ᠨᠢᠭᠡ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠣᠪᠴᠢ | ᠲᠠᠨᠢᠯᠴᠠᠭᠤᠯᠭ᠎ᠠ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ 1990 ᠣᠨ ᠳᠤ ᠪᠠᠶᠢᠭᠤᠯᠤᠭᠳᠠᠵᠤ᠂ | 1992 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ | ᠣᠷᠣᠨ ᠢᠶᠠᠷ ᠵᠥᠪᠰᠢᠶᠡᠷᠡᠭᠳᠡᠵᠦ᠂ ᠬᠠᠷᠢᠶ᠎ᠠ ᠣᠷᠣᠨ ᠤ ᠲᠥᠯᠥᠪᠵᠢᠭᠦᠯᠦᠭᠰᠡᠨ ᠲᠠᠯᠠᠪᠠᠶ ᠨᠢ 112.4 ᠲᠡᠭᠰᠢ | ᠳᠥᠷᠪᠡᠯᠵᠢᠨ ᠺᠢᠯᠣᠮᠧᠲᠷ ᠪᠠᠶᠢᠵᠤ᠂ ᠪᠠᠶᠢᠭᠤᠯᠤᠭᠰᠠᠨ ᠲᠣᠭᠤᠷᠢᠭ᠂ ᠬᠦᠰᠡᠯᠡᠩᠲᠦ ᠬᠦᠷᠢᠶᠡᠯᠡᠩ ᠲᠣᠭᠤᠷᠢᠭ᠂ ᠪᠢᠨ | ᠾᠧ ᠰᠢᠨ᠎ᠡ ᠲᠣᠭᠤᠷᠢᠭ ᠵᠡᠷᠭᠡ ᠭᠤᠷᠪᠠᠨ ᠣᠷᠣᠨ ᠪᠦᠰᠡ ᠪᠠᠷ ᠪᠦᠷᠢᠯᠳᠦᠵᠦ᠂ ᠪᠠᠶᠢᠩᠭᠤ ᠰᠠᠭᠤᠭ᠎ᠠ ᠬᠥᠮᠥᠨ ᠠᠮᠠ | ᠨᠢ 18.4 ᠲᠦᠮᠡ ᠪᠠᠶᠢᠨ᠎ᠠ᠃ ᠤᠷᠢᠳ ᠬᠤᠵᠢᠳ ︽ᠤᠯᠤᠰ ᠤᠨ ᠲᠠᠰ ᠤᠨ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ︽ᠤᠯᠤᠰ ᠤᠨ ᠲᠠᠰ ᠤᠨ ᠪᠣᠬᠢᠷᠲᠤᠯ ᠦᠭᠡᠢ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ︾ ᠵᠡᠷᠭᠡ 27 ᠤᠯᠤᠰ ᠤᠨ ᠲᠠᠰ ᠤᠨ ᠰᠠᠭᠤᠷᠢᠨ ᠭᠠᠵᠠᠷ ᠢᠶᠠᠷ | ᠦᠨᠡᠯᠡᠭᠳᠡᠪᠡ᠃ ᠣᠳᠣᠬᠠᠨ ᠳᠤ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ 322 ᠪᠠᠶᠢᠵᠤ᠂ ᠪᠥᠬᠦ | ᠬᠤᠲᠠ ᠶᠢᠨ 20.4% ᠶᠢ ᠡᠵᠡᠯᠡᠵᠦ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠬᠥᠩᠭᠡᠨ ᠴᠠᠭᠠᠨ ᠵᠡᠰ ᠢ | ᠨᠠᠷᠢᠯᠢᠭ ᠪᠣᠯᠪᠠᠰᠤᠷᠠᠭᠤᠯᠬᠤ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠡᠨᠧᠷᠭᠢ ᠵᠡᠷᠭᠡ | ᠳᠥᠷᠪᠡᠨ ᠶᠡᠭᠡ ᠭᠤᠣᠯᠯᠠᠬᠤ ᠠᠵᠤ ᠦᠢᠯᠡᠰ ᠢ ᠪᠣᠶ ᠪᠣᠯᠭᠠᠪᠠ᠃ | ᠬᠤᠶᠠᠷ᠂ ᠰᠢᠨ᠎ᠡ ᠡᠨᠧᠷᠭᠢ ᠶᠢᠨ ᠠᠵᠤ ᠦᠢᠯᠡᠰ ᠤᠨ ᠣᠳᠣᠬᠢ ᠪᠠᠶᠢᠳᠠᠯ | ᠣᠶᠢᠷ᠎ᠠ ᠶᠢᠨ ᠵᠢᠯ ᠠᠴᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠰᠢᠨ᠎ᠡ | ᠡᠨᠧᠷᠭᠢ ᠶᠢᠨ ᠤᠷᠤᠯᠳᠤᠭᠠᠨ ᠤ ᠵᠠᠮ ᠢ ᠠᠮᠵᠢᠵᠤ᠂ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠭᠰᠠᠨ ᠪᠠᠶᠢᠨ᠎ᠠ᠃ | ᠱᠤᠸᠠᠩ ᠯᠢᠶᠠᠩ ᠪᠦᠯᠦᠭᠯᠡᠯ᠂ ᠰᠢᠦᠢ ᠶᠠᠩ ᠪᠦᠯᠦᠭᠯᠡᠯ᠂ ᠳ᠋ᠠᠯᠢᠶᠠᠨ ᠤ ᠬᠦᠨᠳᠦ ᠠᠵᠤ ᠦᠢᠯᠡᠳᠪᠦᠷᠢ᠂ ᠶᠢᠨ ᠹᠧᠩ | ᠰᠢᠨᠵᠢᠯᠡᠬᠦ ᠤᠬᠠᠭᠠᠨ ᠮᠡᠷᠭᠡᠵᠢᠯ᠂ ᠵᠥᠩ ᠴᠧ ᠴᠠᠬᠢᠯᠭᠠᠨ ᠮᠠᠰᠢᠨ᠂ ᠲᠢᠶᠠᠨ ᠱᠦᠨ ᠹᠧᠩ ᠡᠨᠧᠷᠭᠢ᠂ ᠲᠠᠢ ᠱᠧᠩ | ᠹᠧᠩ ᠡᠨᠧᠷᠭᠢ ᠵᠡᠷᠭᠡ ᠵᠠᠬ᠎ᠠ ᠳᠡᠯᠭᠡᠭᠦᠷ ᠲᠤ ᠭᠠᠷᠤᠭᠰᠠᠨ ᠨᠢᠭᠡ ᠪᠦᠯᠦᠭ ᠠᠵᠤ ᠠᠬᠤᠶᠢᠯᠠᠯ ᠤᠳ ᠮᠠᠨ ᠤ ᠣᠷᠣᠨ ᠳᠤ | ᠵᠠᠯᠭᠠᠭ᠎ᠠ ᠪᠠᠷ ᠰᠢᠨ᠎ᠡ ᠡᠨᠧᠷᠭᠢ ᠶᠢᠨ ᠠᠵᠤ ᠦᠢᠯᠡᠰ ᠲᠤ ᠪᠡᠯᠡ ᠣᠷᠣᠭᠤᠯᠵᠤ᠂ ᠥᠪᠥᠷ ᠮᠣᠩᠭᠤᠯ ᠤᠨ ᠡᠨᠧᠷᠭᠢ ᠶᠢᠨ | ᠡᠬᠢ ᠪᠠᠶᠠᠯᠢᠭ ᠤᠨ ᠲᠥᠷᠥᠯᠬᠢ ᠠᠪᠢᠶᠠᠰ ᠪᠠ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠴᠢᠨᠠᠷ | ᠰᠠᠶᠢᠲᠠᠢ ᠡᠵᠡᠩᠨᠡᠯᠲᠡ ᠶᠢᠨ ᠣᠷᠴᠢᠨ ᠲᠣᠭᠤᠷᠢᠨ ᠢ ᠠᠰᠢᠭᠯᠠᠨ᠂ ᠠᠵᠤ ᠦᠢᠯᠡᠰ ᠤᠨ ᠲᠠᠰ ᠳᠡᠪᠰᠢᠬᠦ ᠶᠢ ᠪᠡᠶᠡᠯᠡᠭᠦᠯᠪᠡ | ᠃ ᠣᠳᠣᠬᠠᠨ ᠳᠤ᠂ ᠮᠠᠨ ᠤ ᠣᠷᠣᠨ ᠲᠠᠯᠠᠰᠲᠤ ᠴᠠᠬᠢᠭᠤᠷ ᠤᠨ ᠬᠡᠷᠡᠯ ᠴᠡᠨᠡᠭ ᠤᠨ ᠠᠵᠤ ᠦᠢᠯᠡᠰ ᠲᠤ ᠨᠢᠭᠡᠨᠲᠡ | 90GW ᠲᠠᠩ ᠲᠠᠯᠠᠰᠲᠤ ᠴᠠᠬᠢᠭᠤᠷ᠂ 10GW ᠴᠠᠬᠢᠯᠭᠠᠨ ᠴᠡᠨᠡᠭ ᠤᠨ ᠢᠯᠲᠠᠰᠤ᠂ 25GW | ᠲᠣᠨᠣᠭᠯᠠᠯ ᠤᠨ ᠠᠵᠤ ᠦᠢᠯᠡᠰ ᠤᠨ ᠬᠡᠯᠬᠢᠶ᠎ᠡ ᠶᠢ ᠲᠥᠯᠥᠪᠵᠢᠭᠦᠯᠦᠨ ᠪᠣᠶ ᠪᠣᠯᠭᠠᠬᠤ ᠶᠢᠨ ᠬᠠᠮᠲᠤ ᠢᠵᠢ | ᠪᠦᠷᠢᠳᠦᠭᠦᠯᠬᠦ ᠠᠵᠤ ᠠᠬᠤᠶᠢᠯᠠᠯ ᠤᠨ 15 ᠲᠦᠮᠡᠨ ᠥᠭᠡᠬᠦᠨ ᠴᠢᠯᠠᠭᠤᠨ ᠬᠠᠶᠢᠯᠤᠭᠤᠷ᠂ 700 ᠲᠦᠮᠡᠨ ᠢᠵᠢ | ᠬᠥᠩᠭᠡᠨ ᠴᠠᠭᠠᠨ ᠤ ᠬᠦᠷᠢᠶ᠎ᠡ ᠵᠢᠴᠢ 10 ᠲᠦᠮᠡᠨ ᠲᠣᠨ ᠬᠡᠷᠡᠯ ᠴᠡᠨᠡᠭ ᠤᠨ ᠲᠤᠯᠬᠤ ᠵᠢᠶᠠᠰᠠ ᠵᠡᠷᠭᠡ ᠶᠢ ᠴᠥᠮ | ᠣᠷᠣᠭᠤᠯᠤᠭᠰᠠᠨ ᠪᠠᠶᠢᠨ᠎ᠠ᠃ | ᠭᠤᠷᠪᠠ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠤᠳᠠᠯᠳᠤᠭᠠᠴᠢᠨ ᠤᠷᠢᠬᠤ ᠴᠢᠭᠯᠡᠯ | ᠪᠤᠭᠤᠲᠤ ᠬᠤᠳᠠ ᠣᠳᠣᠬᠠᠨ ᠳᠤ ︽ᠳᠡᠯᠡᠬᠡᠢ ᠶᠢᠨ ᠪᠣᠬᠢᠷᠲᠤᠯ ᠦᠭᠡᠢ ᠴᠠᠬᠢᠭᠤᠷ ᠤᠨ ᠬᠤᠳᠠ︾ ᠶᠢ | ᠪᠠᠶᠢᠭᠤᠯᠵᠤ ᠪᠤᠢ᠂ ᠵᠢᠱᠢᠯᠲᠡ ᠪᠠᠷ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠬᠤ ᠳᠤ᠂ ᠤᠯᠠᠨ | ᠲᠠᠯᠠᠰᠲᠤ ᠴᠠᠬᠢᠭᠤᠷ ᠤᠨ ᠦᠢᠯᠡᠳᠪᠦᠷᠢᠯᠡᠯ ᠤᠨ ᠴᠢᠳᠠᠪᠤᠷᠢ 120 ᠲᠦᠮᠡᠨ ᠲᠣᠨ ︵ᠪᠦᠬᠦ ᠤᠯᠤᠰ ᠤᠨ 50% ᠢ | ᠡᠵᠡᠯᠡᠨ᠎ᠡ︶᠂ ᠲᠠᠩ ᠲᠠᠯᠠᠰᠲᠤ ᠴᠠᠬᠢᠭᠤᠷ 350GW ︵ᠪᠦᠬᠦ ᠤᠯᠤᠰ ᠤᠨ 50% ᠢ ᠡᠵᠡᠯᠡᠨ᠎ᠡ︶᠂ ᠬᠡᠷᠴᠢᠮᠡᠯ | ᠢᠯᠲᠠᠰᠤ 120GW᠂ ᠳ᠋ᠢᠶᠠᠨ ᡂᠢ ᠶᠢᠨ ᠢᠯᠲᠠᠰᠤ 72GW᠂ ᠤᠭᠰᠠᠷᠠᠭ᠎ᠠ ᠲᠤᠨᠤᠭ 70GW᠂ ᠠᠵᠤ | ᠦᠢᠯᠡᠳᠪᠦᠷᠢ ᠶᠢᠨ ᠴᠠᠬᠢᠭᠤᠷ 100 ᠲᠦᠮᠡᠨ ᠲᠣᠨ ᠣᠷᠴᠢᠮ ᠢ ᠪᠦᠷᠢᠯᠳᠦᠭᠦᠯᠵᠦ᠂ ᠣᠨᠴᠠᠭᠠᠶᠢᠯᠠᠨ ᠤᠯᠠᠨ | ᠲᠠᠯᠠᠰᠲᠤ ᠴᠠᠬᠢᠭᠤᠷ᠂ ᠲᠠᠩ ᠲᠠᠯᠠᠰᠲᠤ ᠴᠠᠬᠢᠭᠤᠷ ᠤᠨ ᠦᠢᠯᠡᠳᠪᠦᠷᠢᠯᠡᠯ ᠤᠨ ᠴᠢᠳᠠᠪᠤᠷᠢ ᠶᠢᠨ ᠲᠠᠯ᠎ᠠ ᠪᠠᠷ ᠪᠦᠬᠦ | ᠪᠥᠮᠪᠥᠷᠴᠡᠭ ᠤᠨ ᠡᠵᠡᠯᠡᠬᠦ ᠬᠠᠷᠢᠴᠠᠯ 50% ᠢ ᠡᠵᠡᠯᠡᠨ᠎ᠡ᠃ ᠮᠠᠨ ᠤ ᠣᠷᠣᠨ ᠲᠠᠯᠠᠰᠲᠤ ᠴᠠᠬᠢᠭᠤᠷ ᠤᠨ ᠬᠡᠷᠡᠯ | ᠴᠡᠨᠡᠭ ᠤᠨ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠨᠤᠮᠠᠯ ᠬᠡᠯᠬᠢᠶᠡᠨ ᠤ | ᠬᠡᠯᠬᠢᠶᠡᠨ ᠤ ᠨᠥᠬᠦᠯᠲᠡ ᠬᠡᠯᠬᠢᠶᠡᠨ ᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠲᠠᠲᠠᠭᠤᠷ ᠰᠢᠳᠠᠮ ᠤᠨ ᠡᠮᠦᠨ᠎ᠡ | ᠬᠡᠰᠡᠭ ᠤᠨ ᠭᠤᠭᠴᠤᠭ᠎ᠠ ᠶᠢ ᠰᠢᠯᠢᠳᠡᠭᠵᠢᠭᠦᠯᠦᠨ ᠪᠤᠵᠠᠭᠠᠶᠢᠷᠠᠭᠤᠯᠬᠤ ᠶᠢᠨ ᠬᠠᠮᠲᠤ ᠲᠡᠷᠢᠭᠦᠨ ᠤ ᠳ᠋ᠢᠶᠠᠨ ᡂᠢ ᠶᠢᠨ | ᠢᠯᠲᠠᠰᠤ᠂ ᠲᠣᠨᠤᠭ ᠲᠥᠬᠦᠭᠡᠷᠦᠮᠵᠢ ᠵᠡᠷᠭᠡ ᠭᠤᠭᠴᠤᠭ᠎ᠠ ᠶᠢᠨ ᠲᠣᠭᠤᠷᠢᠨ ᠳᠤ ᠬᠤᠳᠠᠯᠳᠤᠭᠠᠴᠢᠨ ᠤᠷᠢᠵᠤ ᠪᠡᠯᠡ | ᠣᠷᠣᠭᠤᠯᠤᠨ ᠠᠪᠴᠢᠷᠠᠵᠤ᠂ ᠥᠭᠡᠬᠦᠨ ᠴᠢᠯᠠᠭᠤᠨ ᠬᠠᠶᠢᠯᠤᠭᠤᠷ᠂ ᠨᠡᠭᠦᠷᠡᠰᠦᠲᠥ᠋ᠷᠥᠭᠴᠢ ᠨᠡᠭᠦᠷᠡᠰᠦᠲᠥ᠋ᠷᠥᠭᠴᠢ ᠶᠢᠨ | ᠬᠠᠶᠢᠯᠤᠭᠤᠷ᠂ ᠬᠡᠷᠡᠯ ᠴᠡᠨᠡᠭ ᠤᠨ ᠴᠠᠬᠢᠯᠭᠠᠨ ᠳᠡᠭᠡᠰᠦ᠂ ᠬᠡᠷᠡᠯ ᠴᠡᠨᠡᠭ ᠤᠨ ᠲᠤᠯᠬᠤ ᠵᠢᠶᠠᠰᠠ᠂ EVA ᠭᠤᠮ | ᠪᠦᠷᠬᠦᠭᠦᠯ᠂ ᠠᠷᠤ ᠬᠠᠪᠲᠠᠰᠤ᠂ ᠬᠤᠷᠠᠮᠠᠯ ᠤᠷᠤᠰᠬᠠᠯ ᠤᠨ ᠬᠠᠶᠢᠷᠴᠠᠭ᠂ ᠰᠥᠷᠬᠦ ᠬᠤᠪᠢᠷᠠᠭᠠᠭᠤᠷ᠂ ᠬᠡᠷᠡᠯ | ᠴᠡᠨᠡᠭ ᠤᠨ ᠲᠣᠨᠤᠭ ᠲᠥᠬᠦᠭᠡᠷᠦᠮᠵᠢ ᠶᠢ ᠪᠤᠴᠠᠭᠠᠨ ᠬᠤᠷᠢᠶᠠᠬᠤ ᠵᠡᠷᠭᠡ ᠠᠵᠤ ᠦᠢᠯᠡᠰ ᠢ ᠢᠵᠢ ᠪᠦᠷᠢᠳᠦᠭᠦᠯᠦᠨ | ᠬᠥᠭᠵᠢᠭᠦᠯᠦᠨ᠎ᠡ᠃ | ᠳᠥᠷᠪᠡ᠂ ᠬᠠᠷᠢᠯᠴᠠᠬᠤ ᠠᠷᠭ᠎ᠠ ᠮᠠᠶ᠋ᠢᠭ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠠᠯᠠᠰᠲᠤ ᠴᠠᠬᠢᠭᠤᠷ ᠬᠡᠷᠡᠯ ᠴᠡᠨᠡᠭ ᠤᠨ ᠠᠵᠤ | ᠦᠢᠯᠡᠰ ᠤᠨ ᠬᠤᠳᠠᠯᠳᠤᠭᠠᠴᠢᠨ ᠤᠷᠢᠬᠤ ᠳᠤᠭᠤᠶᠢᠯᠠᠩ | ᠬᠠᠷᠢᠯᠴᠠᠬᠤ ᠬᠥᠮᠥᠨ᠄ ᠶᠤᠸᠠᠢ ᠰᠢᠶᠣᠣ ᠶᠠᠩ ᠸᠠᠩ ᠫᠧᠩ | ᠬᠠᠷᠢᠯᠴᠠᠬᠤ ᠤᠲᠠᠰᠤ᠄ 15561096036 13848298207 | |