ᠬᠤᠪᠣᠷ ᠰᠢᠷᠣᠶ ᠶᠢᠨ ᠰᠣᠶᠣᠯ ᠤᠨ ᠰᠢᠨ᠎ᠡ ᠶᠢ ᠡᠭᠦᠳᠬᠦ ᠵᠢᠭᠤᠯᠴᠢᠯᠠᠯ ᠤᠨ ᠲᠠᠸᠠᠷ ᠤᠨ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠰᠣᠶᠣᠯ ᠤᠨ ᠠᠵᠤ ᠦᠢᠯᠡᠰ ᠤᠨ ᠲᠥᠷᠥᠯ ᠵᠦᠢᠯ ᠤᠨ ᠨᠡᠷᠡᠰ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2024/5/8
     ᠣᠶᠢᠷ᠎ᠠ ᠳᠤ᠂ ᠬᠤᠪᠣᠷ ᠰᠢᠷᠣᠶ ᠶᠢᠨ ᠰᠣᠶᠣᠯ ᠤᠨ ᠡᠭᠦᠳᠦᠯᠲᠡ ᠶᠢᠨ ᠵᠢᠭᠤᠯᠴᠢᠯᠠᠯ ᠤᠨ ᠲᠠᠸᠠᠷ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠲᠥᠷᠥᠯ ᠵᠦᠢᠯ 2024 ᠣᠨ ᠤ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠰᠣᠶᠣᠯ ᠤᠨ ᠠᠵᠤ ᠦᠢᠯᠡᠰ ᠤᠨ ᠲᠥᠷᠥᠯ ᠵᠦᠢᠯ ᠪᠠ ᠥᠪᠡᠷᠲᠡᠭᠡᠨ ᠵᠠᠰᠠᠬᠤ ᠣᠷᠣᠨ ᠤ ᠪᠤᠶᠢᠵᠢᠯᠲᠠ ᠶᠢᠨ ᠴᠢᠨᠠᠷᠲᠠᠶ ᠰᠣᠶᠣᠯ ᠤᠨ ᠠᠵᠤ ᠠᠬᠤᠶᠢᠯᠠᠯ ᠤᠨ ᠨᠡᠷᠡᠰ ᠲᠤ ᠰᠣᠩᠭᠤᠭᠳᠠᠪᠠ᠃ ᠣᠶᠢᠯᠠᠭᠠᠭᠰᠠᠨ ᠢᠶᠠᠷ ᠂ ᠲᠣᠰ ᠲᠥᠷᠥᠯ ᠵᠦᠢᠯ ᠢ ᠪᠤᠭᠤᠲᠤ ᠶᠢᠨ ᠵᠥᠩ ᠺᠧ ᠸᠠᠭᠠᠷ ᠱᠠᠭᠠᠵᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠤᠪᠣᠷ ᠰᠢᠷᠣᠢ ᠶᠢᠨ ᠰᠢᠷ ᠱᠠᠭᠠᠵᠠᠩ ᠤᠨ ᠰᠣᠶᠣᠯ ᠤᠨ ᠡᠭᠦᠳᠦᠯᠲᠡ ᠶᠢᠨ ᠰᠢᠷᠢᠰ ᠦᠢᠯᠡᠳᠬᠦᠨ ᠢᠶᠠᠷ ᠭᠤᠣᠯ ᠴᠣᠭᠴᠠ ᠪᠣᠯᠭᠠᠨ ᠬᠡᠷᠡᠭᠵᠢᠭᠦᠯᠪᠡ᠃
     ᠵᠦᠩ ᠺᠧ ᠸᠠᠭᠠᠷ ᠱᠠᠭᠠᠵᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ 2018 ᠣᠨ ᠳᠤ ᠬᠤᠪᠣᠷ ᠰᠢᠷᠣᠶ ᠶᠢᠨ ᠸᠠᠭᠠᠷ ᠱᠠᠭᠠᠵᠠᠩ ᠢ ᠰᠤᠳᠤᠯᠤᠨ ᠨᠡᠭᠡᠭᠡᠬᠦ ᠶᠢᠨ ᠬᠠᠮᠲᠤ ᠪᠠᠰᠠ ᠬᠤᠪᠣᠷ ᠰᠢᠷᠣᠶ ᠶᠢᠨ ᠪᠠᠺᠲ᠋ᠧᠷᠢ ᠡᠰᠡᠷᠭᠦᠴᠡᠬᠦ ᠮᠠᠲ᠋ᠧᠷᠢᠶᠠᠯ ᠢ ᠨᠡᠭᠡᠭᠡᠨ ᠭᠠᠷᠭᠠᠵᠤ᠂ ᠡᠭᠦᠨ ᠠᠴᠠ ᠬᠤᠪᠣᠷ ᠰᠢᠷᠣᠶ ᠶᠢᠨ ᠡᠯᠧᠮᠧᠨ᠋ᠲ ᠢ ᠡᠮᠴᠢᠯᠡᠭᠡᠨ ᠤ ᠬᠡᠷᠡᠭᠰᠡᠯ᠂ ᠸᠠᠭᠠᠷ ᠱᠠᠭᠠᠵᠠᠩ᠂ ᠡᠳᠦᠷ ᠲᠤᠲᠤᠮ ᠤᠨ ᠬᠡᠷᠡᠭᠯᠡᠭᠡᠨ ᠤ ᠵᠦᠶ᠋ᠯ ᠵᠡᠷᠭᠡ ᠬᠡᠷᠡᠭᠯᠡᠭᠡ ᠵᠦᠭ ᠤᠯᠠᠮ ᠨᠢᠭᠡ ᠠᠯᠬᠤᠮ ᠨᠡᠭᠦᠯᠭᠡᠵᠦ᠂ ᠠᠵᠤ ᠦᠢᠯᠡᠰ ᠤᠨ ᠰᠢᠨ᠎ᠡ ᠬᠡᠯᠪᠡᠷᠢ ᠶᠢ ᠪᠠᠶᠢᠭᠤᠯᠪᠠ᠃ ᠣᠳᠣᠬᠠᠨ ᠳᠤ᠂ ᠠᠮᠠᠷᠬᠠᠨ ᠴᠡᠪᠡᠷᠯᠡᠬᠦ᠂ ᠬᠠᠷ᠎ᠠ ᠲᠤᠭᠤᠯᠭ᠎ᠠ ᠦᠭᠡᠢ ᠺᠠᠳ᠋ᠮᠢ ᠶᠢ ᠠᠭᠤᠰᠬᠠᠨ ᠭᠠᠷᠭᠠᠬᠤ ᠵᠡᠷᠭᠡ ᠳᠠᠪᠠᠭᠤᠯᠢᠭ ᠭᠠᠵᠠᠷ ᠤᠨ ᠬᠤᠪᠣᠷ ᠰᠢᠷᠣᠢ ᠶᠢᠨ ᠹᠠᠯᠠᠨ ᠱᠠᠭᠠᠵᠠᠩ ᠨᠢᠭᠡᠨᠲᠡ ᠤᠯᠤᠰ ᠤᠨ ᠲᠤᠰᠬᠠᠢ ᠠᠰᠢᠭ ᠢ ᠭᠤᠶᠤᠴᠢᠯᠠᠭᠰᠠᠨ ᠪᠥᠭᠡᠳ ᠤᠯᠤᠰ ᠤᠨ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠢᠨᠵᠧᠨᠧᠷᠢᠩ ᠳᠤ ᠰᠣᠩᠭᠤᠭᠳᠠᠪᠠ᠃      ᠪᠤᠭᠤᠲᠤ ᠶᠢᠨ ᠵᠥᠩ ᠺᠧ ᠸᠠᠭᠠᠷ ᠱᠠᠭᠠᠵᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠧᠤ ᠰᠢᠶᠤᠤ᠄ ︽ᠲᠣᠰ ᠤᠳᠠᠭᠠᠨ ᠤ ᠭᠤᠶᠤᠴᠢᠯᠠᠨ ᠮᠡᠳᠡᠭᠦᠯᠬᠦ ᠲᠥᠷᠥᠯ ᠵᠦᠢᠯ ᠤᠨ ᠦᠢᠯᠡᠳᠬᠦᠨ ᠪᠣᠯ ᠲᠤᠰᠬᠠᠶᠢᠯᠠᠨ ᠰᠣᠶᠣᠯ ᠪᠠ ᠵᠢᠭᠤᠯᠴᠢᠯᠠᠯ ᠤᠨ ᠬᠦᠷᠢᠶ᠎ᠡ ᠴᠠᠷᠠᠭ᠎ᠠ ᠳᠤ ᠴᠢᠭᠯᠡᠭᠦᠯᠦᠨ᠂ ᠲᠣᠰ ᠪᠡᠶ᠎ᠡ ᠶᠢᠨ ᠬᠤᠪᠣᠷ ᠰᠢᠷᠣᠶ ᠶᠢᠨ ᠨᠡᠶᠢᠯᠡᠮᠡᠯ ᠪᠠᠺᠲ᠋ᠧᠷᠢ ᠡᠰᠡᠷᠭᠦᠴᠡᠬᠦ ᠮᠡᠷᠭᠡᠵᠢᠯ ᠲᠠᠢ ᠤᠶᠠᠯᠳᠤᠭᠤᠯᠤᠨ ᠪᠣᠶ ᠪᠣᠯᠤᠭᠰᠠᠨ ᠴᠤ᠋ ᠰᠢᠨ᠎ᠡ ᠦᠢᠯᠡᠳᠬᠦᠨ ᠤ ᠰᠢᠰᠲ᠋ᠧᠮ ᠮᠥᠨ︾ ᠭᠡᠵᠡᠶ᠃      ᠲᠠᠷᠠᠭᠠᠴᠢ ᠶᠢᠨ ᠠᠯᠬᠤᠮ ᠳᠤ᠂ ᠺᠣᠮᠫᠠᠨᠢ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠲᠠᠢ ᠤᠶᠠᠯᠳᠤᠭᠤᠯᠤᠨ᠂ ᠤᠨᠴᠠᠯᠢᠬᠳᠤ ᠡᠳ᠋ ᠪᠣᠳᠠᠰ ᠤᠨ ᠡᠬᠢ ᠪᠠᠶᠠᠯᠢᠭ ᠢ ᠠᠰᠢᠭᠯᠠᠵᠤ᠂ ᠡᠷᠡᠭᠦᠯ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠵᠣᠷᠢᠭᠲᠠᠶ ᠪᠠᠷ ᠨᠡᠶᠢᠴᠡᠭᠰᠡᠨ ᠦᠢᠯᠡᠳᠬᠦᠨ᠂ ᠬᠤᠪᠣᠷ ᠰᠢᠷᠣᠶ ᠶᠢᠨ ᠵᠢᠭᠤᠯᠴᠢᠯᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠲᠠᠬᠢ ᠰᠢᠨ᠎ᠡ ᠡᠨᠧᠷᠭᠢ ᠶᠢ ᠤᠯᠠᠮ ᠨᠢᠭᠡ ᠠᠯᠬᠤᠮ ᠬᠥᠭᠵᠢᠭᠡᠨ᠎ᠡ᠃      
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号