ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠴᠢᠨ ᠤ ᠡᠪᠯᠡᠯ ᠰᠢᠷᠠᠯᠵᠢ ᠡᠪᠡᠰᠦ ᠶᠢ ᠠᠷᠢᠯᠭᠠᠬᠤ ᠲᠤᠰᠬᠠᠶ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/18
    ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠭᠤᠶᠢᠳᠠ ᠰᠠᠶᠢᠬᠠᠨ ᠠᠮᠢ ᠠᠬᠤᠶ ᠶᠢᠨ ᠣᠷᠴᠢᠨ ᠲᠣᠭᠤᠷᠢᠨ ᠤ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠵᠤ᠂ ᠠᠵᠢᠯᠲᠠᠨ ᠠᠵᠢᠯᠴᠢᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠴᠢᠨ ᠤ ᠡᠪᠯᠡᠯ ᠠᠵᠢᠯᠲᠠᠨ ᠠᠵᠢᠯᠴᠢᠨ ᠢᠶᠠᠨ ᠵᠣᠬᠢᠶᠠᠨ ᠪᠠᠶᠢᠭᠤᠯᠵᠤ ᠰᠠᠶᠢᠬᠠᠨ ᠲᠠᠯ᠎ᠠ ᠨᠤᠲᠤᠭ ᠲᠤ ᠰᠢᠷᠠᠯᠵᠢ ᠡᠪᠡᠰᠦ ᠶᠢ ᠠᠷᠢᠯᠭᠠᠬᠤ ᠲᠤᠰᠬᠠᠶ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠶᠢᠨ ᠳᠤᠮᠳᠠ᠂ ᠤᠯᠠᠨ ᠢᠶᠠᠷ ᠢᠶᠠᠨ ᠵᠣᠪᠠᠭᠤᠷᠢ ᠵᠦᠳᠡᠭᠦᠷᠢ ᠠᠴᠠ ᠠᠶᠤᠬᠤ ᠦᠭᠡᠢ ᠵᠣᠷᠢᠭ ᠰᠠᠨᠠᠭ᠎ᠠ ᠪᠠᠨ ᠪᠠᠳᠠᠷᠠᠭᠤᠯᠵᠤ᠂ ᠬᠠᠷᠢᠯᠴᠠᠨ ᠬᠠᠮᠵᠢᠯᠴᠠᠵᠤ᠂ ᠡᠷᠴᠢ ᠵᠣᠷᠢᠭ ᠲᠡᠭᠦᠯᠳᠡᠷ ᠪᠠᠶᠢᠨ᠎ᠠ᠃ ᠬᠤᠷᠴᠠ ᠰᠢᠷᠦᠭᠦᠨ ᠨᠡᠷᠡᠨ ᠳᠤ᠂ ᠣᠯᠠᠨ ᠢᠶᠠᠷ ᠢᠶᠠᠨ ᠪᠡᠭᠡᠯᠡᠶ ᠵᠡᠭᠦᠵᠦ ᠰᠢᠷᠠᠯᠵᠢ ᠡᠪᠡᠰᠦ ᠨᠢᠭᠲᠠᠷᠠᠭᠰᠠᠨ ᠣᠷᠣᠨ ᠢ ᠠᠷᠢᠯᠭᠠᠬᠤ ᠶᠢᠨ ᠬᠠᠮᠲᠤ ᠪᠠᠰᠠ ᠡᠷᠬᠢᠨ ᠲᠣᠭᠤᠷᠢᠨ ᠤ ᠬᠤᠭ ᠨᠣᠪᠰᠢ ᠪᠠ ᠡᠯᠳᠡᠪ ᠪᠣᠳᠠᠰ ᠢ ᠴᠡᠪᠡᠷᠯᠡᠵᠦ᠂ ᠳᠠᠯᠳᠠ ᠬᠡᠮ ᠢ ᠠᠷᠢᠯᠭᠠᠬᠤ ᠶᠢᠨ ᠬᠠᠮᠲᠤ ᠪᠠᠰᠠ ᠣᠷᠴᠢᠨ ᠲᠣᠭᠤᠷᠢᠨ ᠢ ᠬᠠᠶᠢᠷᠠᠯᠠᠬᠤ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠥᠬᠡᠶ᠂ ᠵᠦᠯᠭᠡ ᠭᠠᠵᠠᠷ ᠢ ᠭᠢᠰᠬᠢᠬᠦ ᠥᠬᠡᠶ ᠪᠠᠶᠢᠬᠤ ᠶᠢ ᠢᠳᠡᠪᠬᠢᠲᠡᠶ ᠰᠠᠨᠠᠭᠠᠴᠢᠯᠠᠵᠤ᠂ ᠠᠵᠢᠯᠲᠠᠨ ᠠᠵᠢᠯᠴᠢᠨ ᠣᠯᠠᠨ ᠲᠦᠮᠡᠨ ᠤ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
      ᠲᠠᠷᠠᠭᠠᠴᠢ ᠶᠢᠨ ᠠᠯᠬᠤᠮ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠴᠢᠨ ᠤ ᠡᠪᠯᠡᠯ ᠰᠢᠷᠠᠯᠵᠢ ᠡᠪᠡᠰᠦ ᠶᠢ ᠠᠷᠢᠯᠭᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠶᠢᠨ ᠬᠠᠮᠲᠤ ᠡᠷᠡᠭᠦᠯ ᠮᠡᠨᠳᠦ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠠᠷᠰᠢᠮᠠᠲᠠᠭᠠᠶ ᠰᠢᠷᠠᠯᠵᠢ ᠶᠢᠨ ᠲᠥᠷᠥᠯ ᠤᠨ ᠤᠷᠭᠤᠮᠠᠯ᠂ ᠬᠠᠷᠰᠢᠮᠠᠲᠠᠭᠠᠶ ᠡᠪᠡᠳᠴᠢᠨ ᠤ ᠢᠯᠡᠷᠡᠯ᠂ ᠡᠮᠨᠡᠨ ᠵᠠᠰᠠᠬᠤ ᠠᠷᠭ᠎ᠠ ᠮᠠᠶ᠋ᠢᠭ ᠵᠢᠴᠢ ᠰᠡᠷᠭᠡᠶᠢᠯᠡᠬᠦ ᠵᠡᠷᠭᠡ ᠬᠠᠮᠢᠶ᠎ᠠ ᠪᠥᠬᠦᠶ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠢᠳᠡᠪᠬᠢᠲᠡᠶ ᠤᠬᠠᠭᠤᠯᠵᠤ ᠂ ᠪᠣᠳᠠᠲᠤ ᠠᠵᠢᠯᠯᠠᠭ᠎ᠠ ᠪᠠᠷ ᠢᠶᠠᠨ ᠠᠵᠢᠯᠲᠠᠨ ᠠᠵᠢᠯᠴᠢᠨ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠦᠨᠡᠨ ᠬᠦ ᠪᠠᠲᠤᠯᠠᠵᠤ᠂ ᠥᠷᠭᠡᠨ ᠣᠯᠠᠨ ᠠᠵᠢᠯᠲᠠᠨ ᠠᠵᠢᠯᠴᠢᠨ ᠲᠦᠮᠡᠨ ᠳᠤ ᠲᠠᠭᠠᠯᠠᠮᠵᠢᠲᠠᠶ᠂ ᠴᠡᠪᠡᠷ ᠴᠡᠮᠴᠡᠭᠡᠷ᠂ ᠭᠤᠶᠣ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号