ᠸᠠᠨ ᠱᠦᠢ ᠴᠢᠤᠸᠠᠨ ᠪᠠᠯᠭᠠᠰᠤ 2024 ᠣᠨ ᠤ ︽ᠠᠮᠤᠷ ᠲᠦᠪᠰᠢᠨ ᠤ ᠤᠬᠠᠭᠤᠯᠭ᠎ᠠ ᠶᠢᠨ ᠰᠠᠷ᠎ᠠ︾ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠣᠯᠪᠠᠰᠤᠷᠠᠯ ᠤᠨ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/6/13
     ᠸᠠᠨ ᠱᠦᠢ ᠴᠢᠤᠸᠠᠨ ᠪᠠᠯᠭᠠᠰᠤᠨ ᠤ ᠠᠮᠤᠷ ᠲᠦᠪᠰᠢᠨ ᠤ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠴᠢᠩᠭᠠᠳᠬᠠᠵᠤ᠂ ᠪᠥᠬᠦ ᠪᠠᠯᠭᠠᠰᠤᠨ ᠤ ᠠᠷᠠᠳ ᠲᠦᠮᠡᠨ ᠤ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ︾  ᠶᠢ ᠪᠠᠲᠤᠯᠠᠬᠤ ᠶᠢᠨ ᠲᠥᠯᠥᠭᠡ᠂ 6 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠸᠠᠨ ᠱᠦᠶ ᠴᠢᠤᠸᠠᠨ ᠪᠠᠯᠭᠠᠰᠤ ᠬᠠᠷᠢᠶᠠᠲᠤ ᠣᠷᠣᠨ ᠤ ᠪᠠᠨ ᠲᠣᠣᠷᠵᠢᠭᠤᠯᠤᠭᠴᠢ᠂ ᠠᠮᠤᠷ ᠲᠦᠪᠰᠢᠨ ᠤ ᠬᠢᠨᠠᠭᠴᠢ᠂ ᠬᠠᠮᠢᠶ᠎ᠠ ᠪᠥᠬᠦᠶ ᠠᠵᠢᠯᠲᠠᠨ ᠪᠣᠯᠤᠨ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠸᠠᠨ ᠴᠢᠤᠸᠠᠨ ᠵᠢᠶᠠ ᠶᠤᠸᠠᠨ ᠨᠡᠶᠢᠭᠡᠮ ᠲᠣᠭᠤᠷᠢᠭ ᠲᠤ ᠬᠦᠷᠴᠦ᠂ 2024 ᠣᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠪᠣᠯᠪᠠᠰᠤᠷᠠᠭᠤᠯᠤᠯ ᠤᠨ ᠬᠤᠷᠠᠯ ᠥᠷᠨᠢᠭᠦᠯᠵᠦ᠂ ᠬᠤᠷᠠᠯ ᠠᠴᠠ ᠪᠤᠭᠤᠲᠤ ᠬᠤᠲᠠ ᠶᠢᠨ ᠰᠢᠲᠠᠮᠠᠬᠠᠶ ᠬᠡᠶ ᠶᠢᠨ ᠬᠢᠵᠠᠭᠠᠷᠲᠤ ᠺᠣᠮᠫᠠᠨᠢ ᠶᠢᠨ ᠺᠦᠨ ᠭᠤᠤ ᠬᠤᠪᠢᠶᠠᠷᠢ ᠺᠣᠮᠫᠠᠨᠢ ᠶᠢᠨ ᠠᠮᠤᠷ ᠲᠦᠪᠰᠢᠨ ᠤ ᠪᠣᠯᠪᠠᠰᠤᠷᠠᠭᠤᠯᠤᠯ ᠤᠨ ᠯᠧᠺᠲ᠋ᠣᠷ ᠢ ᠤᠷᠢᠵᠤ ᠪᠣᠯᠪᠠᠰᠤᠷᠠᠭᠤᠯᠤᠯ ᠬᠢᠵᠦ᠂ ᠠᠵᠢᠯᠲᠠᠨ ᠪᠣᠯᠤᠨ ᠥᠷᠭᠡᠨ ᠣᠯᠠᠨ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠠᠮᠤᠷ ᠲᠦᠪᠰᠢᠨ ᠢᠶᠠᠷ ᠰᠢᠲᠠᠮᠠᠬᠠᠶ ᠬᠡᠶ ᠬᠡᠷᠡᠭᠯᠡᠬᠦ ᠦᠵᠡᠯ ᠤᠬᠠᠮᠰᠠᠷ ᠪᠣᠯᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠨᠢ ᠦᠨᠡᠨ ᠬᠦ ᠳᠡᠭᠡᠭᠰᠢᠯᠡᠭᠦᠯᠪᠡ᠃     ᠲᠠᠶᠢᠯᠤᠮᠵᠢ ᠶᠢᠨ ᠲᠤᠬᠠᠢ ᠶᠢᠨ ᠲᠠᠯᠠᠪᠠᠢ ᠳᠤ᠂ ᠵᠢᠶᠠ ᠴᠤᠤ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠬᠡᠢ ᠶᠢᠨ ᠰᠠᠭᠤᠷᠢ ᠮᠡᠳᠡᠯᠭᠡ ᠶᠢ ᠨᠠᠷᠢᠨ ᠲᠠᠶᠢᠯᠪᠤᠷᠢᠯᠠᠵᠤ᠂ ᠥᠷᠭᠡᠨ ᠤᠯᠠᠨ ᠰᠢᠲᠠᠮᠠᠬᠠᠢ ᠬᠡᠢ ᠬᠡᠷᠡᠭᠯᠡᠬᠦ ᠡᠷᠦᠬᠡ ᠳᠤ ᠰᠢᠲᠠᠮᠠᠬᠠᠢ ᠬᠡᠢ ᠬᠡᠷᠡᠭᠯᠡᠬᠦ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠤᠷᠢᠳᠴᠢᠯᠠᠨ ᠰᠡᠷᠭᠡᠶᠢᠯᠡᠪᠡ᠃ ᠨᠢᠭᠡ ᠳᠤ ᠡᠷᠬᠡᠪᠰᠢ ᠵᠢᠩᠬᠢᠨᠢ ᠰᠢᠲᠠᠮᠠᠬᠠᠶ ᠬᠡᠶ ᠶᠢᠨ ᠡᠵᠡᠩᠨᠡᠯᠲᠡ ᠶᠢᠨ ᠠᠵᠤ ᠠᠬᠤᠶᠢᠯᠠᠯ ᠢ ᠰᠣᠩᠭᠤᠵᠤ᠂ ᠭᠤᠷᠢᠳᠠᠬᠤ ᠪᠣᠳᠣᠯ ᠢ ᠲᠠᠰᠤ ᠵᠣᠭᠰᠣᠭᠠᠵᠤ᠂ ︽ᠬᠠᠷ᠎ᠠ ᠬᠡᠶ︾ ᠶᠢ ᠡᠷᠡᠰ ᠬᠡᠷᠡᠭᠯᠡᠬᠦ ᠥᠬᠡᠶ︔ ᠬᠤᠶᠠᠷ ᠲᠤ᠂ ᠰᠢᠲᠠᠮᠠᠬᠠᠶ ᠬᠡᠶ ᠶᠢ ᠬᠡᠷᠡᠭᠯᠡᠬᠦ ᠳᠤ ︽ᠬᠥᠮᠦᠨ ᠨᠢ ᠭᠠᠯ ᠤᠨᠲᠠᠷᠠᠭᠠᠭᠰᠠᠨ︾ ᠠᠮᠤᠷ ᠲᠦᠪᠰᠢᠨ ᠤ ᠳᠦᠷᠢᠮ ᠢ ᠵᠢᠷᠤᠮᠯᠠᠬᠤ ᠬᠡᠷᠡᠭᠲᠡᠶ︔ ᠰᠢᠲᠠᠮᠠᠬᠠᠶ ᠬᠡᠶ ᠶᠢ ᠬᠡᠷᠡᠭᠯᠡᠵᠦ ᠪᠠᠷᠠᠭᠰᠠᠨ ᠤ ᠳᠠᠷᠠᠭ᠎ᠠ᠂ ᠡᠷᠬᠡᠪᠰᠢ ᠰᠢᠲᠠᠮᠠᠬᠠᠶ ᠬᠡᠢ ᠶᠢᠨ ᠨᠡᠭᠡᠭᠡᠯᠭᠡ ᠶᠢ ᠬᠠᠭᠠᠬᠤ ᠬᠡᠷᠡᠭᠲᠡᠶ︔ ᠳᠥᠷᠪᠡ ᠳᠤ ᠰᠢᠲᠠᠮᠠᠬᠠᠶ ᠬᠡᠢ ᠭᠤᠭᠤᠵᠢᠬᠤ ᠪᠠ ᠭᠠᠯ ᠭᠠᠷᠬᠤ ᠳᠠᠭᠠᠨ ᠬᠤᠭᠤᠯᠠᠶ ᠶᠢᠨ ᠨᠡᠭᠡᠯᠡᠭᠡᠢ᠂ ᠯᠣᠩᠬᠤ ᠨᠡᠭᠡᠯᠡᠭᠡᠢ ᠶᠢ ᠬᠠᠭᠠᠵᠤ᠂ ᠪᠣᠶ ᠪᠥᠬᠦᠶ ᠡᠭᠦᠳᠡ ᠴᠣᠩᠬᠤ ᠶᠢ ᠨᠡᠭᠡᠭᠡᠵᠦ᠂ ᠴᠠᠬᠢᠯᠭᠠᠨ ᠬᠡᠷᠡᠭᠰᠡᠯ ᠪᠠ ᠭᠠᠯ ᠤᠨ ᠡᠬᠢ ᠰᠤᠷᠪᠤᠯᠵᠢ ᠶᠢ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠭᠡᠷ ᠤᠨ ᠭᠠᠳᠠᠨ᠎ᠠ ᠤᠲᠠᠰᠤᠳᠠᠬᠤ ᠬᠡᠷᠡᠭᠲᠡᠶ︔ ᠲᠠᠪᠤ ᠳᠤ᠂ ᠭᠠᠯ ᠤᠨᠲᠠᠷᠠᠭᠠᠭᠤᠷ ᠢ ᠳᠠᠷᠦ᠋ᠢᠬᠠᠨ ᠬᠡᠷᠡᠭᠯᠡᠨ ᠭᠠᠯ ᠤᠨᠲᠠᠷᠠᠭᠠᠬᠤ ᠶᠢᠨ ᠬᠠᠮᠲᠤ ᠭᠡᠷ ᠤᠨ ᠭᠠᠳᠠᠨ᠎ᠠ ᠤᠲᠠᠰᠤᠳᠠᠵᠤ︽119︾ ᠵᠢᠴᠢ ᠬᠡᠢ ᠬᠠᠩᠭᠠᠬᠤ ᠠᠵᠤ ᠠᠬᠤᠶᠢᠯᠠᠯ ᠤᠨ ᠠᠶᠤᠯ ᠠᠴᠠ ᠠᠪᠤᠷᠠᠬᠤ ᠤᠲᠠᠰᠤ ᠪᠠᠷ ᠠᠪᠤᠷᠠᠯᠲᠠ ᠬᠢᠬᠦ ᠬᠡᠷᠡᠭᠲᠡᠶ᠃      ᠲᠣᠰ ᠤᠳᠠᠭᠠᠨ ᠤ ᠤᠬᠠᠭᠤᠯᠭ᠎ᠠ ᠶᠢᠨ ᠲᠠᠶᠢᠯᠤᠮᠵᠢ ᠶᠢ ᠥᠷᠨᠢᠭᠦᠯᠬᠦ ᠪᠠᠷ ᠳᠠᠮᠵᠢᠭᠤᠯᠤᠨ᠂ ᠰᠠᠶᠢᠨ ᠰᠠᠶᠢᠬᠠᠨ ᠰᠢᠲᠠᠮᠠᠬᠠᠶ ᠬᠡᠶ ᠶᠢᠨ ᠬᠦᠷᠢᠶᠡᠨ ᠳᠠᠬᠢ ᠠᠮᠤᠷ ᠲᠦᠪᠰᠢᠨ ᠤ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠢᠶᠠᠷ ᠢᠶᠠᠨ ᠰᠢᠲᠠᠮᠠᠬᠠᠶ ᠬᠡᠶ ᠬᠡᠷᠡᠭᠯᠡᠬᠦ ᠠᠮᠤᠷ ᠲᠦᠪᠰᠢᠨ ᠤ ᠦᠵᠡᠯ ᠤᠬᠠᠮᠰᠠᠷ ᠪᠠ ᠬᠠᠮᠢᠶᠠᠷᠤᠯᠲᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠸᠠᠨ ᠱᠦᠢ ᠴᠢᠤᠸᠠᠨ ᠪᠠᠯᠭᠠᠰᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠤᠬᠠᠭᠤᠯᠭ᠎ᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠤᠬᠠᠭᠤᠯᠭ᠎ᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠰᠢᠲᠠᠮᠠᠬᠠᠢ ᠬᠡᠢ ᠶᠢ ᠠᠮᠤᠷ ᠲᠦᠪᠰᠢᠨ ᠢᠶᠠᠷ ᠬᠡᠷᠡᠭᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠬᠤ ᠶᠢ ᠠᠬᠢᠭᠤᠯᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠡᠯ᠎ᠡ ᠵᠦᠢᠯ ᠤᠨ ᠭᠡᠮ ᠰᠣᠭᠤᠭ ᠢ ᠴᠠᠭ ᠲᠤᠬᠠᠢ ᠳᠤᠨᠢ ᠰᠡᠷᠭᠡᠶᠢᠯᠡᠨ ᠠᠷᠢᠯᠭᠠᠵᠤ᠂ ᠰᠠᠭᠤᠭᠠᠯᠢ ᠠᠷᠠᠳ ᠤᠨ ᠰᠢᠲᠠᠮᠠᠬᠠᠢ ᠬᠡᠢ ᠶᠢ ᠵᠢᠷᠤᠮᠵᠢᠯ ᠲᠠᠢ ᠠᠮᠤᠷ ᠲᠦᠪᠰᠢᠨ ᠢᠶᠠᠷ ᠬᠡᠷᠡᠭᠯᠡᠬᠦ ᠶᠢ ᠪᠠᠲᠤᠯᠠᠨ᠎ᠠ᠃
 
ᠢᠷᠡᠯᠲᠡ᠄ ᠸᠠᠨ ᠱᠦᠢ ᠴᠢᠤᠸᠠᠨ‌‍ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号