ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠬᠡᠷᠡᠭᠯᠡᠯᠲᠡ
ᠨᠡᠶᠢᠲᠡᠯᠡᠭᠰᠡᠨ ᠴᠠᠭ᠄
2024/6/13
     ᠲᠣᠭᠲᠠᠮᠠᠯ ᠰᠣᠷᠢᠨᠵᠢᠨ ᠪᠡᠶ᠎ᠡ ᠠᠴᠠ ᠪᠤᠢ ᠪᠣᠯᠤᠭᠰᠠᠨ ᠰᠣᠷᠢᠨᠵᠢᠨ ᠣᠷᠣᠨ ᠬᠢᠭᠡᠳ ᠪᠤᠰᠤᠳ ᠬᠥᠳᠡᠯᠭᠡᠭᠡᠨᠲᠦ ᠳᠠᠮᠵᠢᠭᠤᠯᠤᠭᠴᠢ᠂ ᠠᠴᠢᠶᠠᠯᠠᠭᠴᠢ ᠳᠠᠮᠵᠢᠭᠤᠯᠤᠭᠴᠢ ᠬᠥᠳᠡᠯᠭᠡᠭᠡᠨᠲᠦ ᠡᠯᠧᠺᠲᠷᠣᠨ ᠪᠣᠯᠣᠨ ᠲᠡᠮᠦᠷ ᠰᠣᠷᠢᠨᠵᠢᠨ ᠪᠡᠶ᠎ᠡ ᠵᠡᠷᠭᠡ ᠶᠢᠨ ᠬᠠᠷᠢᠯᠴᠠᠨ ᠦᠢᠯᠡᠴᠢᠯᠡᠯ ᠢ ᠠᠰᠢᠭᠯᠠᠨ᠂ ᠨᠢᠭᠡ ᠵᠦᠢᠯ ᠤᠨ ᠡᠨᠧᠷᠭᠢ ᠶᠢ ᠨᠤᠶᠢᠬᠦᠭᠡ ᠨᠢᠭᠡ ᠵᠦᠢᠯ ᠤᠨ ᠡᠨᠧᠷᠭᠢ ᠪᠣᠯᠭᠠᠨ ᠬᠤᠪᠢᠷᠠᠭᠠᠬᠤ ᠳᠤ ᠲᠤᠶᠢᠬᠦᠮ ᠪᠠᠶᠢᠳᠠᠭ᠃ ᠮᠠᠰᠢᠨ ᠲᠡᠷᠭᠡᠨ ᠳᠤ ᠬᠡᠷᠡᠭᠯᠡᠬᠦ ᠴᠠᠬᠢᠯᠭᠠᠨ ᠭᠠᠷᠭᠠᠭᠤᠷ᠂ ᠳ᠋ᠢᠶᠠᠩᠬᠤᠥᠨ ᠶᠢᠨ ᠰᠣᠨᠣᠰᠤᠭᠤᠷ ᠪᠣᠯ ᠪᠢᠲᠡᠭᠦᠦ ᠳᠠᠮᠵᠢᠭᠤᠯᠤᠭᠴᠢ ᠶᠢᠨ ᠲᠣᠭᠲᠠᠮᠠᠯ ᠰᠣᠷᠢᠨᠵᠢᠨ ᠪᠡᠶ᠎ᠡ ᠶᠢᠨ ᠰᠣᠷᠢᠨᠵᠢᠨ ᠣᠷᠣᠨ ᠳᠣᠲᠣᠷ᠎ᠠ ᠬᠥᠳᠡᠯᠭᠡᠭᠡᠨ ᠬᠢᠬᠦ ᠠᠴᠠ ᠡᠭᠦᠰᠦᠭᠰᠡᠨ ᠨᠥᠯᠥᠭᠡᠨ ᠴᠠᠬᠢᠯᠭᠠᠨ ᠬᠥᠳᠡᠯᠭᠡᠬᠦ ᠬᠦᠴᠦ ᠶᠢ ᠠᠰᠢᠭᠯᠠᠨ᠂ ᠮᠧᠬᠠᠨᠢᠭ ᠡᠨᠧᠷᠭᠢ ᠶᠢ ᠴᠠᠬᠢᠯᠭᠠᠨ ᠡᠨᠧᠷᠭᠢ ᠪᠣᠯᠭᠠᠨ ᠬᠤᠪᠢᠷᠠᠭᠤᠯᠬᠤ ᠲᠥᠬᠦᠭᠡᠷᠦᠮᠵᠢ ᠪᠣᠯᠣᠨ᠎ᠠ︔ ᠡᠯ᠎ᠡ ᠵᠦᠢᠯ ᠤᠨ ᠴᠠᠬᠢᠯᠭᠠᠨ ᠬᠥᠳᠡᠯᠭᠡᠭᠦᠷ ᠪᠣᠯᠣᠨ ᠲᠣᠷᠮᠣᠰᠯᠠᠭᠤᠷ ᠪᠣᠯ ᠪᠢᠲᠡᠭᠦᠦ ᠳᠠᠮᠵᠢᠭᠤᠯᠤᠭᠴᠢ ᠶᠢᠨ ᠳᠣᠲᠣᠷᠠᠬᠢ ᠴᠠᠬᠢᠯᠭᠠᠨ ᠭᠦᠶᠦᠳᠡᠯ ᠤᠨ ᠲᠣᠭᠲᠠᠮᠠᠯ ᠰᠣᠷᠢᠨᠵᠢᠨ ᠪᠡᠶ᠎ᠡ ᠶᠢᠨ ᠰᠣᠷᠢᠨᠵᠢᠨ ᠣᠷᠣᠨ ᠳᠣᠲᠣᠷ᠎ᠠ ᠡᠭᠦᠰᠬᠦ ᠯᠤᠷᠧᠨ᠋ᠽ ᠬᠦᠴᠦ ᠶᠢ ᠠᠰᠢᠭᠯᠠᠨ᠂ ᠴᠠᠬᠢᠯᠭᠠᠨ ᠡᠨᠧᠷᠭᠢ ᠶᠢ ᠮᠧᠬᠠᠨᠢᠭ ᠡᠨᠧᠷᠭᠢ ᠪᠣᠯᠭᠠᠨ ᠬᠤᠪᠢᠷᠠᠭᠤᠯᠬᠤ ᠲᠥᠬᠦᠭᠡᠷᠦᠮᠵᠢ ᠪᠣᠯᠣᠨ᠎ᠠ︔ ᠡᠯ᠎ᠡ ᠵᠦᠢᠯ ᠤᠨ ᠪᠦᠷᠢᠶ᠎ᠡ ᠪᠣᠯ ᠪᠢᠲᠡᠭᠦᠦ ᠳᠠᠮᠵᠢᠭᠤᠯᠤᠭᠴᠢ ᠶᠢᠨ ᠳᠣᠲᠣᠷᠠᠬᠢ ᠴᠠᠬᠢᠯᠭᠠᠨ ᠭᠦᠶᠦᠳᠡᠯ ᠤᠨ ᠲᠣᠭᠲᠠᠮᠠᠯ ᠰᠣᠷᠢᠨᠵᠢᠨ ᠪᠡᠶ᠎ᠡ ᠶᠢᠨ ᠰᠣᠷᠢᠨᠵᠢᠨ ᠣᠷᠣᠨ ᠳᠤ ᠦᠢᠯᠡᠴᠢᠯᠡᠬᠦ ᠠᠴᠠ ᠡᠭᠦᠰᠦᠭᠰᠡᠨ ᠯᠤᠷᠧᠨ᠋ᠽ ᠬᠦᠴᠦ ᠶᠢ ᠠᠰᠢᠭᠯᠠᠨ᠂ ᠴᠠᠬᠢᠯᠭᠠᠨ ᠡᠨᠧᠷᠭᠢ ᠶᠢ ᠲᠡᠭᠤᠠ ᠡᠨᠧᠷᠭᠢ ᠳᠤ ᠤᠯᠠᠷᠢᠭᠤᠯᠬᠤ ᠲᠥᠬᠦᠭᠡᠷᠦᠮᠵᠢ︔ ᠬᠠᠷᠢᠨ ᠲᠣᠭᠲᠠᠮᠠᠯ ᠰᠣᠷᠢᠨᠵᠢᠨ ᠬᠠᠪᠴᠢᠭᠤᠷ ᠲᠠᠪᠠᠭ᠂ ᠰᠣᠷᠢᠨᠵᠢᠨ ᠰᠢᠯᠢᠭᠦᠷ ᠮᠠᠰᠢᠨ᠂ ᠰᠣᠷᠢᠨᠵᠢᠨ ᠡᠪᠦᠴᠡᠯᠳᠦᠯᠳᠦ ᠳᠠᠮᠵᠢᠯᠭ᠎ᠠ ᠶᠢᠨ ᠲᠣᠨᠣᠭᠯᠠᠯ᠂ ᠰᠣᠷᠢᠨᠵᠢᠨ ᠬᠤᠯᠬᠤᠪᠴᠢ ᠵᠡᠷᠭᠡ ᠪᠣᠯ ᠬᠠᠷᠢᠨ ᠲᠣᠭᠲᠠᠮᠠᠯ ᠰᠣᠷᠢᠨᠵᠢᠨ ᠪᠡᠶ᠎ᠡ ᠶᠢᠨ ᠰᠣᠷᠢᠨᠵᠢᠨ ᠴᠢᠨᠠᠷ ᠲᠠᠢ ᠮᠠᠲ᠋ᠧᠷᠢᠶᠠᠯ ᠢ ᠰᠣᠷᠣᠬᠤ ᠪᠤᠶᠤ ᠭᠠᠳᠠᠭᠤᠷᠴᠢᠯᠠᠬᠤ ᠶᠢ ᠠᠰᠢᠭᠯᠠᠨ᠂ ᠨᠢᠭᠡ ᠵᠦᠢᠯ ᠤᠨ ᠮᠧᠬᠠᠨᠢᠭ ᠡᠨᠧᠷᠭᠢ ᠶᠢ ᠥᠭᠡᠷ᠎ᠡ ᠨᠢᠭᠡ ᠵᠦᠢᠯ ᠤᠨ ᠮᠧᠬᠠᠨᠢᠭ ᠡᠨᠧᠷᠭᠢ ᠪᠣᠯᠭᠠᠨ ᠬᠤᠪᠢᠷᠠᠭᠤᠯᠬᠤ ᠲᠥᠬᠦᠭᠡᠷᠦᠮᠵᠢ ᠪᠣᠯᠣᠨ᠎ᠠ᠃ ᠪᠠᠰᠠ ᠴᠥᠮ᠎ᠡ ᠶᠢᠨ ᠰᠣᠷᠢᠨᠵᠢᠨ ᠳᠠᠷᠪᠢᠯᠲᠠ ᠶᠢᠨ ᠳᠦᠷᠰᠦ ᠪᠦᠲᠦᠭᠡᠬᠦ ᠬᠡᠮᠵᠢᠭᠦᠷᠯᠢᠭ᠂ ᠭᠡᠷᠡᠯ ᠤᠨ ᠲᠤᠰᠠᠭᠠᠷᠯᠠᠭᠤᠷ᠂ ᠪᠢᠴᠢᠯ ᠳᠣᠯᠭᠢᠶᠠᠨᠲᠤ ᠲᠡᠮᠦᠷ ᠬᠦᠴᠢᠯᠲᠥ᠋ᠷᠥᠭᠴᠢ ᠶᠢᠨ ᠲᠣᠨᠣᠭᠯᠠᠭᠠᠰᠤ᠂ ᠰᠣᠷᠢᠨᠵᠢᠨ ᠤᠰᠦᠠ ᠡᠭᠦᠰᠭᠡᠭᠦᠷ ᠪᠣᠯᠣᠨ ᠴᠢᠯᠠᠭᠤᠨ ᠲᠤᠰᠦᠠ ᠤ ᠯᠠ ᠰᠡᠷᠭᠡᠶᠢᠯᠡᠭᠴᠢ ᠵᠡᠷᠭᠡ ᠪᠣᠯ ᠡᠯ᠎ᠡ ᠵᠦᠢᠯ ᠤᠨ ᠹᠢᠽᠢᠺ ᠤᠨ ᠰᠣᠷᠢᠨᠵᠢᠨ ᠦᠢᠯᠡᠴᠢᠯᠡᠯ ᠢ ᠠᠰᠢᠭᠯᠠᠨ ᠪᠦᠷᠢᠯᠳᠦᠭᠰᠡᠨ ᠣᠨᠴᠠ ᠲᠤᠶᠢᠷᠦᠯ ᠤᠨ ᠲᠣᠨᠣᠭᠯᠠᠭᠠᠰᠤ ᠪᠤᠶᠤ ᠲᠥᠬᠦᠭᠡᠷᠦᠮᠵᠢ ᠪᠣᠯᠣᠨ᠎ᠠ᠃ ᠲᠣᠭᠲᠠᠮᠠᠯ ᠰᠣᠷᠢᠨᠵᠢᠨ ᠪᠡᠶ᠎ᠡ ᠶᠢ ᠰᠣᠷᠢᠨᠵᠢᠨᠵᠢᠭᠤᠯᠤᠭᠰᠠᠨ ᠤ ᠲᠡᠷᠠᠭ᠎ᠠ᠂ ᠬᠡᠷᠡᠭᠯᠡᠬᠦ ᠶᠠᠪᠤᠴᠠ ᠳᠤ ᠶᠠᠮᠠᠷ ᠴᠤ ᠴᠠᠬᠢᠯᠭᠠᠨ ᠡᠭᠦᠰᠬᠡᠭᠴᠢ ᠶᠢ ᠬᠡᠷᠡᠭᠰᠡᠬᠦ ᠤᠶᠢᠭᠡᠢ᠂ ᠡᠶᠢᠮᠦ ᠠᠴᠠ ᠲᠤᠰ ᠰᠣᠷᠢᠨᠵᠢᠨ ᠪᠡᠶ᠎ᠡ ᠶᠢᠨ ᠰᠢᠰᠲ᠋ᠧᠮ ᠨᠢ ᠬᠡᠷᠡᠭᠯᠡᠬᠦ ᠶᠠᠪᠤᠴᠠ ᠳᠠᠭᠠᠨ ᠡᠩ ᠤᠨ ᠴᠠᠬᠢᠯᠭᠠᠨ ᠰᠣᠷᠢᠨᠵᠢᠨ ᠲᠡᠮᠦᠷ ᠳᠣᠲᠣᠷ᠎ᠠ ᠰᠣᠷᠢᠨᠵᠢᠨ ᠣᠷᠢᠶᠠᠮᠠᠭ ᠤᠨ ᠢᠯᠴᠢ ᠡᠭᠦᠰᠬᠦ᠂ ᠡᠪᠳᠡᠷᠡᠬᠦ ᠪᠠ ᠴᠠᠬᠢᠯᠭᠠᠨ ᠬᠦᠴᠦ ᠬᠤᠷᠣᠭᠳᠠᠬᠤ ᠵᠡᠷᠭᠡ ᠠᠰᠠᠭᠤᠳᠠᠯ ᠢ ᠪᠣᠳᠣᠯᠬᠢᠯᠠᠬᠤ ᠬᠡᠷᠡᠭ ᠤᠶᠢᠭᠡᠢ᠂ ᠡᠭᠦᠨ ᠤ ᠤᠯᠠᠮ ᠠᠴᠠ ᠴᠠᠬᠢᠯᠭᠠᠨ ᠢ ᠬᠠᠮᠠᠭᠠᠯᠠᠬᠤ ᠳᠤ ᠲᠤᠶᠢᠬᠦᠮ ᠪᠠᠶᠢᠳᠠᠭ ᠳᠠᠪᠠᠭᠤᠯᠢᠭ ᠲᠠᠯ᠎ᠠ ᠲᠠᠢ ᠶᠤᠮ᠃ ᠡᠭᠦᠨ ᠠᠴᠠ ᠭᠠᠳᠠᠨ᠎ᠠ᠂ ᠲᠣᠭᠲᠠᠮᠠᠯ ᠰᠣᠷᠢᠨᠵᠢᠨ ᠮᠠᠲ᠋ᠧᠷᠢᠶᠠᠯ᠂ ᠣᠨᠴᠠᠭᠠᠶᠢᠯᠠᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠢ ᠠᠰᠢᠭᠯᠠᠨ ᠳᠡᠭᠡᠷ᠎ᠡ ᠳᠤᠷᠠᠳᠤᠭᠰᠠᠨ ᠲᠣᠨᠣᠭᠯᠠᠭᠠᠰᠤ ᠪᠤᠶᠤ ᠲᠣᠨᠣᠭᠯᠠᠯ ᠢ ᠵᠣᠬᠢᠶᠠᠭᠰᠠᠨ ᠤ ᠳᠠᠷᠠᠭ᠎ᠠ᠂ ᠲᠣᠨᠣᠭᠯᠠᠭᠠᠰᠤ ᠪᠤᠶᠤ ᠲᠣᠨᠣᠭᠯᠠᠯ ᠤᠨ ᠡᠵᠡᠯᠡᠬᠦᠨ ᠪᠠ ᠬᠦᠨᠳᠦ ᠶᠢᠨ ᠬᠡᠮᠵᠢᠶ᠎ᠡ ᠶᠢ ᠲᠤᠶᠢᠯ ᠤᠨ ᠶᠡᠭᠡ ᠪᠠᠷ ᠪᠠᠭᠤᠷᠠᠭᠤᠯᠵᠤ ᠪᠣᠯᠣᠨ᠎ᠠ᠃
    ᠲᠣᠭᠲᠠᠮᠠᠯ ᠰᠣᠷᠢᠨᠵᠢᠨ ᠪᠡᠶ᠎ᠡ ᠪᠠᠷ ᠬᠢᠭᠰᠡᠨ ᠪᠤᠢ ᠪᠦᠬᠦᠢ ᠴᠠᠬᠢᠯᠭᠠᠨ ᠰᠣᠷᠢᠨᠵᠢᠨ ᠲᠤᠨᠤᠬ ᠪᠤᠶᠤ ᠲᠤᠨᠤᠬ ᠲᠥᠬᠦᠭᠡᠷᠦᠮᠵᠢ ᠳᠤ᠂ ᠰᠣᠷᠢᠨᠵᠢᠨ ᠪᠡᠶ᠎ᠡ ᠶᠢᠨ ᠲᠥᠰᠥᠪᠯᠡᠯ ᠤᠨ ᠦᠨᠳᠦᠰᠦᠨ ᠣᠨᠴᠠᠯᠢᠭ ᠪᠣᠯ ᠲᠣᠭᠲᠠᠮᠠᠯ ᠰᠣᠷᠢᠨᠵᠢᠨ ᠪᠡᠶ᠎ᠡ ᠠᠴᠠ ᠪᠤᠢ ᠪᠣᠯᠤᠭᠰᠠᠨ ᠰᠣᠷᠢᠨᠵᠢᠨ ᠨᠡᠪᠲᠡᠷᠡᠴᠡ ᠶᠢᠨ ᠨᠢᠭᠲᠠᠴᠠ B ᠶᠢ ᠬᠡᠷᠬᠢᠨ ᠬᠠᠮᠤᠭ ᠶᠡᠭᠡ ᠬᠡᠮᠵᠢᠶ᠎ᠡ ᠪᠠᠷ ᠠᠰᠢᠭᠯᠠᠬᠤ ᠶᠢᠨ ᠬᠠᠮᠲᠤ ᠪᠠᠰᠠ ᠰᠣᠷᠢᠨᠵᠢᠨ ᠪᠡᠶ᠎ᠡ ᠶᠢᠨ ᠲᠤᠰ ᠪᠡᠶ᠎ᠡ ᠠᠴᠠ ᠪᠤᠢ ᠪᠣᠯᠤᠭᠰᠠᠨ B ᠨᠢ ᠬᠡᠳᠦᠢ ᠶᠡᠭᠡ ᠪᠣᠯ ᠲᠡᠳᠦᠢ ᠰᠠᠶᠢᠨ ᠪᠠᠶᠢᠬᠤ ᠶᠢ ᠬᠦᠰᠡᠵᠦ ᠪᠠᠶᠢᠳᠠᠭ᠃ ᠡᠭᠦᠨ ᠤ ᠰᠢᠯᠲᠠᠭᠠᠨ ᠨᠢ ᠡᠳᠡᠭᠡᠷ ᠴᠠᠬᠢᠯᠭᠠᠨ ᠰᠣᠷᠢᠨᠵᠢᠨ ᠲᠤᠨᠤᠬ ᠪᠤᠶᠤ ᠲᠤᠨᠤᠬ ᠲᠥᠬᠦᠭᠡᠷᠦᠮᠵᠢ ᠳᠤ ᠬᠡᠷᠡᠭᠯᠡᠭᠰᠡᠨ ᠦᠨᠳᠦᠰᠦᠯᠡᠯ ᠨᠢ ᠴᠠᠬᠢᠯᠭᠠᠨ ᠰᠣᠷᠢᠨᠵᠢᠨ ᠨᠥᠯᠥᠭᠡᠯᠡᠯ ᠤᠨ ᠴᠠᠬᠢᠯᠭᠠᠨ ᠬᠥᠳᠡᠯᠭᠡᠬᠦ ᠬᠦᠴᠦ᠂ ᠯᠤᠷᠧᠨ᠋ᠽ ᠤᠨ ᠬᠦᠴᠦ᠂ ᠲᠠᠶᠢᠪᠤᠩ ᠰᠣᠷᠢᠨᠵᠢᠨ ᠬᠦᠴᠦ ᠪᠣᠯᠣᠨ ᠪᠤᠰᠤᠳ ᠰᠣᠷᠢᠨᠵᠢᠨ ᠦᠢᠯᠡᠴᠢᠯᠡᠭᠡ ᠵᠡᠷᠭᠡ ᠪᠣᠯᠣᠨ᠎ᠠ᠂ ᠲᠡᠳᠡᠭᠡᠷ ᠤᠨ ᠬᠦᠴᠦᠯᠡᠴᠡ ᠨᠢ ᠪᠦᠷ B ᠶᠢᠨ ᠶᠡᠭᠡ ᠪᠠᠭ᠎ᠠ ᠠᠴᠠ ᠶᠡᠭᠡ ᠪᠠᠶᠢᠳᠠᠭ᠃     ᠥᠩᠭᠡᠷᠡᠭᠰᠡᠨ ᠤ ᠤᠯᠠᠮᠵᠢᠯᠠᠯᠲᠤ ᠰᠣᠷᠢᠨᠵᠢᠨ ᠪᠡᠶ᠎ᠡ᠂ ᠵᠢᠱᠢᠶᠡᠯᠡᠪᠡᠯ ᠲᠡᠮᠦᠷ ᠤᠨ ᠬᠦᠴᠢᠯᠲᠥ᠋ᠷᠥᠭᠴᠢ ᠪᠡᠶ᠎ᠡ ᠪᠣᠯᠣᠨ ᠬᠥᠩᠭᠡᠨ ᠴᠠᠭᠠᠨ ᠨᠢᠺᠧᠯ ᠺᠣᠪᠠᠯᠲ ᠲᠠᠢ ᠬᠠᠷᠢᠴᠠᠭᠤᠯᠪᠠᠯ᠂ ᠬᠤᠪᠣᠷ ᠰᠢᠷᠣᠢ ᠶᠢᠨ ᠰᠣᠷᠢᠨᠵᠢᠨ ᠪᠡᠶ᠎ᠡ ᠨᠢ ᠶᠡᠭᠡ ᠰᠣᠷᠢᠨᠵᠢᠨ ᠨᠡᠪᠲᠡᠷᠡᠴᠡ ᠶᠢᠨ ᠨᠢᠭᠲᠠᠴᠠ B᠂ ᠶᠡᠭᠡ ᠰᠣᠷᠢᠨᠵᠢᠨ ᠡᠨᠧᠷᠭᠢ ᠶᠢᠨ ᠦᠷᠡᠵᠢᠪᠦᠷᠢ ᠪᠣᠯᠣᠨ ᠳᠡᠭᠡᠳᠦ ᠬᠡᠮᠵᠢᠶᠡᠨ ᠤ ᠣᠣᠷ ᠵᠠᠯᠠᠷᠠᠭᠤᠯᠬᠤ ᠬᠦᠴᠦᠨ ᠢ ᠬᠠᠩᠭᠠᠵᠤ ᠴᠢᠳᠠᠨ᠎ᠠ᠃ ᠬᠤᠪᠣᠷ ᠰᠢᠷᠣᠢ ᠶᠢᠨ ᠰᠣᠷᠢᠨᠵᠢᠨ ᠪᠡᠶ᠎ᠡ ᠶᠢᠨ ᠥᠨᠳᠥᠷ ᠰᠣᠷᠢᠨᠵᠢᠨ ᠡᠨᠧᠷᠭᠢ ᠶᠢᠨ ᠦᠷᠡᠵᠢᠪᠦᠷᠢ ᠨᠢ ᠰᠣᠷᠢᠨᠵᠢᠨ ᠪᠡᠶ᠎ᠡ ᠶᠢ ᠬᠥᠳᠡᠯᠦᠩᠭᠦᠢ ᠬᠡᠷᠡᠭᠯᠡᠭᠡᠨ ᠤ ᠳᠤᠮᠳᠠ ᠲᠣᠨᠣᠭᠯᠠᠭᠠᠰᠤ ᠶᠢ ᠪᠠᠭ᠎ᠠ ᠬᠡᠯᠪᠡᠷᠢᠵᠢᠭᠦᠯᠬᠦ ᠶᠢ ᠪᠡᠶᠡᠯᠡᠭᠦᠯᠳᠡᠭ᠂ ᠭᠡᠲᠡᠯ᠎ᠡ ᠥᠩᠭᠡᠷᠡᠭᠰᠡᠨ ᠳᠤ ᠡᠳᠡᠭᠡᠷ ᠲᠣᠨᠣᠭᠯᠠᠭᠠᠰᠤ ᠶᠢᠨ ᠳᠣᠲᠣᠷ᠎ᠠ ᠰᠣᠷᠢᠨᠵᠢᠨ ᠪᠡᠶ᠎ᠡ ᠬᠠᠷᠢᠨ ᠶᠡᠬᠡᠩᠬᠢ ᠡᠵᠡᠯᠡᠬᠦᠨ ᠪᠠ ᠬᠦᠨᠳᠦ ᠶᠢᠨ ᠬᠡᠮᠵᠢᠶ᠎ᠡ ᠶᠢ ᠡᠵᠡᠯᠡᠵᠦ ᠪᠠᠶᠢᠪᠠ︔ ᠬᠤᠪᠣᠷ ᠰᠢᠷᠣᠢ ᠶᠢᠨ ᠰᠣᠷᠢᠨᠵᠢᠨ ᠪᠡᠶ᠎ᠡ ᠶᠢᠨ ᠳᠡᠭᠡᠳᠦ ᠬᠡᠮᠵᠢᠶᠡᠨ ᠤ ᠣᠣᠷ ᠵᠠᠯᠠᠷᠠᠭᠤᠯᠭ᠎ᠠ ᠶᠢᠨ ᠬᠦᠴᠦ ᠨᠢ ᠪᠠᠰᠠ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠪᠡᠶ᠎ᠡ ᠶᠢ ᠤᠤᠯ ᠤᠨ ᠤᠯᠠᠮᠵᠢᠯᠠᠯᠲᠤ ᠰᠣᠷᠢᠨᠵᠢᠨ ᠪᠡᠶ᠎ᠡ ᠳᠤ ᠬᠤᠯᠪᠣᠭᠳᠠᠬᠤ ᠪᠣᠯᠣᠯᠴᠠᠭ᠎ᠠ ᠤᠶᠢᠭᠡᠢ ᠪᠠᠶᠢᠭᠰᠠᠨ ᠰᠣᠷᠢᠨᠵᠢᠨ ᠠᠯᠳᠠᠭᠤᠯᠬᠤ ᠴᠢᠩᠭ᠎ᠠ ᠲᠣᠨᠣᠭᠯᠠᠭᠠᠰᠤ ᠳᠤ ᠬᠡᠷᠡᠭᠯᠡᠬᠦ ᠳᠤ ᠲᠣᠬᠢᠷᠠᠳᠠᠭ᠂ ᠵᠢᠱᠢᠶᠡᠯᠡᠪᠡᠯ ᠰᠣᠷᠢᠨᠵᠢᠨ ᠬᠤᠯᠬᠤᠪᠴᠢ᠂ ᠴᠠᠬᠢᠯᠭᠠᠨ ᠬᠥᠳᠡᠯᠭᠡᠭᠦᠷ᠂ ᠴᠠᠬᠢᠯᠭᠠᠨ ᠭᠠᠷᠭᠠᠭᠤᠷ ᠪᠣᠯᠣᠨ ᠲᠣᠷᠮᠣᠰᠯᠠᠭᠤᠷ ᠵᠡᠷᠭᠡ ᠶᠢ ᠬᠡᠷᠡᠭᠯᠡᠬᠦ ᠳᠤ ᠲᠣᠬᠢᠷᠠᠳᠠᠭ᠃ ᠬᠡᠳᠦᠶᠢᠪᠡᠷ ᠬᠤᠪᠣᠷ ᠰᠢᠷᠣᠢ ᠶᠢᠨ ᠰᠣᠷᠢᠨᠵᠢᠨ ᠪᠡᠶ᠎ᠡ  ᠨᠢ ᠦᠨ᠎ᠡ ᠬᠠᠩᠰᠢ ᠶᠢᠨ ᠲᠠᠯ᠎ᠠ ᠪᠠᠷ ᠲᠡᠮᠦᠷ ᠤᠨ ᠬᠦᠴᠢᠯᠲᠥ᠋ᠷᠥᠭᠴᠢ ᠠᠴᠠ ᠬᠤᠯᠠ ᠦᠨᠡᠲᠡᠢ ᠪᠣᠯᠪᠠᠴᠤ ᠲᠡᠷᠡ ᠨᠢ ᠰᠣᠷᠢᠨᠵᠢᠨ ᠪᠡᠶ᠎ᠡ ᠶᠢᠨ ᠴᠢᠳᠠᠪᠬᠢ ᠶᠢ ᠳᠡᠭᠡᠭᠰᠢᠯᠡᠭᠦᠯᠬᠦ᠂ ᠰᠣᠷᠢᠨᠵᠢᠨ ᠪᠡᠶ᠎ᠡ ᠶᠢᠨ ᠡᠵᠡᠯᠡᠬᠦᠨ ᠪᠣᠯᠣᠨ ᠬᠦᠨᠳᠦ ᠶᠢᠨ ᠬᠡᠮᠵᠢᠶ᠎ᠡ ᠶᠢ ᠪᠠᠭᠤᠷᠠᠭᠤᠯᠬᠤ ᠵᠢᠴᠢ ᠡᠨᠧᠷᠭᠢ ᠶᠢᠨ ᠬᠤᠷᠣᠭᠳᠠᠯ ᠢ ᠪᠠᠭᠠᠰᠬᠠᠬᠤ ᠵᠡᠷᠭᠡ ᠲᠠᠯ᠎ᠠ ᠪᠠᠷ ᠪᠦᠷ ᠨᠡᠯᠢᠶᠡᠳ ᠠᠰᠢᠭᠲᠠᠢ ᠲᠠᠯ᠎ᠠ ᠶᠢ ᠠᠪᠴᠢᠷᠠᠭᠰᠠᠨ ᠪᠠᠶᠢᠨ᠎ᠠ᠃ ᠡᠶᠢᠮᠦ ᠠᠴᠠ ᠣᠯᠠᠩᠬᠢ ᠪᠠᠶᠢᠳᠠᠯ ᠳᠣᠣᠷ᠎ᠠ ᠬᠤᠪᠣᠷ ᠰᠢᠷᠣᠢ ᠶᠢᠨ ᠰᠣᠷᠢᠨᠵᠢᠨ ᠪᠡᠶ᠎ᠡ ᠶᠢ ᠢᠨᠵᠧᠨᠧᠷ ᠨᠠᠷ ᠮᠥᠨ ᠯᠡ ᠬᠠᠮᠤᠭ ᠲᠡᠷᠢᠭᠦᠨ ᠳᠤ ᠰᠣᠩᠭᠤᠬᠤ ᠰᠣᠷᠢᠨᠵᠢᠨ ᠪᠡᠶ᠎ᠡ ᠳᠤ ᠣᠷᠣᠭᠤᠯᠤᠭᠰᠠᠨ ᠪᠠᠶᠢᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号