ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ 2024 ᠣᠨ ᠳᠤ ︽ᠤᠰᠤᠨ ᠣᠷᠣᠨ ᠤ ᠭᠤᠤᠯ ᠤᠨ ᠰᠠᠶᠢᠷᠭᠠᠯ ᠲᠡᠵᠢᠭᠡᠨ ᠦᠷᠡᠵᠢᠭᠦᠯᠬᠦ ᠵᠥᠪᠰᠢᠶᠡᠷᠡᠯ ᠤᠨ ᠦᠨᠡᠮᠯᠡᠯ︾ ᠣᠯᠭᠤᠭᠰᠠᠨ ᠮᠡᠳᠡᠭᠡ ᠵᠠᠩᠭᠢ ᠶᠢ ᠢᠯᠡ ᠨᠡᠶᠢᠳᠡᠯᠡᠪᠡ
ᠨᠡᠶᠢᠲᠡᠯᠡᠭᠰᠡᠨ ᠴᠠᠭ᠄
2024/5/8
     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠤ ᠦᠢᠯᠡᠰ ᠤᠨ ᠬᠠᠤᠯᠢ︾ ᠶᠢᠨ ᠬᠤᠶᠠᠳᠤᠭᠠᠷ ᠪᠦᠯᠦᠭ ᠤᠨ ᠠᠷᠪᠠᠨ ᠨᠢᠭᠡᠳᠦᠭᠡᠷ ᠵᠦᠢᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠠᠵᠤ ᠠᠬᠤᠶ ᠶᠢᠨ ᠬᠠᠤᠯᠢ︾ ᠶᠢᠨ ᠠᠷᠭ᠎ᠠ︾ ᠶᠢ ᠬᠡᠷᠡᠭᠵᠢᠭᠦᠯᠬᠦ ᠠᠷᠭ᠎ᠠ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠶᠠᠮᠤᠨ ᠤ ᠵᠠᠷᠯᠢᠭ 2010 ᠣᠨ ᠤ 9 ᠳ᠋ᠦ᠋ᠭᠡᠷ ᠲᠣᠭᠠᠲᠤ︶᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠶᠠᠮᠤᠨ ᠤ ᠠᠯᠪᠠᠨ ᠵᠠᠷ︾ ︵1408 ᠳ᠋ᠤᠭᠠᠷ ᠲᠣᠭᠠᠲᠤ︶᠂ ︽ᠤᠰᠤᠨ ᠣᠷᠣᠨ ᠤ ᠲᠠᠩ ᠭᠠᠵᠠᠷ ᠢ ᠲᠡᠵᠢᠭᠡᠨ ᠦᠷᠡᠵᠢᠭᠦᠯᠦᠭᠡᠳ ᠦᠨᠡᠮᠯᠡᠯ ᠣᠯᠭᠤᠬᠤ ᠳᠡᠩᠰᠡᠯᠡᠯᠲᠡ ᠶᠢᠨ ᠠᠵᠢᠯ ᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠮᠡᠳᠡᠭᠳᠡᠯ︾ ︵ᠥᠪᠥᠷ ᠲᠠᠷᠢᠶᠠᠯᠠᠩ ᠵᠢᠭᠠᠰᠤᠨ ᠤ ᠦᠢᠯᠡᠰ ᠲᠠᠷᠬᠠᠭᠠᠭᠰᠠᠨ ︹2020︺ 6 ᠳ᠋ᠤᠭᠠᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ︽ᠤᠰᠤᠨ ᠣᠷᠣᠨ ᠤ ᠲᠠᠩ ᠭᠠᠵᠠᠷ ᠢ ᠲᠡᠵᠢᠭᠡᠨ ᠦᠷᠡᠵᠢᠭᠦᠯᠦᠭᠡᠳ ᠦᠨᠡᠮᠯᠡᠯ ᠣᠯᠭᠤᠬᠤ ᠳᠡᠩᠰᠡᠯᠡᠯᠲᠡ ᠶᠢᠨ ᠠᠵᠢᠯ ᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠬᠤ ᠲᠤᠬᠠᠶ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠶ ᠵᠢᠭᠠᠰᠤᠨ ᠠᠵᠤ ᠠᠬᠤᠶ ᠲᠠᠷᠬᠠᠭᠠᠭᠰᠠᠨ ﹇2020﹈ 144 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ︽ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠤᠰᠤᠨ ᠤ ᠲᠠᠩ ᠭᠠᠵᠠᠷ ᠢ ᠲᠡᠵᠢᠭᠡᠨ ᠦᠷᠡᠵᠢᠭᠦᠯᠦᠭᠡᠳ ᠦᠨᠡᠮᠯᠡᠯ ᠣᠯᠭᠤᠬᠤ ᠳᠡᠩᠰᠡᠯᠡᠯᠲᠡ ᠶᠢᠨ ᠠᠵᠢᠯ ᠤᠨ ᠲᠥᠰᠦᠯ︾ ᠶᠣᠰᠣᠭᠠᠷ᠂ ᠡᠳᠦᠭᠡ ᠣᠯᠭᠤᠬᠤ ᠨᠥᠬᠦᠴᠡᠯ ᠳᠤ ᠨᠡᠶᠢᠴᠡᠬᠦ ᠲᠡᠵᠢᠭᠡᠨ ᠦᠷᠡᠵᠢᠭᠦᠯᠬᠦ ᠡᠷᠦᠬᠡ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠵᠦ᠂ ᠨᠡᠶᠢᠲᠡᠯᠡᠬᠦ ᠬᠤᠭᠤᠴᠠᠭ᠎ᠠ ᠨᠢ 10 ᠡᠳᠦᠷ ︵2024 ᠣᠨ ᠤ 5 ᠳ᠋ᠤᠭᠠᠷ ᠰᠠᠷ᠎ᠠ ᠶᠢᠨ 6 ᠤ ᠡᠳᠦᠷ - 5 ᠳ᠋ᠤᠭᠠᠷ ᠰᠠᠷ᠎ᠠ ᠶᠢᠨ 15 ᠤ ᠡᠳᠦᠷ︶ ᠪᠣᠯᠤᠨ᠎ᠠ᠃ ᠢᠯᠡ ᠨᠡᠶᠢᠲᠡᠯᠡᠭᠰᠡᠨ ᠠᠭᠤᠯᠭ᠎ᠠ ᠳᠤ ᠣᠨᠳᠣᠤ ᠰᠠᠨᠠᠯ ᠲᠠᠢ ᠪᠠᠶᠢᠪᠠᠯ᠂ ᠲᠣᠰ ᠢᠯᠡ ᠨᠡᠶᠢᠲᠡᠯᠡᠭᠰᠡᠨ ᠬᠤᠭᠤᠴᠠᠭᠠᠨ ᠳᠤ ᠣᠷᠣᠨ ᠤ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠠᠰᠢᠭᠯᠠᠯᠲᠠ ᠶᠢᠨ ᠲᠣᠪᠴᠢᠶ᠎ᠠ ᠳᠤ ᠲᠤᠰᠬᠠᠵᠤ᠂ ᠲᠤᠰᠬᠠᠭᠰᠠᠨ ᠠᠭᠤᠯᠭ᠎ᠠ ᠪᠠ ᠲᠤᠰᠬᠠᠭᠰᠠᠨ ᠠᠭᠤᠯᠭ᠎ᠠ ᠶᠢᠨ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠶ᠃       ᠬᠢᠨᠠᠯᠲᠠ ᠲᠠᠯᠪᠢᠬᠤ ᠤᠲᠠᠰᠤ᠄ 0472 - 5255337ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ 2024 ᠣᠨ ᠤ ︽ᠤᠰᠤᠨ ᠣᠷᠣᠨ ᠤ ᠭᠤᠤᠯ ᠤᠨ ᠰᠠᠶᠢᠷᠭᠠᠯ ᠲᠡᠵᠢᠭᠡᠨ ᠦᠷᠡᠵᠢᠭᠦᠯᠬᠦ ᠵᠥᠪᠰᠢᠶᠡᠷᠡᠯ ᠤᠨ ᠦᠨᠡᠮᠯᠡᠯ︾ ᠤᠨ ᠮᠡᠳᠡᠭᠡ ᠵᠠᠩᠭᠢ ᠶᠢᠨ ᠬᠦᠰᠦᠨᠦᠭᠲᠦ
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号