ᠪᠦᠬᠦ ᠤᠯᠤᠰ ᠤᠨ ᠬᠠᠮᠤᠭ ᠤᠨ ᠶᠡᠭᠡ ᠬᠤᠪᠤᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ‌ᠭᠠᠵᠠᠷ ᠢ ᠪᠦᠬᠦ ᠬᠦᠴᠦ ᠪᠠᠷ ᠢᠶᠠᠨ ᠪᠦᠲᠦᠭᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2024/6/14
    ᠳᠡᠯᠡᠬᠡᠢ ᠶᠢᠨ ᠬᠤᠪᠣᠷ ᠰᠢᠷᠣᠢ ᠳᠤᠮᠳᠠᠳᠤ ᠤᠯᠤᠰ ᠢ ᠦᠵᠡᠨ᠎ᠡ᠂ ᠳᠤᠮᠳᠠᠳᠤ ᠤᠯᠤᠰ ᠤᠨ ᠬᠤᠪᠣᠷ  ᠰᠢᠷᠣᠢ ᠪᠤᠭᠤᠲᠤ ᠶᠢ ᠦᠵᠡᠨ᠎ᠡ᠃ ᠪᠤᠭᠤᠲᠤ ᠶᠢᠨ ᠬᠤᠪᠣᠷ ᠰᠢᠷᠣᠶ ᠶᠢᠨ ᠨᠥᠭᠡᠴᠡ ᠪᠣᠯᠤᠨ ᠲᠡᠮᠦᠷᠯᠢᠭ ᠬᠠᠶᠢᠯᠤᠭᠤᠯᠤᠨ ᠰᠠᠯᠭᠠᠬᠤ ᠦᠢᠯᠡᠳᠪᠦᠷᠢᠯᠡᠬᠦ ᠴᠢᠳᠠᠪᠤᠷᠢ ᠴᠥᠮ ᠳᠡᠯᠡᠬᠡᠶ ᠳᠤ ᠲᠡᠷᠢᠭᠦᠯᠡᠵᠦ᠂ ᠬᠤᠪᠣᠷ ᠰᠢᠷᠣᠶ ᠶᠢᠨ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ ᠶᠢᠨ ᠪᠠᠲᠤᠯᠠᠭ᠎ᠠ ᠶᠢᠨ ᠲᠠᠯ᠎ᠠ ᠪᠠᠷ ᠬᠠᠷᠢᠴᠠᠯᠠᠰᠢ ᠦᠭᠡᠶ ᠳᠠᠪᠠᠭᠤᠯᠢᠭ ᠢ ᠡᠵᠡᠯᠡᠵᠦ ᠪᠠᠶᠢᠨ᠎ᠠ᠃
     2023 ᠣᠨ ᠤ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠴᠢᠨᠠᠷᠲᠠᠢ ᠨᠡᠭᠡᠭᠡᠯᠲᠡ᠂ ᠴᠢᠨᠠᠷ ᠰᠠᠶᠢᠲᠠᠢ ᠠᠰᠢᠭᠯᠠᠯᠲᠠ᠂ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠡᠨᠧᠷᠭᠢ ᠶᠢᠨ ᠡᠬᠢ ᠪᠠᠶᠠᠯᠢᠭ ᠢ ᠲᠤᠬᠠᠢ ᠶᠢᠨ ᠭᠠᠵᠠᠷ ᠲᠤᠨᠢ ᠨᠠᠷᠢᠯᠢᠭ ᠪᠣᠯᠪᠠᠰᠤᠷᠠᠭᠤᠯᠬᠤ ᠶᠢ ᠴᠢᠩᠭᠠᠳᠬᠠᠵᠤ᠂ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠠᠵᠤ ᠦᠢᠯᠡᠰ ᠢ ᠰᠠᠶᠢᠲᠤᠷ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠲᠤᠰ ᠵᠢᠯ ᠤᠨ 10 ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ ᠪᠤᠭᠤᠲᠤ ᠶᠢ ᠪᠥᠬᠦ ᠤᠯᠤᠰ ᠤᠨ ᠬᠠᠮᠤᠭ ᠤᠨ ᠶᠡᠭᠡ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠠ ᠪᠥᠬᠦ ᠳᠡᠯᠡᠬᠡᠶ ᠶᠢᠨ ᠲᠡᠷᠢᠭᠦᠨ ᠤ ᠬᠤᠪᠣᠷ ᠰᠢᠷᠣᠶ ᠶᠢᠨ ᠬᠡᠷᠡᠭᠯᠡᠭᠡᠨ ᠤ ᠰᠠᠭᠤᠷᠢᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠲᠣᠳᠣᠷᠬᠠᠶᠢᠯᠠᠪᠠ᠃ ᠪᠦᠬᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠤᠭᠤᠲᠤ ᠳᠤ ᠪᠦᠬᠦ ᠲᠠᠯ᠎ᠠ ᠪᠠᠷ ᠳᠡᠯᠭᠡᠷᠡᠭᠦᠯᠬᠦ ᠬᠡᠷᠡᠭᠲᠡᠶ᠃
     ᠨᠢᠭᠡ ᠵᠢᠯ ᠤᠨ ᠲᠤᠷᠰᠢ᠂ ᠪᠥᠬᠦ ᠤᠯᠤᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠡᠮᠦᠨ᠎ᠡ 10 ᠰᠣᠷᠢᠨᠵᠢᠨ ᠮᠠᠲ᠋ᠧᠷᠢᠶᠠᠯ ᠤᠨ ᠠᠵᠤ ᠠᠬᠤᠶᠢᠯᠠᠯ ᠨᠢᠭᠡᠨᠲᠡ ᠪᠤᠭᠤᠲᠤ ᠬᠤᠲᠠ ᠳᠤ ᠨᠤᠲᠤᠭᠰᠢᠵᠤ᠂ ᠪᠥᠬᠦ ᠬᠤᠲᠠ ᠶᠢᠨ ᠬᠤᠪᠣᠷ ᠰᠢᠷᠣᠶ ᠶᠢᠨ  ᠦᠢᠯᠡᠳᠭᠦᠨ ᠤ ᠥᠷᠲᠡᠭ 2022 ᠣᠨ ᠤ 677.5 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2023 ᠣᠨ ᠪᠣᠯᠬᠤ ᠳᠤ 829 ᠳ᠋ᠦᠩᠰᠢᠭᠤᠷ ᠲᠥᠭᠦᠷᠢᠭ ᠪᠣᠯᠤᠨ ᠨᠡᠮᠡᠭᠳᠡᠪᠡ᠃ ᠪᠥᠬᠦ ᠬᠤᠲᠠ ᠳᠤ ᠣᠲᠣ ᠬᠤᠪᠣᠷ ᠰᠢᠷᠣᠶ ᠶᠢᠨ ᠠᠵᠤ ᠠᠬᠤᠶᠢᠯᠠᠯ 209 ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 85᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 70 ᠪᠠᠶᠢᠵᠤ᠂ 2022 ᠣᠨ ᠤ ᠬᠢ ᠠᠴᠠ ᠲᠣᠰ ᠲᠣᠰ 30᠂ 22᠂ 20 ᠨᠡᠮᠡᠭᠳᠡᠵᠦ᠂ ᠤᠯᠤᠰ ᠤᠨ ᠲᠠᠰ ᠤᠨ ᠲᠠᠩ ᠵᠦᠢᠯ ᠤᠨ ᠲᠡᠷᠢᠭᠦᠨ ᠠᠵᠤ ᠠᠬᠤᠶᠢᠯᠠᠯ 1 ᠨᠡᠮᠡᠭᠳᠡᠵᠦ᠂ ᠬᠤᠪᠣᠷ ᠰᠢᠷᠣᠶ ᠶᠢᠨ ᠬᠦᠷᠢᠶᠡᠨ ᠳᠠᠬᠢ ᠤᠯᠤᠰ ᠤᠨ ᠲᠠᠰ ᠤᠨ ᠲᠠᠩ ᠵᠦᠢᠯ ᠤᠨ ᠲᠡᠷᠢᠭᠦᠨ ᠠᠵᠤ ᠠᠬᠤᠶᠢᠯᠠᠯ ᠥᠬᠡᠶ ᠪᠠᠶᠢᠬᠤ ᠰᠢᠪᠲᠤᠯᠤᠯᠲᠠ ᠶᠢ ᠪᠡᠶᠡᠯᠡᠭᠦᠯᠪᠡ᠃     ᠡᠨᠡ ᠨᠢᠭᠡ ᠵᠢᠯ ᠳᠤ᠂ ᠪᠤᠭᠤᠲᠤ ᠶᠢᠨ ᠭᠠᠩ ᠬᠠᠭᠰᠠᠷᠠᠭᠠᠨ ᠲᠠᠢ ᠪᠦᠬᠦ ᠤᠯᠤᠰ ᠤᠨ ᠬᠠᠮᠤᠭ ᠤᠨ ᠶᠡᠭᠡ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠢ ᠪᠦᠳᠦᠭᠡᠨ ᠪᠠᠶᠢᠭᠤᠯᠬᠤ ᠪᠠᠷ ᠲᠣᠭᠲᠠᠵᠤ᠂ ᠦᠢᠯᠡᠳᠪᠦᠷᠢᠯᠡᠯ ᠤᠨ ᠴᠢᠳᠠᠪᠤᠷᠢ ᠶᠢ ᠦᠷᠭᠦᠯᠵᠢᠯᠡᠨ ᠥᠷᠭᠡᠳᠬᠡᠵᠦ᠂ ᠰᠢᠨ᠎ᠡ ᠮᠠᠲ᠋ᠧᠷᠢᠶᠠᠯ ᠤᠨ ᠭᠠᠷᠤᠯᠲᠠ ᠶᠢ ᠳᠡᠭᠡᠭᠰᠢᠯᠡᠭᠦᠯᠦᠨ᠎ᠡ᠃ 2023 ᠣᠨ ᠳᠤ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠭᠠᠷᠤᠯᠲᠠ 10 ᠲᠦᠮᠡᠨ ᠲᠣᠨ ᠳᠤ ᠬᠦᠷᠴᠦ᠂ ᠶᠡᠷᠦᠩᠬᠡᠢ ᠬᠡᠪᠴᠢᠶ᠎ᠡ ᠪᠦᠬᠦ ᠤᠯᠤᠰ ᠲᠤ ᠲᠡᠷᠢᠭᠦᠯᠡᠪᠡ᠃     ᠡᠨᠡ ᠨᠢᠭᠡ ᠵᠢᠯ ᠳᠤ᠂ ᠪᠦᠬᠦ ᠤᠯᠤᠰ ᠤᠨ ᠠᠩᠬᠠᠳᠠᠭᠴᠢ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠢᠩᠬᠢᠨᠢ ᠪᠠᠷ ᠠᠰᠢᠭᠯᠠᠯᠲᠠ ᠳᠤ ᠣᠷᠣᠪᠠ︔ ᠠᠨ ᠲᠠᠢ ᠤᠮᠠᠷᠠᠲᠤ ᠣᠷᠣᠨ ᠤ 3000 ᠲᠣᠨ ᠨᠢᠸᠢᠮ ᠲᠡᠮᠦᠷ ᠪᠣᠷ ᠤᠨ ᠣᠶᠤᠨᠴᠢ ᠦᠢᠯᠡᠳᠪᠦᠷᠢ ᠪᠠᠶᠢᠭᠤᠯᠤᠭᠳᠠᠨ ᠠᠰᠢᠭᠯᠠᠯᠲᠠ ᠳᠤ ᠣᠷᠣᠪᠠ︔ ᠪᠦᠬᠦ ᠪᠥᠮᠪᠥᠷᠴᠡᠭ ᠤᠨ ᠲᠡᠷᠢᠭᠦᠨ ᠤ ᠬᠤᠪᠣᠷ ᠰᠢᠷᠣᠶ ᠶᠢᠨ ᠪᠤᠯᠤᠳ ᠦᠢᠯᠡᠳᠪᠦᠷᠢᠯᠡᠬᠦ ᠰᠠᠭᠤᠷᠢᠨ ᠭᠠᠵᠠᠷ ᠢ ᠨᠢᠭᠡᠨᠲᠡ ᠪᠠᠶᠢᠭᠤᠯᠵᠤ᠂ ᠪᠦᠬᠦ ᠵᠢᠯ ᠤᠨ ᠭᠠᠷᠤᠯᠲᠠ ᠪᠠᠨ ᠵᠢᠱᠢᠯᠲᠡ ᠪᠠᠷ 135 ᠲᠦᠮᠡᠨ ᠲᠣᠨ ᠳᠤ ᠬᠦᠷᠭᠡᠬᠦ ᠪᠣᠯᠤᠨ᠎ᠠ︔ ᠯᠦ ᠴᠧᠩ ᠲᠤᠷᠰᠢᠯᠲᠠ ᠶᠢᠨ ᠲᠠᠰᠤᠭ ᠵᠢᠩᠬᠢᠨᠢ ᠪᠠᠷ ᠫᠠᠶᠢᠰᠠ ᠡᠯᠭᠦᠨ ᠠᠵᠢᠯᠯᠠᠵᠤ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ ᠶᠢ ᠵᠢᠯ ᠤᠨ ᠡᠴᠦᠰ ᠲᠤ 25 ᠲᠦᠮᠡᠨ ᠲᠣᠨ ᠠᠴᠠ ᠳᠡᠭᠡᠭᠰᠢ ᠳᠤ ᠬᠦᠷᠭᠡᠬᠦ ᠪᠣᠯᠤᠨ᠎ᠠ᠃
      ᠣᠳᠣᠬᠠᠨ ᠳᠤ᠂ ᠪᠤᠭᠤᠲᠤ ᠶᠢᠨ ᠬᠤᠪᠣᠷ ᠰᠢᠷᠣᠶ ᠶᠢᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠶᠠᠭ ᠬᠥᠭᠵᠢᠨ ᠮᠠᠨᠳᠤᠵᠤ᠂ ᠣᠷᠴᠢᠨ ᠲᠣᠭᠤᠷᠢᠨ ᠤ ᠲᠠᠯ᠎ᠠ ᠪᠠᠷ ᠰᠢᠨ᠎ᠡ ᠶᠢ ᠡᠭᠦᠳᠴᠦ ᠪᠠᠶᠢᠨ᠎ᠠ᠃ ᠣᠯᠥᠰ ᠤᠨ ᠳᠡᠰ ᠤᠨ ᠬᠤᠪᠤᠷ ᠰᠢᠷᠦᠢ ᠶᠢᠨ ᠰᠢᠨ᠎ᠡ ᠮᠠᠲ᠋ᠧᠷᠢᠶᠡᠯ ᠤᠨ ᠳᠡᠷᠢᠬᠦᠨ ᠤ ᠦᠢᠯᠡᠳᠬᠦ ᠦᠢᠯᠡᠰ ᠤᠨ ᠰᠦᠷᠦᠭᠵᠢᠯ ᠢ ᠪᠦᠬᠦ ᠬᠦᠴᠣᠨ ᠢᠶᠠᠷ ᠪᠤᠢ ᠪᠤᠯᠭᠠᠵᠦ᠂ ᠵᠢᠯ ᠤᠨ ᠳᠣᠳᠣᠷ᠎ᠠ ᠬᠤᠪᠤᠷ ᠰᠢᠷᠦᠢ ᠶᠢᠨ ᠠᠵᠦ ᠦᠢᠯᠡᠰ ᠤᠨ ᠦᠢᠯᠡᠳᠪᠦᠷᠢᠯᠡᠯ ᠤᠨ ᠦᠷᠲᠡᠭ ᠢ 1000 ᠳ᠋ᠦᠩᠰᠢᠭᠤᠷ ᠳᠥᠬᠦᠷᠢᠭ ᠢ ᠳᠡᠪᠡᠭᠤᠯᠵᠦ᠂ 1200 ᠳ᠋ᠦᠡᠭᠰᠢᠭᠤᠷ ᠳᠥᠬᠦᠷᠢᠭ ᠲᠤ ᠬᠦᠷᠦᠬᠦᠯᠬᠦ ᠪᠠᠷ ᠴᠢᠷᠮᠠᠶᠢᠨ᠎ᠠ᠃ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠠᠰᠢᠭᠯᠠᠨ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢ ᠣᠷᠭᠠᠨᠢᠭ ᠢᠶᠠᠷ ᠠᠭᠤᠰᠤᠯᠴᠠᠭᠤᠯᠬᠤ ᠶᠢ ᠠᠬᠢᠭᠤᠯᠤᠨ᠎ᠠ᠃ ᠪᠤᠭᠤᠲᠤ ᠬᠤᠲᠠ ᠪᠦᠬᠦ ᠤᠯᠤᠰ ᠤᠨ ᠬᠠᠮᠤᠭ ᠤᠨ ᠶᠡᠭᠡ ᠬᠤᠪᠣᠷ ᠰᠢᠷᠦᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ  ᠪᠤᠯᠬᠤ ᠨᠢ ᠯᠠᠪᠲᠠᠢ᠃      ᠢᠷᠡᠭᠡᠳᠦᠶ ᠪᠠᠨ ᠪᠠᠷᠠᠯᠠᠬᠤᠶ᠎ᠠ᠂ ᠵᠢᠱᠢᠯᠲᠡ ᠪᠠᠷ 2025 ᠣᠨ ᠪᠣᠯᠬᠤ ᠳᠤ᠂ ᠪᠤᠭᠤᠲᠤ ᠶᠢᠨ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠭᠠᠷᠤᠯᠲᠠ ᠶᠢ 10 ᠲᠦᠮᠡᠨ ᠲᠣᠨ ᠳᠤ ᠬᠦᠷᠦᠭᠦᠯᠵᠦ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠢ 15᠂ 50 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠢ 2 ᠪᠤᠶᠢᠵᠢᠭᠤᠯᠵᠤ᠂ ᠠᠵᠢᠯ ᠲᠥᠷᠥᠯ ᠤᠨ ᠲᠠᠩ ᠵᠦᠢᠯ ᠤᠨ ᠮᠠᠩᠯᠠᠶᠢᠯᠠᠭᠴᠢ 1 ᠡᠷᠦᠬᠡ ᠶᠢ ᠪᠤᠶᠢᠵᠢᠭᠤᠯᠵᠤ᠂ ᠬᠤᠪᠣᠷ ᠰᠢᠷᠣᠶ ᠶᠢᠨ ᠠᠵᠤ ᠦᠢᠯᠡᠰ ᠢ ︽ᠳᠡᠯᠡᠬᠡᠶ ᠶᠢᠨ ᠲᠠᠰ ᠤᠨ ᠬᠠᠳᠠᠭᠠᠯᠠᠭᠳᠠᠴᠠ︾ ᠠᠴᠠ ︽ᠳᠡᠯᠡᠬᠡᠶ ᠶᠢᠨ ᠲᠠᠰ ᠤᠨ ᠠᠵᠤ ᠦᠢᠯᠡᠰ︾ ᠳᠠᠰᠢ ᠯᠠᠪᠳᠠᠭᠤᠨ ᠪᠠᠲᠤᠲᠠᠶ ᠠᠬᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号