ᠡᠨᠡ ᠦᠨᠡᠨᠴᠢ ᠢᠲᠡᠭᠡᠮᠵᠢᠲᠡᠢ ᠲᠠᠯᠠᠪᠠᠢ ︽ᠵᠢᠰᠦ ᠴᠢᠷᠠᠢ︾ ᠮᠠᠰᠢ ᠥᠨᠳᠥᠷ
ᠨᠡᠶᠢᠲᠡᠯᠡᠭᠰᠡᠨ ᠴᠠᠭ᠄
2024/6/25
     ᠦᠨᠡᠨᠴᠢ ᠢᠲᠡᠭᠡᠮᠵᠢᠲᠡᠶ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠤᠷᠤᠨ ᠤ ᠨᠠᠮ ᠪᠠ ᠣᠯᠠᠨ ᠲᠦᠮᠡᠨ ᠤ ᠠᠵᠢᠯ ᠤᠨ ᠬᠡᠯᠲᠡᠰ ᠦᠨᠡᠨᠴᠢ ᠢᠲᠡᠭᠡᠮᠵᠢ ᠶᠢᠨ ᠰᠣᠶᠣᠯ ᠤᠨ ᠠᠭᠤᠳᠠᠮ ᠲᠠᠯᠠᠪᠠᠶ ᠶᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠦᠨᠡᠨᠴᠢ ᠢᠲᠡᠭᠡᠮᠵᠢ ᠶᠢᠨ ᠠᠵᠢᠯᠯᠠᠭ᠎ᠠ ᠶᠢ ᠳᠡᠯᠭᠡᠨ ᠦᠵᠡᠭᠦᠯᠬᠦ᠂ ᠦᠨᠡᠨᠴᠢ ᠢᠲᠡᠭᠡᠮᠵᠢ ᠶᠢᠨ ᠥᠷᠲᠡᠭ ᠢ ᠳᠡᠯᠭᠡᠷᠡᠭᠦᠯᠬᠦ ᠭᠤᠤᠯ ᠵᠢᠭᠰᠠᠭᠠᠯ ᠤᠨ ᠭᠠᠵᠠᠷ ᠪᠣᠯᠤᠭᠰᠠᠨ ᠪᠠᠶᠢᠨ᠎ᠠ᠃ ᠡᠯᠪᠡᠭ ᠪᠠᠶᠠᠯᠢᠭ ᠠᠭᠤᠯᠭ᠎ᠠ ᠲᠠᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠡᠷᠬᠢᠯᠡᠬᠦ ᠪᠠᠷ ᠳᠠᠮᠵᠢᠭᠤᠯᠤᠨ᠂ ᠦᠨᠡᠨᠴᠢ ᠢᠲᠡᠭᠡᠮᠵᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠠᠨ ᠨᠡᠶᠢᠲᠡ ᠶᠢᠨ ᠶᠣᠰᠣ ᠰᠤᠷᠲᠠᠬᠤᠨ ᠤ ᠪᠣᠯᠪᠠᠰᠤᠷᠠᠯ ᠪᠣᠯᠤᠨ ᠦᠨᠡᠨᠴᠢ ᠢᠲᠡᠭᠡᠮᠵᠢ ᠶᠢᠨ ᠤᠬᠠᠮᠰᠠᠷ ᠢ ᠳᠡᠭᠡᠭᠰᠢᠯᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠦᠨᠡᠨᠴᠢ ᠢᠲᠡᠭᠡᠮᠵᠢ ᠪᠠᠷ ᠰᠠᠭᠤᠷᠢ ᠪᠣᠯᠭᠠᠭᠰᠠᠨ᠂ ᠢᠲᠡᠭᠡᠮᠵᠢ ᠪᠠᠷ ᠢᠷᠠᠭᠤ ᠠᠯᠳᠠᠷ ᠢᠶᠠᠨ ᠪᠣᠯᠭᠠᠭᠰᠠᠨ ᠢᠳᠡᠪᠬᠢᠲᠡᠢ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃
     ᠦᠨᠡᠨᠴᠢ ᠢᠲᠡᠭᠡᠮᠵᠢ ᠶᠢᠨ ᠵᠢᠱᠢᠶᠡᠴᠢ ᠶᠢᠨ ᠦᠢᠯᠡ ᠠᠵᠢᠯᠯᠠᠭ᠎ᠠ ᠶᠢᠨ ᠦᠵᠡᠭᠦᠯᠭᠡ ᠶᠢᠨ ᠲᠣᠭᠤᠷᠢᠭ ᠨᠢ ᠲᠠᠯᠠᠪᠠᠶ ᠶᠢᠨ ᠭᠤᠤᠯ ᠣᠷᠣᠨ ᠪᠦᠰᠡ ᠪᠣᠯᠤᠭᠰᠠᠨ ᠤ ᠬᠤᠪᠢ ᠳᠤ᠂ ᠠᠳᠢᠶ᠎ᠠ᠂ ᠯᠦ ᠷᠧᠨ ᠹᠧᠩ᠂ ᠵᠣᠣ ᠶᠠᠩ ᠵᠡᠷᠭᠡ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠲᠠᠰ ᠤᠨ ᠦᠨᠡᠨᠴᠢ ᠢᠲᠡᠭᠡᠮᠵᠢᠲᠡᠶ ᠶᠣᠰᠣ ᠮᠣᠷᠠᠯ ᠤᠨ ᠵᠢᠱᠢᠶᠡᠴᠢ ᠶᠢᠨ ᠭᠠᠷᠮᠠᠭᠠᠶ ᠦᠢᠯᠡ ᠠᠵᠢᠯᠯᠠᠭ᠎ᠠ ᠶᠢ ᠲᠥᠪᠯᠡᠷᠡᠭᠦᠯᠦᠨ ᠢᠯᠡᠷᠡᠭᠦᠯᠪᠡ᠃ ᠦᠵᠡᠭᠦᠯᠦᠯᠭᠡ ᠶᠢᠨ ᠰᠠᠮᠪᠠᠷ᠎ᠠ ᠨᠢ ᠠᠮᠢᠳᠤᠯᠢᠭ ᠰᠠᠶᠢᠬᠠᠨ ᠦᠰᠦᠭ ᠪᠢᠴᠢᠭ ᠪᠣᠯᠤᠨ ᠰᠡᠳᠬᠢᠯ ᠬᠥᠳᠡᠯᠭᠡᠮ᠎ᠡ ᠭᠡᠷᠡᠯ ᠵᠢᠷᠤᠭ ᠢᠶᠠᠷ ᠳᠠᠮᠵᠢᠭᠤᠯᠤᠨ᠂ ᠠᠳᠠᠯᠢ ᠪᠤᠰᠤ ᠠᠵᠢᠯ ᠲᠥᠷᠥᠯ ᠠᠴᠠ ᠢᠷᠡᠭᠰᠡᠨ ᠲᠡᠳᠡᠨ ᠤ ᠪᠣᠳᠠᠲᠤ ᠠᠵᠢᠯᠯᠠᠭ᠎ᠠ ᠪᠠᠷ ᠢᠶᠠᠨ ᠦᠨᠡᠨᠴᠢ ᠢᠲᠡᠭᠡᠮᠵᠢᠲᠡᠶ ᠪᠠᠶᠢᠬᠤ ᠡᠷᠬᠢᠮ ᠳᠡᠭᠡᠳᠦ ᠵᠠᠩ ᠴᠢᠨᠠᠷ ᠢ ᠲᠠᠶᠢᠯᠪᠤᠷᠢᠯᠠᠵᠤ᠂ ᠨᠡᠩ ᠤᠯᠠᠨ ᠬᠥᠮᠦᠰ ᠤᠨ ᠦᠨᠡᠨᠴᠢ ᠢᠲᠡᠭᠡᠮᠵᠢᠲᠡᠶ ᠪᠠᠶᠢᠬᠤ ᠪᠠᠷᠢᠮᠵᠢᠶ᠎ᠠ ᠶᠢ ᠦᠢᠯᠡᠳᠦᠯᠭᠡᠵᠢᠭᠦᠯᠬᠦ ᠶᠢ ᠵᠣᠷᠢᠭᠵᠢᠭᠤᠯᠪᠠ᠃     ᠵᠢᠱᠢᠶᠡᠴᠢ ᠦᠢᠯᠡ ᠠᠵᠢᠯᠯᠠᠭ᠎ᠠ ᠶᠢᠨ ᠦᠵᠡᠭᠦᠯᠦᠯᠭᠡ ᠶᠢ ᠭᠠᠷᠭᠠᠬᠤ ᠠᠴᠠ ᠭᠠᠳᠠᠨ᠎ᠠ᠂ ᠠᠭᠤᠳᠠᠮ ᠲᠠᠯᠠᠪᠠᠶ ᠳᠤ ᠪᠠᠰᠠ ᠦᠨᠡᠨᠴᠢ ᠢᠲᠡᠭᠡᠮᠵᠢᠲᠡᠶ ᠠᠵᠤ ᠠᠬᠤᠶᠢᠯᠠᠯ᠂ ᠬᠤᠳᠠᠯᠳᠤᠭᠠᠨ ᠤ ᠡᠷᠦᠬᠡ ᠶᠢ ᠬᠥᠬᠢᠭᠦᠯᠦᠨ ᠰᠠᠶᠢᠰᠢᠶᠠᠵᠤ ᠢᠯᠡ ᠨᠡᠶᠢᠲᠡᠯᠡᠬᠦ ᠪᠠ ᠢᠲᠡᠭᠡᠯ ᠠᠯᠳᠠᠭᠰᠠᠨ ᠬᠤᠪᠢ ᠬᠥᠮᠦᠨ ᠢ ᠰᠡᠷᠡᠮᠵᠢᠯᠡᠭᠦᠯᠦᠨ ᠵᠠᠷᠯᠠᠬᠤ ᠲᠣᠭᠲᠠᠴᠠ ᠶᠢ ᠬᠡᠷᠡᠭᠵᠢᠭᠦᠯᠪᠡ᠃ ᠢᠯᠡ ᠨᠡᠶᠢᠲᠡᠯᠡᠬᠦ ᠫᠠᠶᠢᠰᠠ ᠳᠡᠭᠡᠷ᠎ᠡ ᠦᠨᠡᠨᠴᠢ ᠢᠲᠡᠭᠡᠮᠵᠢ ᠶᠢᠨ ᠠᠵᠤ ᠠᠬᠤᠶᠢᠯᠠᠯ᠂ ᠬᠤᠳᠠᠯᠳᠤᠭᠠᠨ ᠤ ᠡᠷᠦᠬᠡ ᠶᠢᠨ ᠨᠡᠷᠡᠰ ᠢ ᠲᠣᠳᠣᠷᠬᠠᠶ ᠵᠢᠭᠰᠠᠭᠠᠭᠰᠠᠨ ᠪᠥᠭᠡᠳ ᠢᠲᠡᠭᠡᠯ ᠠᠯᠳᠠᠭᠰᠠᠨ ᠬᠤᠪᠢ ᠬᠥᠮᠦᠨ ᠤ ᠮᠡᠳᠡᠭᠡ ᠵᠠᠩᠭᠢ ᠪᠠ ᠦᠢᠯᠡ ᠠᠵᠢᠯᠯᠠᠭ᠎ᠠ ᠶᠢ ᠢᠯᠡ ᠨᠡᠶᠢᠲᠡᠯᠡᠵᠦ᠂ ᠦᠨᠡᠨᠴᠢ ᠢᠲᠡᠭᠡᠮᠵᠢ ᠶᠢᠨ ᠠᠵᠤ ᠠᠬᠤᠶᠢᠯᠠᠯ᠂ ᠬᠤᠳᠠᠯᠳᠤᠭᠠᠨ ᠤ ᠡᠷᠦᠬᠡ ᠶᠢᠨ ᠥᠯᠢᠭᠡᠷ ᠳᠠᠭᠤᠷᠢᠶᠠᠯ ᠤᠨ ᠦᠢᠯᠡᠳᠦᠯ ᠢ ᠬᠥᠬᠢᠭᠦᠯᠦᠨ ᠰᠠᠶᠢᠰᠢᠶᠠᠬᠤ ᠶᠢᠨ ᠬᠠᠮᠲᠤ ᠢᠲᠡᠭᠡᠯ ᠠᠯᠳᠠᠭᠰᠠᠨ ᠬᠤᠪᠢ ᠬᠥᠮᠦᠨ ᠳᠤ ᠴᠢᠬᠤᠯᠠ ᠪᠦᠬᠦᠢ ᠰᠡᠷᠡᠮᠵᠢᠯᠡᠭᠦᠯᠬᠦ ᠪᠠ ᠬᠥᠮᠦᠵᠢᠯ ᠬᠢᠵᠦ᠂ ᠦᠨᠡᠨᠴᠢ ᠢᠲᠡᠭᠡᠮᠵᠢ ᠶᠢ ᠬᠡᠮᠵᠢᠵᠤ ᠪᠣᠯᠬᠤ ᠪᠠᠷᠢᠮᠵᠢᠶ᠎ᠠ ᠪᠣᠯᠭᠠᠵᠤ᠂ ᠣᠯᠠᠨ ᠨᠡᠶᠢᠲᠡ ᠶᠢᠨ ᠦᠨᠡᠨᠴᠢ ᠢᠲᠡᠭᠡᠮᠵᠢ ᠶᠢᠨ ᠲᠤᠬᠠᠶ ᠠᠩᠬᠠᠷᠤᠯ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ ᠶᠤᠮ᠃      ᠠᠭᠤᠳᠠᠮ ᠲᠠᠯᠠᠪᠠᠢ ᠶᠢᠨ ᠡᠷᠭᠢᠨ ᠲᠣᠭᠤᠷᠢᠨ ᠳᠤ ︽ᠦᠨᠡᠨᠴᠢ ᠢᠲᠡᠭᠡᠮᠵᠢ ᠪᠣᠯ ᠠᠵᠤ ᠠᠬᠤᠶ ᠨᠡᠶᠢᠭᠡᠮ ᠤᠨ ᠠᠵᠢᠯᠯᠠᠭᠠᠨ ᠤ ᠰᠠᠭᠤᠷᠢ ᠮᠥᠨ︾᠂ ︽ᠬᠥᠮᠦᠨ ᠢᠲᠡᠭᠡᠮᠵᠢ ᠦᠭᠡᠢ ᠪᠣᠯ ᠢᠲᠡᠭᠡᠮᠵᠢ ᠦᠭᠡᠢ ᠪᠣᠯ  ᠬᠦᠭᠵᠢᠵᠦ ᠳᠡᠶᠢᠯᠬᠦ ᠦᠭᠡᠢ︾ ᠵᠡᠷᠭᠡ ᠣᠯᠠᠨ ᠵᠤᠷᠪᠤᠰ ᠦᠨᠡᠨᠴᠢ ᠢᠲᠡᠭᠡᠮᠵᠢ ᠲᠠᠢ ᠬᠤᠯᠪᠣᠭᠳᠠᠬᠤ ᠤᠷᠢᠶ᠎ᠠ‌ᠭᠠᠷᠭᠠᠵᠤ᠂ ᠣᠷᠴᠢᠨ ᠲᠣᠭᠤᠷᠢᠨ ᠢ ᠭᠤᠶᠣᠯᠠᠬᠤ ᠶᠢᠨ ᠬᠠᠮᠲᠤ ᠪᠠᠰᠠ ᠦᠨᠡᠨᠴᠢ ᠢᠲᠡᠭᠡᠮᠵᠢ ᠶᠢᠨ ᠴᠢᠬᠤᠯᠠ ᠴᠢᠨᠠᠷ ᠢ ᠴᠢᠬᠤᠯᠠᠴᠢᠯᠠᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠠᠭᠤᠳᠠᠮ ᠲᠠᠯᠠᠪᠠᠢ ᠳᠤ ᠪᠠᠰᠠ ᠲᠣᠭᠲᠠᠮᠠᠯ ᠬᠤᠭᠤᠴᠠᠭ᠎ᠠ ᠲᠠᠢ ᠪᠠᠷ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠶᠣᠰᠣ ᠰᠤᠷᠲᠠᠬᠤᠨ ᠤ ᠵᠢᠱᠢᠶᠡᠴᠢ ᠵᠢᠴᠢ ᠲᠤᠰᠬᠠᠶ ᠮᠡᠷᠭᠡᠵᠢᠯᠲᠡᠨ ᠡᠷᠳᠡᠮᠲᠡᠳ ᠢ ᠤᠷᠢᠵᠤ ᠲᠤᠬᠠᠶ ᠶᠢᠨ ᠭᠠᠵᠠᠷ ᠲᠤᠨᠢ ᠤᠬᠠᠭᠤᠯᠤᠨ ᠲᠠᠶᠢᠯᠪᠤᠷᠢᠯᠠᠵᠤ ᠰᠣᠯᠢᠯᠴᠠᠭ᠎ᠠ ᠬᠢᠯᠭᠡᠵᠦ᠂ ᠰᠠᠭᠤᠭᠠᠯᠢ ᠠᠷᠠᠳ ᠤᠨ ᠦᠨᠡᠨᠴᠢ ᠢᠲᠡᠭᠡᠮᠵᠢ ᠶᠢᠨ ᠥᠷᠲᠡᠭ ᠤᠨ ᠲᠤᠬᠠᠶ ᠣᠶᠢᠯᠠᠭᠠᠯᠲᠠ ᠶᠢ ᠭᠦᠨᠵᠡᠭᠡᠶᠢᠷᠡᠭᠦᠯᠵᠦ᠂ ᠦᠨᠡᠨᠴᠢ ᠢᠲᠡᠭᠡᠮᠵᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠰᠤᠷᠤᠯᠴᠠᠭᠤᠯᠤᠨ᠎ᠠ᠃    
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号