ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠦᠭᠴᠣ ᠮᠠᠰᠢᠨ ᠪᠠᠭᠠᠵᠢ ᠶᠢ ᠬᠢᠨᠠᠨ ᠰᠢᠯᠠᠭᠠᠬᠤ ᠠᠵᠢᠯ ᠤᠨ ᠵᠢᠷᠤᠮᠵᠢᠯ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2024/6/10
   ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠦᠭᠴᠣ ᠮᠠᠰᠢᠨ ᠪᠠᠭᠠᠵᠢ  ᠶᠢ ᠬᠢᠨᠠᠨ ᠰᠢᠯᠭᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠪᠠᠶᠢᠴᠠᠭᠠᠬᠤ ᠠᠵᠢᠯᠯᠠᠭ᠎ᠠ ᠶᠢ ᠵᠢᠷᠤᠮᠵᠢᠭᠤᠯᠤᠨ᠂ ᠬᠠᠮᠢᠶᠠᠷᠤᠯᠲᠠ ᠶᠢᠨ ᠲᠦᠭᠰᠢᠭᠦᠷᠢ ᠶᠢ ᠰᠡᠷᠭᠡᠶᠢᠯᠡᠵᠦ᠂ ᠭᠦᠢᠴᠡᠳᠬᠡᠬᠦ ᠪᠠ ᠨᠥᠬᠦᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠷᠠᠳ ᠲᠤ ᠤᠯᠠᠮ ᠨᠢᠭᠡ ᠠᠯᠬᠤᠮ ᠲᠥᠬᠦᠮ ᠦᠵᠡᠭᠦᠯᠵᠦ ᠠᠷᠠᠳ ᠲᠤ ᠠᠰᠢᠭ ᠬᠦᠷᠳᠡᠭᠡᠭᠦ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠦᠭᠴᠣ ᠮᠠᠰᠢᠨ ᠪᠠᠭᠠᠵᠢ ᠶᠢᠨ ᠵᠢᠷᠤᠮᠵᠢᠯ ᠬᠢᠭᠡᠳ ᠪᠠᠶᠢᠴᠠᠭᠠᠬᠤ ᠠᠵᠢᠯ ᠤᠨ ᠭᠤᠣᠯᠳᠠᠯᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠲᠣᠪᠴᠢᠶ᠎ᠠ ᠲᠠᠷᠬᠠᠭᠠᠭᠰᠠᠨ ﹇2019﹈ 23 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠢᠨᠠᠨ ᠰᠢᠯᠠᠭᠠᠬᠤ ᠠᠵᠢᠯ ᠤᠨ ᠵᠢᠷᠤᠮᠵᠢᠯ ᠢ ᠲᠣᠭᠳᠠᠭᠠᠪᠠ᠃    ᠨᠢᠭᠡ᠂ ᠬᠢᠨᠠᠨ ᠰᠢᠯᠠᠭᠠᠬᠤ ᠠᠭᠤᠯᠭ᠎ᠠ    ᠲᠠᠷᠢᠶᠠᠯᠠᠩ ᠤᠨ ᠮᠠᠰᠢᠨᠴᠢᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠭᠡᠳ ᠪᠠᠯᠭᠠᠰᠤ ᠠᠴᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠷᠬᠢᠯᠡᠵᠤ ᠪᠠᠶᠢᠭ᠎ᠠ ᠬᠤᠪᠢ ᠬᠥᠮᠥᠨ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ︵ᠳᠣᠷᠣᠭᠰᠢ ︽ᠮᠠᠰᠢᠨ ᠬᠤᠳᠠᠯᠳᠤᠨ ᠠᠪᠤᠭᠴᠢ︾ ᠭᠡᠵᠦ ᠲᠣᠪᠴᠢᠯᠠᠨ᠎ᠠ︶ ᠶᠢᠨ ᠲᠠᠷᠢᠶᠠᠯᠠᠩ   ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢ ᠭᠤᠶᠤᠴᠢᠯᠠᠨ ᠮᠡᠳᠡᠭᠦᠯᠬᠦ ᠦᠶ᠎ᠡ ᠳᠤ ᠬᠠᠩᠭᠠᠭᠰᠠᠨ ᠬᠠᠮᠢᠶ᠎ᠠ ᠪᠦᠬᠦᠢ  ᠮᠠᠲ᠋ᠧᠷᠢᠶᠠᠯ ᠳᠤ  ᠬᠡᠯᠪᠡᠷᠢ ᠶᠢᠨ ᠬᠢᠨᠠᠨ ᠰᠢᠯᠭᠠᠷᠠᠭᠤᠯᠳᠠ ᠵᠢᠴᠢ ᠮᠠᠰᠢᠨ ᠪᠠᠭᠠᠵᠢ ᠶᠢ ᠬᠢᠨᠠᠨ ᠪᠠᠶᠢᠴᠠᠭᠠᠬᠤ ᠠᠵᠢᠯ ᠢ ᠬᠢᠬᠦ ᠬᠡᠷᠡᠭᠲᠡᠢ᠃ ᠬᠠᠷᠭᠤᠭᠤᠯᠤᠨ ᠪᠠᠶᠢᠴᠠᠭᠠᠬᠤ ᠶᠢᠨ ᠭᠤᠣᠯ ᠠᠭᠤᠯᠭ᠎ᠠ ᠳᠤ ᠳᠣᠣᠷᠠᠬᠢ ᠵᠦᠢᠯᠡᠰ ᠪᠠᠭᠲᠠᠨ᠎ᠠ᠄     ︵ᠨᠢᠭᠡ︶ ᠮᠠᠰᠢᠨ ᠬᠤᠳᠠᠯᠳᠤᠨ ᠠᠪᠤᠭᠴᠢ ᠶᠢᠨ ᠪᠡᠶ᠎ᠡ ᠶᠢᠨ ᠬᠢᠷᠢ ᠬᠡᠮ ᠤᠨ ᠮᠡᠳᠡᠭᠡ ᠵᠠᠩᠭᠢ᠃ ᠬᠤᠪᠢ ᠬᠥᠮᠥᠨ ᠤ ᠪᠡᠶ᠎ᠡ ᠶᠢᠨ ᠦᠨᠡᠮᠯᠡᠯ ᠪᠤᠶᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠢᠳᠡᠭᠡᠨ ᠪᠠ ᠡᠮ ᠤᠨ ᠠᠵᠤ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ︵ᠨᠢᠭᠡᠳᠦᠯᠲᠡᠢ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ︶ ᠵᠢᠴᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠵᠡᠷᠭᠡ ᠮᠡᠳᠡᠭᠡ ᠵᠠᠩᠭᠢ  ᠃    ︵ᠬᠤᠶᠠᠷ︶ ᠬᠤᠳᠠᠯᠳᠤᠨ ᠠᠪᠤᠭᠰᠠᠨ ᠮᠡᠳᠡᠭᠡ ᠵᠠᠩᠭᠢ᠃ ᠨᠥᠬᠦᠪᠦᠷᠢ ᠦᠭᠴᠣ ᠮᠠᠰᠢᠨ ᠪᠠᠭᠠᠵᠢ ᠶᠢᠨ ᠭᠠᠶᠢᠯᠢ ᠡᠵᠡᠮᠳᠡᠬᠦ ᠪᠠᠷᠢᠮᠲᠠ ᠬᠤᠳᠠᠯᠳᠤᠨ ᠠᠪᠬᠤ ᠵᠡᠷᠭᠡ ᠮᠡᠳᠡᠭᠡ ᠵᠠᠩᠭᠢ  ᠃     ︵ᠭᠤᠷᠪᠠ︶ ᠮᠠᠰᠢᠨ ᠪᠠᠭᠠᠵᠢ ᠶᠢᠨ ᠮᠡᠳᠡᠭᠡ ᠵᠠᠩᠭᠢ᠃ ᠮᠧᠬᠠᠨᠢᠭ ᠪᠠᠭᠠᠵᠢ ᠶᠢᠨ ᠪᠣᠳᠠᠲᠤ ᠪᠣᠳᠠᠰ ᠤᠨ ᠲᠠᠯ᠎ᠠ ᠪᠠᠷ ᠬᠢ ᠲᠣᠭᠲᠠᠮᠠᠯ ᠪᠢᠴᠢᠭᠡᠰᠦ ᠲᠠᠢ ᠮᠡᠳᠡᠭᠡ ᠵᠠᠩᠭᠢ᠂ ᠲᠠᠷᠢᠶᠠᠯᠠᠩ ᠤᠨ ᠮᠧᠬᠠᠨᠢᠭ ᠬᠤᠳᠠᠯᠳᠤᠨ ᠠᠪᠬᠤ ᠳᠤ ᠨᠥᠬᠦᠪᠦᠷᠢ ᠦᠭᠴᠣ ᠬᠠᠪᠰᠤᠷᠤᠮᠵᠢ ᠬᠠᠮᠢᠶᠠᠷᠤᠯᠲᠠ ᠶᠢᠨ ᠰᠢᠰᠲ᠋ᠧᠮ ᠤᠨ ᠬᠠᠷᠠᠭᠠᠯᠵᠠᠭᠰᠠᠨ ᠮᠧᠬᠠᠨᠢᠭ ᠪᠠᠭᠠᠵᠢ ᠶᠢᠨ ᠮᠡᠳᠡᠭᠡ ᠵᠠᠩᠭᠢ᠂ ᠫᠠᠶᠢᠰᠠ ᠦᠨᠡᠮᠯᠡᠯ ᠤᠨ ᠬᠠᠮᠢᠶᠠᠷᠤᠯᠲᠠ ᠶᠢᠨ ᠮᠧᠬᠠᠨᠢᠭ ᠪᠠᠭᠠᠵᠢ ᠶᠢᠨ ᠠᠶᠠᠯᠠᠨ ᠶᠠᠪᠤᠬᠤ ᠦᠨᠡᠮᠯᠡᠯ ᠤᠨ ᠮᠡᠳᠡᠭᠡ ᠵᠠᠩᠭᠢ ᠵᠡᠷᠭᠡ᠃     ︵ᠳᠥᠷᠪᠡ︶ ᠪᠤᠰᠤᠳ ᠮᠡᠳᠡᠭᠡ ᠵᠠᠩᠭᠢ᠃ ᠮᠠᠰᠢᠨ ᠬᠤᠳᠠᠯᠳᠤᠨ ᠠᠪᠤᠭᠴᠢ ᠶᠢᠨ ᠲᠠᠷᠢᠶᠠᠴᠢᠳ ᠲᠤ ᠠᠰᠢᠭ ᠬᠦᠷᠲᠡᠭᠡᠬᠦ ᠨᠡᠶᠢᠭᠡᠮ ᠤᠨ ᠳᠠᠭᠠᠳᠬᠠᠯ ᠤᠨ ᠺᠠᠷᠲ ︵ᠮᠣᠩᠭᠤᠯ ᠬᠤᠳᠠᠯᠳᠤᠭᠠᠨ ᠤ ᠪᠠᠩᠬᠢ᠂ ᠠᠵᠤ ᠦᠢᠯᠡᠳᠪᠦᠷᠢ ᠬᠤᠳᠠᠯᠳᠤᠭᠠᠨ ᠤ ᠪᠠᠩᠬᠢ︶ ᠤᠨ ᠲᠠᠩᠰᠠᠨ ᠨᠣᠮᠧᠷ᠂ ᠲᠠᠩᠰᠠ ᠨᠡᠭᠡᠭᠡᠭᠰᠡᠨ ᠨᠡᠷ᠎ᠡ ᠵᠡᠷᠭᠡ ᠮᠡᠳᠡᠭᠡ ᠵᠠᠩᠭᠢ ᠵᠢᠴᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠱᠠᠭᠠᠷᠳᠠᠭᠰᠠᠨ ᠪᠤᠰᠤᠳ ᠴᠢᠬᠤᠯᠠ ᠪᠦᠬᠦᠢ ᠮᠡᠳᠡᠭᠡ ᠵᠠᠩᠭᠢ᠃     ᠳᠡᠭᠡᠷ᠎ᠡ ᠳᠤᠷᠠᠳᠤᠭᠰᠠᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ ᠬᠦᠴᠦᠨ ᠪᠦᠬᠦᠢ ᠴᠢᠨᠠᠷ ᠢ ᠮᠧᠬᠠᠨᠢᠭ ᠬᠤᠳᠠᠯᠳᠤᠨ ᠠᠪᠤᠭᠴᠢ᠂ ᠦᠢᠯᠡᠳᠪᠦᠷᠢᠯᠡᠵᠦ ᠪᠣᠷᠣᠯᠠᠭᠤᠯᠬᠤ ᠠᠵᠤ ᠠᠬᠤᠶᠢᠯᠠᠯ ᠪᠠ ᠲᠠᠷᠢᠶᠠᠯᠠᠩ ᠤᠨ ᠮᠧᠬᠠᠨᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠤᠰ ᠲᠤᠰ ᠬᠠᠷᠢᠭᠤᠴᠠᠬᠤ ᠶᠢᠨ ᠬᠠᠮᠲᠤ ᠵᠣᠬᠢᠴᠠᠩᠭᠤᠢ ᠬᠠᠤᠯᠢ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃       ᠬᠤᠶᠠᠷ᠂  ᠬᠢᠨᠠᠨ ᠰᠢᠯᠠᠭᠠᠬᠤ ᠵᠢᠷᠤᠮ ᠵᠢᠴᠢ ᠱᠠᠭᠠᠷᠳᠠᠯᠭ᠎ᠠ      ︵ᠨᠢᠭᠡ︶ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ᠃ ᠮᠧᠬᠠᠨᠢᠭ ᠬᠤᠳᠠᠯᠳᠤᠨ ᠠᠪᠤᠭᠴᠢ ᠶᠢᠨ ᠥᠪᠡᠷ ᠢᠶᠠᠨ ᠳᠤᠷᠠᠳᠤᠨ ᠭᠠᠷᠭᠠᠭᠰᠠᠨ ᠨᠥᠬᠦᠪᠦᠷᠢ ᠦᠭᠴᠣ ᠭᠤᠶᠤᠴᠢᠯᠠᠯ ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠣᠭᠲᠠᠭᠠᠯ ᠶᠣᠰᠣᠭᠠᠷ ᠴᠠᠭ ᠲᠤᠬᠠᠢ ᠳᠤᠨᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃ ᠭᠠᠷ ᠤᠲᠠᠰᠤᠨ ᠤ APP᠂ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠴᠣᠩᠬᠤ ᠵᠡᠷᠭᠡ ᠳᠥᠭᠦᠮ ᠳᠥᠲᠡ ᠥᠨᠳᠥᠷ ᠪᠦᠲᠦᠮᠵᠢᠲᠡᠶ ᠠᠷᠭ᠎ᠠ ᠮᠠᠶ᠋ᠢᠭ ᠢᠶᠠᠷ ᠪᠥᠬᠦ ᠲᠠᠯ᠎ᠠ ᠪᠠᠷ ᠳᠠᠮᠵᠢᠭᠤᠯᠤᠨ ᠨᠥᠬᠦᠪᠦᠷᠢ ᠭᠤᠶᠤᠴᠢᠯᠠᠨ ᠠᠪᠬᠤ ᠶᠢ ᠭᠥᠯᠢᠶᠡᠨ ᠠᠪᠴᠤ ᠰᠢᠢᠳᠪᠦᠷᠢᠯᠡᠬᠦ ᠶᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃     ︵ᠬᠤᠶᠠᠷ︶ ᠮᠠᠲ᠋ᠧᠷᠢᠶᠠᠯ ᠢ ᠬᠠᠷᠭᠤᠭᠤᠯᠤᠨ ᠪᠠᠶᠢᠴᠠᠭᠠᠬᠤ᠃ ᠨᠢᠭᠡ ᠳᠤ᠂ ᠮᠠᠰᠢᠨ ᠬᠤᠳᠠᠯᠳᠤᠨ ᠠᠪᠤᠭᠴᠢ ᠵᠢᠴᠢ ᠲᠡᠭᠦᠨ ᠤ ᠪᠡᠶ᠎ᠡ ᠬᠡᠮ᠂ ᠮᠠᠰᠢᠨ ᠬᠤᠳᠠᠯᠳᠤᠨ ᠠᠪᠬᠤ ᠭᠠᠶᠢᠯᠢ ᠶᠢᠨ ᠡᠵᠡᠮᠳᠡᠯ ᠤᠨ ᠪᠠᠷᠢᠮᠲᠠ ᠵᠡᠷᠭᠡ ᠮᠠᠲ᠋ᠧᠷᠢᠶᠠᠯ ᠃ ᠮᠠᠰᠢᠨ ᠬᠤᠳᠠᠯᠳᠤᠨ ᠠᠪᠤᠭᠴᠢ ᠨᠢ ᠬᠤᠪᠢ ᠬᠥᠮᠥᠨ ᠪᠠᠶᠢᠪᠠᠯ᠂ ᠮᠠᠰᠢᠨ ᠬᠤᠳᠠᠯᠳᠤᠨ ᠠᠪᠤᠭᠴᠢ ᠶᠢᠨ ᠲᠤᠰ ᠬᠥᠮᠥᠨ ᠤ ᠪᠡᠶ᠎ᠡ ᠶᠢᠨ ᠦᠨᠡᠮᠯᠡᠯ ᠤᠨ ᠬᠦᠷᠦᠭ ᠵᠢᠷᠤᠭ ᠲᠠᠢ ᠨᠢ ᠨᠡᠶᠢᠴᠡᠵᠦ ᠪᠠᠶᠢᠬᠤ ᠡᠰᠡᠬᠦ᠂ ᠮᠠᠰᠢᠨ ᠬᠤᠳᠠᠯᠳᠤᠨ ᠠᠪᠬᠤ ᠭᠠᠶᠢᠯᠢ ᠶᠢᠨ ᠡᠵᠡᠮᠳᠡᠯ ᠤᠨ ᠪᠠᠷᠢᠮᠲᠠ ᠳᠤ ᠢᠯᠡᠷᠡᠭᠰᠡᠨ ᠮᠠᠰᠢᠨ ᠬᠤᠳᠠᠯᠳᠤᠨ ᠠᠪᠤᠭᠴᠢ ᠶᠢᠨ ᠣᠪᠣᠭ ᠨᠡᠷ᠎ᠡ  ᠨᠢ ᠮᠠᠰᠢᠨ ᠬᠤᠳᠠᠯᠳᠤᠨ ᠠᠪᠤᠭᠴᠢ ᠶᠢᠨ ᠪᠡᠶ᠎ᠡ ᠶᠢᠨ ᠦᠨᠡᠮᠯᠡᠯ ᠤᠨ ᠣᠪᠣᠭ ᠨᠡᠷ᠎ᠡ ᠲᠠᠢ ᠠᠳᠠᠯᠢ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠷ ᠬᠢᠨᠠᠨ ᠰᠢᠯᠭᠠᠨ᠎ᠠ᠃ ᠮᠠᠰᠢᠨ ᠬᠤᠳᠠᠯᠳᠤᠨ ᠠᠪᠤᠭᠴᠢ ᠨᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠪᠠᠶᠢᠪᠠᠯ᠂ ᠲᠤᠰ ᠵᠣᠬᠢᠶᠠᠨ ᠪᠠᠶᠢᠭᠤᠯᠤᠯᠲᠠ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠲᠤᠰ ᠪᠡᠶ᠎ᠡ ᠪᠣᠯᠣᠨ ᠪᠡᠶ᠎ᠡ ᠶᠢᠨ ᠦᠨᠡᠮᠯᠡᠯ ᠤᠨ ᠪᠡᠶ᠎ᠡ ᠶᠢᠨ ᠰᠡᠭᠦᠳᠡᠷ ᠨᠢ ᠬᠠᠷᠢᠯᠴᠠᠨ ᠨᠡᠶᠢᠴᠡᠬᠦ ᠡᠰᠡᠬᠦ  ᠶᠢ ᠭᠤᠣᠯᠳᠠᠯᠭ᠎ᠠ ᠲᠠᠢ ᠬᠢᠨᠠᠨ ᠰᠢᠯᠭᠠᠵᠤ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠳᠤ ᠢᠯᠡᠷᠡᠭᠰᠡᠨ ᠣᠪᠣᠭ ᠨᠡᠷ᠎ᠡ ᠬᠢᠭᠡᠳ ᠢᠳᠡᠭᠡᠨ ᠪᠠ ᠡᠮ ᠤᠨ ᠵᠦᠢᠯ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠣᠯᠭᠤᠭᠰᠠᠨ ᠡᠵᠡᠩᠨᠡᠯᠲᠡ ᠶᠢᠨ ᠦᠨᠡᠮᠯᠡᠯ ᠳᠤ ᠢᠯᠡᠷᠡᠭᠰᠡᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠣᠪᠣᠭ ᠨᠡᠷ᠎ᠡ ᠨᠢ ᠨᠢᠭᠡᠳᠦᠯᠲᠡᠢ ᠪᠠᠶᠢᠬᠤ ᠡᠰᠡᠬᠦ᠂ ᠮᠠᠰᠢᠨ ᠬᠤᠳᠠᠯᠳᠤᠨ ᠠᠪᠬᠤ ᠭᠠᠶᠢᠯᠢ ᠶᠢᠨ ᠡᠵᠡᠮᠳᠡᠯ ᠤᠨ ᠪᠠᠷᠢᠮᠲᠠ ᠳᠤ ᠢᠯᠡᠷᠡᠭᠰᠡᠨ ᠮᠠᠰᠢᠨ ᠬᠤᠳᠠᠯᠳᠤᠨ ᠠᠪᠤᠭᠴᠢ ᠶᠢᠨ ᠨᠡᠷᠡᠶᠢᠳᠦᠯ ᠬᠢᠭᠡᠳ ᠵᠠᠬ᠎ᠠ ᠳᠡᠯᠭᠡᠭᠦᠷ ᠤᠨ ᠬᠢᠨᠠᠯᠲᠠ ᠲᠠᠯᠪᠢᠵᠤ ᠣᠯᠭᠤᠭᠰᠠᠨ ᠡᠵᠡᠩᠨᠡᠯᠲᠡ ᠶᠢᠨ ᠦᠨᠡᠮᠯᠡᠯ ᠳᠤ ᠢᠯᠡᠷᠡᠭᠰᠡᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠨᠢ ᠨᠢᠭᠡᠳᠦᠯᠲᠡᠢ ᠪᠠᠶᠢᠬᠤ ᠡᠰᠡᠬᠦ᠃ ᠬᠤᠶᠠᠷ ᠲᠤ ᠲᠠᠷᠢᠶᠠᠴᠢᠳ ᠲᠤ ᠠᠰᠢᠭ ᠬᠦᠷᠲᠡᠭᠡᠬᠦ ᠨᠡᠶᠢᠭᠡᠮ ᠤᠨ ᠳᠠᠭᠠᠳᠬᠠᠯ ᠤᠨ ᠺᠠᠷᠲ ᠵᠡᠷᠭᠡ ᠮᠠᠲ᠋ᠧᠷᠢᠶᠠᠯ᠃ ᠮᠠᠰᠢᠨ ᠬᠤᠳᠠᠯᠳᠤᠨ ᠠᠪᠤᠭᠴᠢ ᠶᠢᠨ ᠲᠠᠭᠯᠠᠭᠰᠠᠨ ᠲᠠᠷᠢᠶᠠᠴᠢᠳ ᠲᠤ ᠠᠰᠢᠭ ᠬᠦᠷᠲᠡᠭᠡᠬᠦ ᠨᠡᠶᠢᠭᠡᠮ ᠤᠨ ᠳᠠᠭᠠᠳᠬᠠᠯ ᠤᠨ ᠺᠠᠷᠲ ᠤᠨ ᠲᠠᠩᠰᠠᠨ ᠨᠣᠮᠧᠷ᠂ ᠲᠠᠩᠰᠠ ᠨᠡᠭᠡᠭᠡᠭᠰᠡᠨ ᠨᠡᠷ᠎ᠡ ᠵᠡᠷᠭᠡ ᠮᠡᠳᠡᠭᠡ ᠵᠠᠩᠭᠢ ᠨᠢ ᠲᠡᠭᠦᠨ ᠤ ᠠᠪᠴᠤ ᠶᠠᠪᠤᠭ᠎ᠠ ᠨᠡᠶᠢᠭᠡᠮ ᠤᠨ ᠳᠠᠭᠠᠳᠬᠠᠯ ᠤᠨ ᠺᠠᠷᠲ ᠲᠤ ᠢᠯᠡᠷᠡᠭᠰᠡᠨ ᠲᠠᠩᠰᠠᠨ ᠨᠣᠮᠧᠷ᠂ ᠪᠡᠶ᠎ᠡ ᠶᠢᠨ ᠦᠨᠡᠮᠯᠡᠯ ᠳᠤ ᠢᠯᠡᠷᠡᠭᠰᠡᠨ ᠮᠠᠰᠢᠨ ᠬᠤᠳᠠᠯᠳᠤᠨ ᠠᠪᠤᠭᠴᠢ ᠶᠢᠨ ᠣᠪᠣᠭ ᠨᠡᠷ᠎ᠡ᠂ ᠢᠳᠡᠭᠡᠨ ᠪᠠ ᠡᠮ ᠤᠨ ᠵᠦᠢᠯ ᠤᠨ ᠠᠵᠤ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠣᠯᠭᠤᠬᠤ ᠳᠤ ᠢᠯᠡᠷᠡᠭᠦᠯᠦᠭᠰᠡᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠯᠦᠭᠡ ᠨᠢᠭᠡᠳᠦᠯᠲᠡᠢ ᠪᠠᠶᠢᠬᠤ ᠡᠰᠡᠬᠦ ᠶᠢ ᠭᠤᠣᠯᠳᠠᠯᠭ᠎ᠠ ᠲᠠᠢ ᠬᠠᠷᠭᠤᠭᠤᠯᠤᠨ ᠪᠠᠶᠢᠴᠠᠭᠠᠨ᠎ᠠ᠃ ᠭᠤᠷᠪᠠ ᠳᠤ ᠮᠧᠬᠠᠨᠢᠭ ᠬᠤᠳᠠᠯᠳᠤᠨ ᠠᠪᠬᠤ ᠦᠨ᠎ᠡ ᠶᠢᠨ ᠦᠨᠡᠨ ᠪᠣᠳᠠᠲᠤ ᠴᠢᠨᠠᠷ ᠤᠨ ᠲᠤᠬᠠᠢ ᠠᠮᠠᠯᠠᠯᠲᠠ᠃ ᠮᠠᠰᠢᠨ ᠬᠤᠳᠠᠯᠳᠤᠨ ᠠᠪᠤᠭᠴᠢ ᠳᠤ ᠰᠠᠨᠠᠭᠤᠯᠬᠤ ᠨᠢ ᠮᠠᠰᠢᠨ ᠬᠤᠳᠠᠯᠳᠤᠨ ᠠᠪᠤᠭᠰᠠᠨ ᠭᠠᠶᠢᠯᠢ ᠶᠢᠨ ᠡᠵᠡᠮᠳᠡᠯ ᠤᠨ ᠪᠠᠷᠢᠮᠲᠠ ᠳᠡᠭᠡᠷᠡᠬᠢ ᠮᠠᠰᠢᠨ ᠬᠤᠳᠠᠯᠳᠤᠨ ᠠᠪᠤᠭᠰᠠᠨ ᠵᠣᠭᠤᠰ ᠤᠨ ᠲᠤᠭ᠎ᠠ ᠨᠢ ᠳᠠᠮᠵᠢᠭᠤᠯᠤᠨ ᠪᠣᠷᠣᠯᠠᠭᠤᠯᠬᠤ ᠠᠵᠤ ᠠᠬᠤᠶᠢᠯᠠᠯ ᠳᠤ ᠪᠣᠳᠠᠲᠠᠢ ᠪᠦᠬᠦᠨ ᠢ ᠥᠭᠭᠦᠭᠰᠡᠨ ᠪᠡᠯᠡ ᠮᠥᠩᠭᠦ ᠲᠠᠢ ᠨᠢᠭᠡᠳᠦᠯᠲᠡᠢ ᠪᠠᠶᠢᠬᠤ ᠡᠰᠡᠬᠦ᠂ ᠵᠢᠴᠢ ᠨᠢᠭᠤᠨ ᠳᠠᠯᠳᠠᠯᠠᠵᠤ ᠮᠡᠳᠡᠭᠦᠯᠬᠦ ᠦᠭᠡᠢ᠂ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠬᠤ ᠳᠤ ᠡᠭᠦᠷᠭᠡᠯᠡᠬᠦ ᠴᠢᠬᠤᠯᠠᠲᠠᠢ ᠲᠣᠭᠲᠠᠭᠠᠯ ᠢ ᠵᠥᠷᠢᠴᠡᠭᠰᠡᠨ ᠬᠠᠷᠢᠭᠤᠴᠠᠯᠭ᠎ᠠ ᠶᠢ ᠨᠤᠲᠠᠯᠠᠬᠤ ᠳᠤ᠂ ᠮᠠᠰᠢᠨ ᠬᠤᠳᠠᠯᠳᠤᠨ ᠠᠪᠤᠭᠴᠢ ᠳᠤ ᠮᠠᠰᠢᠨ ᠬᠤᠳᠠᠯᠳᠤᠨ ᠠᠪᠤᠭᠰᠠᠨ ᠦᠨ᠎ᠡ ᠶᠢᠨ ᠦᠨᠡᠨ ᠪᠣᠳᠠᠲᠤ ᠴᠢᠨᠠᠷ ᠲᠤ ᠭᠠᠷ ᠤᠨ ᠥᠰᠥᠭ ᠵᠢᠷᠤᠵᠤ ᠨᠤᠲᠠᠯᠠᠬᠤ ᠶᠢ ᠰᠠᠨᠠᠭᠤᠯᠤᠨ᠎ᠠ᠃ ᠳᠥᠷᠪᠡ ᠳᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠬᠠᠩᠭᠠᠯᠭᠠᠬᠤ ᠪᠠᠷ ᠱᠠᠭᠠᠷᠳᠠᠭᠰᠠᠨ ᠪᠤᠰᠤᠳ ᠮᠠᠲ᠋ᠧᠷᠢᠶᠠᠯ᠃     ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠣᠯᠵᠤ ᠮᠡᠳᠡᠭᠰᠡᠨ ᠠᠰᠠᠭᠤᠳᠠᠯ ᠢᠶᠠᠨ ᠮᠠᠰᠢᠨ ᠬᠤᠳᠠᠯᠳᠤᠨ ᠠᠪᠤᠭᠴᠢ ᠳᠤ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠮᠡᠳᠡᠭᠳᠡᠬᠦ ᠶᠢᠨ ᠬᠠᠮᠲᠤ ᠲᠡᠭᠦᠯᠳᠡᠷᠵᠢᠭᠦᠯᠬᠦ ᠠᠷᠭ᠎ᠠ ᠪᠠᠨ ᠲᠣᠳᠣᠷᠬᠠᠶᠢᠯᠠᠬᠤ ᠬᠡᠷᠡᠭᠲᠡᠢ᠃    ︵ᠭᠤᠷᠪᠠ︶ ᠮᠠᠰᠢᠨ ᠪᠠᠭᠠᠵᠢ ᠶᠢ ᠬᠢᠨᠠᠨ ᠰᠢᠯᠭᠠᠬᠤ᠃ ᠨᠢᠭᠡ ᠳᠤ᠂ ᠭᠤᠣᠯᠳᠠᠯᠭ᠎ᠠ ᠲᠠᠢ ᠮᠠᠰᠢᠨ ᠪᠠᠭᠠᠵᠢ ᠶᠢ ᠬᠠᠷᠭᠤᠭᠤᠯᠤᠨ ᠪᠠᠶᠢᠴᠠᠭᠠᠨ᠎ᠠ᠃ ᠮᠠᠰᠢᠨ ᠬᠤᠳᠠᠯᠳᠤᠨ ᠠᠪᠬᠤ ᠭᠠᠶᠢᠯᠢ ᠶᠢᠨ ᠡᠵᠡᠮᠳᠡᠯ ᠤᠨ ᠪᠠᠷᠢᠮᠲᠠ ᠳᠤ ᠢᠯᠡᠷᠡᠭᠰᠡᠨ ᠮᠠᠰᠢᠨ ᠪᠠᠭᠠᠵᠢ ᠶᠢᠨ ᠨᠡᠷᠡᠶᠢᠳᠦᠯ᠂ ᠦᠢᠯᠡᠳᠪᠦᠷᠢᠯᠡᠭᠰᠡᠨ ᠠᠵᠤ ᠠᠬᠤᠶᠢᠯᠠᠯ᠂ ᠬᠡᠯᠪᠡᠷᠢ ᠮᠠᠶ᠋ᠢᠭ᠂ ᠬᠥᠳᠡᠯᠭᠡᠭᠦᠷ ᠤᠨ ᠨᠣᠮᠧᠷ ︵ᠬᠥᠳᠡᠯᠭᠡᠬᠦ ᠬᠦᠴᠦᠨ ᠦᠭᠡᠢ ᠪᠣᠯ ᠬᠢᠨᠠᠨ ᠰᠢᠯᠭᠠᠬᠤ ᠦᠭᠡᠢ ᠪᠠᠶᠢᠵᠤ ᠪᠣᠯᠬᠤ ᠦᠭᠡᠢ︶᠂ ᠦᠢᠯᠡᠳᠪᠦᠷᠢ ᠠᠴᠠ ᠭᠠᠷᠭᠠᠬᠤ ᠳ᠋ᠤᠭᠠᠷ ᠨᠢ ᠬᠤᠳᠠᠯᠳᠤᠨ ᠠᠪᠤᠭᠰᠠᠨ ᠪᠣᠳᠠᠲᠤ ᠪᠣᠳᠠᠰ ᠤᠨ ᠮᠠᠰᠢᠨ ᠪᠠᠭᠠᠵᠢ ᠶᠢᠨ ᠪᠢᠴᠢᠭᠡᠰᠦ ᠶᠢᠨ ᠫᠠᠶᠢᠰᠠ ᠳᠤ ᠢᠯᠡᠷᠡᠭᠰᠡᠨ ᠮᠡᠳᠡᠭᠡ ᠵᠠᠩᠭᠢ ᠲᠠᠢ ᠠᠳᠠᠯᠢ ᠡᠰᠡᠬᠦ  ᠶᠢ ᠭᠤᠣᠯᠳᠠᠯᠭ᠎ᠠ ᠲᠠᠢ ᠬᠢᠨᠠᠨ ᠰᠢᠯᠭᠠᠨ᠎ᠠ᠃ ᠬᠤᠳᠠᠯᠳᠤᠨ ᠠᠪᠤᠭᠰᠠᠨ ᠪᠣᠳᠠᠲᠤ ᠶᠠᠭᠤᠮ᠎ᠠ ᠶᠢᠨ ᠮᠠᠰᠢᠨ ᠪᠠᠭᠠᠵᠢ ᠶᠢᠨ ᠪᠢᠴᠢᠭᠡᠰᠦ ᠶᠢᠨ ᠫᠠᠶᠢᠰᠠ ᠳᠤ ᠢᠯᠡᠷᠡᠭᠰᠡᠨ ᠮᠡᠳᠡᠭᠡ ᠵᠠᠩᠭᠢ ᠨᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠦᠭᠴᠣ ᠬᠠᠪᠰᠤᠷᠤᠮᠵᠢ ᠬᠠᠮᠢᠶᠠᠷᠤᠯᠲᠠ ᠶᠢᠨ ᠰᠢᠰᠲ᠋ᠧᠮ ᠤᠨ ᠳᠣᠲᠣᠷᠠᠬᠢ ᠵᠣᠬᠢᠴᠠᠯᠳᠤᠭᠰᠠᠨ ᠮᠠᠰᠢᠨ ᠪᠠᠭᠠᠵᠢ ᠶᠢᠨ ᠮᠡᠳᠡᠭᠡ ᠵᠠᠩᠭᠢ ᠲᠠᠢ ᠨᠢᠭᠡᠳᠦᠯᠲᠡᠢ ᠪᠠᠶᠢᠬᠤ ᠡᠰᠡᠬᠦ᠂ ᠮᠧᠬᠠᠨᠢᠭ ᠬᠤᠳᠠᠯᠳᠤᠨ ᠠᠪᠬᠤ ᠭᠠᠶᠢᠯᠢ ᠶᠢᠨ ᠡᠵᠡᠮᠳᠡᠯ ᠤᠨ ᠪᠠᠷᠢᠮᠲᠠ ᠳᠤ ᠢᠯᠡᠷᠡᠭᠰᠡᠨ ᠳᠠᠮᠵᠢᠭᠤᠯᠤᠨ ᠪᠣᠷᠣᠯᠠᠭᠤᠯᠬᠤ ᠠᠵᠤ ᠠᠬᠤᠶᠢᠯᠠᠯ ᠨᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠦᠭᠴᠣ ᠬᠠᠪᠰᠤᠷᠤᠮᠵᠢ ᠬᠠᠮᠢᠶᠠᠷᠤᠯᠲᠠ ᠶᠢᠨ ᠰᠢᠰᠲ᠋ᠧᠮ ᠤᠨ ᠳᠣᠲᠣᠷᠠᠬᠢ ᠵᠣᠬᠢᠴᠠᠯᠳᠤᠭᠰᠠᠨ ᠳᠠᠮᠵᠢᠭᠤᠯᠤᠨ ᠪᠣᠷᠣᠯᠠᠭᠤᠯᠬᠤ ᠮᠡᠳᠡᠭᠡ ᠵᠠᠩᠭᠢ ᠲᠠᠢ ᠨᠢᠭᠡᠳᠦᠯᠲᠡᠢ ᠪᠠᠶᠢᠬᠤ ᠡᠰᠡᠬᠦ᠃ ᠫᠠᠶᠢᠰᠠ ᠦᠨᠡᠮᠯᠡᠯ ᠤᠨ ᠬᠠᠮᠢᠶᠠᠷᠤᠯᠲᠠ ᠶᠢᠨ ᠮᠠᠰᠢᠨ ᠪᠠᠭᠠᠵᠢ ᠳᠤ᠂ ᠲᠤᠬᠠᠢ ᠶᠢᠨ ᠲᠠᠯᠠᠪᠤᠷ ᠤᠨ ᠪᠣᠳᠠᠲᠤ ᠶᠠᠭᠤᠮ᠎ᠠ ᠶᠢ ᠬᠠᠷᠭᠤᠭᠤᠯᠤᠨ ᠪᠠᠶᠢᠴᠠᠭᠠᠬᠤ ᠠᠴᠠ ᠬᠡᠯᠲᠦᠷᠢᠭᠦᠯᠦᠭᠰᠡᠨ ᠪᠣᠯᠪᠠᠴᠤ ᠮᠧᠬᠠᠨᠢᠭ ᠬᠤᠳᠠᠯᠳᠤᠨ ᠠᠪᠤᠭᠴᠢ ᠶᠢᠨ ᠠᠪᠴᠤ ᠶᠠᠪᠤᠭ᠎ᠠ ︽ᠲᠷᠠᠺᠲ᠋ᠣᠷ ᠪᠠ ᠬᠠᠳᠤᠵᠤ ᠬᠤᠷᠢᠶᠠᠬᠤ ᠬᠠᠮ ᠮᠠᠰᠢᠨ ᠤ ᠠᠶᠠᠯᠠᠯ ᠤᠨ ᠦᠨᠡᠮᠯᠡᠯ︾ ᠤᠨ ᠮᠡᠳᠡᠭᠡ ᠵᠠᠩᠭᠢ ᠨᠢ ᠲᠠᠷᠢᠶᠠᠯᠠᠩ ᠤᠨ ᠮᠧᠬᠠᠨᠢᠭ ᠤᠨ ᠠᠶᠤᠯᠭᠦᠢ ᠶᠢᠨ ᠬᠢᠨᠠᠨ ᠬᠠᠮᠢᠶᠠᠷᠤᠯᠲᠠ ᠶᠢᠨ ᠰᠢᠰᠲ᠋ᠧᠮ ᠤᠨ ᠫᠠᠶᠢᠰᠠ ᠦᠨᠡᠮᠯᠡᠯ ᠤᠨ ᠮᠡᠳᠡᠭᠡ ᠵᠠᠩᠭᠢ᠂ ᠮᠧᠬᠠᠨᠢᠭ ᠪᠠᠭᠠᠵᠢ ᠶᠢᠨ ᠮᠡᠳᠡᠭᠡ ᠵᠠᠩᠭᠢ ᠲᠠᠢ ᠨᠢᠭᠡᠳᠦᠯᠲᠡᠢ ᠪᠠᠶᠢᠬᠤ ᠡᠰᠡᠬᠦ᠂ ᠮᠧᠬᠠᠨᠢᠭ ᠬᠤᠳᠠᠯᠳᠤᠨ ᠠᠪᠬᠤ ᠭᠠᠶᠢᠯᠢ ᠶᠢᠨ ᠡᠵᠡᠮᠳᠡᠯ ᠤᠨ ᠪᠠᠷᠢᠮᠲᠠ ᠳᠤ ᠢᠯᠡᠷᠡᠭᠰᠡᠨ ᠳᠠᠮᠵᠢᠭᠤᠯᠤᠨ ᠪᠣᠷᠣᠯᠠᠭᠤᠯᠬᠤ ᠠᠵᠤ ᠠᠬᠤᠶᠢᠯᠠᠯ ᠨᠢ ᠲᠠᠷᠢᠶᠠᠯᠠᠩ ᠤᠨ ᠮᠧᠬᠠᠨᠢᠭ ᠬᠤᠳᠠᠯᠳᠤᠨ ᠠᠪᠬᠤ ᠳᠤ ᠨᠥᠬᠦᠪᠦᠷᠢ ᠦᠭᠴᠣ ᠬᠠᠪᠰᠤᠷᠤᠮᠵᠢ ᠬᠠᠮᠢᠶᠠᠷᠤᠯᠲᠠ ᠶᠢᠨ ᠰᠢᠰᠲ᠋ᠧᠮ ᠤᠨ ᠳᠣᠲᠣᠷᠠᠬᠢ ᠵᠣᠬᠢᠴᠠᠩᠭᠤᠢ ᠳᠠᠮᠵᠢᠭᠤᠯᠤᠨ ᠪᠣᠷᠣᠯᠠᠭᠤᠯᠬᠤ ᠮᠡᠳᠡᠭᠡ ᠵᠠᠩᠭᠢ ᠲᠠᠢ ᠨᠢᠭᠡᠳᠦᠯᠲᠡᠢ ᠪᠠᠶᠢᠬᠤ ᠡᠰᠡᠬᠦ ᠶᠢ ᠬᠠᠷᠭᠤᠭᠤᠯᠤᠨ ᠪᠠᠶᠢᠴᠠᠭᠠᠬᠤ ᠴᠢᠬᠤᠯᠠᠲᠠᠢ᠃ ᠬᠤᠶᠠᠷ ᠲᠤ ᠭᠤᠣᠯᠳᠠᠯᠭ᠎ᠠ ᠲᠠᠢ ᠪᠤᠰᠤ ᠮᠧᠬᠠᠨᠢᠭ ᠪᠠᠭᠠᠵᠢ ᠶᠢ ᠬᠠᠷᠭᠤᠭᠤᠯᠤᠨ ᠪᠠᠶᠢᠴᠠᠭᠠᠬᠤ᠃ ᠨᠥᠬᠦᠪᠦᠷᠢ ᠶᠢᠨ ᠲᠤᠭ᠎ᠠ ᠪᠠᠷ ᠨᠡᠯᠢᠶᠡᠳ ᠳᠣᠣᠷ᠎ᠠ᠂ ᠲᠦᠭᠰᠢᠭᠦᠷᠢ ᠶᠢ ᠡᠵᠡᠮᠳᠡᠵᠦ ᠪᠣᠯᠬᠤ ᠬᠡᠮᠵᠢᠶ᠎ᠡ ᠪᠠᠷ ᠥᠨᠳᠥᠷ ᠮᠧᠬᠠᠨᠢᠭ ᠪᠠᠭᠠᠵᠢ ᠳᠤ ᠨᠥᠬᠦᠪᠦᠷᠢ ᠶᠢᠨ ᠪᠡᠯᠡ ᠮᠥᠩᠭᠦ ᠶᠢ ᠰᠣᠯᠢᠵᠤ ᠦᠭᠴᠣ ᠠᠴᠠ ᠡᠮᠦᠨ᠎ᠡ 100% ᠶᠢᠨ ᠬᠠᠷᠢᠴᠠᠯ ᠢᠶᠠᠷ ᠬᠠᠷᠭᠤᠭᠤᠯᠤᠨ ᠪᠠᠶᠢᠴᠠᠭᠠᠵᠤ᠂ ᠬᠠᠷᠭᠤᠭᠤᠯᠤᠨ ᠪᠠᠶᠢᠴᠠᠭᠠᠭᠰᠠᠨ ᠠᠭᠤᠯᠭ᠎ᠠ ᠶᠢ ᠭᠤᠣᠯᠳᠠᠯᠭ᠎ᠠ ᠲᠠᠢ ᠮᠧᠬᠠᠨᠢᠭ ᠪᠠᠭᠠᠵᠢ ᠲᠠᠢ ᠠᠳᠠᠯᠢ ᠪᠠᠶᠢᠯᠭᠠᠵᠤ᠂ ᠲᠠᠷᠢᠶᠠᠯᠠᠩ ᠤᠨ ᠮᠧᠬᠠᠨᠢᠭ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠠᠮᠲᠤᠷᠠᠭᠰᠠᠨ ᠪᠠᠯᠭᠠᠰᠤ ᠠᠴᠠ ᠨᠢᠭᠡ ᠨᠢᠭᠡ ᠪᠠᠷ ᠡᠷᠤᠭᠡ ᠳᠤ ᠣᠷᠣᠵᠤ ᠬᠢᠨᠠᠨ ᠬᠠᠷᠭᠤᠭᠤᠯᠬᠤ ᠬᠡᠷᠡᠭᠲᠡᠢ᠃     ᠲᠣᠰᠬᠤᠨ ᠳᠤ ᠣᠷᠣᠵᠤ ᠡᠷᠦᠬᠡ ᠳᠤ ᠣᠷᠣᠬᠤ᠂ ᠤᠷᠢᠳᠴᠢᠯᠠᠨ ᠪᠣᠯᠵᠣᠬᠤ ᠵᠡᠷᠭᠡ ᠠᠷᠭ᠎ᠠ ᠮᠠᠶ᠋ᠢᠭ ᠢᠶᠠᠷ ᠬᠢᠨᠠᠨ ᠰᠢᠯᠠᠭᠠᠬᠤ ᠶᠢ ᠥᠷᠨᠢᠭᠦᠯᠵᠦ᠂ ᠮᠠᠰᠢᠨ ᠬᠤᠳᠠᠯᠳᠤᠨ ᠠᠪᠤᠭᠴᠢ ᠵᠢᠴᠢ ᠪᠡᠯᠡᠳᠬᠡᠮᠵᠢ ᠤᠭᠰᠠᠷᠠᠬᠤ ᠲᠥᠷᠥᠯ ᠤᠨ ᠮᠠᠰᠢᠨ ᠪᠠᠭᠠᠵᠢ ᠶᠢ ᠰᠢᠯᠭᠠᠨ ᠪᠠᠶᠢᠴᠠᠭᠠᠬᠤ ᠳᠤ ᠲᠥᠬᠦᠮ ᠦᠵᠡᠭᠦᠯᠦᠨ᠎ᠡ᠃ ᠬᠢᠨᠠᠨ ᠰᠢᠯᠭᠠᠭᠰᠠᠨ ᠦᠷ᠎ᠡ ᠳ᠋ᠦᠩ ᠢ ᠬᠢᠨᠠᠨ ᠰᠢᠯᠭᠠᠭᠴᠢ ᠪᠣᠯᠣᠨ ᠮᠠᠰᠢᠨ ᠬᠤᠳᠠᠯᠳᠤᠨ ᠠᠪᠤᠭᠴᠢ ᠬᠤᠶᠠᠷ ᠲᠠᠯ᠎ᠠ ᠪᠠᠷ ᠢᠶᠠᠨ ᠭᠠᠷ ᠤᠨ ᠦᠰᠦᠭ ᠵᠢᠷᠤᠵᠤ ᠨᠤᠲᠠᠯᠠᠨ ᠲᠣᠭᠲᠠᠭᠠᠨ᠎ᠠ᠃ ᠬᠤᠶᠠᠷ ᠬᠥᠮᠥᠨ ᠰᠣᠯᠪᠢᠴᠠᠨ ᠬᠢᠨᠠᠨ ᠰᠢᠯᠭᠠᠬᠤ ᠪᠤᠶᠤ ᠬᠤᠪᠢ ᠬᠥᠮᠥᠨ ᠬᠢᠨᠠᠨ ᠰᠢᠯᠭᠠᠬᠤ ᠶᠢ ᠬᠡᠷᠡᠭᠵᠢᠭᠦᠯᠦᠨ᠎ᠡ᠃ ᠭᠠᠭᠴᠠ ᠬᠥᠮᠥᠨ ᠳᠤ ᠣᠯᠠᠨ ᠢᠵᠢ᠂ ᠣᠬᠤᠷ ᠬᠤᠭᠤᠴᠠᠭᠠᠨ ᠤ ᠳᠣᠲᠣᠷ᠎ᠠ ᠶᠡᠭᠡ ᠬᠡᠮᠵᠢᠶ᠎ᠡ ᠪᠠᠷ ᠂ ᠠᠳᠠᠯᠢ ᠬᠥᠮᠥᠨ ᠵᠢᠯ ᠳᠠᠷᠠᠭᠠᠯᠠᠨ ᠠᠳᠠᠯᠢ ᠲᠥᠷᠥᠯ ᠤᠨ ᠮᠠᠰᠢᠨ ᠪᠠᠭᠠᠵᠢ ᠬᠤᠳᠠᠯᠳᠤᠨ ᠠᠪᠬᠤ᠂ ᠣᠷᠣᠨ ᠪᠦᠰᠡ ᠶᠢᠨ ᠵᠣᠬᠢᠴᠠᠬᠤ ᠴᠢᠨᠠᠷ ᠢᠶᠠᠷ ᠠᠨᠠᠢ ᠮᠠᠰᠢᠨ ᠪᠠᠭᠠᠵᠢ ᠬᠤᠳᠠᠯᠳᠤᠨ ᠠᠪᠬᠤ ᠵᠡᠷᠭᠡ ᠬᠡᠪ ᠤᠨ ᠪᠤᠰᠤ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃     ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠣᠯᠵᠤ ᠮᠡᠳᠡᠭᠰᠡᠨ ᠠᠰᠠᠭᠤᠳᠠᠯ ᠢᠶᠠᠨ ᠮᠠᠰᠢᠨ ᠬᠤᠳᠠᠯᠳᠤᠨ ᠠᠪᠤᠭᠴᠢ ᠳᠤ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠮᠡᠳᠡᠭᠳᠡᠬᠦ ᠶᠢᠨ ᠬᠠᠮᠲᠤ ᠲᠡᠭᠦᠯᠳᠡᠷᠵᠢᠭᠦᠯᠬᠦ ᠠᠷᠭ᠎ᠠ ᠪᠠᠨ ᠲᠣᠳᠣᠷᠬᠠᠶᠢᠯᠠᠬᠤ ᠬᠡᠷᠡᠭᠲᠡᠢ᠃    ︵ᠳᠥᠷᠪᠡ︶ ᠲᠠᠬᠢᠨ ᠬᠢᠨᠠᠨ ᠰᠢᠯᠭᠠᠷᠠᠭᠤᠯᠵᠣ ᠳᠠᠩᠰᠠᠯᠠᠬᠤ᠃ ᠮᠠᠲ᠋ᠧᠷᠢᠶᠠᠯ ᠢ ᠬᠢᠨᠠᠨ ᠰᠢᠯᠠᠭᠠᠬᠤ᠂ ᠮᠠᠰᠢᠨ ᠪᠠᠭᠠᠵᠢ ᠶᠢ ᠬᠠᠷᠭᠤᠭᠤᠯᠤᠨ ᠪᠠᠶᠢᠴᠠᠭᠠᠬᠤ ᠲᠠᠰ ᠳᠠᠷᠠᠭᠠᠯᠠᠯ᠂ ᠠᠷᠭ᠎ᠠ ᠮᠠᠶ᠋ᠢᠭ ᠪᠠ ᠭᠠᠷ ᠤᠨ ᠥᠰᠥᠭ ᠵᠢᠷᠤᠵᠤ ᠲᠠᠮᠠᠭ᠎ᠠ ᠳᠠᠷᠤᠬᠤ ᠶᠢᠨ ᠵᠢᠷᠤᠮᠵᠢᠯ ᠤᠨ ᠴᠢᠨᠠᠷ ᠢ ᠬᠠᠮᠲᠤ ᠪᠠᠷ ᠳᠠᠬᠢᠨ ᠬᠢᠨᠠᠵᠤ᠂ ᠬᠠᠮᠲᠤ ᠪᠠᠷ ᠵᠥᠪᠳᠡᠯᠴᠡᠬᠦ ᠲᠠᠢ ᠵᠡᠷᠭᠡ ᠪᠠᠷ ᠶᠠᠪᠤᠭᠳᠠᠭᠤᠯᠵᠤ᠂ ᠪᠠᠲᠤᠯᠠᠭᠰᠠᠨ ᠤ ᠳᠠᠷᠠᠭ᠎ᠠ ᠳᠡᠩᠰᠡᠯᠡᠨ ᠳᠡᠪᠲᠡᠷᠯᠡᠵᠦ ᠪᠣᠯᠣᠨ᠎ᠠ᠃    ︵ᠲᠠᠪᠤ︶ ᠢᠯᠡ ᠨᠡᠶᠢᠲᠡᠯᠡᠵᠦ ᠮᠡᠳᠡᠭᠦᠯᠦᠨ ᠬᠦᠷᠭᠡᠬᠦ᠃ ᠳᠠᠬᠢᠨ ᠬᠢᠨᠠᠬᠤ ᠪᠠᠷ ᠳᠠᠮᠵᠢᠭᠰᠠᠨ ᠨᠥᠬᠦᠪᠦᠷᠢ ᠭᠤᠶᠤᠴᠢᠯᠠᠬᠤ ᠮᠡᠳᠡᠭᠡ ᠵᠠᠩᠭᠢ ᠶᠢ 30 ᠡᠳᠦᠷ ᠠᠴᠠ ᠳᠤᠲᠠᠭᠤ ᠦᠭᠡᠢ ᠬᠤᠭᠤᠴᠠᠭ᠎ᠠ ᠲᠠᠢ ᠪᠠᠷ ᠢᠯᠡ ᠨᠡᠶᠢᠲᠡᠯᠡᠵᠦ᠂ ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃     ︵ᠵᠢᠷᠭᠤᠭ᠎ᠠ︶ ᠮᠠᠲ᠋ᠧᠷᠢᠶᠠᠯ ᠢ ᠰᠢᠢᠳᠪᠦᠷᠢᠯᠡᠬᠦ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠳᠤᠷᠠᠳᠤᠭᠰᠠᠨ ᠰᠡᠵᠢᠭᠲᠡᠢ ᠨᠥᠬᠦᠪᠦᠷᠢ ᠶᠢᠨ ᠭᠤᠶᠤᠴᠢᠯᠠᠯ ᠳᠤ᠂ ᠲᠡᠭᠦᠨ ᠤ ᠬᠢᠨᠠᠨ ᠰᠢᠯᠭᠠᠭᠰᠠᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠬᠤ ᠳᠤ ᠪᠡᠯᠡᠳᠬᠡᠯ ᠪᠠᠶᠢᠴᠠᠭᠠᠯᠲᠠ ᠳᠤ ᠪᠡᠯᠡᠳᠬᠡᠵᠦ᠂ ᠦᠯᠡᠳᠡᠭᠡᠨ ᠬᠠᠳᠠᠭᠠᠯᠠᠬᠤ ᠬᠤᠭᠤᠴᠠᠭ᠎ᠠ ᠶᠢ 5 ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ᠃     ᠭᠤᠷᠪᠠ᠂ ᠬᠢᠨᠠᠯᠲᠠ ᠲᠠᠯᠪᠢᠵᠤ ᠬᠠᠮᠢᠶᠠᠷᠬᠤ    ︵ᠨᠢᠭᠡ︶ ᠬᠠᠷᠭᠤᠭᠤᠯᠤᠨ ᠪᠠᠶᠢᠴᠠᠭᠠᠬᠤ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠷ ᠥᠨᠳᠥᠷ᠂ ᠣᠪᠣᠷ ᠰᠤᠷᠲᠠᠯ ᠢᠶᠠᠷ ᠰᠢᠯᠢᠳᠡᠭ ᠺᠠᠳ᠋ᠷ ᠢ ᠰᠣᠩᠭᠤᠨ ᠲᠣᠬᠢᠷᠠᠭᠤᠯᠵᠤ ᠬᠢᠨᠠᠨ ᠰᠢᠯᠭᠠᠬᠤ ᠠᠵᠢᠯ ᠢ ᠬᠢᠯᠭᠡᠵᠦ᠂ ᠲᠡᠳᠡᠨ ᠳᠤ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠵᠡᠷᠭᠡ ᠲᠠᠯ᠎ᠠ ᠶᠢᠨ ᠬᠥᠮᠦᠵᠢᠯ ᠪᠣᠯᠪᠠᠰᠤᠷᠠᠭᠤᠯᠤᠯ ᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠥᠷᠨᠢᠭᠦᠯᠬᠦ ᠬᠡᠷᠡᠭᠲᠡᠢ᠃     ︵ᠬᠤᠶᠠᠷ︶ ᠮᠠᠰᠢᠨ ᠮᠧᠬᠠᠨᠢᠭ ᠬᠤᠳᠠᠯᠳᠤᠨ ᠠᠪᠬᠤ ᠠᠮᠠᠯᠠᠯᠲᠠ ᠪᠠᠨ ᠬᠡᠷᠡᠭᠵᠢᠭᠦᠯᠦᠨ ᠠᠮᠠᠯᠠᠯᠲᠠ ᠪᠠᠨ ᠪᠡᠶᠡᠯᠡᠭᠦᠯᠦᠨ᠎ᠡ᠃ ᠮᠠᠰᠢᠨ ᠬᠤᠳᠠᠯᠳᠤᠨ ᠠᠪᠤᠭᠴᠢ ᠶᠢᠨ ᠨᠥᠬᠦᠪᠦᠷᠢ ᠭᠤᠶᠤᠴᠢᠯᠠᠬᠤ ᠦᠶᠯᠡ ᠠᠵᠢᠯᠯᠠᠭ᠎ᠠ ᠶᠢᠨ ᠥᠪᠡᠷ ᠢ ᠪᠠᠨ ᠬᠢᠵᠠᠭᠠᠷᠯᠠᠬᠤ ᠪᠠ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠨᠥᠬᠦᠪᠦᠷᠢ ᠭᠤᠶᠤᠴᠢᠯᠠᠬᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ ᠪᠦᠲᠦᠮᠵᠢᠲᠦ ᠴᠢᠨᠠᠷ ᠤᠨ ᠪᠡᠶ᠎ᠡ ᠪᠠᠨ ᠳᠠᠭᠠᠭᠠᠭᠰᠠᠨ ᠠᠮᠠᠯᠠᠯᠲᠠ ᠶᠢ ᠬᠡᠷᠡᠭᠵᠢᠭᠦᠯᠦᠨ᠂ ᠲᠡᠳᠡᠨ ᠢ ᠬᠥᠲᠥᠯᠥᠨ ᠵᠢᠯᠤᠭᠤᠳᠴᠤ ᠪᠠᠶᠢᠭᠠᠳ ᠨᠥᠬᠦᠪᠦᠷᠢ ᠦᠭᠴᠣ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠳᠤ ᠵᠢᠷᠤᠮᠵᠢᠭᠤᠯᠤᠨ ᠣᠷᠣᠯᠴᠠᠭᠤᠯᠵᠤ᠂ ᠣᠯᠵᠤ ᠮᠡᠳᠡᠭᠰᠡᠨ ᠠᠰᠠᠭᠤᠳᠠᠯ ᠢᠶᠠᠨ ᠰᠠᠨᠠᠭᠠᠴᠢᠯᠠᠭ᠎ᠠ   ᠠᠴᠠ ᠪᠠᠨ ᠮᠡᠳᠡᠭᠦᠯᠵᠦ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠲᠤᠪᠠᠷ ᠬᠠᠮᠠᠭᠠᠯᠠᠨ᠎ᠠ᠃     ︵ᠭᠤᠷᠪᠠ︶ ᠲᠣᠭᠲᠠᠭᠠᠯ   ᠠᠴᠠ ᠵᠥᠷᠢᠴᠡᠭᠰᠡᠨ ᠰᠦᠪᠡᠭᠴᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃ ᠬᠠᠷᠭᠤᠭᠤᠯᠤᠨ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠨᠥᠬᠦᠪᠦᠷᠢ ᠠᠪᠬᠤ ᠪᠠᠷ ᠭᠤᠶᠤᠴᠢᠯᠠᠭᠰᠠᠨ ᠲᠣᠭᠲᠠᠭᠠᠯ   ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠮᠠᠰᠢᠨ ᠤ ᠠᠵᠢᠯᠲᠠᠨ ᠵᠤᠷᠪᠤᠰ ᠳᠠᠷᠠᠭᠠᠯᠠᠨ ᠪᠢᠴᠢᠭ ᠢᠶᠠᠷ ᠳᠡᠩᠰᠡᠯᠡᠨ ᠲᠡᠮᠳᠡᠭᠯᠡᠬᠦ ᠶᠢᠨ ᠬᠠᠮᠲᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠳᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠲᠣᠭᠲᠠᠭᠠᠯ   ᠠᠴᠠ ᠵᠥᠷᠢᠴᠡᠭᠰᠡᠨ ᠰᠦᠪᠡᠭᠴᠢ ᠶᠢ ᠬᠠᠮᠲᠤ ᠪᠠᠷ ᠰᠤᠳᠤᠯᠬᠤ ᠶᠢ ᠥᠷᠨᠢᠭᠦᠯᠵᠦ᠂ ᠲᠣᠭᠲᠠᠭᠠᠯ   ᠠᠴᠠ ᠵᠥᠷᠢᠴᠡᠭᠰᠡᠨ ᠰᠡᠵᠢᠭᠯᠡᠯ ᠢᠶᠠᠷ ᠨᠡᠯᠢᠶᠡᠳ ᠶᠡᠭᠡ ᠪᠤᠶᠤ ᠳᠠᠬᠢᠨ ᠳᠠᠪᠲᠠᠨ ᠢᠯᠡᠷᠡᠭᠰᠡᠨ ᠪᠠᠶᠢᠪᠠᠯ ᠪᠠᠶᠢᠴᠠᠭᠠᠬᠤ ᠲᠠᠰ ᠳᠠᠷᠠᠭᠠᠯᠠᠯ ᠢ ᠡᠬᠢᠯᠡᠭᠦᠯᠵᠦ᠂ ᠲᠣᠭᠲᠠᠭᠠᠯ   ᠠᠴᠠ ᠵᠥᠷᠢᠴᠡᠭᠰᠡᠨ ᠰᠡᠵᠢᠭᠯᠡᠯ ᠢᠶᠠᠷ ᠨᠡᠯᠢᠶᠡᠳ ᠪᠠᠭ᠎ᠠ ᠦᠯᠡᠳᠡᠭᠡᠨ ᠬᠠᠳᠠᠭᠠᠯᠠᠭᠰᠠᠨ ᠮᠠᠲ᠋ᠧᠷᠢᠶᠠᠯ ᠢ ᠪᠠᠶᠢᠴᠠᠭᠠᠬᠤ ᠳᠤ ᠪᠡᠯᠡᠳᠬᠡᠬᠦ ᠬᠡᠷᠡᠭᠲᠡᠢ᠃ ᠨᠥᠬᠦᠪᠦᠷᠢ ᠦᠭᠴᠣ ᠮᠠᠰᠢᠨ ᠪᠠᠭᠠᠵᠢ ᠶᠢ ᠬᠢᠨᠠᠨ ᠰᠢᠯᠭᠠᠬᠤ ᠮᠠᠷᠭᠤᠯᠳᠤᠭᠠᠨ ᠢ ᠰᠢᠢᠳᠪᠦᠷᠢᠯᠡᠬᠦ ᠵᠡᠷᠭᠡ ᠴᠢᠬᠤᠯᠠ ᠶᠡᠭᠡ ᠵᠦᠢᠯᠡᠰ ᠢ ᠴᠠᠭ ᠲᠤᠬᠠᠢ ᠳᠤᠨᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ  ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠦᠭᠴᠣ ᠤᠳᠤᠷᠢᠳᠬᠤ ᠳᠤᠭᠤᠶᠢᠯᠠᠩ ᠳᠤ ᠮᠡᠳᠡᠭᠦᠯᠵᠦ ᠰᠤᠳᠤᠯᠤᠨ ᠰᠢᠢᠳᠪᠦᠷᠢᠲᠦ ᠪᠣᠳᠣᠯᠭ᠎ᠠ ᠲᠣᠭᠲᠠᠭᠠᠯᠭᠠᠨ᠎ᠠ᠃     ︵ᠳᠥᠷᠪᠡ︶ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠳᠣᠲᠣᠭᠠᠳᠤ ᠶᠢᠨ ᠡᠵᠡᠮᠳᠡᠬᠦ ᠳᠦᠷᠢᠮ ᠢ ᠪᠦᠷᠢᠨᠰᠢᠭᠦᠯᠵᠦ᠂ ᠮᠠᠰᠢᠨ ᠪᠠᠭᠠᠵᠢ ᠶᠢ ᠬᠠᠷᠭᠤᠭᠤᠯᠤᠨ ᠪᠠᠶᠢᠴᠠᠭᠠᠬᠤ ᠴᠤᠪᠤᠷᠠᠯ ᠢᠶᠠᠷ ᠭᠤᠣᠯ ᠰᠢᠵᠢᠮ ᠪᠣᠯᠭᠠᠨ᠂ ᠵᠦᠢᠯ ᠳᠠᠷᠠᠭᠠᠯᠠᠨ ᠠᠵᠢᠯᠯᠠᠵᠤ᠂ ᠭᠤᠭᠴᠤᠭ᠎ᠠ ᠳᠠᠷᠠᠭᠠᠯᠠᠨ ᠲᠦᠭᠰᠢᠭᠦᠷᠢ ᠶᠢᠨ ᠴᠢᠭ᠋ ᠢ ᠡᠷᠢᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号