ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠮᠠᠰᠢ ᠢᠳᠡᠪᠬᠢᠳᠡᠢ ᠪᠠᠷ ᠠᠵᠢᠯ ᠣᠯᠭᠤᠯᠲᠠ ᠶᠢᠨ ᠦᠨᠳᠦᠰᠦᠨ ᠱᠠᠲᠤᠨ ᠤ ᠲᠤᠬᠠᠶᠢᠯᠠᠭᠰᠠᠨ ᠪᠣᠯᠪᠠᠰᠣᠷᠠᠯ ᠡᠷᠬᠢᠯᠡᠵᠣ ᠪᠠᠶᠢᠨ᠎ᠠ
ᠨᠡᠶᠢᠲᠡᠯᠡᠭᠰᠡᠨ ᠴᠠᠭ᠄
2024/5/9
    ᠦᠨᠳᠦᠰᠦᠨ ᠱᠠᠲᠤᠨ ᠤ ᠠᠵᠢᠯᠲᠠᠨ ᠤ ᠲᠤᠬᠠᠶᠢᠯᠠᠭᠰᠠᠨ ᠠᠵᠢᠯ ᠢ ᠭᠠᠷᠳᠠᠨ ᠬᠢᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠦᠨᠳᠦᠰᠦᠨ ᠱᠠᠲᠤᠨ ᠤ ︽ᠦᠨᠳᠦᠰᠦᠨ ᠱᠠᠲᠤᠨ ᠤ ᠬᠥᠮᠥᠰ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠠᠵᠢᠯ ᠤᠨ ᠭᠠᠷ ᠳᠡᠪᠲᠡᠷ︾ ᠢ ᠰᠤᠷᠤᠯᠴᠠᠨ ᠬᠡᠷᠡᠭᠯᠡᠬᠦ  ᠶᠢ ᠵᠢᠯᠤᠭᠤᠳᠴᠤ᠂ ᠮᠠᠨ ᠤ ᠣᠷᠣᠨ ᠤ ᠦᠨᠳᠦᠰᠦᠨ ᠱᠠᠲᠤᠨ ᠤ ᠠᠵᠢᠯ ᠣᠯᠭᠤᠯᠲᠠ ᠦᠢᠯᠡᠰ ᠪᠣᠰᠬᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠣᠶᠢᠷ᠎ᠠ ᠶᠢᠨ ᠡᠳᠦᠷ᠂ ᠨᠠᠮ ᠤᠯᠠᠨ ᠲᠦᠮᠡᠨ ᠤ ᠠᠵᠢᠯ ᠤᠨ ᠬᠡᠯᠲᠡᠰ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠰᠣᠩᠭᠤᠨ ᠲᠣᠮᠢᠯᠠᠵᠤ ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠵᠣᠬᠢᠶᠠᠨ ᠪᠠᠶᠢᠭᠤᠯᠵᠤ ᠦᠨᠳᠦᠰᠦᠨ ᠱᠠᠲᠤᠨ ᠳᠤ ᠣᠴᠢᠭᠤᠯᠤᠨ ᠠᠵᠢᠯ ᠣᠯᠭᠤᠯᠲᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠵᠦ᠂ ᠲᠣᠭᠤᠭᠠᠨᠪᠣᠯᠠᠭ ᠪᠠᠯᠭᠠᠰᠤ᠂ ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠠᠵᠢᠯ ᠣᠯᠭᠤᠯᠲᠠ ᠶᠢᠨ ᠠᠵᠢᠯ ᠤᠨ ᠬᠠᠷᠢᠭᠤᠴᠠᠯᠭᠠᠲᠠᠨ ᠪᠣᠯᠣᠨ ᠬᠠᠷᠢᠶ᠎ᠠ ᠨᠡᠶᠢᠭᠡᠮ ᠲᠣᠭᠤᠷᠢᠭ ︵ᠲᠣᠰᠬᠤᠨ︶ ᠤᠨ 20 ᠭᠠᠷᠤᠢ ᠠᠵᠢᠯ ᠣᠯᠭᠤᠯᠲᠠ ᠶᠢᠨ ᠠᠵᠢᠯᠲᠠᠨ ᠪᠣᠯᠪᠠᠰᠤᠷᠠᠯ ᠳᠤ ᠣᠷᠣᠯᠴᠠᠪᠠ᠃       ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ︽ᠦᠨᠳᠦᠰᠦᠨ ᠱᠠᠲᠤᠨ ᠤ ᠬᠥᠮᠥᠰ ᠤᠨ ᠠᠵᠢᠯ ᠣᠯᠵᠤ ᠦᠢᠯᠡᠰ ᠪᠣᠰᠬᠠᠬᠤ ᠠᠵᠢᠯ ᠤᠨ ᠭᠠᠷ ᠳᠡᠪᠲᠡᠷ︾ ᠤᠨ ᠡᠯ᠎ᠡ ᠵᠦᠢᠯ ᠤᠨ ᠠᠵᠢᠯ ᠢ ᠡᠮᠬᠢᠯᠡᠨ ᠲᠠᠶᠢᠯᠪᠤᠷᠢᠯᠠᠵᠤ᠂ ᠠᠵᠢᠯ ᠠᠯᠳᠠᠭᠰᠠᠨ ᠢ ᠳᠠᠩᠰᠠᠯᠠᠬᠤ᠂ ᠠᠵᠢᠯ ᠣᠯᠬᠤ ᠳᠤ ᠬᠦᠴᠢᠷᠲᠡᠢ ᠬᠥᠮᠥᠰ ᠢ ᠮᠠᠭᠠᠳᠯᠠᠨ ᠲᠣᠭᠲᠠᠭᠠᠬᠤ᠂ ᠠᠵᠢᠯ ᠣᠯᠭᠤᠯᠲᠠ ᠶᠢᠨ ᠨᠡᠶᠢᠭᠡᠮ ᠤᠨ ᠪᠠᠲᠤᠯᠠᠭ᠎ᠠ ᠶᠢᠨ ᠨᠥᠬᠦᠪᠦᠷᠢ ᠶᠢᠨ ᠲᠤᠬᠠᠶᠢᠯᠠᠭᠰᠠᠨ ᠠᠵᠢᠯ ᠢ ᠠᠮᠢᠳᠤᠯᠢᠭ ᠢᠶᠠᠷ ᠭᠠᠷᠳᠠᠨ ᠬᠢᠬᠦ ᠪᠠ ᠪᠡᠯᠡ ᠮᠥᠩᠭᠦ ᠲᠠᠷᠬᠠᠭᠠᠬᠤ ᠵᠡᠷᠭᠡ ᠲᠤᠬᠠᠶᠢᠯᠠᠭᠰᠠᠨ ᠠᠵᠢᠯ ᠳᠤ ᠭᠤᠣᠯᠳᠠᠯᠭ᠎ᠠ ᠲᠠᠢ ᠪᠠᠷ ᠨᠠᠷᠢᠨ ᠲᠠᠶᠢᠯᠪᠤᠷᠢᠯᠠᠯᠲᠠ ᠬᠢᠵᠦ᠂ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤᠮᠳᠠ ᠪᠠᠶᠢᠩᠭᠤ ᠲᠣᠬᠢᠶᠠᠯᠳᠤᠳᠠᠭ ᠠᠰᠠᠭᠤᠳᠠᠯ ᠳᠤ ᠲᠤᠬᠠᠢ ᠶᠢᠨ ᠲᠠᠯᠠᠪᠤᠷ ᠤᠨ ᠬᠠᠷᠢᠭᠤᠯᠲᠠ ᠥᠭᠴᠦ᠂ ᠦᠨᠳᠦᠰᠦᠨ ᠱᠠᠲᠤᠨ ᠤ ᠠᠵᠢᠯᠲᠠᠨ ᠢ ᠤᠯᠠᠮ ᠨᠢᠭᠡ ᠠᠯᠬᠤᠮ ᠬᠠᠪᠰᠤᠷᠤᠨ ᠠᠵᠢᠯ ᠤᠨ ᠰᠡᠵᠢᠭ ᠲᠠᠢ ᠭᠠᠵᠠᠷ᠂ ᠪᠠᠯᠠᠢ ᠴᠡᠭ ᠢ ᠨᠢ ᠠᠷᠢᠯᠭᠠᠵᠤ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠦᠨ᠂ ᠲᠤᠬᠠᠶᠢᠯᠠᠭᠰᠠᠨ ᠠᠵᠢᠯ ᠢ ᠨᠢ ᠵᠢᠷᠣᠮᠵᠢᠭᠤᠯᠪᠠ᠃      ᠳᠠᠷᠠᠭᠠᠴᠢ ᠶᠢᠨ ᠠᠯᠬᠤᠮ ᠳᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠣᠯᠪᠠᠰᠤᠷᠠᠯ ᠤᠨ ᠪᠦᠷᠬᠦᠴᠡ ᠶᠢ ᠲᠠᠰᠤᠷᠠᠯᠳᠡ ᠦᠭᠡᠢ ᠦᠷᠭᠡᠳᠭᠡᠨ ᠪᠣᠯᠪᠠᠰᠤᠷᠠᠯ ᠤᠨ ᠬᠠᠨᠳᠤᠯᠭᠠᠲᠤ ᠴᠢᠨᠠᠷ ᠪᠣᠯᠣᠨ ᠦᠷ᠎ᠡ ᠪᠦᠲᠦᠮᠵᠢᠲᠦ ᠴᠢᠨᠠᠷ ᠢ ᠴᠢᠩᠭᠠᠳᠬᠠᠵᠤ᠂ ᠲᠤᠬᠠᠶᠢᠯᠠᠭᠰᠠᠨ ᠠᠵᠢᠯ ᠢ ᠭᠠᠷᠳᠠᠨ ᠬᠢᠬᠦ᠂ ᠦᠢᠯᠡᠴᠢᠯᠡᠬᠦ ᠤᠬᠠᠮᠰᠠᠷ᠂ ᠠᠵᠢᠯ ᠤᠨ ᠪᠠᠶᠢᠷᠢ ᠶᠢᠨ ᠰᠠᠬᠢᠯᠭ᠎ᠠ ᠪᠠᠲᠤ ᠵᠡᠷᠭᠡ ᠠᠭᠤᠯᠭ᠎ᠠ ᠶᠢ ᠰᠤᠷᠤᠯᠴᠠᠨ ᠰᠣᠯᠢᠯᠴᠠᠬᠤ ᠪᠠᠷ ᠳᠠᠮᠵᠢᠭᠤᠯᠵᠤ᠂ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠲᠠᠪᠴᠠᠩ ᠤᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠳᠡ ᠦᠭᠡᠢ ᠴᠢᠩᠭᠠᠳᠬᠠᠵᠤ᠂ ᠦᠨᠳᠦᠰᠦᠨ ᠱᠠᠲᠤᠨ ᠳᠤ ᠨᠡᠩ ᠰᠠᠶᠢᠨ ᠦᠢᠯᠡᠴᠢᠯᠡᠨ ᠤᠯᠠᠨ ᠲᠦᠮᠡᠨ ᠳᠤ ᠨᠡᠩ ᠰᠠᠶᠢᠨ ᠦᠢᠯᠡᠴᠢᠯᠡᠨ᠎ᠡ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号