ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠠᠵᠢᠯ ᠢ ᠪᠣᠳᠠᠲᠠᠢ ᠦᠷ᠎ᠡ ᠪᠦᠲᠦᠮᠵᠢ ᠲᠠᠢ ᠪᠥᠭᠡᠳ ᠵᠦᠢ ᠵᠣᠬᠢᠰᠲᠠᠢ ᠪᠠᠷ ᠬᠡᠷᠡᠭᠯᠡᠵᠦ ᠬᠠᠷᠢᠭᠤ ᠥᠭᠬᠦ ᠰᠡᠳᠬᠢᠬᠦᠢ ᠪᠠᠷ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠮᠵᠢᠯᠲᠠ ᠲᠠᠢ ᠪᠠᠷ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/6/13
    ᠬᠦᠩ ᠴᠢᠩ ᠲᠠᠪᠤᠳᠤᠭᠠᠷ ᠠᠩᠭᠢ ᠶᠢᠨ ᠰᠠᠭᠤᠭᠠᠯᠢ ᠠᠷᠠᠳ ᠴᠢ ᠣᠪᠣᠭᠲᠤ 2015 ᠣᠨ ᠠᠴᠠ ᠣᠳᠣ ᠪᠣᠯᠲᠠᠯ᠎ᠠ ᠭᠠᠵᠠᠷ ᠰᠢᠷᠣᠢ ᠪᠠᠨ ᠪᠤᠴᠠᠭᠠᠭᠰᠠᠨ ᠤ ᠨᠥᠬᠦᠪᠦᠷᠢ ᠶᠢᠨ ᠠᠰᠠᠭᠤᠳᠠᠯ ᠠᠴᠠ ᠪᠣᠯᠵᠤ ᠣᠯᠠᠨ ᠤᠳᠠᠭ᠎ᠠ ᠵᠠᠬᠢᠳᠠᠯ ᠰᠣᠷᠪᠤᠯᠵᠢᠯᠠᠭ᠎ᠠ ᠬᠢᠵᠡᠢ᠂ ᠲᠤᠰ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠤᠨ ᠴᠠᠭ ᠨᠢ ᠤᠷᠲᠤ᠂ ᠰᠢᠢᠳᠪᠦᠷᠢᠯᠡᠬᠦ ᠳᠤ ᠮᠠᠰᠢ ᠬᠦᠴᠢᠷᠲᠡᠢ᠃
   2023 ᠣᠨ ᠤ 12 ᠰᠠᠷ᠎ᠠ ᠶᠢᠨ 5 ᠤ ᠡᠳᠦᠷ᠂ ᠴᠢ ᠣᠪᠣᠭᠲᠤ ᠰᠡᠳᠬᠢᠯ ᠳᠣᠭᠳᠣᠯᠤᠨ ᠲᠣᠭᠤᠭᠠᠨᠪᠣᠯᠠᠭ ᠪᠠᠯᠭᠠᠰᠤᠨ ᠤ ᠵᠠᠰᠠᠭ ᠤᠨ ᠣᠷᠳᠣᠨ ᠳᠤ ᠳᠠᠬᠢᠨᠲᠠ ᠬᠦᠷᠴᠦ ᠠᠰᠠᠭᠤᠳᠠᠯ ᠢ ᠲᠤᠰᠬᠠᠪᠠ᠂  ᠲᠣᠭᠤᠭᠠᠨᠪᠣᠯᠠᠭ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠨ ᠪᠥᠭᠡᠳ ᠠᠮᠣᠷ ᠲᠦᠪᠰᠢᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ ᠳ᠋ᠦ᠋ ᠽᠠᠢ ᠫᠢᠩ ᠢ ᠣᠷᠣᠯᠠᠨ ᠭᠦᠢᠴᠡᠳᠭᠡᠭᠴᠢ ᠪᠠᠷ ᠲᠣᠮᠢᠯᠠᠪᠠ᠃ ᠣᠷᠣᠯᠠᠨ ᠭᠦᠢᠴᠡᠳᠬᠡᠬᠦ ᠬᠡᠷᠡᠭ ᠢ ᠬᠦᠯᠢᠶᠡᠨ ᠠᠪᠤᠭᠰᠠᠨ ᠤ ᠳᠠᠷᠠᠭ᠎ᠠ᠂ ᠣᠷᠣᠯᠠᠨ ᠭᠦᠢᠴᠡᠳᠭᠡᠭᠴᠢ ᠠᠴᠠ ᠪᠣᠯᠵᠣᠵᠤ ᠳᠣᠷᠣᠭᠰᠢ ᠪᠠᠭᠤᠵᠤ ᠰᠤᠷᠪᠤᠯᠵᠢᠯᠠᠬᠤ ᠠᠵᠢᠯ ᠢ ᠢᠳᠡᠪᠬᠢᠲᠡᠢ ᠥᠷᠨᠢᠭᠦᠯᠵᠦ᠂ ᠴᠢ ᠣᠪᠣᠭᠲᠤ ᠶᠢᠨ ᠭᠡᠷ ᠲᠤ ᠭᠦᠨᠵᠡᠭᠡᠶᠢᠷᠡᠨ᠂ ᠵᠣᠭᠤᠭ ᠳᠡᠯᠭᠡᠵᠦ ᠣᠶᠢᠷᠠᠲᠤᠭᠤᠯᠬᠤ ᠪᠠᠷ ᠳᠠᠮᠵᠢᠭᠤᠯᠤᠨ᠂ ᠲᠡᠳᠡᠨ ᠤ ᠢᠳᠡᠵᠦ ᠡᠮᠦᠰᠬᠦ ᠶᠠᠪᠤᠵᠤ ᠰᠠᠭᠤᠬᠤ ᠶᠢ ᠬᠠᠯᠠᠮᠵᠢᠯᠠᠵᠤ᠂ ᠲᠡᠳᠡᠨ ᠲᠠᠢ ᠲᠦᠷᠦ ᠶᠢᠨ ᠪᠣᠳᠣᠯᠭ᠎ᠠ ᠶᠢ ᠶᠠᠷᠢᠵᠤ᠂ ᠬᠥᠲᠥᠯᠥᠨ ᠵᠢᠯᠤᠭᠤᠳᠬᠤ ᠠᠵᠢᠯ ᠢ ᠬᠦᠯᠢᠴᠡᠩᠭᠦᠢ ᠪᠠᠷ ᠥᠷᠨᠢᠭᠦᠯᠪᠡ᠃ ᠪᠠᠶᠢᠴᠠᠭᠠᠯᠲᠠ ᠶᠢᠨ ᠬᠤᠭᠤᠴᠠᠭᠠᠨ ᠳᠤ᠂ ᠣᠷᠣᠯᠠᠨ ᠭᠦᠢᠴᠡᠳᠭᠡᠭᠴᠢ ᠪᠤᠭᠤᠲᠤ ᠬᠤᠲᠠ ᠶᠢᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠲᠠᠪᠤᠳᠤᠭᠠᠷ ᠬᠤᠪᠢᠶᠠᠷᠢ ᠺᠣᠮᠫᠠᠨᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠡᠬᠢ ᠪᠠᠶᠠᠯᠢᠭ ᠣᠷᠴᠢᠨ ᠲᠣᠭᠤᠷᠢᠨ ᠤ ᠦᠢᠯᠡᠰ ᠤᠨ ᠬᠥᠭᠵᠢᠯᠲᠡ ᠶᠢᠨ ᠲᠥᠪ ᠲᠠᠢ ᠬᠠᠷᠢᠯᠴᠠᠵᠤ᠂ ᠴᠢ ᠣᠪᠣᠭᠲᠤ ᠶᠢᠨ ᠭᠠᠵᠠᠷ ᠰᠢᠷᠣᠢ ᠳᠤ ᠲᠤᠬᠠᠢ ᠶᠢᠨ ᠭᠠᠵᠠᠷ ᠪᠣᠯᠣᠨ ᠳᠠᠭᠠᠭᠤᠯᠢ ᠣᠳᠣᠨ ᠤ ᠵᠢᠷᠤᠭ ᠤᠨ ᠬᠠᠷᠢᠴᠠᠭᠤᠯᠤᠯ ᠬᠡᠮᠵᠢᠯᠲᠡ ᠬᠢᠵᠦ᠂ ᠭᠠᠵᠠᠷ ᠰᠢᠷᠣᠢ ᠳᠡᠭᠡᠷᠡᠬᠢ ᠪᠣᠳᠠᠰ ᠢ ᠬᠠᠷᠢᠴᠠᠭᠤᠯᠤᠨ ᠪᠠᠶᠢᠴᠠᠭᠠᠵᠤ ᠬᠢᠨᠠᠨ ᠬᠠᠷᠭᠤᠭᠤᠯᠤᠭᠠᠳ᠂ ᠣᠷᠣᠨ ᠤ ᠬᠠᠮᠲᠤᠷᠠᠭᠰᠠᠨ ᠰᠣᠷᠪᠤᠯᠵᠢᠯᠠᠭ᠎ᠠ ᠬᠦᠯᠢᠶᠡᠬᠦ ᠲᠥᠪ ᠠᠴᠠ ᠣᠯᠠᠨ ᠤᠳᠠᠭ᠎ᠠ ᠵᠣᠬᠢᠴᠠᠭᠤᠯᠬᠤ ᠬᠤᠷᠠᠯ ᠬᠢᠵᠦ᠂ ᠡᠴᠦᠰ ᠲᠡᠭᠡᠨ 2024 ᠣᠨ ᠤ 5 ᠰᠠᠷ᠎ᠠ ᠶᠢᠨ 16 ᠤ ᠡᠳᠦᠷ ᠴᠢ ᠣᠪᠣᠭᠲᠤ ᠰᠢᠢᠳᠪᠦᠷᠢᠯᠡᠬᠦ ᠲᠥᠰᠥᠯ ᠢ ᠵᠥᠪᠰᠢᠶᠡᠷᠡᠵᠦ᠂ ᠭᠠᠵᠠᠷ ᠰᠢᠷᠣᠢ ᠪᠠᠨ ᠪᠤᠴᠠᠭᠠᠭᠰᠠᠨ ᠤ ᠨᠥᠬᠦᠪᠦᠷᠢ ᠥᠭᠬᠦ ᠬᠡᠯᠡᠯᠴᠡᠭᠡᠷ ᠪᠠ ᠵᠠᠭᠠᠯᠳᠤᠯᠭ᠎ᠠ ᠪᠠᠨ ᠵᠣᠭᠰᠣᠭᠠᠨ ᠰᠣᠷᠪᠤᠯᠵᠢᠯᠠᠭ᠎ᠠ ᠬᠦᠯᠢᠶᠡᠬᠦ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃
    ᠳᠠᠷᠠᠭᠠᠴᠢ ᠶᠢᠨ ᠠᠯᠬᠤᠮ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠦᠷᠭᠦᠯᠵᠢᠯᠡᠨ ᠰᠦᠪᠡᠭᠴᠢᠯᠡᠨ ᠲᠡᠭᠦᠯᠳᠡᠷᠵᠢᠭᠦᠯᠵᠦ᠂ ᠠᠵᠢᠯ ᠤᠨ ᠳᠤᠮᠳᠠᠬᠢ ᠰᠠᠶᠢᠨ ᠲᠤᠷᠰᠢᠯᠭ᠎ᠠ ᠠᠷᠭ᠎ᠠ ᠬᠢᠳᠡᠯ ᠢᠶᠠᠨ ᠳ᠋ᠦᠩᠨᠡᠵᠦ᠂ ᠪᠥᠬᠦ ᠲᠠᠯ᠎ᠠ ᠪᠠᠷ ᠳᠡᠯᠭᠡᠷᠡᠭᠦᠯᠦᠨ᠂ ᠪᠥᠬᠦ ᠶᠠᠪᠤᠴᠠ ᠳᠤ ᠣᠷᠣᠯᠠᠨ ᠭᠦᠢᠴᠡᠳᠬᠡᠵᠦ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠤ ᠳᠡᠭᠡᠭᠰᠢ ᠰᠤᠷᠪᠤᠯᠵᠢᠯᠠᠬᠤ ᠶᠢ ᠬᠦᠯᠢᠶᠡᠵᠦ ᠪᠠᠶᠢᠭᠰᠠᠨ ᠢᠶᠠᠷ ᠣᠯᠠᠨ ᠲᠦᠮᠡᠨ ᠢ ᠣᠷᠣᠯᠠᠨ ᠭᠦᠢᠴᠡᠳᠬᠡᠵᠦ᠂ ᠰᠠᠨᠠᠭᠠᠴᠢᠯᠠᠭ᠎ᠠ ᠦᠭᠡᠢ ᠪᠠᠷ ᠵᠥᠷᠢᠴᠡᠯ ᠢ ᠨᠠᠮᠳᠠᠭᠤᠯᠬᠤ ᠪᠠᠷ ᠰᠠᠨᠠᠭᠠᠴᠢᠯᠠᠭ᠎ᠠ   ᠠᠴᠠ ᠪᠠᠨ ᠠᠰᠠᠭᠤᠳᠠᠯ ᠢ ᠰᠢᠢᠳᠪᠦᠷᠢᠯᠡᠬᠦ ᠶᠢ ᠪᠡᠶᠡᠯᠡᠭᠦᠯᠵᠦ᠂ ︽ᠪᠠᠭ᠎ᠠ ᠶᠠᠪᠤᠳᠠᠯ ᠢ ᠲᠣᠰᠬᠤᠨ  ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤ ᠠᠴᠠ ᠭᠠᠷᠭᠠᠬᠤ ᠦᠭᠡᠢ᠂ ᠬᠤᠰᠢᠭᠤ ᠰᠢᠶᠠᠨ ᠲᠣᠭᠤᠷᠢᠭ ᠲᠤ ᠰᠢᠢᠳᠪᠦᠷᠢᠯᠡᠬᠦ︾ ᠰᠠᠶᠢᠨ ᠰᠠᠶᠢᠬᠠᠨ ᠠᠵᠢᠯ ᠤᠨ ᠲᠣᠭᠳᠠᠴᠨ ᠶᠢ ᠪᠣᠶ ᠪᠣᠯᠭᠠᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号