ᠦᠰᠦᠭ ᠪᠢᠴᠢᠭ ᠢᠶᠠᠷ ᠲᠠᠶᠢᠯᠠᠬᠤᠢ᠄ ᠨᠠᠮ ᠤᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠵᠢᠨ‌‍ᠲ᠋ᠤᠬᠠᠢ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠠᠷᠢᠶᠠᠯᠠᠩ ᠤᠨ ᠵᠣᠬᠢᠶᠠᠯ
ᠨᠡᠶᠢᠲᠡᠯᠡᠭᠰᠡᠨ ᠴᠠᠭ᠄
2024/5/9
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠰᠤᠷᠭᠠᠨ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠶᠢᠨ ᠲᠥᠯᠥᠭᠡ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠠᠷᠢᠶᠠᠯᠠᠩ ᠮᠠᠯ ᠠᠵᠤ ᠠᠬᠤᠢ ᠤᠢ ᠰᠢᠭᠤᠢ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠣᠷᠣᠨ ᠤ ᠲᠤᠰ ᠱᠠᠲᠤᠨ ᠤ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠡᠮᠬᠢᠯᠡᠵᠦ᠂ 5 ᠵᠦᠢᠯ ᠤᠨ ᠨᠥᠬᠦᠪᠥᠷᠢ ᠶᠢᠨ ᠲᠦᠷᠦᠯ ᠵᠦᠢᠯ ᠢ ᠬᠠᠮᠤᠷᠤᠭᠰᠠᠨ ᠲᠦᠷᠦ ᠶᠢᠨ ᠪᠤᠳᠤᠯᠭ᠎ᠠ ᠶᠢᠨ ᠨᠠᠷᠢᠨ ᠳᠠᠩᠰᠠ ᠶᠢ ᠪᠦᠷᠢᠯᠳᠦᠭᠦᠯᠵᠦ᠂ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠵᠢᠴᠢ ᠪᠡᠯᠡ ᠮᠥᠩᠭᠦ ᠶᠢᠨ ᠨᠥᠬᠦᠪᠥᠷᠢ᠂ ᠡᠳ᠋ ᠪᠣᠳᠠᠰ ᠤᠨ ᠳᠡᠮᠵᠢᠯᠭᠡ ᠶᠢ ᠲᠦᠷᠦᠯ ᠬᠤᠪᠢᠶᠠᠨ ᠡᠮᠬᠢᠯᠡᠵᠦ᠂ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠲᠦᠷᠦᠯ ᠬᠤᠪᠢᠶᠠᠨ ᠡᠮᠬᠢᠯᠡᠵᠦ᠂ ᠤᠯᠠᠨ ᠲᠦᠮᠡᠨ ᠤ ᠲᠦᠷᠦ ᠶᠢᠨ ᠪᠤᠳᠤᠯᠭ᠎ᠠ ᠶᠢ ᠣᠶᠢᠯᠠᠭᠠᠵᠤ᠂ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠬᠦ ᠳᠤ ᠲᠦᠬᠦᠮ ᠦᠵᠡᠭᠦᠯᠪᠡ᠃      1. ᠲᠠᠷᠢᠶᠠᠨ ᠭᠠᠵᠠᠷ ᠤᠨ ᠬᠦᠴᠦ ᠰᠢᠮ᠎ᠡ ᠶᠢ ᠬᠠᠮᠠᠭᠠᠯᠠᠬᠤ ᠨᠥᠬᠦᠪᠥᠷᠢ    【 ᠲᠥᠷᠥ ᠶᠢᠨ ᠪᠣᠳᠣᠯᠭ᠎ᠠ ᠶᠢᠨ ᠡᠲᠡᠭᠡᠳ 】 ᠵᠠᠷᠴᠢᠮ ᠳᠡᠭᠡᠷ᠎ᠡ ᠪᠠᠨ ᠬᠠᠷᠢᠶ᠎ᠠ ᠣᠷᠣᠨ ᠤ ᠳᠣᠲᠣᠷᠠᠬᠢ ᠲᠠᠷᠢᠶᠠᠨ ᠭᠠᠵᠠᠷ ᠤᠨ ᠳᠠᠭᠠᠭᠠᠴᠢᠯᠠᠯᠲᠠ ᠶᠢᠨ ᠡᠷᠬᠡ ᠲᠠᠢ ᠲᠠᠷᠢᠶ᠎ᠠ ᠲᠠᠷᠢᠵᠤ ᠪᠠᠶᠢᠭ᠎ᠠ ᠲᠠᠷᠢᠶᠠᠴᠢᠨ᠂ ᠲᠠᠷᠢᠶᠠᠯᠠᠩ ᠤᠨ ᠲᠠᠯᠠᠪᠠᠢ ᠶᠢᠨ ᠠᠵᠢᠯᠲᠠᠨ ︵ᠡᠭᠦᠨ ᠳᠤ ᠲᠠᠷᠢᠶᠠᠯᠠᠩ ᠤᠨ ᠲᠠᠯᠠᠪᠠᠢ ᠲᠠᠢ ᠲᠣᠭᠲᠠᠭᠰᠠᠨ ᠬᠦᠴᠦᠨ ᠪᠦᠬᠦᠢ ᠴᠠᠭ ᠤᠨ ᠳᠣᠲᠣᠷᠠᠬᠢ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠠᠮᠤ ᠪᠤᠳᠠᠭ᠎ᠠ ᠲᠠᠷᠢᠬᠤ ᠡᠷᠦᠬᠡ ᠪᠠᠭᠲᠠᠨ᠎ᠠ︶  ᠃     【 ᠲᠥᠷᠥ ᠶᠢᠨ ᠪᠣᠳᠣᠯᠭ᠎ᠠ ᠶᠢᠨ ᠦᠨᠳᠦᠰᠦᠯᠡᠯ 】ᠵᠠᠷᠴᠢᠮ ᠳᠡᠭᠡᠷ᠎ᠡ ᠪᠠᠨ ᠬᠤᠶᠠᠷ ᠡᠭᠡᠯᠵᠢ ᠶᠢᠨ ᠳᠠᠭᠠᠭᠠᠴᠢᠯᠠᠭᠰᠠᠨ ᠲᠠᠷᠢᠶᠠᠨ ᠭᠠᠵᠠᠷ ᠤᠨ ᠲᠠᠯᠠᠪᠠᠶ ᠵᠢᠴᠢ ᠠᠮᠤ ᠪᠤᠳᠠᠭ᠎ᠠ ᠳᠠᠷᠢᠬᠤ ᠲᠠᠯᠠᠪᠠᠶ ᠵᠡᠷᠭᠡ ᠪᠠᠷ ᠦᠨᠳᠦᠰᠦᠯᠡᠯ ᠪᠣᠯᠭᠠᠨ᠎ᠠ︔ ᠨᠢᠭᠡᠨᠲᠡ ᠬᠤᠳᠠᠯᠳᠤᠨ ᠠᠪᠴᠤ ᠨᠥᠭᠡᠴᠡᠯᠡᠭᠰᠡᠨ ᠭᠠᠵᠠᠷ ᠰᠢᠷᠣᠶ᠂ ᠳᠠᠭᠠᠭᠠᠴᠢᠯᠠᠬᠤ ᠡᠷᠬᠡ ᠦᠭᠡᠢ ᠭᠠᠵᠠᠷ ᠰᠢᠷᠣᠶ᠂ ᠨᠢᠭᠡᠨᠲᠡ ᠲᠠᠷᠢᠭᠰᠠᠨ ᠣᠶ ᠮᠣᠳᠣ ︵ᠮᠣᠳᠣᠨ ᠤ ᠭᠠᠵᠠᠷ ᠲᠤ ᠡᠷᠳᠡᠨᠢ ᠰᠢᠰᠢ ᠶᠢ ᠢᠵᠢ ᠪᠦᠷᠢᠳᠦᠭᠦᠯᠦᠨ ᠲᠠᠷᠢᠭᠰᠠᠨ︶ ᠪᠠ ᠨᠢᠭᠡᠨᠲᠡ ᠮᠠᠯ ᠠᠵᠤ ᠠᠬᠤᠶ ᠲᠡᠵᠢᠭᠡᠨ ᠦᠷᠡᠵᠢᠭᠦᠯᠬᠦ ᠲᠠᠯᠠᠪᠠᠶ ᠪᠣᠯᠭᠠᠨ ᠬᠤᠪᠢᠷᠠᠭᠤᠯᠤᠭᠰᠠᠨ ᠲᠠᠷᠢᠶᠠᠨ ᠭᠠᠵᠠᠷ᠂ ᠬᠡᠰᠡᠭ ᠪᠤᠰᠠᠭ ᠠᠮᠤ ᠪᠤᠳᠠᠭᠠᠨ ᠤ ᠲᠠᠷᠢᠶ᠎ᠠ ᠶᠢ ᠲᠥᠬᠦᠭᠡᠷᠦᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ᠂ ᠳᠠᠭᠠᠯᠲᠠ ᠪᠠ ᠢᠵᠢ ᠪᠦᠷᠢᠳᠦᠭᠦᠯᠬᠦ ᠲᠥᠬᠦᠭᠡᠷᠦᠮᠵᠢ ᠳᠤ ᠬᠡᠷᠡᠭᠯᠡᠬᠦ ᠭᠠᠵᠠᠷ᠂ ᠲᠠᠷᠢᠶᠠᠯᠠᠩ ᠤᠨ ᠪᠤᠰᠤ ᠲᠠᠷᠢᠶᠠᠨ ᠭᠠᠵᠠᠷ ᠵᠡᠷᠭᠡ ᠬᠡᠷᠡᠭᠴᠡᠭᠡ ᠪᠠᠨ ᠨᠢᠭᠡᠨᠲᠡ ᠬᠤᠪᠢᠷᠠᠭᠤᠯᠤᠭᠰᠠᠨ ᠲᠠᠷᠢᠶᠠᠨ ᠭᠠᠵᠠᠷ᠂ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠳᠤᠮᠳᠠ ︽ᠨᠥᠬᠦᠪᠥᠷᠢᠯᠡᠬᠦ︾ ᠲᠠᠯᠠᠪᠠᠶ ᠪᠠ ᠶᠠᠰᠤ ᠴᠢᠨᠠᠷ ᠨᠢ ᠲᠠᠷᠢᠶᠠᠯᠠᠬᠤ ᠨᠥᠬᠦᠴᠡᠯ ᠳᠤ ᠨᠡᠶᠢᠴᠡᠬᠦ ᠦᠭᠡᠢ ᠲᠠᠷᠢᠶᠠᠨ ᠭᠠᠵᠠᠷ ︵ᠳᠠᠷᠤᠶ ᠤᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠢᠩᠬᠢᠮ ᠤᠨ ︽ᠲᠠᠷᠢᠶᠠᠨ ᠭᠠᠵᠠᠷ ᠤᠨ ᠶᠠᠰᠤ ᠴᠢᠨᠠᠷ ᠢ ᠦᠨᠡᠯᠡᠬᠦ ᠠᠵᠢᠯ ᠪᠠ ᠮᠡᠷᠭᠡᠵᠢᠯ ᠤᠨ ᠵᠢᠷᠤᠮᠵᠢᠯ︾ ᠳᠤ ᠨᠡᠶᠢᠴᠡᠬᠦ ᠦᠭᠡᠢ ᠲᠠᠷᠢᠶᠠᠨ ᠭᠠᠵᠠᠷ︶ ᠪᠠ 2022 ᠣᠨ ᠤ ᠲᠠᠷᠢᠶᠠᠯᠠᠬᠤ ᠶᠢ ᠵᠣᠭᠰᠣᠭᠠᠬᠤ ᠬᠡᠪᠴᠢᠶᠡᠨ ᠳᠤ ᠵᠢᠭᠰᠠᠭᠠᠨ ᠣᠷᠣᠭᠤᠯᠤᠭᠰᠠᠨ ᠨᠥᠬᠦᠪᠥᠷᠢ ᠥᠭᠬᠦ ᠥᠬᠡᠶ︔ ᠠᠲᠠᠷᠰᠢᠭᠤᠯᠤᠭᠰᠠᠨ ᠨᠢᠭᠡ ᠵᠢᠯ ᠠᠴᠠ ᠳᠡᠭᠡᠭᠰᠢ ᠪᠠᠶᠢᠪᠠᠯ᠂ ᠳᠠᠷᠠᠭ᠎ᠠ ᠵᠢᠯ ᠤᠨ ᠨᠥᠬᠦᠪᠥᠷᠢ ᠶᠢᠨ ᠪᠠᠯᠠ ᠮᠥᠩᠭᠦ ᠶᠢ ᠬᠦᠴᠦᠨ ᠥᠬᠡᠶ ᠪᠣᠯᠭᠠᠨ᠎ᠠ︔ ᠰᠦᠯᠢᠶᠣᠣ ᠪᠦᠷᠬᠦᠪᠴᠢ ᠶᠢ ᠬᠡᠷᠡᠭᠯᠡᠪᠡᠯ᠂ ᠰᠦᠯᠢᠶᠣᠣ ᠪᠦᠷᠬᠦᠪᠴᠢ ᠶᠢ ᠲᠠᠷᠢᠶᠠᠨ ᠭᠠᠵᠠᠷ ᠠᠴᠠ ᠰᠠᠯᠭᠠᠬᠤ ᠠᠷᠭ᠎ᠠ ᠬᠡᠮᠵᠢᠶ᠎ᠡ ᠶᠢ ᠠᠪᠤᠭᠰᠠᠨ ᠥᠬᠡᠶ ᠪᠠᠶᠢᠪᠠᠯ᠂ ᠨᠥᠬᠦᠪᠥᠷᠢ ᠶᠢᠨ ᠪᠠᠯᠠ ᠮᠥᠩᠭᠦ ᠶᠢ ᠬᠤᠶᠢᠰᠢᠯᠠᠭᠤᠯᠤᠨ ᠥᠭᠬᠦ ᠪᠤᠶᠤ ᠣᠯᠭᠤᠬᠤ ᠶᠢ ᠲᠦᠷ ᠵᠣᠭᠰᠣᠭᠠᠨ᠎ᠠ︔ ᠬᠠᠲᠤᠨ ᠭᠤᠣᠯ ᠤᠨ ᠲᠠᠩ ᠭᠠᠵᠠᠷ ᠵᠡᠷᠭᠡ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠬᠤ ᠲᠣᠭᠲᠠᠭᠠᠯ ᠠᠴᠠ ᠵᠥᠷᠢᠴᠡᠨ ᠥᠨᠳᠥᠷ ᠡᠰᠢᠲᠦ ᠲᠠᠷᠢᠮᠠᠯ ᠲᠠᠷᠢᠭᠰᠠᠨ ᠳᠤ ᠨᠥᠬᠦᠪᠥᠷᠢ ᠮᠥᠩᠭᠦ ᠶᠢᠨ ᠪᠡᠯᠡ ᠮᠥᠩᠭᠦ ᠶᠢ ᠠᠯᠭᠤᠷᠯᠠᠨ ᠥᠭᠬᠦ ᠪᠤᠶᠤ ᠣᠯᠭᠤᠬᠤ ᠶᠢ ᠲᠦᠷ ᠵᠣᠭᠰᠣᠭᠠᠨ᠎ᠠ᠃    【 ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ 】 ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠪᠠᠭᠤᠯᠭᠠᠭᠰᠠᠨ ᠪᠡᠯᠡ ᠮᠥᠩᠭᠦ ᠶᠢᠨ ᠶᠡᠷᠦᠩᠬᠡᠶ ᠲᠤᠭ᠎ᠠ ᠶᠢ ᠦᠨᠳᠦᠰᠦᠯᠡᠨ ᠪᠣᠳᠠᠲᠠᠶ ᠲᠠᠷᠢᠭᠰᠠᠨ ᠲᠠᠯᠠᠪᠠᠢ ᠶᠢ ᠭᠠᠷᠭᠠᠨ᠎ᠠ᠃    【 ᠪᠡᠯᠡ ᠮᠥᠩᠭᠦᠨ ᠤ ᠢᠷᠡᠯᠲᠡ 】 ᠲᠦᠪ ᠤᠨ ᠪᠡᠯᠡ ᠮᠦᠩᠭᠦ    【 ᠲᠠᠷᠬᠠᠭᠠᠬᠤ ᠬᠡᠯᠪᠡᠷᠢ 】 ᠪᠦᠬᠦᠨ ᠳᠤ ᠲᠣᠬᠢᠷᠠᠬᠤ ᠺᠠᠷᠲ ᠢᠶᠠᠷ ᠣᠯᠭᠤᠨ᠎ᠠ᠃    【 ᠠᠰᠠᠭᠤᠨ ᠯᠠᠪᠯᠠᠬᠤ ᠤᠲᠠᠰᠤ 】0472-5255337     2. ᠪᠣᠳᠠᠲᠠᠶ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠲᠤ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠥᠭᠭᠦᠨ᠎ᠡ    【 ᠲᠥᠷᠥ ᠶᠢᠨ ᠪᠣᠳᠣᠯᠭ᠎ᠠ ᠶᠢᠨ ᠡᠲᠡᠭᠡᠳ 】 ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠬᠤ ᠡᠲᠡᠭᠡᠳ ᠨᠢ ᠪᠣᠳᠠᠲᠠᠶ ᠠᠮᠤ ᠪᠤᠳᠠᠭ᠎ᠠ ᠳᠠᠷᠢᠬᠤ ᠲᠠᠷᠢᠶᠠᠴᠢᠳ ᠪᠣᠯᠤᠨ᠎ᠠ᠂ ᠪᠣᠳᠠᠲᠠᠶ ᠪᠠᠷ ᠬᠡᠯᠡᠪᠡᠯ ᠥᠪᠡᠷ ᠤᠨ ᠳᠠᠭᠠᠭᠠᠴᠢᠯᠠᠭᠰᠠᠨ ᠭᠠᠵᠠᠷ ᠢᠶᠠᠨ ᠠᠰᠢᠭᠯᠠᠨ ᠠᠮᠤ ᠪᠤᠳᠠᠭ᠎ᠠ ᠳᠠᠷᠢᠬᠤ ᠲᠠᠷᠢᠶᠠᠴᠢᠨ ᠵᠢᠴᠢ ᠲᠠᠷᠢᠶᠠᠯᠠᠩ ᠤᠨ ᠲᠠᠯᠠᠪᠠᠶ ᠶᠢᠨ ᠠᠵᠢᠯᠲᠠᠨ ᠠᠵᠢᠯᠴᠢᠨ ᠪᠠᠭᠲᠠᠨ᠎ᠠ᠃    【 ᠲᠥᠷᠥ ᠶᠢᠨ ᠪᠣᠳᠣᠯᠭ᠎ᠠ ᠶᠢᠨ ᠦᠨᠳᠦᠰᠦ ᠪᠠᠷᠢᠮᠲᠠ】 ᠵᠠᠷᠴᠢᠮ ᠳᠡᠭᠡᠷ᠎ᠡ ᠪᠠᠨ ᠪᠤᠭᠤᠳᠠᠶ᠂ ᠡᠷᠳᠡᠨᠢ ᠰᠢᠰᠢ᠂ ᠲᠥᠮᠥᠰᠥ ᠳᠠᠷᠢᠬᠤ ᠲᠠᠯᠠᠪᠠᠶ ᠪᠠᠷ ᠦᠨᠳᠦᠰᠦᠯᠡᠯ ᠪᠣᠯᠭᠠᠨ᠎ᠠ︔ ᠨᠢᠭᠡᠨᠲᠡ ᠬᠤᠳᠠᠯᠳᠤᠨ ᠠᠪᠴᠤ ᠨᠥᠭᠡᠴᠡᠯᠡᠵᠦ ᠪᠠᠶᠢᠭ᠎ᠠ ᠭᠠᠵᠠᠷ ᠰᠢᠷᠣᠶ᠂ ᠳᠠᠭᠠᠭᠠᠴᠢᠯᠠᠬᠤ ᠡᠷᠬᠡ ᠦᠭᠡᠢ ᠭᠠᠵᠠᠷ ᠰᠢᠷᠣᠶ᠂ ᠨᠢᠭᠡᠨᠲᠡ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠡᠷᠡᠭᠯᠡᠬᠦ ᠲᠠᠷᠢᠶᠠᠨ ᠭᠠᠵᠠᠷ᠂ ᠣᠶᠢᠲᠤ ᠭᠠᠵᠠᠷ᠂ ᠬᠡᠰᠡᠭ ᠬᠡᠰᠡᠭ ᠠᠮᠤ ᠪᠤᠳᠠᠭᠠᠨ ᠤ ᠲᠠᠷᠢᠶᠠᠨ ᠭᠠᠵᠠᠷ ᠢ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ᠂ ᠲᠠᠷᠢᠶᠠᠯᠠᠩ ᠤᠨ ᠪᠤᠰᠤ ᠲᠠᠲᠠᠪᠤᠷᠢᠯᠠᠯᠲᠠ ︵ᠡᠵᠡᠯᠡᠬᠦ︶︶ ᠲᠠᠷᠢᠶᠠᠨ ᠭᠠᠵᠠᠷ ᠵᠡᠷᠭᠡ ᠬᠡᠷᠡᠭᠴᠡᠭᠡ ᠶᠢ ᠨᠢ ᠨᠢᠭᠡᠨᠲᠡ ᠬᠤᠪᠢᠷᠠᠭᠤᠯᠤᠭᠰᠠᠨ ᠲᠠᠷᠢᠶᠠᠨ ᠭᠠᠵᠠᠷ᠂ ᠵᠢᠴᠢ ᠤᠷᠲᠤ ᠬᠤᠭᠤᠴᠠᠭ᠎ᠠ ᠪᠠᠷ ᠠᠲᠠᠷᠰᠢᠭᠰᠠᠨ ᠭᠠᠵᠠᠷ᠂ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠳᠤᠮᠳᠠ ︽ᠨᠥᠬᠦᠪᠥᠷᠢᠯᠡᠬᠦ︾ ᠲᠠᠯᠠᠪᠠᠢ ᠪᠠ ᠶᠠᠰᠤ ᠴᠢᠨᠠᠷ ᠨᠢ ᠲᠠᠷᠢᠶᠠᠯᠠᠬᠤ ᠨᠥᠬᠦᠴᠡᠯ ᠳᠤ ᠬᠦᠷᠴᠦ ᠳᠡᠶᠢᠯᠬᠦ ᠦᠭᠡᠢ ᠲᠠᠷᠢᠶᠠᠨ ᠭᠠᠵᠠᠷ ᠵᠡᠷᠭᠡ ᠳᠤ ᠨᠥᠬᠦᠪᠥᠷᠢ ᠥᠭᠬᠦ ᠦᠭᠡᠢ᠃    【 ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ 】 ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠪᠠᠭᠤᠯᠭᠠᠭᠰᠠᠨ ᠪᠡᠯᠡ ᠮᠥᠩᠭᠦ ᠶᠢᠨ ᠶᠡᠷᠦᠩᠬᠡᠶ ᠲᠤᠭ᠎ᠠ ᠶᠢ ᠦᠨᠳᠦᠰᠦᠯᠡᠨ ᠪᠣᠳᠠᠲᠠᠶ ᠠᠮᠤ ᠪᠤᠳᠠᠭ᠎ᠠ ᠳᠠᠷᠢᠬᠤ ᠲᠠᠯᠠᠪᠠᠶ ᠶᠢ ᠭᠠᠷᠭᠠᠨ᠎ᠠ᠃    【 ᠨᠦᠬᠦᠪᠦᠷᠢ ᠦᠭᠬᠦ ᠲᠦᠷᠦᠯ ᠵᠦᠢᠯ 】 ᠪᠤᠭᠤᠳᠠᠢ᠂ ᠡᠷᠳᠡᠨᠢ ᠰᠢᠰᠢ᠂ ᠲᠦᠮᠦᠰᠦ    【 ᠪᠡᠯᠡ ᠮᠥᠩᠭᠦᠨ ᠤ ᠢᠷᠡᠯᠲᠡ 】 ᠲᠦᠪ ᠤᠨ ᠪᠡᠯᠡ ᠮᠦᠩᠭᠦ    【 ᠲᠠᠷᠬᠠᠭᠠᠬᠤ ᠬᠡᠯᠪᠡᠷᠢ 】 ᠪᠦᠬᠦᠨ ᠳᠤ ᠲᠣᠬᠢᠷᠠᠬᠤ ᠺᠠᠷᠲ ᠢᠶᠠᠷ ᠣᠯᠭᠤᠨ᠎ᠠ᠃    【 ᠠᠰᠠᠭᠤᠨ ᠯᠠᠪᠯᠠᠬᠤ ᠤᠲᠠᠰᠤ 】0472-5255337     3. ᠡᠷᠳᠡᠨᠢ ᠰᠢᠰᠢ ᠦᠢᠯᠡᠳᠪᠦᠷᠢᠯᠡᠭᠴᠢ ᠶᠢᠨ ᠨᠥᠬᠦᠪᠥᠷᠢ    【 ᠲᠥᠷᠥ ᠶᠢᠨ ᠪᠣᠳᠣᠯᠭ᠎ᠠ ᠶᠢᠨ ᠡᠲᠡᠭᠡᠳ 】 ᠬᠠᠤᠯᠢ ᠶᠤᠰᠤᠨ ᠤ ᠲᠠᠷᠢᠶᠠᠨ ᠭᠠᠵᠠᠷ ᠳᠡᠭᠡᠷᠡᠬᠢ ᠡᠷᠳᠡᠨ᠋ᠢ ᠰᠢᠰᠢ ᠶᠢᠨ ᠪᠤᠳᠠᠲᠠᠶ ᠦᠶ᠋ᠯᠡᠳᠪᠦᠷᠢᠯᠡᠭᠴᠢ᠃    【 ᠲᠥᠷᠥ ᠶᠢᠨ ᠪᠣᠳᠣᠯᠭ᠎ᠠ ᠶᠢᠨ ᠦᠨᠳᠦᠰᠦᠯᠡᠯ 】 ᠤᠯᠤᠰ ᠠᠴᠠ ᠨᠢᠭᠡᠨᠲᠡ ᠲᠠᠷᠢᠶᠠᠯᠠᠬᠤ ᠶᠢ ᠵᠣᠭᠰᠣᠭᠠᠭᠰᠠᠨ ᠭᠠᠵᠠᠷ ᠰᠢᠷᠣᠶ᠂ ᠵᠥᠪᠰᠢᠶᠡᠷᠡᠭᠦᠯᠦᠭᠡᠳᠦᠶ ᠪᠠᠷ ᠰᠢᠨ᠎ᠡ ᠪᠠᠷ ᠬᠠᠭᠠᠯᠪᠤᠷᠢᠯᠠᠭᠰᠠᠨ ᠭᠠᠵᠠᠷ ᠰᠢᠷᠣᠶ᠂ ᠬᠠᠲᠤᠨ ᠭᠤᠤᠯ ᠤᠨ ᠭᠤᠤᠯ ᠤᠨ ᠵᠠᠮ ᠳᠤ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠭᠰᠠᠨ ᠣᠷᠣᠨ ᠤ ᠳᠣᠲᠣᠷᠠᠬᠢ ᠡᠷᠳᠡᠨᠢ ᠰᠢᠰᠢ ᠵᠡᠷᠭᠡ ᠬᠠᠤᠯᠢ ᠪᠤᠰᠤ ᠪᠠᠷ ᠲᠠᠷᠢᠶᠠᠨ ᠭᠠᠵᠠᠷ ᠪᠣᠯᠤᠨ ᠬᠠᠤᠯᠢ ᠪᠤᠰᠤ ᠪᠠᠷ ᠲᠠᠷᠢᠭᠰᠠᠨ ᠪᠣᠯ ᠨᠥᠬᠦᠪᠥᠷᠢ ᠥᠭᠬᠦ ᠦᠭᠡᠶ᠃    【 ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ 】 ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠪᠠᠭᠤᠯᠭᠠᠭᠰᠠᠨ ᠪᠠᠯᠠ ᠮᠥᠩᠭᠦ ᠶᠢᠨ ᠶᠡᠷᠦᠩᠬᠡᠶ ᠲᠤᠭ᠎ᠠ ᠶᠢ ᠦᠨᠳᠦᠰᠦᠯᠡᠨ᠂ ᠪᠣᠳᠠᠲᠠᠶ ᠲᠠᠷᠢᠭᠰᠠᠨ ᠲᠠᠯᠠᠪᠠᠶ ᠶᠢ ᠦᠨᠳᠦᠰᠦᠯᠡᠨ ᠲᠥᠰᠦᠭᠡᠯᠡᠨ ᠪᠤᠳᠤᠵᠤ᠂ 2023 ᠣᠨ ᠳᠤ ᠡᠷᠳᠡᠨᠢ ᠰᠢᠰᠢ ᠶᠢᠨ ᠨᠥᠬᠦᠪᠥᠷᠢ ᠶᠢᠨ ᠪᠠᠷᠢᠮᠵᠢᠶ᠎ᠠ ᠶᠢ 60 ᠲᠥᠭᠦᠷᠢᠭ \ ᠮᠥ᠂ 2024 ᠣᠨ ᠳᠤ ᠲᠣᠭᠲᠠᠭᠠᠬᠤ ᠪᠠᠷ ᠪᠣᠶ᠃    【 ᠨᠦᠬᠦᠪᠦᠷᠢ ᠦᠭᠬᠦ ᠲᠦᠷᠦᠯ ᠵᠦᠢᠯ 】 ᠡᠷᠳᠡᠨᠢ ᠰᠢᠰᠢ    【 ᠪᠡᠯᠡ ᠮᠥᠩᠭᠦᠨ ᠤ ᠢᠷᠡᠯᠲᠡ 】 ᠲᠦᠪ ᠤᠨ ᠪᠡᠯᠡ ᠮᠦᠩᠭᠦ    【 ᠲᠠᠷᠬᠠᠭᠠᠬᠤ ᠬᠡᠯᠪᠡᠷᠢ 】 ᠪᠦᠬᠦᠨ ᠳᠤ ᠲᠣᠬᠢᠷᠠᠬᠤ ᠺᠠᠷᠲ ᠢᠶᠠᠷ ᠣᠯᠭᠤᠨ᠎ᠠ᠃    【 ᠠᠰᠠᠭᠤᠨ ᠯᠠᠪᠯᠠᠬᠤ ᠤᠲᠠᠰᠤ 】0472-5255337     4. ᠲᠥᠮᠥᠰᠥ ᠦᠢᠯᠡᠳᠪᠦᠷᠢᠯᠡᠭᠴᠢ ᠶᠢᠨ ᠨᠥᠬᠦᠪᠥᠷᠢ    【 ᠲᠥᠷᠥ ᠶᠢᠨ ᠪᠣᠳᠣᠯᠭ᠎ᠠ ᠶᠢᠨ ᠡᠲᠡᠭᠡᠳ 】 ᠬᠠᠤᠯᠢ ᠶᠣᠰᠣᠨ ᠤ ᠲᠠᠷᠢᠶᠠᠨ ᠭᠠᠵᠠᠷ ᠳᠡᠭᠡᠷᠡᠬᠢ ᠲᠥᠮᠦᠰᠦᠨ ᠤ ᠪᠣᠳᠠᠲᠠᠢ ᠦᠢᠯᠡᠳᠪᠦᠷᠢᠯᠡᠭᠴᠢᠳ᠃    【 ᠲᠥᠷᠥ ᠶᠢᠨ ᠪᠣᠳᠣᠯᠭ᠎ᠠ ᠶᠢᠨ ᠦᠨᠳᠦᠰᠦᠯᠡᠯ 】 ᠤᠯᠤᠰ ᠠᠴᠠ ᠨᠢᠭᠡᠨᠲᠡ ᠲᠠᠷᠢᠶᠠᠯᠠᠬᠤ ᠶᠢ ᠵᠣᠭᠰᠣᠭᠠᠭᠰᠠᠨ ᠭᠠᠵᠠᠷ ᠰᠢᠷᠣᠶ᠂ ᠵᠥᠪᠰᠢᠶᠡᠷᠡᠭᠦᠯᠦᠭᠡᠳᠦᠶ ᠪᠠᠷ ᠰᠢᠨ᠎ᠡ ᠪᠠᠷ ᠬᠠᠭᠠᠯᠪᠤᠷᠢᠯᠠᠭᠰᠠᠨ ᠭᠠᠵᠠᠷ ᠰᠢᠷᠣᠶ᠂ ᠬᠠᠲᠤᠨ ᠭᠤᠤᠯ ᠤᠨ ᠭᠤᠤᠯ ᠤᠨ ᠵᠠᠮ ᠳᠤ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠭᠰᠠᠨ ᠣᠷᠣᠨ ᠤ ᠳᠣᠲᠣᠷᠠᠬᠢ ᠡᠷᠳᠡᠨᠢ ᠰᠢᠰᠢ ᠵᠡᠷᠭᠡ ᠬᠠᠤᠯᠢ ᠪᠤᠰᠤ ᠪᠠᠷ ᠲᠠᠷᠢᠶᠠᠨ ᠭᠠᠵᠠᠷ ᠪᠣᠯᠤᠨ ᠬᠠᠤᠯᠢ ᠪᠤᠰᠤ ᠪᠠᠷ ᠲᠠᠷᠢᠭᠰᠠᠨ ᠪᠣᠯ ᠨᠥᠬᠦᠪᠥᠷᠢ ᠥᠭᠬᠦ ᠦᠭᠡᠶ᠃    【 ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ 】 ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠪᠠᠭᠤᠯᠭᠠᠭᠰᠠᠨ ᠪᠠᠯᠠ ᠮᠥᠩᠭᠦ ᠶᠢᠨ ᠶᠡᠷᠦᠩᠬᠡᠶ ᠲᠤᠭ᠎ᠠ ᠶᠢ ᠦᠨᠳᠦᠰᠦᠯᠡᠨ᠂ ᠪᠣᠳᠠᠲᠠᠶ ᠲᠠᠷᠢᠭᠰᠠᠨ ᠲᠠᠯᠠᠪᠠᠶ ᠶᠢ ᠦᠨᠳᠦᠰᠦᠯᠡᠨ ᠲᠥᠰᠦᠭᠡᠯᠡᠨ ᠪᠤᠳᠤᠵᠤ᠂ 2023 ᠣᠨ ᠳᠤ ᠲᠥᠮᠥᠰᠥ ᠶᠢᠨ ᠨᠥᠬᠦᠪᠥᠷᠢ ᠶᠢᠨ ᠪᠠᠷᠢᠮᠵᠢᠶ᠎ᠠ ᠶᠢ 240 ᠲᠥᠭᠦᠷᠢᠭ / ᠮᠥ ᠪᠠᠷ ᠲᠣᠭᠲᠠᠭᠠᠵᠤ᠂ 2024 ᠣᠨ ᠳᠤ ᠲᠣᠭᠲᠠᠭᠠᠵᠠᠶ᠃    【 ᠨᠦᠬᠦᠪᠦᠷᠢ ᠦᠭᠬᠦ ᠲᠦᠷᠦᠯ ᠵᠦᠢᠯ 】 ᠲᠥᠮᠥᠰᠥ    【 ᠪᠡᠯᠡ ᠮᠥᠩᠭᠦᠨ ᠤ ᠢᠷᠡᠯᠲᠡ 】 ᠲᠦᠪ ᠤᠨ ᠪᠡᠯᠡ ᠮᠦᠩᠭᠦ    【 ᠲᠠᠷᠬᠠᠭᠠᠬᠤ ᠬᠡᠯᠪᠡᠷᠢ 】 ᠪᠦᠬᠦᠨ ᠳᠤ ᠲᠣᠬᠢᠷᠠᠬᠤ ᠺᠠᠷᠲ ᠢᠶᠠᠷ ᠣᠯᠭᠤᠨ᠎ᠠ᠃    【 ᠠᠰᠠᠭᠤᠨ ᠯᠠᠪᠯᠠᠬᠤ ᠤᠲᠠᠰᠤ 】0472-5255337     5  ᠂ ᠲᠠᠷᠢᠶᠠᠯᠠᠩ ᠤᠨ ᠮᠠᠰᠢᠨ ᠬᠤᠲᠠᠯᠲᠤᠨ ᠠᠪᠬᠤ ᠪᠠ  ᠬᠡᠷᠡᠭᠯᠡᠭᠡᠨ ᠤ ᠨᠦᠭᠦᠪᠦᠷᠢ ᠤᠯᠭᠤᠬᠤ ᠬᠡᠷᠡᠭᠲᠡᠢ    【 ᠲᠥᠷᠥ ᠶᠢᠨ ᠪᠣᠳᠣᠯᠭ᠎ᠠ ᠶᠢᠨ ᠡᠲᠡᠭᠡᠳ】 ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠡᠲᠡᠭᠡᠳ ᠪᠣᠯ ᠮᠠᠨ ᠤ ᠣᠷᠣᠨ ᠤ ᠬᠡᠪᠴᠢᠶᠡᠨ ᠳᠠᠬᠢ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠪᠣᠯᠤᠨ᠎ᠠ᠂ ᠡᠭᠦᠨ ᠳᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ︵ᠮᠠᠯᠴᠢᠳ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠪᠠᠭᠲᠠᠬᠤ ᠦᠭᠡᠶ᠂ ᠳᠣᠷᠣᠭᠰᠢ ᠠᠳᠠᠯᠢ︶ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠠᠷᠢᠶᠠᠴᠢᠳ ᠤᠨ ᠲᠤᠰᠬᠠᠶ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠪᠣᠯᠤᠨ ᠪᠤᠰᠤᠳ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢ ᠡᠷᠬᠢᠯᠡᠵᠦ ᠪᠠᠶᠢᠭ᠎ᠠ ᠵᠣᠬᠢᠶᠠᠨ ᠪᠠᠶᠢᠭᠤᠯᠤᠯᠲᠠ ︵ᠳᠣᠷᠣᠭᠰᠢ ︽ᠮᠠᠰᠢᠨ ᠬᠤᠳᠠᠯᠳᠤᠨ ᠠᠪᠤᠭᠴᠢ︾ ᠭᠡᠵᠦ ᠲᠣᠪᠴᠢᠯᠠᠨ᠎ᠠ︶ ᠪᠠᠭᠲᠠᠨ᠎ᠠ᠃ ᠨᠦᠬᠦᠪᠦᠷᠢ ᠣᠯᠭᠤᠬᠤ ᠡᠲᠡᠭᠡᠳ ᠲᠤ ᠤᠯᠤᠰ ᠪᠠ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠠᠴᠠ ᠠᠰᠠᠷᠠᠨ ᠲᠡᠵᠢᠭᠡᠵᠦ ᠪᠠᠶᠢᠭ᠎ᠠ ᠬᠦᠮᠦᠰ ᠢ ᠪᠠᠭᠲᠠᠭᠠᠬᠤ ᠦᠭᠡᠢ᠂ ᠳᠠᠷᠤᠢ ᠤᠯᠤᠰ ᠤᠨ ᠠᠯᠪᠠᠨ ᠬᠠᠭᠠᠭᠴᠢ᠂ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ︵ᠤᠷᠢᠵᠤ ᠬᠡᠷᠡᠭᠯᠡᠬᠦ ᠳᠦᠷᠢᠮ ᠤᠨ ᠠᠵᠢᠯᠲᠠᠨ ᠪᠠᠭᠲᠠᠨ᠎ᠠ︶ ᠢ ᠪᠠᠭᠲᠠᠭᠠᠨ᠎ᠠ᠃︶ ᠨᠥᠬᠦᠪᠥᠷᠢ ᠤᠯᠬᠤ ᠡᠲᠡᠭᠡᠳ ᠤᠨ ᠡᠩᠨᠡᠭᠡᠨ ᠳᠤ ᠪᠠᠶᠢᠬᠤ ‍ᠦᠭᠡᠢ᠃    【 ᠲᠥᠷᠥ ᠶᠢᠨ ᠪᠣᠳᠣᠯᠭ᠎ᠠ ᠶᠢᠨ ᠦᠨᠳᠦᠰᠦᠯᠡᠯ 】 ᠲᠥᠪ ᠤᠨ ᠡᠳ᠋ ᠤᠨ ᠵᠠᠰᠠᠭ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠮᠠᠰᠢᠨ ᠬᠡᠷᠡᠭᠰᠡᠯ ᠤᠨ ᠲᠥᠷᠥᠯ ᠵᠦᠢᠯ ᠤᠨ ᠬᠡᠪᠴᠢᠶ᠎ᠡ ᠶᠢ 12 ᠶᠡᠭᠡ ᠲᠥᠷᠥᠯ 27 ᠪᠠᠭ᠎ᠠ ᠲᠥᠷᠥᠯ 69 ᠲᠥᠷᠥᠯ ᠬᠤᠪᠢᠶᠠᠵᠤ᠂ ᠮᠠᠨ ᠤ ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠮᠠᠰᠢᠨ ᠪᠠᠭᠠᠵᠢ ᠬᠤᠳᠠᠯᠳᠤᠨ ᠠᠪᠬᠤ ᠲᠥᠷᠥᠯ ᠵᠦᠢᠯ ᠤᠨ ᠬᠡᠪᠴᠢᠶ᠎ᠡ ᠳᠤ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠯᠢ ᠳᠣᠲᠣᠷ᠎ᠠ ᠴᠢᠯᠥᠭᠡᠲᠡᠶ ᠨᠥᠬᠦᠪᠥᠷᠢ ᠥᠭᠬᠦ ᠶᠢ ᠬᠡᠷᠡᠭᠵᠢᠭᠦᠯᠦᠨ᠎ᠡ᠃ ᠮᠠᠨ ᠤ ᠣᠷᠣᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢᠨ ᠲᠥᠷᠥᠯ ᠤᠨ ᠮᠠᠯ ᠠᠵᠤ ᠠᠬᠤᠶ ᠶᠢᠨ ᠮᠠᠰᠢᠨ ᠤ ᠨᠥᠬᠦᠪᠥᠷᠢ ᠳᠤ ᠬᠤᠯᠪᠣᠭᠳᠠᠬᠤ ᠦᠭᠡᠶ᠃    【 ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ】᠄ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠶᠢ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠯᠢ ᠳᠣᠲᠣᠷ᠎ᠠ ᠲᠣᠭᠲᠠᠭᠰᠠᠨ ᠲᠣᠭᠠᠨ ᠤ ᠨᠥᠬᠦᠪᠥᠷᠢ ᠥᠭᠬᠦ ᠶᠢ ᠬᠡᠷᠡᠭᠵᠢᠭᠦᠯᠦᠨ᠎ᠡ᠃ ᠡᠩ ᠤᠨ ᠨᠥᠬᠦᠪᠥᠷᠢ ᠥᠭᠬᠦ ᠮᠠᠰᠢᠨ ᠪᠠᠭᠠᠵᠢ ᠶᠢᠨ ᠳᠠᠩ ᠮᠠᠰᠢᠨ ᠤ ᠨᠥᠬᠦᠪᠥᠷᠢ ᠶᠢᠨ ᠬᠢᠵᠠᠭᠠᠷ ᠲᠤᠭ᠎ᠠ ᠶᠢ ᠵᠠᠷᠴᠢᠮ ᠳᠡᠭᠡᠷ᠎ᠡ ᠪᠠᠨ 5 ᠲᠦᠮᠡᠨ ᠲᠥᠭᠦᠷᠢᠭ ᠠᠴᠠ ᠳᠠᠪᠠᠭᠤᠯᠬᠤ ᠦᠭᠡᠶ︔ ᠰᠠᠭᠠᠬᠤ ᠮᠠᠰᠢᠨ᠂ ᠬᠠᠳᠠᠭᠠᠬᠤ ᠮᠠᠰᠢᠨ ᠤ ᠳᠠᠩ ᠮᠠᠰᠢᠨ ᠤ ᠨᠥᠬᠦᠪᠥᠷᠢ ᠶᠢᠨ ᠬᠢᠵᠠᠭᠠᠷ ᠲᠤᠭ᠎ᠠ ᠶᠢ 12 ᠲᠦᠮᠡᠨ ᠲᠥᠭᠦᠷᠢᠭ ᠠᠴᠠ ᠳᠠᠪᠠᠭᠤᠯᠬᠤ ᠦᠭᠡᠶ︔ 100 ᠮᠣᠷᠢᠨ ᠬᠦᠴᠦᠨ ᠠᠴᠠ ᠳᠡᠭᠡᠭᠰᠢᠬᠢ ᠲᠷᠠᠺᠲ᠋ᠣᠷ᠂ ᠥᠨᠳᠥᠷ ᠴᠢᠨᠰᠠᠭ᠎ᠠ ᠶᠢᠨ ᠨᠤᠭᠤᠭᠠᠨ ᠪᠣᠷᠳᠤᠭ᠎ᠠ ᠬᠤᠷᠢᠶᠠᠬᠤ ᠮᠠᠰᠢᠨ᠂ ᠲᠣᠮᠣ ᠬᠡᠯᠪᠡᠷᠢ ᠶᠢᠨ ᠬᠠᠭᠠᠯᠪᠤᠷᠢᠯᠠᠬᠤ ᠦᠭᠡᠢ ᠪᠠᠷ ᠲᠠᠷᠢᠬᠤ ᠮᠠᠰᠢᠨ᠂ ᠤᠰᠤᠨ ᠲᠤᠲᠤᠷᠭ᠎ᠠ ᠶᠢᠨ ᠦᠷ᠎ᠡ ᠳᠡᠪᠲᠦᠭᠡᠵᠦ ᠰᠣᠶᠣᠭᠠᠯᠠᠬᠤ ᠶᠢ ᠬᠤᠷᠢᠭᠯᠠᠬᠤ ᠲᠣᠮᠣ ᠬᠡᠯᠪᠡᠷᠢ ᠶᠢᠨ ᠲᠥᠬᠦᠭᠡᠷᠦᠮᠵᠢ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠮᠠᠰᠢᠨ ᠪᠠᠭᠠᠵᠢ ᠶᠢᠨ ᠳᠠᠩ ᠮᠠᠰᠢᠨ ᠤ ᠨᠥᠬᠦᠪᠥᠷᠢ ᠶᠢᠨ ᠬᠢᠵᠠᠭᠠᠷ ᠲᠤᠭ᠎ᠠ ᠶᠢ 15 ᠲᠦᠮᠡᠨ ᠲᠥᠭᠦᠷᠢᠭ ᠠᠴᠠ ᠳᠠᠪᠠᠭᠤᠯᠬᠤ ᠦᠭᠡᠶ︔ 200 ᠮᠣᠷᠢᠨ ᠬᠦᠴᠦᠨ ᠠᠴᠠ ᠳᠡᠭᠡᠭᠰᠢᠬᠢ ᠲᠷᠠᠺᠲ᠋ᠣᠷ ᠤᠨ ᠨᠥᠬᠦᠪᠥᠷᠢ ᠥᠭᠬᠦ ᠬᠢᠵᠠᠭᠠᠷ ᠲᠤᠭ᠎ᠠ ᠶᠢ 25 ᠲᠦᠮᠡᠨ ᠲᠥᠭᠦᠷᠢᠭ ᠠᠴᠠ ᠳᠠᠪᠠᠭᠤᠯᠬᠤ ᠦᠭᠡᠶ᠃ ᠮᠡᠷᠭᠡᠵᠢᠯ ᠬᠠᠷᠢᠴᠠᠩᠭᠤᠶ ᠪᠠᠷ ᠬᠤᠴᠣᠷᠤᠩᠭᠤᠶ ᠦᠢᠯᠡᠳᠬᠦᠨ ᠪᠤᠶᠤ ᠵᠡᠷᠭᠡ ᠲᠠᠰ ᠤᠨ ᠮᠠᠰᠢᠨ ᠪᠠᠭᠠᠵᠢ ᠨᠢ ᠠᠯᠬᠤᠮ ᠠᠯᠬᠤᠮ ᠢᠶᠠᠷ ᠤᠬᠤᠷᠢᠨ ᠭᠠᠷᠤᠭᠰᠠᠨ ᠳᠤ ᠨᠥᠬᠦᠪᠥᠷᠢ ᠥᠭᠬᠦ ᠬᠡᠪᠴᠢᠶ᠎ᠡ 2021 ᠣᠨ ᠳᠤ 30 ᠮᠣᠷᠢᠨ ᠬᠦᠴᠦ ︵ᠪᠠᠭᠲᠠᠬᠤ ᠥᠬᠡᠶ︶︶ ᠳᠣᠣᠷᠠᠬᠢ ᠬᠦᠷᠳᠦᠲᠦ ᠲᠷᠠᠺᠲ᠋ᠣᠷ ᠨᠥᠬᠦᠪᠥᠷᠢ ᠥᠭᠬᠦ ᠬᠡᠪᠴᠢᠶ᠎ᠡ ᠠᠴᠠ ᠭᠠᠷᠴᠤ᠃    【 ᠪᠡᠯᠡ ᠮᠥᠩᠭᠦᠨ ᠤ ᠢᠷᠡᠯᠲᠡ 】 ᠲᠦᠪ ᠤᠨ ᠪᠡᠯᠡ ᠮᠦᠩᠭᠦ    【 ᠲᠠᠷᠬᠠᠭᠠᠬᠤ ᠬᠡᠯᠪᠡᠷᠢ 】 ᠪᠦᠬᠦᠨ ᠳᠤ ᠲᠣᠬᠢᠷᠠᠬᠤ ᠺᠠᠷᠲ ᠢᠶᠠᠷ ᠣᠯᠭᠤᠨ᠎ᠠ᠃    【 ᠠᠰᠠᠭᠤᠨ ᠯᠠᠪᠯᠠᠬᠤ ᠤᠲᠠᠰᠤ 】0472-5255337
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号