴᠦᠯᠡᠨ | ᠳᠡᠭᠡᠭᠰᠢᠯᠡᠭᠦᠯᠵᠦ᠂ ᠠᠵᠤ ᠠᠬᠤᠢ ᠶᠢᠨ ᠬᠢᠨᠠᠯᠲᠠ ᠳᠤ ᠰᠠᠭᠤᠷᠢᠯᠠᠵᠤ᠂ ᠤᠯᠤᠰ ᠲᠦᠷᠦ ᠶᠢᠨ ᠤᠳᠤᠷᠢᠳᠤᠮᠵᠢ ᠪᠣᠯᠤᠨ ᠤᠯᠤᠰ | ᠲᠦᠷᠦ ᠶᠢᠨ ᠱᠠᠭᠠᠷᠳᠠᠯᠭ᠎ᠠ ᠶᠢ ᠢᠯᠡᠷᠡᠭᠦᠯᠦᠨ᠎ᠡ᠃ ᠬᠤᠶᠠᠷ ᠲᠤ᠂ ᠲᠤᠰᠬᠠᠶ ᠮᠡᠷᠭᠡᠵᠢᠯ ᠤᠨ ᠴᠢᠳᠠᠪᠤᠷᠢ ᠪᠠᠨ ᠠᠵᠢᠯᠯᠠᠬᠤ | ᠴᠢᠳᠠᠪᠤᠷᠢ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠠᠴᠠ ᠬᠢᠨᠠᠨ ᠪᠤᠳᠤᠬᠤ ᠺᠠᠳ᠋ᠷ ᠤᠨ ︽ | ᠲᠠᠪᠤᠨ ᠨᠢᠭᠡ︾ ᠶᠢᠨ ᠠᠵᠢᠯᠯᠠᠭ᠎ᠠ ᠶᠢ ᠬᠡᠷᠡᠭᠵᠢᠭᠦᠯᠬᠦ ᠴᠢᠳᠠᠪᠤᠷᠢ ᠪᠠᠨ ᠴᠢᠩᠭᠠᠳᠬᠠᠬᠤ᠂ ᠲᠤᠬᠠᠶᠢᠯᠠᠪᠠᠯ ︽ᠨᠢᠭᠡ ᠵᠣᠬᠢᠶᠠᠯ | ᠪᠢᠴᠢᠬᠦ᠂ ᠨᠢᠭᠡ ᠬᠢᠴᠢᠶᠡᠯ ᠶᠠᠷᠢᠬᠤ᠂ ᠨᠢᠭᠡ ᠲᠦᠷᠦᠯ ᠤᠨ ᠦᠨᠡᠮᠯᠡᠯ ᠢ ᠰᠢᠯᠭᠠᠬᠤ᠂ ᠨᠢᠭᠡ ᠬᠡᠷᠡᠭ ᠤᠨ ᠵᠢᠱᠢᠶ᠎ᠡ ᠲᠠᠢ᠂ ᠨᠢᠭᠡ | ᠲᠣᠭᠲᠠᠯᠴᠠᠭ᠎ᠠ ᠶᠢ ᠪᠠᠶᠢᠭᠤᠯᠬᠤ︾ ᠶᠢ ᠬᠡᠷᠡᠭᠵᠢᠭᠦᠯᠬᠦ ᠪᠣᠯ ᠮᠠᠰᠢ ᠰᠠᠶᠢᠨ ᠠᠷᠭ᠎ᠠ ᠬᠡᠮᠵᠢᠶ᠎ᠡ ᠪᠣᠯᠤᠨ᠎ᠠ᠃ ︽ᠺᠠᠳ᠋ᠷ ᠤᠨ | ᠬᠥᠮᠦᠵᠢᠯ ᠪᠣᠯᠪᠠᠰᠤᠷᠠᠯ ᠤᠨ ᠭᠤᠷᠪᠠᠨ ᠵᠢᠯ ᠤᠨ ᠲᠥᠯᠥᠪᠯᠡᠭᠡ︾ ᠶᠢ ᠦᠷᠭᠦᠯᠵᠢᠯᠡᠨ ᠬᠡᠷᠡᠭᠵᠢᠭᠦᠯᠵᠦ᠂ ᠺᠠᠳ᠋ᠷᠴᠤᠳ ᠤᠨ | ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠶᠡᠷᠦᠩᠬᠡᠶᠢᠯᠡᠭᠰᠡᠨ ᠬᠡᠪ ᠴᠢᠨᠠᠷ ᠢᠶᠠᠨ ᠳᠡᠭᠡᠭᠰᠢᠯᠡᠭᠦᠯᠬᠦ ᠶᠢ ᠳᠡᠮᠵᠢᠵᠦ᠂ | ᠪᠠᠶᠢᠴᠠᠭᠠᠵᠤ ᠳᠡᠶᠢᠯᠬᠦ᠂ ᠬᠡᠯᠡᠵᠦ ᠳᠡᠶᠢᠯᠬᠦ᠂ ᠪᠢᠴᠢᠵᠦ ᠳᠡᠶᠢᠯᠬᠦ᠂ ᠲᠤᠭ᠎ᠠ ᠪᠠᠷᠢᠮᠲᠠ ᠶᠢ ᠵᠠᠳᠠᠯᠵᠤ ᠳᠡᠶᠢᠯᠬᠦ᠂ ᠬᠠᠤᠯᠢ ᠶᠢ | ᠳᠠᠭᠠᠵᠤ ᠳᠡᠶᠢᠯᠬᠦ᠂ ᠰᠤᠳᠤᠯᠵᠤ ᠳᠡᠶᠢᠯᠬᠦ ᠲᠤᠬᠠᠶᠢᠯᠠᠭᠰᠠᠨ ᠠᠵᠢᠯ ᠤᠨ ᠭᠤᠤᠯᠯᠠᠭᠴᠢ ᠴᠢᠳᠠᠪᠤᠷᠢᠲᠠᠨ ᠢ ᠶᠡᠭᠡ ᠪᠠᠷ | ᠬᠦᠮᠦᠵᠢᠭᠦᠯᠦᠨ᠎ᠡ᠃ ᠭᠤᠷᠪᠠ ᠳᠤ᠂ ᠠᠵᠢᠯ ᠮᠡᠷᠭᠡᠵᠢᠯ ᠤᠨ ᠰᠤᠷᠲᠠᠯ ᠢᠶᠠᠷ ᠦᠷᠳᠡᠭ ᠤᠨ ᠬᠥᠭᠡᠭᠡᠴᠡᠯᠳᠦᠯ ᠪᠣᠯᠭᠠᠨ᠎ᠠ᠃ | ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ︽ᠠᠯᠢᠪᠠ ᠪᠦᠬᠦᠨ ᠢ ᠴᠢᠩᠭ᠎ᠠ ᠲᠣᠬᠢᠷᠠᠭᠤᠯᠬᠤ᠂ ᠠᠯᠢᠪᠠ | ᠪᠦᠬᠦᠨ ᠢ ᠴᠢᠩᠭ᠎ᠠ ᠱᠠᠭᠠᠷᠳᠠᠬᠤ᠂ ᠠᠯᠢᠪᠠ ᠪᠦᠬᠦᠨ ᠢ ᠪᠠᠷᠢᠮᠵᠢᠶᠠᠯᠠᠨ ᠬᠠᠷᠭᠤᠭᠤᠯᠬᠤ︾ ᠠᠵᠢᠯ ᠤᠨ ᠱᠠᠭᠠᠷᠳᠠᠯᠭ᠎ᠠ ᠶᠢ ᠪᠠᠲᠤ | ᠪᠠᠬᠢ ᠪᠤᠢ ᠪᠣᠯᠭᠠᠵᠤ᠂ ᠠᠵᠢᠯ ᠨᠢᠭᠡᠪᠦᠷᠢ ᠳᠤ ᠴᠥᠮ ᠪᠣᠳᠣᠯ ᠲᠠᠢ᠂ ᠠᠷᠭ᠎ᠠ ᠬᠡᠮᠵᠢᠶ᠎ᠡ ᠲᠠᠢ᠂ ᠦᠷ᠎ᠡ ᠪᠦᠲᠦᠮᠵᠢ ᠲᠠᠢ ᠪᠠᠶᠢᠬᠤ | ᠬᠡᠷᠡᠭᠲᠡᠶ᠃ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠶ ᠪᠠᠷ ᠬᠢᠨᠠᠨ ᠪᠠᠶᠢᠴᠠᠭᠠᠵᠤ᠂ ᠦᠨᠡᠨ ᠬᠦ ᠴᠢᠩᠭ᠎ᠠ | ᠬᠢᠨᠠᠵᠤ᠂ ᠬᠢᠨᠠᠨ ᠬᠠᠷᠭᠤᠭᠤᠯᠵᠤ ᠪᠣᠳᠠᠲᠠᠶ ᠬᠢᠨᠠᠨ ᠵᠥᠪᠰᠢᠶᠡᠷᠡᠬᠦ ᠶᠢ ᠪᠣᠳᠠᠲᠠᠶᠢᠵᠢᠭᠤᠯᠵᠤ᠂ ᠲᠤᠰᠬᠠᠶ ᠮᠡᠷᠭᠡᠵᠢᠯ ᠢᠶᠠᠷ ᠢᠶᠠᠨ | ᠰᠠᠶ᠋ᠢ ᠡᠯ᠎ᠡ ᠲᠠᠯ᠎ᠠ ᠶᠢᠨ ᠬᠢᠨ ᠤ ᠵᠥᠪᠰᠢᠶᠡᠷᠡᠯ ᠪᠠ ᠬᠦᠨᠳᠦᠳᠬᠡᠯ ᠢ ᠣᠯᠵᠤ ᠴᠢᠳᠠᠨ᠎ᠠ᠃ ︽ᠪᠣᠳᠠᠲᠤ ᠠᠮᠵᠢᠯᠲᠠ ᠶᠢ | ᠴᠢᠬᠤᠯᠠᠴᠢᠯᠠᠵᠤ ᠪᠣᠳᠠᠲᠠᠢ ᠠᠵᠢᠯᠯᠠᠵᠤ᠂ ᠣᠷᠣᠨ ᠪᠠᠶᠢᠷᠢ ᠲᠠᠢ ᠪᠠᠶᠢᠬᠤ︾ ᠢᠯᠡ ᠲᠣᠳᠣ ᠬᠥᠮᠦᠨ ᠬᠡᠷᠡᠭᠯᠡᠬᠦ | ᠤᠳᠤᠷᠢᠳᠤᠮᠵᠢ ᠶᠢ ᠪᠤᠢ ᠪᠣᠯᠭᠠᠵᠤ᠂ ᠺᠠᠳ᠋ᠷ ᠤᠨ ᠲᠤᠰᠢᠶᠠᠯ ᠡᠭᠦᠷᠭᠡᠯᠡᠬᠦ᠂ ᠬᠢᠨᠠᠨ ᠪᠠᠶᠢᠴᠠᠭᠠᠬᠤ ᠪᠠᠷ ᠪᠣᠯᠪᠠᠰᠤᠷᠠᠯ ᠢ | ᠣᠷᠣᠯᠠᠭᠤᠯᠬᠤ ᠵᠡᠷᠭᠡ ᠳᠠᠪᠲᠠᠨ ᠪᠣᠯᠪᠠᠰᠤᠷᠠᠯ ᠢ ᠳᠡᠮᠵᠢᠵᠦ᠂ ᠨᠥᠬᠦᠴᠡᠯ ᠪᠦᠷᠢᠯᠳᠦᠭᠦᠯᠵᠦ ᠪᠠᠶᠢᠭᠠᠳ ᠵᠢᠩᠬᠢᠨᠢ ᠡᠷᠳᠡᠮ | ᠴᠢᠳᠠᠪᠤᠷᠢ ᠲᠠᠢ ᠺᠠᠳ᠋ᠷ ᠢ ᠴᠣᠯᠭᠤᠷᠠᠭᠤᠯᠤᠨ ᠭᠠᠷᠭᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ ᠬᠢᠨᠠᠨ ᠰᠢᠭᠦᠬᠦ ᠳᠤ᠂ | ︽ᠮᠢᠨᠦ ᠠᠵᠢᠯ ᠤᠨ ᠪᠠᠶᠢᠷᠢ ᠪᠠᠨ ᠪᠢ ᠬᠠᠷᠢᠭᠤᠴᠠᠬᠤ︾᠂ ︽ᠪᠢ ᠠᠵᠢᠯ ᠤᠨ ᠪᠠᠶᠢᠷᠢ ᠳᠤ ᠪᠠᠨ ᠪᠠᠶᠢᠬᠤ ᠳᠤ ᠲᠠ ᠨᠠᠷ | ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠨᠠᠮ ᠤᠨ ᠪᠠᠶᠢᠭᠤᠯᠤᠯᠲᠠ | ᠪᠣᠯᠤᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ︽ᠪᠢ ᠪᠣᠯ ᠬᠠᠮᠤᠭ ᠡᠴᠦᠰ ᠤᠨ ᠨᠢᠭᠡ | ᠪᠣᠭᠤᠮᠲᠠ ᠮᠥᠨ︾ ᠭᠡᠬᠦ ᠤᠬᠠᠮᠰᠠᠷ ᠢ ᠪᠠᠲᠤ ᠪᠤᠢ ᠪᠣᠯᠭᠠᠵᠤ᠂ ᠭᠠᠷ ᠬᠥᠳᠡᠯᠦᠨ ᠠᠵᠢᠯᠯᠠᠬᠤ ᠳᠤ ᠴᠥᠮ ᠥᠪᠡᠷ ᠤᠨ | ᠬᠠᠮᠤᠭ ᠤᠨ ᠰᠠᠶᠢᠨ ᠬᠢᠷᠢ ᠲᠦᠪᠰᠢᠨ ᠢᠶᠠᠨ ᠲᠥᠯᠥᠭᠡᠯᠡᠵᠦ᠂ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾ | ︽ᠤᠳᠠᠭᠠᠨ ᠪᠦᠳᠦᠭᠦᠯᠢᠭ ᠬᠡᠶᠢᠰᠪᠦᠷᠢ︾ ᠦᠵᠡᠭᠳᠡᠯ ᠢ ᠡᠷᠡᠰ ᠬᠤᠷᠢᠭᠯᠠᠨ᠎ᠠ᠃ ᠨᠠᠮ ᠤᠨ ᠰᠤᠷᠲᠠᠯ ᠴᠢᠬᠡᠴᠢ ᠵᠠᠰᠠᠭ ᠤᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ︽ᠪᠠᠷᠢᠮᠵᠢᠶ᠎ᠠ ᠶᠢ ᠳᠡᠭᠡᠭᠰᠢᠯᠡᠭᠦᠯᠦᠨ | ᠬᠤᠷᠳᠤᠴᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠶᠢ ᠠᠬᠢᠭᠤᠯᠵᠤ᠂ ︽ᠤᠯᠤᠰ ᠤᠨ ᠬᠢᠨᠠᠨ | ᠪᠤᠳᠤᠯᠲᠠ︾ ᠶᠢᠨ ᠠᠯᠲᠠᠨ ᠦᠰᠦᠭᠲᠦ ᠬᠠᠯᠬᠠᠪᠴᠢ ᠶᠢ ᠰᠠᠶᠢᠲᠤᠷ ᠰᠠᠬᠢᠨ ᠬᠠᠮᠠᠭᠠᠯᠠᠨ᠎ᠠ᠃ |