ᠦᠯᠡᠳᠡᠭᠳᠡᠯ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ ᠠᠷᠢᠯᠭᠠᠵᠣ᠂ ᠬᠤᠲᠠ ᠶᠢᠨ ᠣᠷᠴᠢᠨ ᠲᠣᠭᠤᠷᠢᠨ ᠢ ᠭᠤᠶᠣᠵᠢᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/5/7
     ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠠᠭᠢᠬᠤ ᠶᠢ ᠳᠠᠭᠠᠯᠳᠤᠨ᠂ ᠨᠤᠷᠠᠭᠠᠵᠤ ᠨᠡᠭᠦᠯᠭᠡᠬᠦ ᠠᠵᠢᠯ ᠨᠢ ᠬᠤᠲᠠ ᠶᠢ ᠰᠢᠨᠡᠳᠬᠡᠨ ᠬᠥᠭᠵᠢᠭᠦᠯᠬᠦ ᠶᠢᠨ ᠴᠢᠬᠤᠯᠠ ᠵᠠᠩᠭᠢᠯᠠᠭ᠎ᠠ ᠪᠣᠯᠤᠭᠰᠠᠨ ᠪᠠᠶᠢᠨ᠎ᠠ᠃ ᠭᠡᠪᠡᠴᠦ ᠨᠤᠷᠠᠭᠠᠵᠤ ᠨᠡᠭᠦᠯᠭᠡᠬᠦ ᠶᠠᠪᠤᠴᠠ ᠳᠤ ᠶᠡᠷᠦ ᠨᠢ ᠶᠡᠭᠡ ᠬᠡᠮᠵᠢᠶᠡᠨ ᠤ ᠪᠠᠷᠢᠯᠭ᠎ᠠ ᠶᠢᠨ ᠬᠤᠭ ᠨᠣᠪᠰᠢ ᠭᠠᠷᠳᠠᠭ᠂ ᠬᠡᠷᠪᠡ ᠴᠠᠭ ᠲᠤᠬᠠᠢ ᠳᠤᠨᠢ ᠴᠡᠪᠡᠷᠯᠡᠬᠦ ᠦᠭᠡᠢ ᠪᠣᠯ ᠬᠤᠳᠠ ᠶᠢᠨ ᠳᠦᠷᠢ ᠲᠥᠷᠬᠦ ᠶᠢ ᠨᠥᠯᠥᠭᠡᠯᠡᠬᠦ ᠪᠠᠷ ᠪᠠᠷᠠᠬᠤ ᠦᠭᠡᠢ ᠪᠠᠰᠠ ᠬᠤᠳᠠ ᠶᠢᠨ ᠠᠷᠠᠳ ᠤᠨ ᠠᠮᠢᠳᠤᠷᠠᠯ ᠳᠤ ᠳᠥᠭᠦᠮ ᠦᠭᠡᠢ  ᠪᠣᠯᠳᠠᠭ᠃     ᠣᠶᠢᠷ᠎ᠠ ᠳᠤ᠂ ᠬᠤᠪᠣᠷ ᠰᠢᠷᠣᠢ ᠵᠠᠮ ᠤᠨ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠣᠯᠠᠨ ᠲᠦᠮᠡᠨ ᠤ ᠢᠯᠡᠴᠢᠯᠡᠨ ᠮᠡᠳᠡᠭᠦᠯᠦᠯᠲᠡ ᠶᠢ ᠣᠯᠵᠤ᠂ ᠵᠣᠣ ᠵᠢᠶᠠ ᠶᠢᠩ ᠤᠨ ︽ᠨᠢᠰᠦᠭᠡ ᠭᠠᠵᠠᠷ︾ ᠬᠢᠭᠡᠳ ᠵᠢᠩ ᠶᠤᠸᠠᠨ ᠴᠡᠴᠡᠷᠯᠢᠭ ᠤᠨ ᠵᠢᠵᠢᠭ ᠣᠷᠣᠨ ᠤ ᠠᠭᠤᠯᠵᠠᠷ ᠭᠠᠵᠠᠷ ᠲᠤ ᠦᠯᠡᠳᠡᠵᠦ ᠢᠷᠡᠭᠰᠡᠨ ᠪᠠᠷᠢᠯᠭ᠎ᠠ᠂ ᠠᠮᠢᠳᠤᠷᠠᠯ ᠤᠨ ᠬᠤᠭ ᠨᠣᠪᠰᠢ ᠶᠢ ᠶᠡᠭᠡ ᠬᠡᠮᠵᠢᠶ᠎ᠡ ᠪᠠᠷ ᠨᠤᠷᠠᠭᠠᠵᠤ ᠨᠡᠭᠦᠯᠭᠡᠵᠦ᠂ ᠰᠠᠭᠤᠭᠠᠯᠢ ᠠᠷᠠᠳ ᠤᠨ ᠠᠮᠢᠳᠤᠷᠠᠯ ᠢ ᠬᠦᠨᠳᠦ ᠨᠣᠴᠢᠲᠠᠢ ᠨᠥᠯᠥᠭᠡᠯᠡᠭᠰᠡᠨ ᠠᠰᠠᠭᠤᠳᠠᠯ ᠣᠷᠣᠰᠢᠵᠤ ᠪᠠᠶᠢᠬᠤ ᠶᠢ ᠲᠤᠰᠬᠠᠵᠠᠢ᠃ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠠᠶᠢᠲᠤᠷ ᠰᠢᠢᠳᠪᠦᠷᠢᠯᠡᠵᠦ᠂ ︽ᠭᠤᠷᠪᠠᠨ ᠬᠤᠲᠠ ᠬᠤᠯᠪᠤᠭᠠᠯᠠᠨ ᠰᠢᠨ᠎ᠡ ᠶᠢ ᠡᠭᠦᠳᠬᠦ︾ ᠠᠵᠢᠯ ᠢ ᠭᠦᠨᠵᠡᠭᠡᠢ ᠨᠠᠶᠢᠳᠠᠪᠤᠷᠢᠵᠢᠭᠤᠯᠤᠨ᠂ ᠬᠤᠲᠠ ᠶᠢᠨ ᠣᠷᠣᠨ ᠤ ᠣᠷᠴᠢᠨ ᠲᠣᠭᠤᠷᠢᠨ ᠤ ᠴᠡᠪᠡᠷ ᠲᠡᠭᠰᠢ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠶᠢᠨ ᠲᠥᠯᠥᠭᠡ᠂ 2024 ᠣᠨ ᠤ 4 ᠰᠠᠷ᠎ᠠ ᠶᠢᠨ 29 ᠤ ᠡᠳᠦᠷ᠂ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠵᠢᠯᠲᠠᠨ ᠢᠶᠠᠨ ᠵᠣᠬᠢᠶᠠᠨ ᠪᠠᠶᠢᠭᠤᠯᠵᠤ ᠲᠣᠰ ᠨᠤᠷᠠᠭᠠᠵᠤ ᠨᠡᠭᠦᠯᠭᠡᠭᠰᠡᠨ ᠦᠯᠡᠳᠡᠭᠳᠡᠯ ᠣᠷᠣᠨ ᠤ ᠪᠠᠷᠢᠯᠭ᠎ᠠ᠂ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠴᠡᠪᠡᠷᠯᠡᠵᠦ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠭᠡᠳ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠳᠤ᠂ ᠬᠠᠤᠯᠢ ᠬᠡᠷᠡᠭᠵᠢᠭᠦᠯᠬᠦ ᠠᠵᠢᠯᠲᠠᠨ 4 ᠬᠥᠮᠥᠨ᠂ ᠬᠠᠤᠯᠢ ᠬᠡᠷᠡᠭᠵᠢᠭᠦᠯᠬᠦ ᠲᠡᠷᠭᠡ 1᠂ ᠠᠴᠢᠶᠠᠨ ᠤ ᠮᠠᠰᠢᠨ 2᠂ ᠴᠡᠪᠡᠷᠯᠡᠨ ᠲᠡᠭᠡᠭᠡᠪᠦᠷᠢᠯᠡᠬᠦ ᠲᠡᠷᠭᠡ 4 ᠶᠢ ᠬᠥᠳᠡᠯᠭᠡᠵᠦ᠂ ᠨᠡᠶᠢᠲᠡ 70 ᠪᠣᠰᠤᠭ᠎ᠠ ᠳᠥᠷᠪᠡᠯᠵᠢᠨ ᠮᠧᠲᠷ ᠤᠨ ᠡᠵᠡᠨ ᠦᠭᠡᠢ ᠬᠤᠭ ᠨᠣᠪᠰᠢ ᠶᠢ 10 ᠴᠡᠪᠡᠷᠯᠡᠵᠦ᠂ ᠣᠲᠣ ᠨᠢᠭᠡᠨᠲᠡ ᠪᠦᠬᠦᠨ ᠢ ᠴᠡᠪᠡᠷᠯᠡᠵᠦ ᠳᠠᠭᠤᠰᠬᠠᠪᠠ᠃     ᠲᠣᠰ ᠤᠳᠠᠭᠠᠨ ᠤ ᠲᠥᠪᠯᠡᠷᠡᠭᠦᠯᠦᠨ ᠢᠯᠭᠠᠷᠠᠭᠤᠯᠵᠣ ᠴᠡᠭᠴᠡᠯᠡᠬᠦ ᠪᠠᠷ ᠳᠠᠮᠵᠢᠭᠤᠯᠤᠨ᠂ ᠲᠣᠰ ᠣᠷᠣᠨ ᠪᠦᠰᠡ ᠶᠢ ᠴᠣ᠋ ᠰᠢᠨ᠎ᠡ ᠪᠠᠶᠢᠳᠠᠯ ᠲᠠᠢ ᠪᠣᠯᠭᠠᠵᠤ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠬᠤᠲᠠ ᠶᠢᠨ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠭᠡᠭᠰᠢᠯᠡᠭᠦᠯᠵᠦ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠬᠤᠪᠣᠷ ᠰᠢᠷᠣᠢ ᠵᠠᠮ ᠤᠨ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ︽ᠬᠤᠭᠤᠰᠤᠷᠠᠭᠤᠯᠬᠤ︾ ᠣᠷᠣᠨ ᠪᠦᠰᠡ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠠᠷᠢᠯᠭ᠎ᠠ ᠶᠢᠨ ᠬᠤᠭ ᠨᠣᠪᠰᠢ ᠪᠠ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠬᠠᠤᠯᠢ   ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠤᠲᠠ ᠶᠢᠨ ᠣᠷᠣᠨ ᠤ ᠳᠣᠲᠣᠷᠠᠬᠢ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ ᠵᠠᠰᠠᠬᠤ ᠠᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠵᠦ᠂ ᠬᠤᠲᠠ ᠶᠢᠨ ᠣᠷᠴᠢᠨ ᠲᠣᠭᠤᠷᠢᠨ ᠢ ᠦᠷᠭᠦᠯᠵᠢᠯᠡᠨ ᠭᠤᠶᠣᠵᠢᠭᠤᠯᠬᠤ ᠶᠢ ᠪᠠᠲᠤᠯᠠᠨ᠎ᠠ᠃                                       ᠬᠤᠪᠣᠷ ᠰᠢᠷᠣᠢ ᠵᠠᠮ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ‌ᠵᠠᠰᠠᠭ                           ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠸᠠᠩ ᠯᠢᠶᠠᠩ                                       2024 ᠣᠨ ᠤ 4 ᠰᠠᠷ᠎ᠠ ᠶᠢᠨ 29 ᠤ  ᠡᠳᠦᠷ
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号