ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠴᠢᠬᠤᠯᠠ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠪᠠᠷᠢᠮᠵᠢᠶ᠎ᠠ
ᠨᠡᠶᠢᠲᠡᠯᠡᠭᠰᠡᠨ ᠴᠠᠭ᠄
2024/5/31
ᠨᠢᠭᠡ᠂ ᠵᠦᠢᠯᠡᠰ ᠤᠨ ᠬᠡᠪᠴᠢᠶ᠎ᠡ      ︵ᠨᠢᠭᠡ︶ ᠪᠦᠬᠦ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠪᠠ ᠄ ᠡᠭᠦᠨ ᠳᠤ᠄     1. ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠶᠢᠨ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ ᠬᠥᠳᠡᠯᠮᠦᠷᠢ ᠠᠵᠢᠯ ᠣᠯᠭᠤᠯᠲᠠ᠂ ᠰᠤᠷᠭᠠᠨ ᠬᠥᠮᠦᠵᠢᠯ᠂ ᠰᠣᠶᠣᠯ᠂ ᠭᠠᠵᠠᠷ ᠲᠠᠲᠠᠪᠤᠷᠢᠯᠠᠭᠰᠠᠨ ᠨᠥᠬᠦᠪᠥᠷᠢ᠂ ᠦᠨᠳᠦᠰᠦᠲᠡᠨ ᠱᠠᠰᠢᠨ ᠰᠤᠷᠲᠠᠬᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠵᠡᠷᠭᠡ ᠲᠠᠯ᠎ᠠ ᠶᠢᠨ ᠴᠢᠬᠤᠯᠠ ᠶᠡᠭᠡ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ︔     2. ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ᠂ ᠢᠳᠡᠭᠡᠨ ᠪᠠ ᠡᠮ ᠤᠨ ᠵᠦᠢᠯ ᠤᠨ ᠠᠶᠤᠯ ᠦᠭᠡᠶ ᠵᠡᠷᠭᠡ ᠲᠠᠯ᠎ᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠃     3. ᠤᠯᠠᠨ ᠨᠡᠶᠢᠲᠡ ᠶᠢᠨ ᠠᠮᠤᠷ ᠲᠦᠪᠰᠢᠨ᠂ ᠠᠶᠤᠯ ᠦᠭᠡᠢ ᠦᠢᠯᠡᠳᠪᠦᠷᠢᠯᠡᠯ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠲᠠᠯ᠎ᠠ ᠶᠢᠨ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ᠃     4. ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠵᠠᠰᠠᠯᠲᠠ ᠵᠡᠷᠭᠡ ᠲᠠᠯ᠎ᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠃     ︵ᠬᠤᠶᠠᠷ︶ ᠪᠦᠬᠦ ᠣᠷᠣᠨ ᠤ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠵᠡᠷᠭᠡ ᠲᠠᠯ᠎ᠠ ᠳᠤ ᠬᠤᠯᠪᠣᠭᠳᠠᠬᠤ ᠴᠢᠬᠤᠯᠠ ᠲᠥᠯᠥᠪᠵᠢᠭᠦᠯᠭᠡ ᠶᠢ ᠪᠠᠭᠲᠠᠭᠠᠬᠤ ᠬᠡᠷᠡᠭᠲᠡᠶ᠄     1. ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ     2. ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠵᠢᠴᠢ ᠬᠠᠮᠢᠶ᠎ᠠ ᠪᠥᠬᠦᠶ ᠲᠤᠰᠬᠠᠶ ᠲᠥᠯᠥᠪᠵᠢᠭᠦᠯᠭᠡ︔     3. ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠦᠢᠯᠡᠰ ᠤᠨ ᠬᠥᠭᠵᠢᠯᠲᠡ ᠵᠡᠷᠭᠡ ᠲᠤᠰᠬᠠᠶ ᠲᠥᠯᠥᠪᠵᠢᠭᠦᠯᠭᠡ︔     4. ᠪᠤᠰᠤᠳ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ ᠲᠤᠰᠬᠠᠶ ᠵᠦᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠ ᠴᠢᠬᠤᠯᠠ ᠣᠷᠣᠨ ᠪᠦᠰᠡ ᠶᠢᠨ ᠬᠥᠭᠵᠢᠯᠲᠡ ᠶᠢᠨ ᠲᠥᠯᠥᠪᠵᠢᠭᠦᠯᠭᠡ᠃     ︵ᠭᠤᠷᠪᠠ︶ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠷᠢᠶ᠎ᠠ ᠣᠷᠣᠨ ᠪᠦᠰᠡ ᠶᠢᠨ ᠬᠡᠪᠴᠢᠶᠡᠨ ᠳᠣᠲᠣᠷᠠᠬᠢ ᠴᠢᠬᠤᠯᠠ ᠪᠠᠶᠢᠭᠠᠯᠢ ᠶᠢᠨ ᠡᠬᠢ ᠪᠠᠶᠠᠯᠢᠭ ᠪᠠ ᠰᠣᠶᠣᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠠᠮᠠᠭᠠᠯᠠᠬᠤ ᠵᠡᠷᠭᠡ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠳᠤ᠂ ᠡᠭᠦᠨ ᠳᠤ᠄     1. ᠪᠠᠶᠢᠭᠠᠯᠢ᠂ ᠰᠣᠶᠣᠯ ᠤᠨ ᠥᠪ ᠬᠥᠷᠥᠩᠭᠡ ᠶᠢᠨ ᠬᠠᠮᠠᠭᠠᠯᠠᠯᠲᠠ ᠪᠣᠯᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠠᠭᠠᠯᠠᠯᠲᠠ ᠶᠢᠨ ᠲᠠᠯ᠎ᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠃     2. ᠭᠠᠵᠠᠷ ᠰᠢᠷᠣᠶ᠂ ᠠᠭᠤᠯᠠ ᠰᠢᠭᠤᠶ᠂ ᠤᠰᠤᠨ ᠤ ᠡᠬᠢ ᠪᠠᠶᠠᠯᠢᠭ ᠵᠡᠷᠭᠡ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠠᠮᠠᠭᠠᠯᠠᠬᠤ ᠲᠠᠯ᠎ᠠ ᠶᠢᠨ ᠪᠤᠰᠤᠳ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠃     ︵ᠲᠦᠷᠪᠡ︶ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠪᠠᠶᠢᠩᠭᠤ ᠶᠢᠨ ᠬᠤᠷᠠᠯ ᠠᠴᠠ ᠰᠤᠳᠤᠯᠬᠤ ᠴᠢᠬᠤᠯᠠᠲᠠᠢ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠶᠡᠭᠡ ᠣᠯᠠᠨ ᠨᠡᠶᠢᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ ᠡᠭᠦᠨ ᠳᠤ᠄    1. ᠪᠦᠬᠦ ᠲᠠᠯ᠎ᠠ ᠶᠢᠨ ᠴᠢᠨᠠᠷᠲᠠᠶ ᠣᠯᠠᠨ ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ ᠲᠥᠷᠥᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ᠃     2. ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠴᠢᠬᠤᠯᠠ ᠶᠡᠭᠡ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ︔     3. ᠵᠠᠰᠠᠭ ᠤᠨ ᠣᠷᠳᠣᠨ ᠤ ᠪᠤᠰᠤ ᠪᠡᠯᠡ ᠣᠷᠣᠭᠤᠯᠤᠯᠲᠠ ᠨᠢ ᠵᠠᠰᠠᠭ ᠤᠨ ᠣᠷᠳᠣᠨ ᠢᠶᠠᠷ ᠬᠢᠨᠠᠨ ᠵᠥᠪᠰᠢᠶᠡᠷᠡᠭᠦᠯᠬᠦ ᠮᠥᠷᠲᠡᠭᠡᠨ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠶᠢᠬᠤ ᠬᠡᠷᠡᠭᠲᠡᠶ᠃     ︵ᠲᠠᠪᠤ︶ ᠪᠦᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ᠂ ᠣᠯᠠᠨ ᠨᠡᠶᠢᠲᠡ ᠶᠢᠨ ᠴᠢᠬᠤᠯᠠ ᠶᠡᠭᠡ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠤᠰᠤᠳ ᠴᠢᠬᠤᠯᠠ ᠶᠡᠭᠡ ᠵᠦᠢᠯᠡᠰ ᠪᠣᠯᠤᠨ᠎ᠠ᠃     ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ᠂ ᠵᠠᠰᠠᠭ ᠤᠨ ᠣᠷᠳᠣᠨ ᠤ ᠵᠢᠯᠣᠭᠤᠳᠤᠯᠭ᠎ᠠ ᠶᠢᠨ ᠦᠨ᠎ᠡ ᠵᠡᠷᠭᠡ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠦᠨ᠎ᠡ ᠬᠠᠩᠰᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠢᠯᠡᠴᠢᠯᠡᠭᠡᠨ ᠤ ᠦᠨ᠎ᠡ ᠬᠠᠩᠰᠢ ᠵᠢᠴᠢ ᠲᠤᠰᠬᠠᠶ ᠡᠵᠡᠩᠨᠡᠭᠰᠡᠨ ᠲᠠᠸᠠᠷ᠂ ᠣᠨᠴᠠ ᠵᠥᠪᠰᠢᠶᠡᠷᠡᠭᠰᠡᠨ ᠡᠵᠡᠩᠨᠡᠯᠲᠡ ᠪᠤᠶᠤ ᠦᠢᠯᠡᠴᠢᠯᠡᠭᠡᠨ ᠤ ᠦᠨ᠎ᠡ ᠬᠠᠩᠰᠢ ᠶᠢ ᠲᠣᠭᠲᠠᠭᠠᠬᠤ ᠪᠤᠶᠤ ᠲᠣᠬᠢᠷᠠᠭᠤᠯᠤᠨ᠎ᠠ᠃     ︵ᠵᠢᠷᠭᠤᠭ᠎ᠠ︶ ᠪᠤᠰᠤᠳ ᠵᠦᠢᠯ᠃     1. ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠪᠠᠶᠢᠩᠭᠤ ᠶᠢᠨ ᠬᠤᠷᠠᠯ ᠢᠶᠠᠷ ᠰᠤᠳᠤᠯᠬᠤ ᠴᠢᠬᠤᠯᠠᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠵᠦᠢᠯᠡᠰ︔     2. ᠤᠯᠠᠨ ᠨᠡᠶᠢᠲᠡ ᠶᠢᠨ ᠠᠮᠤᠷ ᠲᠦᠪᠰᠢᠨ ᠪᠠ ᠤᠯᠠᠨ ᠨᠡᠶᠢᠲᠡ ᠶᠢᠨ ᠠᠰᠢᠭ ᠲᠤᠰᠠ ᠶᠢ ᠬᠠᠮᠠᠭᠠᠯᠠᠵᠤ᠂ ᠨᠡᠶᠢᠭᠡᠮ ᠤᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠪᠠᠶᠢᠳᠠᠯ᠂ ᠨᠡᠶᠢᠭᠡᠮ ᠤᠨ ᠡᠮᠬᠢ ᠵᠢᠷᠤᠮ ᠢ ᠬᠠᠮᠠᠭᠠᠯᠠᠬᠤ ᠶᠢᠨ ᠲᠥᠯᠥᠭᠡ ᠠᠪᠤᠭᠰᠠᠨ ᠤᠷᠳᠤ ᠬᠤᠭᠤᠴᠠᠭᠠᠨ ᠤ ᠬᠢᠵᠠᠭᠠᠷᠯᠠᠬᠤ ᠴᠢᠨᠠᠷᠲᠠᠢ ᠠᠷᠭ᠎ᠠ ᠬᠡᠮᠵᠢᠶ᠎ᠡ     3᠂ ᠬᠡᠳᠦ᠋ᠢᠪᠡᠷ ᠡᠩ ᠤᠨ ᠴᠢᠨᠠᠷᠲᠠᠢ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠲᠤ ᠬᠠᠷᠢᠶᠠᠯᠠᠭᠳᠠᠬᠤ ᠪᠣᠯᠪᠠᠴᠤ ᠬᠡᠷᠡᠭᠵᠢᠭᠦᠯᠬᠦ ᠶᠠᠪᠤᠴᠠ ᠳᠤ ᠨᠢᠭᠡᠨᠲᠡ ᠨᠡᠶᠢᠭᠡᠮ ᠨᠡᠶᠢᠲᠡ ᠪᠠᠷ ᠢᠶᠠᠨ ᠨᠡᠶᠢᠳᠡᠮ ᠠᠩᠬᠠᠷᠴᠤ᠂ ᠮᠠᠷᠭᠤᠯᠳᠤᠭᠠᠨ ᠨᠢ ᠨᠡᠯᠢᠶᠡᠳ ᠶᠡᠭᠡ᠂ ᠠᠵᠤ ᠠᠬᠤᠢ᠂ ᠨᠡᠶᠢᠭᠡᠮ᠂ ᠣᠷᠴᠢᠨ ᠲᠣᠭᠤᠷᠢᠨ᠂ ᠣᠯᠠᠨ ᠨᠡᠶᠢᠲᠡ ᠶᠢᠨ ᠠᠮᠤᠷ ᠲᠦᠪᠰᠢᠨ ᠵᠡᠷᠭᠡ ᠠᠶᠤᠯ ᠲᠦᠭᠰᠢᠭᠦᠷᠢ ᠶᠢᠨ ᠬᠦᠴᠦᠨ ᠵᠦᠢᠯ ᠣᠷᠣᠰᠢᠵᠤ ᠮᠡᠳᠡᠬᠦ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠦᠷᠭᠦᠯᠵᠢᠯᠡᠨ ᠬᠡᠷᠡᠭᠵᠢᠭᠦᠯᠬᠦ ᠬᠡᠷᠡᠭᠲᠡᠢ︔     4. ᠪᠤᠰᠤᠳ ᠠᠵᠤ ᠠᠬᠤᠢ᠂ ᠨᠡᠶᠢᠭᠡᠮ᠂ ᠣᠷᠴᠢᠨ ᠲᠣᠭᠤᠷᠢᠨ᠂ ᠤᠯᠠᠨ ᠨᠡᠶᠢᠲᠡ ᠶᠢᠨ ᠠᠮᠤᠷ ᠲᠦᠪᠰᠢᠨ ᠵᠡᠷᠭᠡ ᠠᠶᠤᠯ ᠲᠦᠭᠰᠢᠭᠦᠷᠢ ᠶᠢᠨ ᠬᠦᠴᠦᠨ ᠵᠦᠢᠯ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠨᠡᠷ᠎ᠡ ᠪᠠᠷ ᠭᠠᠷᠭᠠᠭᠰᠠᠨ ᠰᠢᠢᠳᠪᠦᠷᠢᠲᠦ ᠪᠤᠳᠤᠯᠭ᠎ᠠ ᠶᠢᠨ ᠵᠦᠢᠯᠡᠰ ᠣᠷᠣᠰᠢᠵᠤ ᠪᠠᠶᠢᠨ᠎ᠠ᠃     ᠥᠷᠢᠲᠡᠵᠦ ᠪᠠᠶᠢᠭ᠎ᠠ ᠪᠠᠶᠢᠳᠠᠯ ᠳᠤ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠤᠬᠠᠶ ᠲᠣᠳᠣᠷᠬᠠᠶ ᠲᠣᠭᠲᠠᠭᠠᠯ ᠲᠠᠢ ᠪᠣᠯ ᠲᠡᠷᠡ ᠲᠣᠭᠲᠠᠭᠠᠯ ᠢᠶᠠᠷ ᠨᠢ ᠬᠢᠬᠦ ᠬᠡᠷᠡᠭᠲᠡᠶ᠃ᠬᠤᠶᠠᠷ᠂ ᠳᠣᠤᠷᠠᠬᠢ ᠵᠦᠢᠯᠡᠰ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠲᠤ ᠬᠠᠷᠢᠶᠠᠯᠠᠭᠳᠠᠬᠤ ᠥᠬᠡᠶ᠄     ︵ᠨᠢᠭᠡ︶ ᠵᠠᠰᠠᠭ ᠵᠠᠬᠢᠷᠬᠠᠨ ᠤ ᠬᠠᠤᠯᠢ ᠲᠤᠭᠲᠠᠬᠠᠬᠤ ᠰᠢᠢᠳᠪᠦᠷᠢᠲᠦ ᠪᠤᠳᠣᠯᠭ᠎ᠠ᠃     ︵ᠬᠤᠶᠠᠷ︶ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ  ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠠᠵᠢᠯᠲᠠᠨ ᠤ ᠶᠠᠪᠤᠳᠠᠯ ᠢ ᠲᠣᠮᠢᠯᠠᠬᠤ  ᠲᠤᠰᠢᠶᠠᠯ ᠠᠴᠠ ᠪᠠᠭᠤᠯᠭᠠᠬᠤ ᠲᠣᠭᠲᠠᠭᠠᠯ ᠭᠠᠷᠭᠠᠪᠠ᠃     ︵ᠭᠤᠷᠪᠠ︶ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ  ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠳᠣᠲᠣᠭᠠᠳᠤ ᠶᠠᠪᠤᠳᠠᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃     ︵ᠲᠦᠷᠪᠡ︶  ᠭᠡᠨᠡᠳᠲᠡ ᠶᠢᠨ ᠬᠡᠷᠡᠭ ᠢ  ᠰᠢᠢᠳᠪᠦᠷᠢᠯᠡᠬᠦ᠃     ︵ᠲᠠᠪᠤ︶ ᠡᠳ᠋ ᠤᠨ ᠵᠠᠰᠠᠭ ᠤᠨ ᠲᠥᠷᠥ ᠶᠢᠨ ᠪᠤᠳᠣᠯᠭ᠎ᠠ ᠵᠡᠷᠭᠡ ᠬᠤᠷᠸ᠎ᠠ  ᠲᠤᠬᠢᠷᠠᠭᠤᠯᠤᠯ ᠡᠵᠡᠮᠳᠡᠯ ‍ᠤᠨ‌‍ᠰᠢᠢᠳᠪᠦᠷᠢᠲᠦ ᠪᠤᠳᠣᠯᠭ᠎ᠠ᠃     ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠤᠬᠠᠶ ᠨᠢᠭᠡᠨᠲᠡ ᠲᠣᠭᠲᠠᠭᠠᠭᠰᠠᠨ ᠵᠦᠢᠯ ᠤᠳ     ᠲᠣᠰ ᠵᠢᠯᠣᠭᠤᠳᠤᠮᠵᠢ ᠵᠥᠪᠬᠡᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠭᠠᠷᠴᠠᠭ ᠢ  ᠯᠠᠪᠯᠠᠯᠲᠠ ᠪᠣᠯᠭᠠᠬᠤ ᠳᠤ ᠬᠠᠩᠭᠠᠨ᠎ᠠ
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号