2024 ᠣᠨ ᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠤᠯᠢ ᠴᠠᠭᠠᠵᠨ ᠵᠠᠰᠠᠭ ᠵᠠᠬᠢᠷᠭᠠᠨ ᠤ ᠠᠵᠢᠯ ᠤᠨ ᠭᠤᠣᠯᠳᠠᠯᠭ᠎ᠠ
ᠨᠡᠶᠢᠲᠡᠯᠡᠭᠰᠡᠨ ᠴᠠᠭ᠄
2024/5/9
    2024 ᠣᠨ ᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠤᠯᠢ ᠴᠠᠭᠠᠵᠠ ᠵᠠᠰᠠᠭ ᠵᠠᠬᠢᠷᠭᠠᠨ ᠤ ᠠᠵᠢᠯ ᠤᠨ ᠵᠢᠯᠤᠭᠤᠳᠬᠤ ᠦᠵᠡᠯ ᠰᠠᠨᠠᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠰᠢ ᠶᠢᠨ ᠫᠢᠩ ᠤᠨ ᠬᠤᠨᠯᠢ ᠶᠢᠨ ᠦᠵᠡᠯ ᠰᠠᠨᠠᠭ᠎ᠠ ᠶᠢ ᠬᠦᠨᠵᠡᠭᠡᠢ ᠰᠣᠷᠣᠯᠴᠠᠨ᠂ ᠬᠠᠣᠯᠢ ᠵᠠᠰᠠᠭᠳᠣ ᠳᠡᠭᠡᠳᠦ ᠰᠢᠨ᠎ᠡ ᠮᠡᠷᠭᠡᠵᠢᠯ᠂ ᠬᠠᠣᠯᠢ ᠵᠠᠰᠠᠭᠳᠣ ᠨᠡᠶᠢᠭᠡᠮ ᠵᠢᠴᠢ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ ᠪᠠᠷ ᠭᠤᠣᠯᠳᠠᠯᠭ᠎ᠠ ᠪᠣᠯᠭᠠᠨ᠂ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠬᠠᠤᠯᠢ ᠪᠠᠷ ᠵᠠᠰᠠᠬᠤ ᠬᠠᠮᠢᠶᠠᠷᠤᠯᠲᠠ ᠶᠢᠨ ᠵᠥᠪᠯᠡᠯ ᠤᠨ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠵᠢᠱᠢᠶ᠎ᠡ ᠦᠵᠡᠭᠦᠯᠬᠦ ᠬᠡᠪ ᠳᠠᠭᠤᠷᠢᠶᠠᠯ ᠢ ᠪᠣᠶ ᠪᠣᠯᠭᠠᠵᠤ᠂ ᠪᠣᠭᠤᠳᠣ ᠬᠤᠲᠠ ᠶᠢᠨ ᠲᠡᠦᠬᠡ ᠶᠢᠨ ᠬᠠᠮᠤᠭ ᠤᠨ ᠥᠨᠳᠥᠷ ᠬᠢᠷᠢ ᠲᠦᠪᠰᠢᠨ ᠳᠤ ᠳᠠᠬᠢᠨ ᠪᠤᠴᠠᠬᠤ ᠳᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠬᠦᠴᠦᠨ ᠴᠢᠳᠠᠯ ᠢᠶᠠᠨ ᠨᠡᠮᠡᠷᠢᠯᠡᠨ᠎ᠡ᠃     1. ᠤᠯᠤᠰ ᠲᠥᠷᠥ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠤᠯᠤᠰ ᠲᠦᠷᠦ ᠪᠠᠷ ᠬᠥᠲᠥᠯᠥᠨ ᠳᠠᠭᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ︽ᠨᠢᠭᠡᠳᠦᠭᠡᠷ ᠵᠥᠪᠯᠡᠬᠦ ᠰᠡᠳᠦᠪ︾  ᠤᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠨᠤᠯ ᠢᠶᠠᠷ ᠵᠡᠪᠰᠡᠭᠯᠡᠬᠦ ᠶᠢ ᠨᠡᠩ ᠯᠠᠪᠳᠠᠭᠤᠨ ᠪᠠᠲᠤᠲᠠᠢ ᠪᠣᠯᠭᠠᠨ ᠤᠳᠤᠷᠢᠳᠬᠤ ᠳᠦᠷᠢᠮ ᠢ ᠨᠡᠩ ᠪᠦᠷᠢᠨᠰᠢᠭᠦᠯᠬᠦ᠂ ᠰᠠᠬᠢᠯᠭ᠎ᠠ ᠪᠠᠲᠤ ᠶᠣᠰᠣ ᠳᠦᠷᠢᠮ ᠢ ᠨᠡᠩ ᠴᠢᠩᠭ᠎ᠠ ᠲᠣᠳᠣᠷᠬᠠᠢ ᠪᠣᠯᠭᠠᠬᠤ ᠶᠢ ᠠᠬᠢᠭᠤᠯᠬᠤ ᠬᠡᠷᠡᠭᠲᠡᠢ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ‌‍ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠶᠢ ᠪᠠᠷᠢᠮᠲᠠᠯᠠᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠭᠤᠣᠯ ᠰᠡᠳᠦᠪᠲᠦ ᠤᠬᠠᠭᠤᠯᠭ᠎ᠠ ᠶᠢ ᠨᠠᠷᠢᠯᠢᠭ ᠣᠨᠣᠴᠠᠲᠠᠢ ᠪᠥᠭᠡᠳ ᠪᠦᠲᠦᠮᠵᠢᠲᠡᠶ ᠪᠠᠷ ᠥᠷᠨᠢᠭᠦᠯᠦᠨ᠎ᠡ᠃ ᠨᠢᠭᠡᠳᠦᠮᠡᠯ ᠹᠷᠣᠨᠲ ᠤᠨ ᠠᠵᠢᠯ ᠢ ᠭᠦᠨᠵᠡᠭᠡᠢ ᠥᠷᠨᠢᠭᠦᠯᠵᠦ᠂ ᠨᠠᠮ ᠤᠨ ᠭᠠᠳᠠᠨᠠᠬᠢ ᠲᠥᠯᠥᠭᠡᠯᠡᠭᠴᠢ ᠬᠥᠮᠥᠰ ᠪᠠ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠨ᠎ᠠ᠃     2. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠲᠣᠭᠤᠰᠢᠯᠠᠭᠤᠯᠬᠤ ᠬᠡᠷᠡᠭᠳᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠬᠤ ᠶᠢ ︽ᠭᠤᠷᠪᠠ ᠶᠢ ᠲᠣᠭᠲᠠᠭᠠᠬᠤ︾ ᠲᠣᠭᠲᠠᠭᠠᠯ ᠳᠤ ᠪᠢᠴᠢᠨ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠪᠤᠢ ᠪᠣᠯᠭᠠᠬᠤ ᠦᠵᠡᠯ ᠤᠬᠠᠮᠰᠠᠷ ᠤᠨ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ᠂ ᠪᠦᠬᠦ ᠠᠵᠢᠯᠲᠠᠨ ᠢ ᠬᠠᠮᠣᠷᠣᠭᠰᠠᠨ ︽ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ︾ ᠤᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠮᠠᠨ ᠤ ᠣᠷᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠢ ᠥᠷᠨᠢᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠱᠤᠭᠤᠮ ᠢ ᠲᠤᠤᠱᠯᠠᠭᠤᠯᠤᠨ ᠪᠠᠬᠢᠵᠢᠭᠦᠯᠬᠦ ᠱᠠᠭᠠᠷᠳᠠᠯᠭ᠎ᠠ ᠳᠤ ᠥᠯᠥ ᠨᠡᠶᠢᠴᠡᠬᠦ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠴᠠᠭ ᠲᠤᠬᠠᠢ ᠳᠤᠨᠢ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠦᠨᠳᠦᠰᠦᠲᠡᠨ ᠳᠤ ᠬᠤᠯᠪᠣᠭᠳᠠᠬᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠲᠤᠪᠤᠶᠢᠯᠭᠠᠵᠤ᠂ ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠠᠷᠢᠯᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃     3. ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠬᠡᠷᠡᠭᠲᠡᠢ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶᠢᠷᠡᠭᠦᠯᠦᠨ᠂ ︽ᠨᠢᠭᠤᠷ ᠲᠠᠯ᠎ᠠ ᠶᠢᠨ ᠢᠨᠵᠧᠨᠧᠷᠢᠩ︾ ᠪᠣᠯᠣᠨ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ ᠡᠷᠡᠰ ᠢᠶᠠᠷ ᠵᠠᠯᠠᠷᠠᠭᠤᠯᠤᠨ ᠰᠡᠷᠭᠡᠶᠢᠯᠡᠨ ᠬᠤᠷᠢᠭᠯᠠᠨ᠎ᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠴᠠᠭᠳᠠᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠪᠥᠭᠡᠳ ᠪᠣᠳᠠᠲᠠᠢ ᠪᠠᠷ ᠦᠷᠭᠦᠯᠵᠢᠯᠡᠨ ᠰᠠᠶᠢᠲᠤᠷ ᠠᠳᠬᠤᠨ᠎ᠠ᠃ ᠲᠥᠪᠯᠡᠷᠡᠩᠭᠦᠢ ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ ᠢ ᠥᠷᠨᠢᠭᠦᠯᠵᠦ ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠢ ᠡᠭᠦᠳᠦᠨ ᠪᠠᠶᠢᠭᠤᠯᠤᠨ᠎ᠠ᠃ ᠬᠠᠤᠯᠢᠴᠢ᠂ ᠠᠯᠪᠠᠨ ᠭᠡᠷᠡᠴᠢᠯᠡᠭᠡ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ᠂ ᠬᠥᠨᠳᠡᠯᠡᠨ ᠠᠴᠠ ᠲᠠᠰᠤᠯᠬᠤ ᠵᠡᠷᠭᠡ ᠠᠵᠢᠯ ᠲᠦᠷᠦᠯ ᠤᠨ ᠨᠠᠮ ᠤᠨ ᠪᠠᠶᠢᠭᠤᠯᠤᠯᠲᠠ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠲᠤᠰᠬᠠᠢ ᠵᠦᠢᠯ ᠤᠨ ᠠᠵᠢᠯᠯᠠᠭ᠎ᠠ ᠶᠢ ᠥᠷᠨᠢᠭᠦᠯᠵᠦ᠂ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠪᠠ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠪᠠ ᠠᠵᠢᠯ ᠢ ᠬᠡᠯᠪᠡᠷᠢ ᠲᠠᠢ ᠪᠠᠶᠢᠭᠰᠠᠨ ᠠᠴᠠ ᠪᠦᠲᠦᠮᠵᠢᠲᠡᠶ ᠪᠠᠷ ᠬᠠᠮᠤᠷᠬᠤ ᠶᠢ ᠲᠦᠯᠬᠢᠨ ᠠᠬᠢᠭᠤᠯᠤᠨ᠎ᠠ᠃     4. ᠬᠠᠤᠯᠢ ᠪᠠᠷ ᠵᠠᠰᠠᠬᠤ ᠬᠠᠮᠢᠶᠠᠷᠤᠯᠲᠠ ᠶᠢᠨ ᠵᠥᠪᠯᠡᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠤᠳᠤᠷᠢᠳᠬᠤ ᠺᠠᠳ᠋ᠷᠴᠤᠳ ᠤᠨ ᠮᠡᠳᠡᠪᠡᠯ ᠵᠣᠬᠢᠬᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠤᠯᠤᠰ ᠤᠨ ᠬᠠᠤᠯᠢ ᠴᠠᠭᠠᠵᠠ ᠶᠢᠨ ᠨᠠᠷᠢᠨ ᠲᠠᠩᠰᠠ ᠶᠢ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠤᠳᠤᠷᠢᠳᠬᠤ ᠺᠠᠳ᠋ᠷᠴᠤᠳ ᠢ ᠪᠣᠯᠪᠠᠰᠤᠷᠠᠭᠤᠯᠬᠤ ᠳᠤ ᠵᠠᠪᠠᠯ ᠰᠤᠷᠬᠤ ᠬᠢᠴᠢᠶᠡᠯ ᠪᠣᠯᠭᠠᠨ᠎ᠠ᠃ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠠᠵᠢᠯ ᠤᠨ ᠳᠤᠭᠤᠶᠢᠯᠠᠩ ᠤᠨ ᠠᠵᠢᠯ ᠢ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠶᠢ ᠴᠢᠩᠭᠠᠳᠬᠠᠨ᠂ ᠡᠬᠡ ᠲᠠᠩᠰᠠ ᠶᠢᠨ ᠬᠠᠮᠢᠶᠠᠷᠤᠯᠲᠠ ᠶᠢ ᠪᠠᠷᠢᠮᠲᠠᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠤᠨ᠎ᠠ᠃ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠵᠢᠷᠤᠮ ᠤᠨ ᠲᠣᠭᠲᠠᠭᠠᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠠᠩᠰᠠᠯᠠᠨ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠭᠤᠣᠯᠳᠠᠯᠭ᠎ᠠ ᠲᠠᠢ ᠡᠭᠦᠷᠭᠡ᠂ ᠳᠤᠲᠠᠭᠤᠳᠠᠯ ᠪᠠᠭᠤᠷᠠᠢ ᠵᠦᠢᠯ ᠢ ᠰᠠᠨᠠᠭᠤᠯᠤᠨ ᠰᠠᠨᠠᠭᠤᠯᠬᠤ ᠪᠠ ᠰᠢᠪᠠᠳᠠᠨ ᠪᠠᠶᠢᠴᠠᠭᠠᠵᠤ ᠰᠢᠪᠠᠳᠠᠨ ᠰᠢᠢᠳᠪᠦᠷᠢᠯᠡᠭᠦᠯᠬᠦ ᠶᠢ ᠪᠣᠳᠠᠲᠠᠶᠢᠵᠢᠭᠤᠯᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠣᠨ ᠤ ᠮᠡᠳᠡᠭᠦᠯᠦᠯᠲᠡ ᠶᠢᠨ ᠳᠦᠷᠢᠮ ᠢ ᠴᠢᠩᠭ᠎ᠠ  ᠬᠡᠷᠡᠭᠵᠢᠭᠦᠯᠦᠨ ᠱᠠᠭᠠᠷᠳᠠᠯᠭ᠎ᠠ ᠶᠣᠰᠣᠭᠠᠷ ᠨᠡᠶᠢᠭᠡᠮ ᠳᠤ ᠢᠯᠡ ᠪᠣᠯᠭᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ︽ᠪᠢᠴᠢᠭ ᠮᠠᠲ᠋ᠧᠷᠢᠶᠠᠯ ᠲᠠᠷᠬᠠᠭᠠᠬᠤ᠂ ᠬᠢᠨᠠᠨ ᠬᠠᠷᠭᠤᠭᠤᠯᠬᠤ᠂ ᠳᠠᠩᠰᠠᠯᠠᠬᠤ︾ ᠶᠢ ᠨᠢᠭᠡ ᠴᠣᠭᠴᠠᠵᠢᠭᠤᠯᠤᠨ ᠬᠠᠮᠲᠤᠷᠠᠨ ᠬᠥᠳᠡᠯᠦᠯᠴᠡᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠢᠯᠭᠠᠷᠠᠭᠤᠯᠤᠨ ᠲᠢᠭᠯᠡᠬᠦ ᠶᠢ ᠴᠢᠩᠭᠠᠳᠬᠠᠵᠤ᠂ ᠬᠠᠤᠯᠢ ᠳᠦᠷᠢᠮ ᠤᠨ ᠨᠢᠭᠡᠳᠦᠯᠲᠡᠢ ᠪᠠᠶᠢᠬᠤ ᠶᠢ ᠪᠦᠬᠦ ᠲᠠᠯ᠎ᠠ ᠪᠠᠷ ᠬᠠᠮᠠᠭᠠᠯᠠᠨ᠎ᠠ᠃ ᠪᠤᠭᠤᠲᠤ ᠬᠤᠲᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠡᠷᠢᠭᠦᠨ ᠤ ᠭᠠᠵᠠᠷ ᠣᠷᠣᠨ ᠢᠶᠠᠷ ᠪᠠᠷᠢᠮᠵᠢᠶᠠᠯᠠᠨ ︽ᠬᠠᠤᠯᠢ ᠪᠠᠷ ᠵᠠᠰᠠᠬᠤ ᠪᠤᠭᠤᠲᠤ︾ ᠶᠢᠨ ᠪᠠᠶᠢᠭᠤᠯᠤᠯᠲᠠ ᠶᠢᠨ ᠬᠠᠷᠠᠯᠲᠠᠲᠤ ᠡᠭᠦᠷᠭᠡ ᠪᠠᠷ ᠪᠠᠷᠢᠮᠵᠢᠶᠠᠯᠠᠵᠤ᠂ ︽ᠳᠤᠮᠳᠠ ᠬᠤᠭᠤᠴᠠᠭ᠎ᠠ︾ ᠶᠢᠨ ᠦᠨᠡᠯᠡᠨ ᠵᠢᠱᠢᠬᠦ ᠠᠰᠠᠭᠤᠳᠠᠯ ᠤᠨ ᠤᠳᠤᠷᠢᠳᠤᠮᠵᠢ ᠶᠢ ᠴᠢᠩᠭ᠎ᠠ ᠡᠵᠡᠮᠳᠡᠨ᠂ ᠬᠠᠤᠯᠢ ᠪᠠᠷ ᠵᠠᠰᠠᠬᠤ ᠳᠡᠭᠡᠳᠦ ᠰᠢᠨ᠎ᠡ ᠮᠡᠷᠭᠡᠵᠢᠯ᠂ ᠬᠠᠤᠯᠢ ᠪᠠᠷ ᠵᠠᠰᠠᠬᠤ ᠬᠠᠮᠢᠶᠠᠷᠤᠯᠲᠠ ᠶᠢᠨ ᠵᠥᠪᠯᠡᠯ᠂ ᠬᠠᠤᠯᠢ ᠪᠠᠷ ᠵᠠᠰᠠᠬᠤ ᠨᠡᠶᠢᠭᠡᠮ ᠤᠨ ᠨᠢᠭᠡ ᠴᠣᠭᠴᠠᠵᠢᠭᠰᠠᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ᠵᠡᠭᠡᠯᠢ ᠪᠠᠯᠭᠠᠰᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠰᠢᠪᠠᠳᠠᠨ ᠪᠠᠶᠢᠴᠠᠭᠠᠯᠲᠠ ᠶᠢ ᠥᠷᠨᠢᠭᠦᠯᠦᠨ᠎ᠡ᠃     5᠂ ᠬᠦᠴᠦ ᠪᠠᠨ ᠲᠥᠪᠯᠡᠷᠡᠭᠦᠯᠦᠨ ᠨᠠᠮ ᠤᠨ ᠠᠵᠢᠯ ᠤᠨ ᠬᠤᠷᠢᠶ᠎ᠠ ᠶᠢᠨ ᠬᠠᠮᠢᠶᠠᠷᠤᠯᠲᠠ ᠶᠢᠨ ᠵᠥᠪᠯᠡᠯ ᠤᠨ ᠭᠤᠣᠯ ᠠᠵᠢᠯ ᠳᠤ ᠦᠢᠯᠡᠴᠢᠯᠡᠨ᠎ᠡ᠃ 2024 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠢ ᠲᠣᠭᠲᠠᠭᠠᠨ ᠨᠡᠶᠢᠲᠡᠯᠡᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠶᠢᠨ ᠲᠠᠪᠴᠠᠩ ᠢ ᠳᠡᠯᠭᠡᠷᠡᠭᠦᠯᠦᠨ ᠬᠡᠷᠡᠭᠯᠡᠨ᠎ᠡ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠪᠠᠷ ᠵᠠᠰᠠᠬᠤ ᠶᠢ ᠬᠢᠨᠠᠨ ᠬᠠᠷᠭᠤᠭᠤᠯᠬᠤ ᠲᠠᠰ ᠳᠠᠷᠠᠭᠠᠯᠠᠯ ᠢ ᠲᠡᠭᠦᠯᠳᠡᠷᠵᠢᠭᠦᠯᠦᠨ᠂ ᠪᠥᠬᠦ ᠵᠢᠯ ᠤᠨ ᠬᠠᠤᠯᠢ ᠪᠠᠷ ᠵᠠᠰᠠᠬᠤ ᠶᠢ ᠬᠢᠨᠠᠨ ᠬᠠᠷᠭᠤᠭᠤᠯᠬᠤ ᠡᠭᠦᠷᠭᠡ ᠶᠢ ᠪᠡᠯᠡ ᠣᠷᠣᠭᠤᠯᠤᠯᠲᠠ ᠶᠢ ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠶᠢ ᠠᠬᠢᠭᠤᠯᠬᠤ ᠵᠡᠷᠭᠡ ᠲᠠᠯ᠎ᠠ ᠪᠠᠷ ᠨᠡᠩ ᠰᠢᠯᠢᠳᠡᠭ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃     6. ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠬᠦᠴᠦᠨ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠬᠤ ᠠᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2023 ︱ 2025 ᠣᠨ︶︾ ᠶᠢ ᠭᠦᠨᠵᠡᠭᠡᠢ ᠥᠷᠨᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠣᠪᠣᠶᠢᠮ᠎ᠠ ᠠᠰᠠᠭᠤᠳᠠᠯ ᠢ ᠬᠦᠴᠦᠲᠡᠢ ᠴᠡᠭᠴᠡᠯᠡᠨ ᠵᠠᠰᠠᠵᠤ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠪᠠ ᠬᠢᠨᠠᠯᠲᠠ ᠲᠠᠯᠪᠢᠬᠤ ᠠᠵᠢᠯᠯᠠᠭ᠎ᠠ ᠶᠢ ᠥᠷᠨᠢᠭᠦᠯᠵᠦ᠂ ᠬᠤᠶᠠᠳᠤᠭᠠᠷ ᠪᠦᠯᠦᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠶᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠨ ᠰᠢᠯᠭᠠᠵᠤ ᠦᠨᠡᠯᠡᠬᠦ ᠭᠦᠢᠴᠡᠳᠬᠡᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠵᠤ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠤᠨ ᠵᠠᠰᠠᠬᠤ ᠠᠵᠢᠯ ᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠥᠷᠥᠯ ᠬᠤᠪᠢᠶᠠᠨ ᠲᠠᠰ ᠬᠤᠪᠢᠶᠠᠨ ᠲᠠᠰ ᠬᠤᠪᠢᠶᠠᠨ ᠪᠣᠯᠪᠠᠰᠤᠷᠠᠭᠤᠯᠬᠤ ᠶᠢ ᠵᠣᠬᠢᠶᠠᠨ ᠪᠠᠶᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠢ ᠭᠡᠷᠡᠴᠢᠯᠡᠬᠦ ᠪᠣᠯᠪᠠᠰᠤᠷᠠᠭᠤᠯᠤᠯ ᠤᠨ ᠰᠢᠯᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃     7᠂ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠩᠭᠠᠯᠭ᠎ᠠ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠪᠠᠷᠢᠮᠵᠢᠶᠠᠵᠢᠭᠰᠠᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠦᠷᠲᠡᠭᠡ ᠪᠠᠶᠢᠭᠤᠯᠬᠤ ᠶᠢ ᠲᠦᠯᠬᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠠᠪᠲᠠᠷᠡᠭᠦᠯᠵᠦ᠂ ︽ᠣᠶᠢᠷ᠎ᠠ ᠬᠠᠪᠢ ᠳᠠᠭᠠᠨ ᠭᠤᠶᠤᠴᠢᠯᠠᠵᠤ᠂ ᠨᠢᠭᠡ ᠯᠡ ᠤᠳᠠᠭ᠎ᠠ ᠳᠤ ᠰᠢᠢᠳᠪᠦᠷᠢᠯᠡᠵᠦ ᠳᠠᠭᠤᠰᠬᠠᠬᠤ︾ ᠶᠢ ᠪᠡᠶᠡᠯᠡᠭᠦᠯᠦᠨ᠎ᠡ᠃ ᠬᠢᠨᠠᠨ ᠪᠠᠶᠢᠴᠠᠭᠠᠵᠤ ᠵᠠᠭᠠᠯᠳᠤᠬᠤ ᠱᠠᠲᠤᠨ ᠳᠠᠬᠢ ᠬᠠᠤᠯᠢᠴᠢ ᠶᠢᠨ ᠥᠮᠥᠭᠯᠡᠯ ᠢ ᠨᠡᠶᠢᠳᠡᠮ ᠪᠦᠷᠬᠦᠭᠦᠯᠬᠦ ᠲᠤᠷᠰᠢᠯᠲᠠ ᠶᠢᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠣᠨ᠎ᠠ᠃ ︽ᠲᠤᠰᠠᠯᠠᠬᠤ ᠪᠠ ᠡᠶᠡᠳᠡᠭᠦᠯᠬᠦ ᠶᠢ ᠵᠣᠯᠭᠠᠭᠤᠯᠬᠤ︾ ᠶᠢ ᠭᠦᠨᠵᠡᠭᠡᠢ ᠲᠦᠯᠬᠢᠨ ᠠᠬᠢᠭᠤᠯᠤᠨ᠎ᠠ᠃ ︽ᠮᠢᠩᠭᠠᠨ ᠬᠠᠤᠯᠢᠴᠢ ᠶᠢ ᠬᠥᠳᠡᠭᠡ ᠲᠣᠰᠬᠤᠨ ᠳᠤ ᠣᠷᠣᠭᠤᠯᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ︽ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠤᠯᠢᠴᠢ ᠶᠢᠨ ᠪᠦᠯᠬᠦᠮ︾ ᠤᠨ ᠨᠡᠷᠡᠳᠤ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢᠴᠢ ᠶᠢᠨ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠨᠤᠷᠮ᠎ᠠ ᠶᠢ ᠪᠦᠬᠦᠨ ᠢ ᠬᠠᠮᠤᠷᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃     8. ᠬᠠᠤᠯᠢ ᠴᠠᠭᠠᠵᠠ ᠶᠢᠨ ᠦᠢᠯᠡᠴᠢᠯᠡᠭᠡᠨ ᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ᠎ᠠ᠃ ᠤᠯᠤᠰ ᠤᠨ ᠳᠣᠲᠣᠭᠠᠳᠤ ᠶᠢᠨ ᠨᠠᠷᠠᠲᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠮᠠᠨ ᠤ ᠣᠷᠣᠨ ᠳᠤ ᠬᠤᠪᠢᠶᠠᠷᠢ ᠭᠠᠵᠠᠷ ᠪᠠᠶᠢᠭᠤᠯᠬᠤ ᠶᠢ ᠵᠣᠷᠢᠭᠵᠢᠭᠤᠯᠵᠤ᠂ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠣᠷᠣᠭᠤᠯᠤᠨ ᠠᠪᠴᠢᠷᠠᠨ᠎ᠠ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠡᠩᠨᠡᠭᠡ ᠶᠢᠨ ᠪᠦᠲᠦᠴᠡ ᠶᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠮᠵᠢ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠨᠡᠶᠢᠭᠡᠮ ᠤᠨ ᠬᠦᠴᠦᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠬᠠᠩᠭᠠᠨ᠎ᠠ᠃      9. ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠴᠢᠭᠯᠡᠭᠦᠯᠦᠯᠲᠦ ᠴᠢᠨᠠᠷ ᠪᠠ ᠦᠷ᠎ᠡ ᠪᠦᠲᠦᠮᠵᠢᠲᠦ ᠴᠢᠨᠠᠷ ᠢ ᠪᠦᠬᠦ ᠭᠤᠣᠯ ᠰᠡᠳᠦᠪᠲᠦ ᠰᠢᠷᠢᠰ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠷᠠᠳ ᠢᠷᠭᠡᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠤᠷᠰᠢᠯᠲᠠ ᠶᠢᠨ ᠠᠵᠢᠯ ᠢ ᠵᠢᠯᠣᠭᠤᠳᠤᠨ ᠠᠬᠢᠭᠤᠯᠣᠨ᠎ᠠ᠃ ︽ᠭᠤᠷᠪᠠᠨ ᠬᠠᠭᠤᠳᠠᠰᠤ ᠬᠤᠶᠠᠷ ᠵᠠᠬᠢᠳᠠᠯ ᠢᠶᠠᠷ ᠨᠢᠭᠡ ᠶᠢ ᠦᠨᠡᠯᠡᠬᠦ︾᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠤᠯᠢ ᠶᠣᠰᠣᠭᠠᠷ ᠵᠠᠰᠠᠬᠤ ᠲᠠᠯ᠎ᠠ ᠪᠠᠷ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠶᠢ ᠰᠢᠯᠭᠠᠷᠠᠭᠤᠯᠬᠤ ᠪᠠᠷ ᠠᠴᠢᠶᠠᠯᠠᠪᠤᠷᠢ ᠪᠣᠯᠭᠠᠵᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠬᠤ ᠶᠢ ᠭᠦᠨᠵᠡᠭᠡᠢ ᠲᠦᠯᠬᠢᠨ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠠᠷᠠᠳᠴᠢᠯᠠᠯ ᠪᠠ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠲᠣᠰᠬᠤᠨ ︵ᠨᠡᠶᠢᠭᠡᠮ ᠲᠣᠭᠤᠷᠢᠭ︶ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠰᠬᠤᠨ ︵ᠨᠡᠶᠢᠭᠡᠮ ᠲᠣᠭᠤᠷᠢᠭ︶ ᠨᠢᠭᠡᠪᠦᠷᠢ ᠳᠤ ᠨᠠᠭᠠᠲᠤ ᠵᠠᠬ᠎ᠠ ᠳᠠᠭᠠᠨ 5 ᠨᠡᠷ᠎ᠡ ︽ᠬᠠᠤᠯᠢ ᠴᠠᠭᠠᠵᠠ ᠶᠢᠨ ᠤᠬᠠᠭᠠᠨ ᠲᠠᠢ ᠬᠥᠮᠥᠨ︾ ᠢ ᠬᠥᠮᠥᠵᠢᠭᠦᠯᠬᠦ ᠶᠢ ᠲᠦᠯᠬᠢᠨ ᠠᠬᠢᠭᠤᠯᠤᠨ᠎ᠠ᠃      10. ᠡᠯ᠎ᠡ ᠲᠥᠷᠥᠯ ᠤᠨ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠬᠤ ᠶᠢ ᠴᠢᠩᠭᠠᠷᠠᠭᠤᠯᠤᠨ᠎ᠠ᠃ ᠣᠷᠣᠨ ᠤ ᠲᠠᠰ ᠤᠨ ︽ᠨᠢᠭᠡ ᠥᠷᠲᠡᠭᠡ ᠮᠠᠶ᠋ᠢᠭ︾ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠤᠨ ᠪᠣᠳᠠᠲᠤ ᠴᠣᠭᠴᠠᠲᠤ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠲᠦᠷᠪᠡᠨ ᠭᠠᠵᠠᠷ ᠨᠢᠭᠡ ᠲᠢᠩᠬᠢᠮ︾ ᠤᠨ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠶᠢ ᠭᠦᠨᠵᠡᠭᠡᠢ ᠲᠦᠯᠬᠢᠨ ᠠᠬᠢᠭᠤᠯᠵᠤ᠂ 3 ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠡᠶᠡᠳᠡᠭᠦᠯᠭᠡ ᠶᠢᠨ ᠺᠣᠮᠢᠰ ᠲᠤ ᠲᠤᠰᠬᠠᠢ ᠲᠤᠰᠢᠶᠠᠯᠲᠤ ᠠᠷᠠᠳ ᠤᠨ ᠡᠶᠡᠳᠡᠭᠦᠯᠦᠭᠴᠢ ᠲᠣᠬᠢᠷᠠᠭᠤᠯᠬᠤ ᠶᠢ ᠲᠦᠯᠬᠢᠨ ᠠᠬᠢᠭᠤᠯᠤᠨ᠎ᠠ᠃ ᠲᠤᠤᠷᠴᠢᠯᠠᠭᠰᠠᠨ ᠬᠠᠮᠢᠶᠠᠷᠤᠯᠲᠠ ᠬᠢᠭᠡᠳ ᠠᠷᠠᠳ ᠤᠨ ᠡᠶᠡᠳᠡᠭᠦᠯᠭᠡ ᠶᠢᠨ ᠠᠵᠢᠯ ᠤᠨ ᠭᠦᠨᠵᠡᠭᠡᠢ ᠠᠭᠤᠰᠤᠯᠴᠠᠯ ᠢ ᠲᠦᠯᠬᠢᠨ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠪᠠ ᠠᠷᠢᠯᠭᠠᠬᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠥᠰ ᠢ ᠵᠣᠯᠭᠠᠭᠤᠯᠤᠨ ᠬᠠᠮᠢᠶᠠᠷᠬᠤ ᠪᠠ ᠳᠥᠪᠬᠢᠨᠡᠭᠦᠯᠦᠨ ᠬᠠᠪᠰᠤᠷᠤᠨ ᠰᠤᠷᠭᠠᠬᠤ ᠠᠵᠢᠯ ᠢ ᠴᠢᠩᠭᠠᠳᠬᠠᠵᠤ᠂ ᠵᠣᠯᠭᠠᠭᠤᠯᠬᠤ ᠨᠣᠷᠮ᠎ᠠ ᠪᠠ ᠭᠥᠯᠢᠶᠡᠨ ᠠᠪᠴᠤ ᠬᠦᠷᠭᠡᠬᠦ ᠨᠣᠷᠮ᠎ᠠ ᠶᠢᠨ ᠬᠤᠣᠰ 100% ᠶᠢᠨ ᠬᠠᠷᠠᠯᠲᠠ ᠶᠢ ᠪᠡᠶᠡᠯᠡᠭᠦᠯᠦᠨ᠎ᠡ᠃ ᠣᠷᠣᠨ ‍ᠤ‌‍ᠱᠠᠲᠤᠨ ᠳᠤ ᠨᠡᠶᠢᠭᠡᠮ ᠣᠷᠣᠨ ‍ᠤ‌ᠵᠠᠯᠠᠷᠠᠭᠤᠯᠭ᠎ᠠ ᠶᠢᠨ ᠵᠥᠪᠯᠡᠯ ᠪᠠᠶᠢᠭᠤᠯᠬᠤ ᠶᠢ ᠠᠬᠢᠭᠤᠯᠵᠤ᠂ ᠣᠶᠤᠨᠴᠢ ᠵᠠᠯᠠᠷᠠᠭᠤᠯᠭ᠎ᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠨᠡᠶᠢᠭᠡᠮ ᠤᠨ ᠠᠵᠢᠯᠲᠠᠳ ᠤᠨ ᠨᠡᠶᠢᠭᠡᠮ ᠣᠷᠣᠨ   ᠤ ᠵᠠᠯᠠᠷᠠᠭᠤᠯᠭ᠎ᠠ ᠶᠢᠨ ᠬᠠᠮᠢᠶ᠎ᠠ ᠪᠦᠬᠦᠢ ᠠᠵᠢᠯ ᠢ ᠥᠷᠨᠢᠭᠦᠯᠬᠦ ᠶᠢ ᠢᠳᠡᠪᠬᠢᠳᠡᠢ ᠬᠠᠶᠢᠨ ᠰᠦᠪᠡᠭᠴᠢᠯᠡᠨ᠎ᠡ᠃     11. ᠦᠨᠳᠦᠰᠦᠨ ᠱᠠᠲᠤᠨ ᠤ ᠰᠠᠭᠤᠷᠢ ᠶᠢ ᠦᠷᠭᠦᠯᠵᠢᠯᠡᠨ ᠪᠠᠬᠢᠵᠢᠭᠦᠯᠦᠨ᠎ᠡ᠃ ᠬᠠᠤᠯᠢ ᠴᠠᠭᠠᠵᠠ ᠶᠢᠨ ᠭᠠᠵᠠᠷ ᠢ ᠵᠢᠷᠤᠮᠵᠢᠭᠤᠯᠬᠤ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠲᠦᠯᠬᠢᠨ ᠠᠬᠢᠭᠤᠯᠵᠤ᠂ ᠬᠠᠤᠯᠢ ᠴᠠᠭᠠᠵᠠ ᠶᠢᠨ ᠭᠠᠵᠠᠷ ᠤᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ᠂ ᠬᠠᠤᠯᠢ ᠬᠡᠷᠡᠭᠵᠢᠭᠦᠯᠬᠦ ᠡᠭᠦᠷᠭᠡ ᠭᠦᠢᠴᠡᠳᠬᠡᠬᠦ ᠲᠥᠬᠦᠭᠡᠷᠦᠮᠵᠢ ᠵᠡᠷᠭᠡ ᠲᠤᠬᠠᠶᠢᠯᠠᠭᠰᠠᠨ ᠠᠵᠢᠯ ᠤᠨ ᠲᠣᠨᠣᠭᠯᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢ ᠴᠠᠭᠠᠵᠠ ᠶᠢᠨ ᠭᠠᠵᠠᠷ ᠤᠨ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠠᠯᠪᠠᠨ ᠭᠡᠷ︶ ᠤ ᠬᠠᠤᠯᠢ ᠪᠠᠷ ᠵᠠᠰᠠᠬᠤ ᠶᠢ ᠬᠢᠨᠠᠨ ᠬᠠᠷᠭᠤᠭᠤᠯᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠴᠠᠭᠤᠯᠤᠨ ᠬᠢᠨᠠᠯᠲᠠ ᠲᠠᠯᠪᠢᠬᠤ ᠵᠡᠷᠭᠡ ᠠᠵᠢᠯ ᠳᠤ ᠣᠷᠣᠯᠴᠠᠬᠤ ᠶᠢ ᠠᠬᠢᠭᠤᠯᠤᠨ᠎ᠠ᠃      12. ᠡᠩᠨᠡᠭᠡᠨ ᠤ ᠪᠠᠶᠢᠭᠤᠯᠤᠯᠲᠠ ᠪᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠲᠠᠢ ᠬᠥᠮᠥᠰ ᠢ ᠰᠢᠯᠢᠨ ᠰᠣᠩᠭᠤᠬᠤ ᠶᠢ ᠴᠢᠬᠤᠯᠠᠴᠢᠯᠠᠵᠤ᠂ ᠡᠩᠨᠡᠭᠡᠨ ᠤ ᠲᠤᠰᠬᠠᠶᠢᠵᠢᠭᠰᠠᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠥᠮᠦᠵᠢᠯ ᠪᠣᠯᠪᠠᠰᠤᠷᠠᠭᠤᠯᠤᠯ᠂ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ᠂ ᠮᠡᠷᠭᠡᠵᠢᠯ ᠴᠢᠳᠠᠪᠤᠷᠢ ᠶᠢᠨ ᠮᠥᠷᠥᠶᠢᠴᠡᠭᠡᠨ ᠢ ᠪᠠᠶᠢᠩᠭᠤᠵᠢᠭᠤᠯᠤᠨ ᠥᠷᠨᠢᠭᠦᠯᠵᠦ᠂ ᠡᠩᠨᠡᠭᠡ ᠶᠢᠨ ᠲᠤᠰᠬᠠᠶᠢᠵᠢᠭᠰᠠᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠪᠠᠷᠢᠮᠲᠠᠯᠠᠵᠤ᠂ ᠰᠣᠩᠭᠤᠨ ᠳᠡᠪᠰᠢᠭᠦᠯᠵᠦ ᠲᠣᠮᠢᠯᠠᠨ ᠬᠡᠷᠡᠭᠯᠡᠬᠦ ᠲᠡᠰ ᠳᠠᠷᠠᠭᠠᠯᠠᠯ ᠢ ᠵᠢᠷᠤᠮᠵᠢᠭᠤᠯᠵᠤ᠂ ᠤᠯᠤᠰ ᠲᠦᠷᠦ ᠶᠢᠨ ᠪᠠᠷᠢᠮᠵᠢᠶ᠎ᠠ ᠶᠢ ᠺᠠᠳ᠋ᠷ ᠢ ᠰᠣᠩᠭᠤᠨ ᠳᠡᠪᠰᠢᠭᠦᠯᠵᠦ ᠲᠣᠮᠢᠯᠠᠨ ᠬᠡᠷᠡᠭᠯᠡᠬᠦ ᠪᠦᠬᠦ ᠶᠠᠪᠤᠴᠠ ᠳᠤ ᠲᠤᠤᠱᠯᠠᠭᠤᠯᠬᠤ ᠬᠡᠷᠡᠭᠲᠡᠢ᠃ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠠ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ᠂ ᠰᠠᠬᠢᠯᠭ᠎ᠠ ᠪᠠᠲᠤ ᠪᠠ ᠶᠣᠰᠣ ᠳᠦᠷᠢᠮ ᠤᠨ ᠤᠬᠠᠮᠰᠠᠷ ᠢᠶᠠᠨ ᠤᠬᠠᠮᠰᠠᠷ   ᠠᠴᠠ ᠪᠠᠨ ᠴᠢᠩᠭᠠᠳᠬᠠᠵᠤ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠤᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号