ᠪᠦᠬᠦ ᠬᠤᠲᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ︽ᠠᠮᠢᠵᠢᠷᠠᠯ ᠤᠨ ᠬᠦᠴᠦᠨ ᠢ ᠴᠢᠩᠭᠠᠳᠬᠠᠵᠤ᠂ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠬᠥᠳᠡᠯᠭᠡᠬᠦ ᠬᠦᠴᠦᠨ ᠢ ᠨᠡᠮᠡᠭᠳᠡᠭᠦᠯᠬᠦ︾ᠫᠢᠩᠫᠣᠩ᠂ ᠦᠳᠦᠨ ᠪᠦᠮᠪᠦᠭᠡ ᠶᠢᠨ ᠤᠷᠤᠯᠳᠤᠭᠠᠨ‌‍ᠲ᠋ᠡᠭᠡᠳᠦ ᠰᠢᠨ᠎ᠡ ᠮᠡᠷᠭᠡᠵᠢᠯ ᠤᠨ ᠤᠷᠤᠨ ᠳᠤ ᠡᠬᠢᠯᠡᠪᠡ︕
ᠨᠡᠶᠢᠲᠡᠯᠡᠭᠰᠡᠨ ᠴᠠᠭ᠄
2024/6/18
     ᠵᠣᠬᠢᠶᠠᠨ ᠪᠠᠶᠢᠭᠤᠯᠬᠤ ᠠᠵᠢᠯ ᠤᠨ ᠺᠠᠳ᠋ᠷ ᠤᠨ ᠨᠢᠭᠲᠠᠷᠠᠯ ᠤᠨ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ ᠺᠠᠳ᠋ᠷ ᠠᠵᠢᠯᠲᠠᠨ ᠠᠵᠢᠯᠴᠢᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠵᠤ᠂ ᠮᠠᠨ ᠤ ᠬᠤᠲᠠ ᠶᠢᠨ ᠵᠣᠬᠢᠶᠠᠨ ᠪᠠᠶᠢᠭᠤᠯᠬᠤ ᠠᠵᠢᠯ ᠤᠨ ᠺᠠᠳ᠋ᠷᠴᠤᠳ ᠤᠨ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠵᠣᠬᠢᠶᠠᠨ ᠪᠠᠶᠢᠭᠤᠯᠬᠤ ᠠᠵᠢᠯ ᠤᠨ ᠺᠠᠳ᠋ᠷᠴᠤᠳ ᠤᠨ ᠠᠵᠢᠯ ᠬᠢᠵᠦ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠨ ᠨᠢᠭᠲᠠᠷᠠᠭᠤᠯᠬᠤ ᠶᠢᠨ ᠲᠥᠯᠥᠭᠡ᠂ 6 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠭᠤᠤᠯᠯᠠᠨ ᠡᠷᠭᠢᠯᠡᠵᠦ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠪᠠ ᠣᠯᠠᠨ ᠲᠦᠮᠡᠨ ᠤ ᠠᠵᠢᠯ ᠤᠨ ᠬᠡᠯᠲᠡᠰ ᠠᠴᠠ ᠳᠠᠭᠠᠭᠠᠴᠢᠯᠠᠨ ᠡᠷᠭᠢᠯᠡᠭᠰᠡᠨ ︽ᠠᠮᠢᠵᠢᠷᠠᠯ ᠤᠨ ᠬᠦᠴᠦᠨ ᠢ ᠴᠢᠩᠭᠠᠷᠠᠭᠤᠯᠵᠤ᠂ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠬᠥᠳᠡᠯᠭᠡᠬᠦ ᠬᠦᠴᠦᠨ ᠢ ᠨᠡᠮᠡᠭᠳᠡᠭᠦᠯᠬᠦ︾ 2024 ᠣᠨ ᠳᠤ ᠪᠥᠬᠦ ᠬᠤᠲᠠ ᠶᠢᠨ ᠵᠣᠬᠢᠶᠠᠨ ᠪᠠᠶᠢᠭᠤᠯᠬᠤ ᠰᠢᠰᠲ᠋ᠧᠮ ‍ᠤᠨ‌‍ᠫᠢᠩᠫᠣᠩ᠂ ᠦᠳᠦᠨ ᠪᠦᠮᠪᠦᠭᠡ ᠶᠢᠨ ᠤᠷᠤᠯᠳᠤᠭᠠᠨ ᠨᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠲᠠᠨ ᠠᠵᠢᠯᠴᠢᠨ ᠤ ᠰᠣᠶᠣᠯ ᠲᠠᠮᠢᠷ ᠤᠨ ᠠᠵᠢᠯᠯᠠᠭᠠᠨ ᠤ ᠲᠥᠪ ᠲᠤ ᠡᠬᠢᠯᠡᠪᠡ᠃ ᠪᠦᠬᠦ ᠬᠤᠲᠠ ᠶᠢᠨ ᠵᠣᠬᠢᠶᠠᠨ ᠪᠠᠶᠢᠭᠤᠯᠬᠤ ᠰᠢᠰᠲ᠋ᠧᠮ᠂ ᠣᠷᠣᠨ ᠲᠤᠭ᠎ᠠ ᠶᠢᠨ ᠠᠯᠪᠠᠨ ᠭᠡᠷ᠂ ᠠᠬᠠᠮᠠᠳ ᠺᠠᠳ᠋ᠷ ᠤᠨ ᠲᠣᠪᠴᠢᠶ᠎ᠠ ᠠᠴᠠ ᠢᠷᠡᠭᠰᠡᠨ 11 ᠡᠩᠨᠡᠭᠡ ᠶᠢᠨ 300 ᠭᠠᠷᠤᠶ ᠲᠠᠮᠢᠷᠴᠢᠨ ᠤᠷᠤᠯᠳᠤᠭᠠᠨ ᠳᠤ ᠣᠷᠣᠯᠴᠠᠪᠠ᠃    ᠡᠬᠢᠯᠡᠯᠲᠡ ᠶᠢᠨ ᠶᠣᠰᠣᠯᠠᠯ ᠳᠡᠭᠡᠷ᠎ᠡ᠂ ᠡᠯ᠎ᠡ ᠲᠥᠯᠥᠭᠡᠯᠡᠭᠴᠢᠳ ᠤᠨ ᠠᠩᠭᠢ ᠴᠤᠭ ᠵᠢᠪᠬᠤᠭ᠎ᠠ ᠪᠠᠳᠠᠷᠠᠩᠭᠤᠶ᠂ ᠣᠮᠤᠭ ᠲᠡᠭᠦᠯᠳᠡᠷ ᠠᠯᠬᠤᠭ᠎ᠠ ᠪᠠᠷ ᠵᠢᠭᠰᠠᠵᠤ᠂ ᠥᠷᠭᠡᠨ ᠣᠯᠠᠨ ᠺᠠᠳ᠋ᠷ ᠠᠵᠢᠯᠲᠠᠨ ᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ ᠲᠣᠰ ᠤᠳᠠᠭᠠᠨ ᠤ ᠤᠷᠤᠯᠳᠤᠭᠠᠨ ᠳᠤ ᠥᠳᠥᠨ ᠪᠥᠮᠪᠦᠭᠡ᠂ ᠫᠢᠩᠫᠣᠩ  ᠪᠥᠮᠪᠦᠭᠡ ᠶᠢᠨ 2 ᠶᠡᠭᠡ ᠲᠥᠷᠥᠯ ᠤᠨ 13 ᠪᠠᠭ᠎ᠠ ᠲᠥᠷᠥᠯ ᠢ ᠲᠣᠬᠢᠷᠠᠭᠤᠯᠵᠤ᠂ ᠭᠤᠤᠯ ᠬᠢᠨᠠᠭᠴᠢ ᠱᠦᠭᠯᠦ ᠳᠤᠤᠭᠠᠷᠬᠤ ᠶᠢ ᠳᠠᠭᠠᠯᠳᠤᠨ ᠤᠷᠤᠯᠳᠤᠭᠠᠨ ᠵᠢᠩᠬᠢᠨᠢ ᠪᠠᠷ ᠡᠬᠢᠯᠡᠪᠡ᠃ ᠤᠷᠤᠯᠳᠤᠭᠠᠨ ᠳᠤ ᠣᠷᠣᠯᠴᠠᠭᠰᠠᠳ ᠬᠤᠶᠢᠨ᠎ᠠ ᠬᠤᠶᠢᠨ᠎ᠠ ᠠᠴᠠ ᠪᠠᠨ ︽ᠡᠷᠳᠡᠮ ᠴᠢᠳᠠᠪᠤᠷᠢ ᠪᠠᠨ ᠬᠠᠷᠠᠵᠤ︾᠂ ᠬᠤᠯᠠ ᠪᠥᠮᠪᠦᠭᠡ᠂ ᠳᠡᠭᠦᠵᠢᠩ ᠪᠥᠮᠪᠦᠭᠡ᠂ ᠬᠥᠮᠥᠷᠢᠨ ᠴᠣᠬᠢᠬᠤ ᠵᠡᠷᠭᠡ ᠡᠯ᠎ᠡ ᠵᠠᠮ ᠤᠨ ᠪᠥᠮᠪᠦᠭᠡ ᠶᠢᠨ ᠮᠡᠷᠭᠡᠵᠢᠯ ᠢᠶᠠᠨ ᠪᠦᠷᠢᠨ ᠭᠦᠢᠴᠡᠳ ᠢᠯᠡᠷᠡᠭᠦᠯᠵᠦ᠂ ᠤᠷᠤᠯᠳᠤᠭᠠᠨ ᠤ ᠲᠤᠬᠠᠢ ᠶᠢᠨ ᠲᠠᠯᠠᠪᠠᠢ ᠳᠤ ᠰᠦᠷ ᠳᠠᠯᠠᠶᠢᠴᠠᠲᠠᠢ᠂ ᠭᠤᠶᠢᠳᠠ ᠰᠠᠶᠢᠬᠠᠨ ᠶᠠᠪᠤᠭᠳᠠᠵᠤ᠂ ᠲᠠᠮᠢᠷᠴᠢᠳ ᠤᠨ ᠰᠡᠳᠬᠢᠯ ᠰᠠᠨᠠᠭ᠎ᠠ ᠪᠠᠨ ᠣᠯᠣᠯᠴᠠᠭᠰᠠᠨ ᠬᠠᠮᠵᠢᠯᠴᠠᠭ᠎ᠠ᠂ ᠪᠣᠯᠪᠠᠰᠤᠷᠠᠩᠭᠤᠢ ᠰᠠᠶᠢᠬᠠᠨ ᠪᠥᠮᠪᠥᠭᠡᠨ ᠮᠡᠷᠭᠡᠵᠢᠯ ᠢᠶᠠᠷ ᠢᠶᠠᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠪᠠ ᠮᠠᠭᠲᠠᠭᠠᠯ ᠰᠠᠶᠢᠰᠢᠶᠠᠯ ᠢ ᠣᠯᠵᠠᠢ᠃     ᠪᠦᠬᠦ ᠠᠵᠢᠯᠳᠠᠨ ᠠᠵᠢᠯᠴᠢᠨ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠠᠵᠢᠯᠳᠠᠨ ᠠᠵᠢᠯᠴᠢᠨ ᠤ ᠪᠦᠯᠬᠦᠮᠳᠡᠨ ᠲᠠᠪᠰᠢᠬᠤ᠂ ᠢᠳᠡᠪᠬᠢᠲᠡᠢ ᠪᠠᠷ ᠥᠭᠡᠳᠡᠯᠡᠨ ᠲᠠᠪᠰᠢᠬᠤ ᠶᠢ ᠭᠦᠢᠴᠡᠳ ᠢᠯᠡᠷᠡᠭᠦᠯᠵᠦ᠂ ᠫᠢᠩᠫᠠᠩ ᠪᠥᠮᠪᠦᠭᠡ ᠦᠳᠤᠨ ᠪᠦᠮᠪᠦᠭᠡ ᠶᠢᠨ ᠤᠷᠤᠯᠳᠤᠭᠠᠨ ᠤ ᠬᠠᠮᠲᠤ ᠶᠢᠨ ᠦᠵᠡᠯᠲᠡ᠂ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ᠂ ᠥᠷᠢᠰᠥᠯᠳᠦᠭᠡᠨ ᠤ ᠤᠬᠠᠮᠰᠠᠷ ᠢ ᠰᠤᠷᠤᠯᠴᠠᠯᠭ᠎ᠠ ᠪᠠ ᠠᠵᠢᠯ ᠳᠠᠭᠠᠨ ᠠᠭᠤᠰᠤᠯᠴᠠᠭᠤᠯᠵᠤ᠂ ︽ᠨᠡᠩ ᠥᠨᠳᠥᠷ᠂ ᠨᠡᠩ ᠲᠦᠷᠭᠡᠨ᠂ ᠨᠡᠩ ᠬᠦᠴᠦᠷᠬᠡᠭ︾ ᠣᠯᠢᠮᠫᠢᠺ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠶᠢ ᠡᠭᠦᠳᠦᠨ ᠵᠠᠮ ᠨᠡᠭᠡᠭᠡᠵᠦ᠂ ᠪᠤᠭᠤᠲᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠵᠣᠬᠢᠶᠠᠨ ᠪᠠᠶᠢᠭᠤᠯᠬᠤ ᠠᠵᠢᠯ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号