ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠺᠠᠳ᠋ᠷ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢᠨ ᠲᠤᠰᠬᠠᠢ ᠠᠵᠢᠯᠯᠠᠭ᠎ᠠ ᠶᠢᠨ ᠲᠠᠶᠢᠴᠢᠯᠠᠯᠳᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2024/5/7
    4 ᠰᠠᠷ᠎ᠠ ᠶᠢᠨ 30  ᠤ ᠦᠳᠡ ᠶᠢᠨ ᠡᠮᠦᠨ᠎ᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ  ᠤ ᠬᠢᠨ ᠺᠠᠳ᠋ᠷ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢᠨ ᠲᠤᠰᠬᠠᠢ ᠠᠵᠢᠯᠯᠠᠭ᠎ᠠ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ ᠦ᠋ ᠵᠢᠶᠦ᠋ᠨ ᠵᠢᠶᠦ᠋ᠨ ᠬᠤᠷᠠᠯ ᠳᠡᠭᠡᠷ᠎ᠡ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠬᠤᠷᠢᠶ᠎ᠠ ᠶᠢᠨ ᠱᠦᠵᠢ ᠸᠠᠩ ᠵᠢᠶᠠᠨ ᠵᠢᠶᠦ᠋ᠨ ᠬᠤᠷᠠᠯ ᠡᠷᠬᠢᠯᠡᠪᠡ᠃     ᠬᠤᠷᠠᠯ ᠤᠨ ᠭᠤᠣᠯ ᠡᠭᠦᠷᠭᠡ ᠪᠣᠯ᠂ ᠴᠢᠭᠯᠡᠯ   ᠢ ᠲᠣᠳᠣᠷᠬᠠᠶᠢᠯᠠᠬᠤ᠂ ᠰᠤᠷᠲᠠᠯ   ᠢ ᠬᠤᠪᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ᠂ ᠰᠢᠨ᠎ᠡ ᠪᠠᠶᠢᠳᠠᠯ   ᠢ ᠪᠤᠶ ᠪᠣᠯᠭᠠᠬᠤ ᠪᠠᠷ ᠳᠠᠮᠵᠢᠭᠤᠯᠤᠨ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ   ᠶᠢᠨ ᠠᠮᠢ ᠠᠬᠤᠢ  ᠂ ᠠᠵᠢᠯ ᠶᠠᠪᠤᠳᠠᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠶ ᠪᠣᠯᠭᠠᠵᠤ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠳᠠᠶᠢᠴᠢᠯᠠᠵᠤ᠂ ᠠᠵᠢᠯ ᠶᠠᠪᠤᠳᠠᠯ ᠬᠢᠵᠦ ᠦᠢᠯᠡᠰ ᠪᠣᠰᠬᠠᠬᠤ ᠴᠤᠭ ᠰᠦᠯᠳᠡ ᠶᠢ ᠪᠠᠳᠠᠷᠠᠭᠤᠯᠣᠨ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠦᠨᠡᠨᠬᠦ ᠠᠳᠬᠤᠵᠤ ᠠᠵᠢᠯ ᠪᠣᠯᠭᠠᠨ ᠢ ᠬᠢᠵᠣ ᠪᠦᠳᠦᠭᠡᠨ ︽ᠬᠤᠶᠠᠷ ᠬᠤᠪᠣᠷ ᠰᠢᠷᠣᠢ ᠶᠢᠨ ᠰᠠᠭᠤᠷᠢᠨ︾ ᠢ ᠪᠦᠲᠦᠭᠡᠨ ᠪᠠᠶᠢᠭᠤᠯᠬᠤ᠂ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 50 ᠬᠦᠴᠦᠷᠬᠡᠭ ᠲᠤ ᠡᠷᠲᠡᠬᠡᠨ ᠲᠠᠪᠰᠢᠬᠤ᠂ ᠪᠦᠬᠦ ᠤᠯᠤᠰ ᠤᠨ ᠲᠡᠷᠢᠭᠦᠨ ᠤ᠂ ᠬᠤᠪᠣᠷ ᠰᠢᠷᠣᠢ ᠪᠠᠷ ᠭᠤᠣᠯᠯᠠᠭᠤᠯᠤᠭᠰᠠᠨ ᠳᠠᠪᠠᠭᠤᠯᠢᠭ ᠠᠵᠤ ᠦᠢᠯᠡᠰ ᠪᠣᠯᠭᠠᠭᠰᠠᠨ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ  ᠪᠣᠯᠭᠠᠨ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
4 ᠰᠠᠷ᠎ᠠ ᠶᠢᠨ 30  ᠤ ᠡᠳᠦᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠺᠠᠳ᠋ᠷ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢᠨ ᠲᠤᠰᠬᠠᠢ ᠠᠵᠢᠯᠯᠠᠭ᠎ᠠ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠣᠭᠤᠯᠪᠠ
4 ᠰᠠᠷ᠎ᠠ ᠶᠢᠨ 30  ᠤ ᠡᠳᠦᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠺᠠᠳ᠋ᠷ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢᠨ ᠲᠤᠰᠬᠠᠢ ᠠᠵᠢᠯᠯᠠᠭ᠎ᠠ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠣᠭᠤᠯᠪᠠ         ᠬᠤᠷᠠᠯ ᠳᠡᠭᠡᠷ᠎ᠡ᠂ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠭᠡᠰᠢᠭᠦᠨ᠂ ᠨᠠᠮ ᠵᠠᠰᠠᠭ ᠤᠨ ᠠᠯᠪᠠᠨ ᠭᠡᠷ ᠤᠨ ᠡᠷᠬᠢᠯᠡᠭᠴᠢ ᠵᠢᠢ ᠶᠦᠩ ᠹᠧᠩ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠺᠠᠳ᠋ᠷ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢᠨ ᠲᠤᠰᠬᠠᠢ ᠠᠵᠢᠯᠯᠠᠭ᠎ᠠ ᠶᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠢ ᠤᠩᠰᠢᠨ ᠨᠡᠶᠢᠲᠡᠯᠡᠬᠦ ᠶᠢᠨ ᠬᠠᠮᠲᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠨ ᠺᠠᠳ᠋ᠷ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢᠨ ᠲᠤᠰᠬᠠᠢ ᠠᠵᠢᠯᠯᠠᠭ᠎ᠠ ᠶᠢ ᠥᠷᠨᠢᠭᠦᠯᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠪᠦᠬᠦ ᠣᠷᠣᠨ ᠢᠶᠠᠷ ᠢᠶᠠᠨ ᠲᠤᠰᠬᠠᠢ ᠠᠵᠢᠯᠯᠠᠭ᠎ᠠ ᠥᠷᠨᠢᠭᠦᠯᠬᠦ ᠶᠢᠨ ᠲᠤᠶᠢᠯ ᠤᠨ ᠴᠢᠬᠤᠯᠠ ᠴᠢᠨᠠᠷ ᠪᠠ ᠪᠣᠳᠠᠲᠠᠢ ᠲᠤᠯᠭᠠᠮ᠎ᠠ ᠴᠢᠨᠠᠷ ᠢ ᠭᠦᠨᠵᠡᠭᠡᠢ ᠲᠠᠨᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠲᠠᠯ ᠤᠨ ᠲᠠᠯ᠎ᠠ ᠪᠠᠷ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠬᠦᠴᠦ ᠲᠠᠯᠪᠢᠨ ᠲᠥᠪᠯᠡᠷᠡᠭᠦᠯᠦᠨ ᠴᠡᠭᠴᠡᠯᠡᠨ ᠵᠠᠰᠠᠵᠤ᠂ ᠪᠥᠬᠦ ᠬᠦᠴᠦᠨ ᠢᠶᠠᠷ ᠢᠶᠠᠨ ᠠᠵᠢᠯ ᠦᠢᠯᠡᠰ ᠲᠡᠭᠡᠨ ᠵᠢᠳᠬᠦᠵᠦ᠂ ᠪᠤᠴᠠᠯᠲᠠ ᠦᠭᠡᠢ ᠤᠷᠤᠭᠰᠢᠯᠠᠨ ᠬᠥᠭᠵᠢᠯᠲᠡ ᠶᠢ ᠠᠬᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠬᠦᠨᠳᠦ ᠶᠢ ᠮᠡᠳᠡᠵᠦ ᠬᠦᠨᠳᠦ ᠶᠢ ᠡᠭᠦᠷᠭᠡᠯᠡᠨ᠂ ᠬᠦᠴᠦᠨ ᠴᠢᠳᠠᠯ ᠢᠶᠠᠨ ᠲᠦᠪᠯᠡᠷᠡᠭᠦᠯᠦᠨ ᠬᠦᠴᠦᠯᠡᠨ ᠭᠦᠶᠦᠵᠦ᠂ ᠰᠤᠷᠲᠠᠯ ᠤᠨ ᠬᠤᠪᠢᠷᠠᠭᠤᠯᠤᠯᠲᠠ ᠪᠠᠷ ᠳᠠᠮᠵᠢᠭᠤᠯᠤᠨ ᠴᠢᠨᠠᠷ ᠰᠠᠶᠢᠲᠠᠢ ᠬᠥᠭᠵᠢᠯᠲᠡ ᠶᠢ ︽ᠳᠠᠭᠠᠵᠤ ᠭᠦᠶᠦᠬᠦ︾᠂ ︽ᠵᠡᠷᠭᠡᠪᠡᠷ ᠭᠦᠶᠦᠬᠦ︾ ᠠᠴᠠ ︽ᠳᠠᠭᠠᠭᠤᠯᠤᠨ ᠭᠦᠶᠦᠬᠦ︾ ᠳᠠᠰᠢ ᠴᠢᠷᠮᠠᠶᠢᠨ ᠤᠷᠤᠭᠰᠢᠯᠠᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠩᠭᠢᠯᠠᠭ᠎ᠠ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠺᠠᠳ᠋ᠷ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢᠨ ᠲᠤᠰᠬᠠᠢ ᠠᠵᠢᠯᠯᠠᠭ᠎ᠠ ᠶᠢᠨ ᠰᠠᠶᠢᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠪᠦᠬᠦ ᠣᠷᠣᠨ ᠢᠶᠠᠷ ᠢᠶᠠᠨ ᠡᠷᠬᠡᠪᠰᠢ ᠬᠠᠮᠤᠭ ᠤᠨ ᠡᠷᠡᠰ ᠰᠢᠭᠤᠷᠬᠠᠢ ᠣᠪᠣᠷ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ᠂ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠨ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠡᠨᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠰᠢᠯᠭᠠᠷᠠᠭᠰᠠᠨ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠪᠣᠯᠣᠨ ᠨᠡᠶᠢᠭᠡᠮ ᠤᠨ ᠬᠡᠪ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠳᠠᠶᠢᠴᠢᠯᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠺᠠᠳ᠋ᠷ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢᠨ ᠲᠤᠰᠬᠠᠢ ᠠᠵᠢᠯᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠬᠤ ᠪᠠᠭ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠲᠠᠨᠢᠯᠲᠠ ᠪᠠᠨ ᠪᠠᠲᠤᠳᠬᠠᠵᠤ᠂ ᠤᠬᠠᠮᠰᠠᠷ ᠢᠶᠠᠨ ᠳᠡᠭᠡᠭᠰᠢᠯᠡᠭᠦᠯᠵᠦ᠂ ᠲᠤᠰᠬᠠᠢ ᠠᠵᠢᠯᠯᠠᠭ᠎ᠠ ᠪᠠᠷ ᠳᠠᠮᠵᠢᠨ ᠦᠨᠡᠨᠬᠦ ᠴᠢᠳᠠᠪᠤᠷᠢ ᠪᠠᠨ ᠲᠡᠭᠡᠭᠰᠢᠯᠡᠭᠦᠯᠦᠨ᠂ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠪᠣᠳᠠᠲᠠᠢ ᠠᠵᠢᠯᠯᠠᠨ ᠪᠡᠶ᠎ᠡ ᠪᠠᠨ ᠳᠠᠭᠠᠭᠠᠵᠤ᠂ ᠲᠡᠷᠢᠭᠦᠨ ᠳᠤ ᠣᠷᠣᠬᠤ ᠪᠠᠷ ᠮᠡᠷᠡᠶᠢᠨ ᠴᠢᠷᠮᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠯᠠᠪᠳᠠᠭᠤᠨ ᠪᠠᠲᠤᠲᠠᠢ ᠠᠬᠢᠭᠤᠯᠵᠤ᠂ ᠬᠡᠷᠡᠭᠵᠢᠭᠦᠯᠬᠦ ᠶᠢ ᠴᠢᠬᠤᠯᠠᠴᠢᠯᠠᠵᠤ ᠦᠷ᠎ᠡ ᠪᠦᠲᠦᠮᠵᠢ ᠭᠠᠷᠭᠠᠬᠤ ᠶᠢ ᠴᠢᠬᠤᠯᠠᠴᠢᠯᠠᠵᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠲᠠᠢ ᠪᠠᠷ ᠴᠡᠭᠴᠡᠯᠡᠨ ᠰᠠᠶᠢᠵᠷᠠᠭᠤᠯᠣᠨ ᠭᠤᠣᠯᠳᠠᠯᠭ᠎ᠠ ᠲᠠᠢ ᠨᠢᠭᠲᠠ ᠤᠶᠠᠯᠳᠤᠭᠤᠯᠵᠤ᠂ ᠵᠣᠬᠢᠴᠠᠩᠭᠤᠢ ᠪᠠᠷ ᠠᠬᠢᠭᠤᠯᠵᠤ᠂ ᠲᠣᠭᠲᠠᠴᠠ ᠶᠢ ᠪᠦᠷᠢᠨᠰᠢᠭᠦᠯᠦᠨ ᠪᠠᠶᠢᠩᠭᠤ ᠶᠢᠨ ᠴᠢᠨᠠᠷᠲᠠᠢ ᠪᠥᠭᠡᠳ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠵᠤ᠂ ︽ᠣᠳᠣᠬᠠᠨ ᠤ ᠵᠠᠰᠠᠯᠲᠠ︾ ᠪᠠ ︽ᠤᠷᠳᠤ ᠬᠤᠭᠤᠴᠠᠭ᠎ᠠ ᠪᠠᠷ ᠵᠣᠭᠰᠣᠬᠤ︾ ᠶᠢ ᠤᠶᠠᠯᠳᠤᠭᠤᠯᠵᠤ᠂ ᠨᠡᠩ ᠥᠨᠳᠥᠷ ᠵᠣᠭᠰᠣᠴᠠ᠂ ᠨᠡᠩ ᠥᠨᠳᠥᠷ ᠬᠡᠪ ᠳᠠᠭᠤᠷᠢᠶᠠᠯ ᠢᠶᠠᠷ ᠲᠡᠷᠢᠭᠦᠨ ᠤ ᠠᠮᠵᠢᠯᠲᠠ ᠪᠦᠲᠦᠮᠵᠢ ᠶᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ ᠃ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠴᠢᠩᠭ᠎ᠠ ᠲᠣᠳᠣᠷᠬᠠᠢ ᠵᠠᠯᠬᠠᠭᠠᠨ ᠰᠢᠳᠭᠡᠵᠦ᠂ ᠰᠤᠷᠲᠠᠯ ᠤᠨ ᠪᠠᠶᠢᠭᠤᠯᠤᠯᠲᠠ ᠶᠢ ᠤᠯᠤᠰ ᠲᠦᠷᠦ᠂ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠰᠠᠬᠢᠯᠭ᠎ᠠ ᠪᠠᠲᠤ᠂ ᠳᠦᠷᠢᠮ ᠵᠡᠷᠭᠡ ᠡᠯ᠎ᠡ ᠵᠦᠢᠯ ᠤᠨ ᠪᠠᠶᠢᠭᠤᠯᠤᠯᠲᠠ ᠲᠠᠢ ᠣᠷᠭᠠᠨᠢᠭ ᠢᠶᠠᠷ ᠤᠶᠠᠯᠳᠤᠭᠤᠯᠵᠤ᠂ ᠳᠣᠲᠣᠭᠠᠳᠤ ᠭᠠᠳᠠᠭᠠᠳᠤ ᠶᠢ ᠵᠡᠷᠭᠡᠪᠡᠷ ᠵᠠᠰᠠᠬᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠦᠨᠡᠨᠬᠦ ᠪᠡᠶᠡᠯᠡᠭᠦᠯᠦᠨ᠂ ᠪᠦᠬᠦ ᠣᠷᠣᠨ ᠤ ᠺᠠᠳ᠋ᠷᠴᠤᠳ ᠤᠨ ᠰᠤᠷᠲᠠᠯ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠤᠬᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠢ ᠪᠤᠢ ᠪᠣᠯᠭᠠᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠨᠡᠶᠢᠲᠡᠯᠢᠭ ᠬᠡᠷᠡᠭ ᠤᠨ ᠵᠢᠱᠢᠶ᠎ᠡ᠂ ᠲᠤᠷᠰᠢᠯᠭ᠎ᠠ ᠠᠷᠭ᠎ᠠ ᠬᠢᠳᠡᠯ᠂ ᠪᠣᠳᠠᠲᠤ ᠪᠦᠲᠦᠮᠵᠢ ᠪᠣᠳᠠᠲᠤ ᠦᠷ᠎ᠡ ᠪᠦᠲᠦᠮᠵᠢ ᠪᠠᠷ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ ᠳᠤᠮᠳᠠ ᠲᠡᠷᠢᠭᠦᠨ ᠤ ᠬᠢ ᠶᠢ ᠲᠡᠮᠡᠴᠡᠨ ᠣᠯᠬᠤ ᠪᠠᠷ ᠴᠢᠷᠮᠠᠶᠢᠬᠤ᠂ ᠲᠡᠷᠢᠭᠦᠨ ᠤ ᠬᠢ ᠶᠢ ᠡᠭᠦᠳᠬᠦ ᠶᠢ ᠵᠣᠷᠢᠭᠵᠢᠭᠤᠯᠬᠤ ᠶᠢ ᠴᠢᠬᠤᠯᠠᠴᠢᠯᠠᠬᠤ ᠬᠡᠷᠡᠭᠲᠡᠢ ᠭᠡᠵᠠᠢ᠃ ᠬᠤᠷᠠᠯ ᠠᠴᠠ᠂ ᠰᠤᠷᠲᠠᠯ ᠤᠨ ᠪᠠᠶᠢᠭᠤᠯᠤᠯᠲᠠ ᠡᠭᠦᠷᠢᠳᠡ ᠵᠣᠭᠰᠣᠰᠢ ᠦᠭᠡᠢ ᠦᠷᠭᠦᠯᠵᠢᠯᠡᠵᠦ᠂ ᠬᠥᠭᠵᠢᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠠᠪᠤᠳᠠᠯ ᠡᠭᠦᠷᠢᠳᠡ ᠳᠠᠭᠤᠰᠤᠰᠢ ᠦᠭᠡᠢ ᠶᠤᠮ᠃ ᠪᠦᠬᠦ ᠣᠷᠣᠨ ᠤ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠨᠢᠭᠡ ᠰᠢᠨ᠎ᠡ ᠡᠭᠦᠳᠦᠯᠲᠡ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ  ᠶᠢ ᠦᠨᠡᠨᠬᠦ ᠵᠢᠷᠤᠮᠯᠠᠨ᠂ ᠢᠲᠡᠭᠡᠯ ᠵᠣᠷᠢᠭ ᠢᠶᠠᠨ ᠪᠠᠲᠤᠳᠬᠠᠨ᠂ ᠵᠣᠷᠢᠭ ᠰᠠᠨᠠᠭ᠎ᠠ ᠪᠠᠨ ᠬᠥᠪᠴᠢᠯᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠭᠰᠠᠨ ᠺᠠᠳ᠋ᠷ ᠤᠯᠠᠨ ᠲᠦᠮᠡᠨ ᠤ ᠬᠠᠷᠢᠴᠠᠭ᠎ᠠ᠂ ᠣᠶᠢᠷ᠎ᠠ ᠶᠢᠨ ᠪᠠᠶᠠᠷ ᠪᠠᠭ᠋ᠠᠳᠤᠯ ᠲᠠᠢ ᠠᠯᠤᠰ ᠬᠤᠯᠠ ᠶᠢᠨ ᠡᠵᠡᠩᠨᠡᠯᠲᠡ ᠶᠢᠨ ᠣᠷᠴᠢᠨ ᠲᠣᠭᠤᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ ᠪᠣᠯᠭᠠᠵᠤ᠂ ︽ᠬᠤᠶᠠᠷ ᠶᠡᠭᠡ ᠶᠠᠪᠤᠳᠠᠯ︾  ᠢ ᠡᠷᠡᠰ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾  ᠢ ᠯᠠᠪᠳᠠᠭᠤᠨ ᠪᠠᠲᠤᠲᠠᠢ ᠠᠬᠢᠭᠤᠯᠵᠤ᠂ ︽ᠲᠤᠯᠤᠭᠠᠨ ᠶᠡᠭᠡ ᠠᠵᠢᠯᠯᠠᠭ᠎ᠠ︾  ᠶᠢ ᠭᠦᠨᠵᠡᠭᠡᠢ ᠥᠷᠨᠢᠭᠦᠯᠵᠦ᠂ ︽ᠲᠤᠯᠤᠭᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠳᠤ ᠢᠯᠠᠯᠲᠠ ᠣᠯᠵᠤ᠂ ᠮᠠᠨ ᠤ ᠬᠤᠳᠠ ᠶᠢᠨ ᠪᠦᠬᠦ ᠤᠯᠤᠰ ᠤᠨ ᠵᠠᠭᠤᠨ ᠬᠦᠴᠦᠷᠬᠡᠭ ᠬᠤᠳᠠ ᠳᠤ 10 ᠰᠢᠬᠠᠮ ᠣᠷᠣᠨ ᠪᠠᠶᠢᠷᠢ ᠤᠷᠤᠭᠰᠢᠯᠠᠬᠤ ᠲᠡᠮᠡᠴᠡᠯ ᠤᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠳᠤ ᠳᠡᠭᠡᠳᠦ ᠰᠢᠨ᠎ᠡ ᠬᠤᠪᠢ ᠨᠡᠮᠡᠷᠢ ᠦᠵᠡᠭᠦᠯᠰᠦᠭᠡᠢ︕ ᠨᠠᠮ ᠤᠨ ᠠᠵᠢᠯ ᠤᠨ ᠬᠤᠷᠢᠶ᠎ᠠ ᠶᠢᠨ ᠬᠠᠮᠢᠶᠠᠷᠤᠯᠲᠠ ᠶᠢᠨ ᠬᠤᠷᠢᠶ᠎ᠠ ᠶᠢᠨ ᠪᠠᠭ ᠤᠨ ᠪᠦᠷᠢᠯᠳᠦᠭᠦᠨ᠂ ᠪᠠᠶᠢᠴᠠᠭᠠᠨ ᠰᠤᠳᠤᠯᠤᠭᠴᠢ᠂ ᠡᠯ᠎ᠡ ᠰᠠᠯᠠᠭ᠎ᠠ ᠮᠥᠴᠢᠷ᠂ ᠨᠢᠭᠡᠴᠡ᠂ ᠪᠠᠯᠭᠠᠰᠤ᠂ ᠵᠡᠭᠡᠯᠢ ᠭᠤᠳᠤᠮᠵᠢ ᠶᠢᠨ ᠳᠡᠳ᠋ ᠰᠠᠯᠠᠭ᠎ᠠ ᠶᠢᠨ ᠲᠠᠰ   ᠠᠴᠠ ᠳᠡᠭᠡᠭᠰᠢᠬᠢ ᠺᠠᠳ᠋ᠷ᠂ ᠰᠢᠭᠤᠳ ᠬᠠᠷᠢᠶ᠎ᠠ ᠠᠵᠤ ᠠᠬᠤᠶᠢᠯᠠᠯ᠂ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠶᠢᠨ ᠭᠤᠣᠯ ᠬᠠᠷᠢᠭᠤᠴᠠᠯᠭᠠᠲᠠᠨ᠂ ᠠᠵᠤ ᠠᠬᠤᠢ ᠶᠢᠨ ᠬᠥᠭᠵᠢᠯᠲᠡ ᠶᠢᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠪᠣᠷ ᠰᠢᠷᠣᠢ ᠶᠢᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠥᠪ ᠤᠨ ᠪᠥᠬᠦ ᠠᠵᠢᠯᠲᠠᠨ ᠬᠤᠷᠠᠯ ᠳᠤ ᠣᠷᠣᠯᠴᠠᠪᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号