ᠤᠮᠠᠷᠠᠲᠤ ᠶᠢᠨ ᠬᠤᠪᠣᠷ ᠰᠢᠷᠣᠢ ᠶᠢᠨ ︽ᠰᠢᠪᠲᠦᠷ ᠤᠨ ᠨᠡᠭᠦᠷᠡᠰᠦᠲᠥ᠋ᠷᠥᠭᠴᠢ ᠶᠢ ᠴᠢᠩᠭᠠᠷᠠᠭᠤᠯᠬᠤ ᠨᠡᠶᠢᠯᠡᠮᠡᠯ ᠲᠤᠨᠳᠠᠰᠤᠵᠢᠭᠤᠯᠬᠤ ᠡᠳ᠋ ᠤᠨ ᠭᠠᠷ ᠤᠷᠠᠯᠠᠯ ᠤᠨ ᠲᠣᠨᠣᠭᠯᠠᠯ ᠤᠨ ᠰᠤᠳᠤᠯᠭᠠᠨ ᠵᠢᠴᠢ ᠬᠡᠷᠡᠭᠯᠡᠯᠲᠡ︾ ᠶᠢᠨ ᠲᠥᠷᠥᠯ ᠵᠦᠢᠯ ᠤᠨ ᠵᠢᠱᠢᠶ᠎ᠡ ᠦᠵᠡᠭᠦᠯᠬᠦ ᠱᠤᠭᠤᠮ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢᠨ ᠬᠠᠮᠲᠤ ᠠᠮᠵᠢᠯᠲᠠ ᠲᠠᠢ ᠪᠠᠷ ᠦᠢᠯᠡᠳᠪᠦᠷᠢᠯᠡᠯ ᠢᠶᠠᠨ ᠬᠤᠪᠢᠷᠠᠭᠤᠯᠪᠠ
ᠨᠡᠶᠢᠲᠡᠯᠡᠭᠰᠡᠨ ᠴᠠᠭ᠄
2024/6/10
    ᠣᠶᠢᠷ᠎ᠠ ᠶᠢᠨ ᠬᠤᠭᠤᠴᠠᠭᠠᠨ ᠳᠤ᠂ ᠲᠡᠮᠦᠷᠯᠢᠭ ᠬᠠᠶᠢᠯᠤᠭᠤᠯᠬᠤ ᠬᠤᠪᠢᠶᠠᠷᠢ ᠺᠣᠮᠫᠠᠨᠢ ︵ᠬᠤᠸᠠ ᠮᠧᠶ ᠺᠣᠮᠫᠠᠨᠢ︶ ᠶᠢᠨ ᠬᠤᠪᠣᠷ ᠰᠢᠷᠣᠢ ᠪᠣᠯᠪᠠᠰᠤᠷᠠᠭᠤᠯᠬᠤ ᠤᠷᠠᠨ ᠮᠡᠷᠭᠡᠰᠢᠯ ᠤᠨ ᠶᠠᠪᠤᠴᠠ ᠳᠤ ᠰᠢᠪᠲᠦᠷ ᠤᠨ ᠤᠰᠤ ᠦᠯᠡᠭᠦᠳᠡᠬᠦ ᠠᠰᠠᠭᠤᠳᠠᠯ ᠣᠷᠣᠰᠢᠵᠤ᠂ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠨᠦᠯᠦᠭᠡᠯᠡᠭᠰᠡᠭᠡᠷ᠃ ᠬᠡᠷᠪᠡ ᠰᠢᠪᠲᠦᠷ ᠤᠨ ᠤᠰᠤ ᠦᠯᠡᠭᠦᠳᠡᠬᠦ ᠠᠰᠠᠭᠤᠳᠠᠯ ᠢ ᠰᠢᠢᠳᠪᠦᠷᠢᠯᠡᠬᠦ ᠦᠭᠡᠢ ᠪᠣᠯ ᠠᠵᠤ ᠠᠬᠤᠢ ᠶᠢᠨ ᠬᠤᠬᠢᠷᠠᠯ ᠤᠴᠠᠷᠠᠭᠤᠯᠵᠤ ᠮᠡᠳᠡᠨ᠎ᠡ᠃ ᠳᠡᠭᠡᠷ᠎ᠡ ᠳᠤᠷᠠᠳᠤᠭᠰᠠᠨ ᠰᠢᠯᠲᠠᠭᠠᠨ ᠳᠤ ᠰᠠᠭᠤᠷᠢᠯᠠᠨ᠂ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠤᠨ ᠲᠥᠷᠥᠯ ᠵᠦᠢᠯ ᠤᠨ ᠰᠤᠳᠤᠯᠤᠨ ᠨᠡᠭᠡᠭᠡᠬᠦ ᠪᠦᠯᠬᠦᠮ ᠬᠢᠭᠡᠳ ᠲᠡᠮᠦᠷᠯᠢᠭ ᠪᠣᠯᠪᠠᠰᠤᠷᠠᠭᠤᠯᠬᠤ ᠬᠤᠪᠢᠶᠠᠷᠢ ᠺᠣᠮᠫᠠᠨᠢ ︵ᠬᠤᠸᠠ ᠮᠧᠶ ᠺᠣᠮᠫᠠᠨᠢ︶ ᠲᠠᠢ ᠬᠠᠮᠲᠤᠷᠠᠯᠴᠠᠵᠤ᠂ ᠤᠯᠠᠮᠵᠢᠯᠠᠯᠲᠤ ᠨᠡᠭᠦᠷᠡᠰᠦᠲᠥ᠋ᠷᠥᠭᠴᠢᠲᠦ ᠰᠤᠪᠤᠷᠭ᠎ᠠ ᠶᠢᠨ ᠲᠥᠬᠦᠭᠡᠷᠦᠮᠵᠢ ᠶᠢᠨ ᠡᠵᠡᠯᠡᠬᠦᠨ ᠶᠡᠭᠡ᠂ ᠡᠵᠡᠯᠡᠬᠦ ᠲᠠᠯᠠᠪᠠᠶ ᠶᠡᠭᠡ᠂ ᠪᠡᠯᠡ ᠣᠷᠣᠭᠤᠯᠤᠯᠲᠠ ᠶᠢᠨ ᠥᠪᠡᠷ ᠤᠨ ᠥᠷᠲᠡᠭ ᠥᠨᠳᠥᠷ᠂ ᠲᠥᠬᠦᠭᠡᠷᠦᠮᠵᠢ ᠶᠢᠨ ᠠᠮᠢᠳᠤᠯᠢᠭ ᠬᠡᠮᠵᠢᠶ᠎ᠡ ᠳᠣᠣᠷ᠎ᠠ ᠵᠡᠷᠭᠡ ᠬᠡᠮ ᠰᠣᠭᠤᠭ ᠢ ᠢᠯᠠᠨ ᠳᠠᠪᠠᠵᠤ᠂ ᠶᠠᠪᠤᠴᠠ ᠶᠢ ᠨᠠᠷᠢᠯᠢᠭ ᠡᠵᠡᠮᠳᠡᠬᠦ ᠶᠢ ᠴᠢᠩᠭᠠᠳᠬᠠᠬᠤ ᠪᠠᠷ ᠳᠡᠮᠵᠢᠨ ᠂ ᠦᠯᠡᠭᠦᠳᠡᠭᠰᠡᠨ ᠰᠢᠪᠲᠦᠷ ᠤᠨ ᠤᠰᠤᠨ ᠤ ᠥᠨᠳᠥᠷ ᠦᠷ᠎ᠡ ᠠᠰᠢᠭᠲᠤ ᠨᠡᠶᠢᠯᠡᠮᠡᠯ ᠲᠤᠨᠳᠠᠰᠤᠵᠢᠭᠤᠯᠤᠭᠴᠢ ᠶᠢᠨ ᠮᠡᠷᠭᠡᠵᠢᠯ ᠤᠨ ᠰᠤᠳᠤᠯᠭᠠᠨ ᠢ ᠠᠮᠵᠢᠯᠲᠠ ᠲᠠᠢ ᠥᠷᠨᠢᠭᠦᠯᠪᠡ᠃ ᠡᠭᠦᠨ ᠤ ᠬᠠᠮᠲᠤ᠂ ᠪᠢᠴᠢᠯ ᠲᠥᠬᠦᠭᠡᠷᠦᠮᠵᠢ ᠶᠢ ᠶᠡᠬᠡᠰᠬᠡᠬᠦ ᠵᠢᠴᠢ ᠪᠢᠴᠢᠯ ᠰᠢᠰᠲ᠋ᠧᠮ ᠤᠨ ᠴᠤᠭᠯᠠᠷᠠᠯ ᠢ ᠬᠢᠵᠦ᠂ ᠰᠢᠩᠭᠡᠨ ᠲᠥᠯᠥᠪᠲᠦ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢᠶᠠᠷ ᠨᠡᠭᠦᠷᠡᠰᠦᠲᠥ᠋ᠷᠥᠭᠴᠢᠲᠦ ᠲᠦᠭᠦᠬᠡᠢ ᠮᠠᠲ᠋ᠧᠷᠢᠶᠠᠯ ᠪᠣᠯᠭᠠᠵᠤ᠂ ᠤᠯᠠᠮ ᠨᠢᠭᠡ ᠠᠯᠬᠤᠮ ᠲᠤᠨᠳᠠᠰᠤᠵᠢᠭᠤᠯᠬᠤ ᠡᠳ᠋ ᠤᠨ ᠬᠥᠰᠢᠵᠦ ᠤᠭᠰᠠᠷᠠᠬᠤ ᠮᠠᠶ᠋ᠢᠭ ᠤᠨ ᠬᠡᠰᠡᠭᠴᠢᠯᠡᠭᠰᠡᠨ ᠨᠡᠶᠢᠯᠡᠮᠡᠯ ᠲᠣᠨᠣᠭᠯᠠᠯ ᠢ ᠰᠤᠳᠤᠯᠤᠨ ᠪᠦᠲᠦᠭᠡᠵᠦ᠂ ᠠᠮᠮᠤᠨᠢ ᠶᠢᠨ ᠡᠬᠢ ᠪᠠᠶᠠᠯᠢᠭ ᠢ ᠵᠦᠢ ᠵᠣᠬᠢᠰᠲᠠᠢ᠂ ᠪᠦᠲᠦᠮᠵᠢᠲᠡᠶ ᠡᠷᠭᠢᠯᠳᠦᠭᠦᠯᠦᠨ ᠠᠰᠢᠭᠯᠠᠵᠤ᠂ ︽ᠲᠤᠷᠰᠢᠯᠲᠠ ᠶᠢᠨ ᠲᠠᠰᠤᠭ︾   ᠠᠴᠠ ︽ᠦᠢᠯᠡᠳᠪᠦᠷᠢᠯᠡᠯ ᠤᠨ ᠱᠤᠭᠤᠮ︾ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠪᠡᠶᠡᠯᠡᠭᠦᠯᠪᠠ᠃     ᠣᠶᠢᠯᠠᠭᠠᠭᠰᠠᠨ ᠢᠶᠠᠷ᠂ ᠲᠣᠰ ᠲᠣᠨᠣᠭᠯᠠᠯ ᠤᠨ ᠬᠤᠷᠠᠮᠳᠤᠯ ᠨᠢ ᠤᠯᠤᠰ ᠤᠨ ᠳᠣᠲᠣᠭᠠᠳᠤ ᠶᠢᠨ ᠠᠩᠬᠠᠨ ᠤ ᠡᠭᠦᠳᠦᠯᠲᠡ ᠳᠤ ᠲᠣᠭᠠᠴᠠᠭᠳᠠᠵᠤ᠂ ᠡᠳᠦᠷ ᠪᠦᠷᠢ 50 ᠲᠣᠨ ᠠᠴᠠ ᠳᠡᠭᠡᠭᠰᠢ ᠰᠢᠪᠲᠦᠷ ᠤᠨ ᠤᠰᠤ ᠶᠢ ᠬᠤᠪᠢᠷᠠᠭᠤᠯᠵᠤ ᠪᠣᠯᠬᠤ ᠤᠴᠢᠷ ᠠᠴᠠ ᠲᠡᠮᠦᠷᠯᠢᠭ ᠪᠣᠯᠪᠠᠰᠤᠷᠠᠭᠤᠯᠬᠤ ᠬᠤᠪᠢᠶᠠᠷᠢ ᠺᠣᠮᠫᠠᠨᠢ ︵ᠬᠤᠸᠠ ᠮᠧᠶ ᠺᠣᠮᠫᠠᠨᠢ︶ ᠶᠢᠨ ᠠᠮᠮᠤᠨᠢ ᠶᠢᠨ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠠᠵᠤ ᠠᠬᠤᠢ ᠪᠠ ᠣᠷᠴᠢᠨ ᠠᠬᠤᠢ ᠶᠢᠨ ᠰᠠᠶᠢᠨ ᠦᠷ᠎ᠡ ᠠᠰᠢᠭ ᠢ ᠪᠡᠶᠡᠯᠡᠭᠦᠯᠵᠦ᠂ ᠬᠤᠪᠣᠷ ᠰᠢᠷᠣᠢ ᠶᠢᠨ ᠲᠡᠮᠦᠷᠯᠢᠭ ᠪᠣᠯᠪᠠᠰᠤᠷᠠᠭᠤᠯᠬᠤ ᠪᠥᠬᠦ ᠶᠠᠪᠤᠴᠠ ᠶᠢᠨ ᠰᠢᠪᠲᠦᠷ ᠤᠨ ᠡᠷᠭᠢᠯᠲᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠬᠠᠷᠠᠯᠲᠠ ᠶᠢ ᠤᠯᠠᠮ ᠨᠢᠭᠡ ᠠᠯᠬᠤᠮ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠣᠨ᠎ᠠ᠃ ᠣᠲᠣ ᠪᠣᠯᠲᠠᠯ᠎ᠠ᠂ ᠲᠣᠰ ᠵᠢᠱᠢᠶ᠎ᠡ ᠦᠵᠡᠭᠦᠯᠬᠦ ᠱᠤᠭᠤᠮ ᠦᠷᠭᠦᠯᠵᠢᠯᠡᠨ ᠠᠵᠢᠯᠯᠠᠵᠤ᠂ ᠲᠣᠨᠤᠭ ᠲᠥᠬᠦᠭᠡᠷᠦᠮᠵᠢ ᠶᠢᠨ ᠠᠵᠢᠯᠯᠠᠭᠠᠨ ᠰᠠᠶᠢᠨ ᠪᠠᠶᠢᠵᠤ᠂ ᠦᠢᠯᠡᠳᠪᠦᠷᠢᠯᠡᠭᠰᠡᠨ ᠦᠢᠯᠡᠳᠬᠦᠨ ᠨᠢ ᠬᠢᠷᠢ ᠲᠡᠩᠴᠡᠵᠦ᠂ ᠨᠢᠭᠡᠨᠲᠡ ᠬᠡᠪ ᠤᠨ ᠪᠠᠶᠢᠳᠠᠯ ᠢᠶᠠᠷ ᠠᠰᠢᠭᠯᠠᠯᠲᠠ ᠳᠤ ᠣᠷᠣᠭᠰᠠᠨ ᠪᠠᠶᠢᠨ᠎ᠠ᠃    ᠳᠠᠷᠠᠭ᠎ᠠ ᠶᠢᠨ ᠠᠯᠬᠤᠮ ᠳᠤ᠂ ᠳᠤᠮᠳᠠᠳᠤ ᠤᠯᠤᠰ ᠤᠨ ᠤᠮᠠᠷᠠᠲᠤ ᠶᠢᠨ ᠬᠤᠪᠣᠷ ᠰᠢᠷᠣᠢ ᠦᠷᠭᠦᠯᠵᠢᠯᠡᠨ ︽ᠳᠥᠷᠪᠡᠨ ᠲᠠᠯ᠎ᠠ︾ ᠳᠤ ᠬᠠᠨᠳᠤᠭᠤᠯᠤᠭᠰᠠᠨ ᠪᠠᠶᠢᠷᠢᠯᠠᠭᠤᠯᠤᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠪᠡᠷᠬᠡ ᠰᠡᠳᠦᠪ ᠢ ᠰᠢᠢᠳᠪᠦᠷᠢᠯᠡᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠶᠢ ᠪᠠᠷᠢᠮᠲᠠᠯᠠᠵᠤ ᠂ ᠵᠠᠬ᠎ᠠ ᠳᠡᠯᠭᠡᠭᠦᠷ ᠤᠨ ᠲᠤᠬᠠᠢ ᠶᠢᠨ ᠲᠠᠯᠠᠪᠤᠷ ᠤᠨ ᠲᠣᠭᠤᠷᠢᠨ ᠳᠤ ᠰᠢᠨ᠎ᠡ ᠶᠢ ᠡᠭᠦᠳᠬᠦ ᠦᠷ᠎ᠡ ᠪᠦᠲᠦᠮᠵᠢ ᠣᠯᠬᠤ ᠴᠢᠳᠠᠪᠤᠷᠢ ᠶᠢ ᠳᠡᠭᠡᠭᠰᠢᠯᠡᠭᠦᠯᠵᠦ᠂ ᠬᠦᠴᠦᠨ ᠢᠶᠠᠨ ᠲᠥᠪᠯᠡᠷᠡᠭᠦᠯᠦᠨ ᠠᠵᠤ ᠠᠬᠤᠶᠢᠯᠠᠯ ᠤᠨ ︽ᠪᠣᠭᠤᠮᠢᠯᠠᠭᠰᠠᠨ︾ ᠠᠰᠠᠭᠤᠳᠠᠯ ᠢ ᠰᠢᠢᠳᠪᠦᠷᠢᠯᠡᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠨ ᠪᠡᠶᠡᠯᠡᠭᠦᠯᠵᠦ᠂ ᠳᠡᠯᠡᠬᠡᠢ ᠶᠢᠨ ᠲᠡᠷᠢᠭᠦᠨ ᠤ ᠬᠤᠪᠣᠷ ᠰᠢᠷᠣᠢ ᠶᠢᠨ ᠳᠠᠭᠠᠭᠤᠯᠤᠭᠴᠢ ᠠᠵᠤ ᠠᠬᠤᠶᠢᠯᠠᠯ ᠢ ᠴᠣᠭᠴᠠᠯᠠᠬᠤ᠂ ︽ᠬᠤᠶᠠᠷ ᠬᠤᠪᠣᠷ ᠰᠢᠷᠣᠢ ᠶᠢᠨ ᠰᠠᠭᠤᠷᠢᠨ︾ ᠢ ᠪᠦᠲᠦᠭᠡᠨ ᠪᠠᠶᠢᠭᠤᠯᠬᠤ ᠭᠤᠣᠯ ᠬᠦᠴᠦᠨ ᠴᠡᠷᠢᠭ ᠪᠣᠯᠬᠤ ᠳᠤ ᠬᠦᠴᠦᠷᠬᠡᠭ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠬᠥᠳᠡᠯᠭᠡᠬᠦ ᠬᠦᠴᠦᠨ ᠨᠡᠮᠡᠷᠢᠯᠡᠨ᠎ᠡ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号