ᠪᠦᠬᠦ ᠣᠷᠣᠨ ᠤ ᠴᠠᠬᠢᠯᠭᠠᠨ ᠭᠠᠷᠭᠠᠬᠤ ᠬᠡᠮᠵᠢᠶ᠎ᠡ ᠰᠠᠶᠢᠨ ᠡᠬᠢᠯᠡᠯᠲᠡ ᠲᠠᠢ ᠪᠣᠯᠪᠠ
ᠨᠡᠶᠢᠲᠡᠯᠡᠭᠰᠡᠨ ᠴᠠᠭ᠄
2024/6/21
     2024 ᠣᠨ ᠤ 1 — 2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ 1301.2 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠪᠥᠬᠦ ᠤᠯᠤᠰ ᠤᠨ ᠲᠡᠷᠢᠭᠦᠨ ᠳᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 14. 0% ᠢᠶᠠᠷ ᠨᠡᠮᠡᠭᠳᠡᠵᠦ᠂ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠤᠨ ᠪᠠᠶᠢᠳᠠᠯ ᠢ ᠦᠷᠭᠦᠯᠵᠢᠯᠡᠨ ᠪᠠᠲᠤᠯᠠᠪᠠ᠃ ᠡᠯ᠎ᠡ ᠵᠦᠢᠯ ᠤᠨ ᠴᠠᠬᠢᠯᠭᠠᠨ ᠭᠠᠷᠭᠠᠬᠤ ᠲᠥᠷᠥᠯ ᠵᠦᠢᠯ ᠴᠥᠮ ᠨᠡᠮᠡᠭᠳᠡᠯ ᠢᠶᠠᠨ ᠪᠠᠲᠤᠯᠠᠵᠤ᠂ ᠢᠯᠴᠢ ᠶᠢᠨ ᠴᠠᠬᠢᠯᠭᠠᠨ ᠤ ᠳᠠᠶᠢᠴᠢᠯᠠᠬᠤ ᠦᠢᠯᠡᠳᠦᠯ ᠢᠯᠡᠷᠬᠡᠶ ᠪᠠᠶᠢᠨ᠎ᠠ᠃ 1 — 2 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠢᠯᠴᠢ ᠶᠢᠨ ᠴᠠᠬᠢᠯᠭᠠᠨ ᠭᠠᠷᠭᠠᠯᠲᠠ 1032.7 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.9% ᠪᠠᠷ ᠨᠡᠮᠡᠭᠳᠡᠨ᠂ ᠪᠥᠬᠦ ᠣᠷᠣᠨ ᠤ ᠴᠠᠬᠢᠯᠭᠠᠨ ᠭᠠᠷᠭᠠᠬᠤ ᠬᠡᠮᠵᠢᠶ᠎ᠡ ᠶᠢ 12.4 ᠵᠠᠭᠤᠨ ᠤ ᠬᠤᠪᠢ ᠶᠢᠨ ᠴᠡᠭ ᠢᠶᠠᠷ ᠳᠠᠶᠢᠴᠢᠯᠠᠵᠤ᠂ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠲᠦᠷᠭᠡᠨ ᠢᠶᠠᠷ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 18.4% ᠨᠡᠮᠡᠭᠳᠡᠪᠡ᠃ 7 ᠠᠶᠢᠮᠠᠭ ᠬᠤᠲᠠ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ ᠃ ᠡᠭᠦᠨ ᠳᠤ᠂ ᠣᠷᠳᠣᠰ ᠬᠤᠲᠠ ᠶᠢᠨ ᠴᠠᠬᠢᠯᠭᠠᠨ ᠭᠠᠷᠭᠠᠭᠰᠠᠨ ᠬᠤᠪᠢ ᠶᠢᠨ ᠵᠢᠩ ᠬᠠᠮᠤᠭ ᠤᠨ ᠶᠡᠭᠡ ᠪᠠᠶᠢᠵᠤ᠂ 327.5 ᠳ᠋ᠦᠩᠰᠢᠭᠤᠷ ᠺᠢᠯᠤᠸᠠᠲ ᠴᠠᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 27.2% ᠢᠶᠠᠷ ᠨᠡᠮᠡᠭᠳᠡᠵᠦ᠂ ᠪᠥᠬᠦ ᠣᠷᠣᠨ ᠤ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 25.2% ᠢ ᠡᠵᠡᠯᠡᠪᠡ︔ ᠠᠯᠠᠱᠠ ᠠᠶᠢᠮᠠᠭ ᠤᠨ ᠴᠠᠬᠢᠯᠭᠠᠨ ᠭᠠᠷᠭᠠᠬᠤ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠬᠠᠮᠤᠭ ᠤᠨ ᠥᠨᠳᠥᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 35. 4% ᠪᠠᠷ ᠨᠡᠮᠡᠭᠳᠡᠪᠡ᠃
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号