ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ | ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠪᠠ | ᠰᠢᠨᠵᠢᠯᠡᠬᠦ ᠤᠬᠠᠭᠠᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠬᠡᠪ ᠪᠣᠯᠪᠠᠰᠤᠷᠠᠯ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ 6 | ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠸᠠᠨ ᠱᠦᠶ ᠴᠢᠤᠸᠠᠨ ᠪᠠᠯᠭᠠᠰᠤᠨ ᠤ ᠲᠧᠩ ᠹᠸᠢ ᠨᠡᠶᠢᠭᠡᠮ | ᠲᠣᠭᠤᠷᠢᠭ᠂ ᠲᠧᠩ ᠹᠸᠢ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ︽ᠰᠣᠨᠣᠰᠬᠤ | ᠴᠢᠳᠠᠪᠤᠷᠢ ᠶᠢᠨ ᠡᠷᠡᠭᠦᠯ ᠮᠡᠨᠳᠦ ᠶᠢ ᠬᠠᠮᠠᠭᠠᠯᠠᠵᠤ᠂ ᠥᠲᠡᠯᠦᠭᠡ ᠨᠠᠰᠤ ᠪᠠᠨ ᠪᠠᠶᠠᠷ ᠵᠢᠷᠭᠠᠯ ᠲᠠᠢ ᠥᠩᠭᠡᠷᠡᠭᠦᠯᠬᠦ︾ ᠪᠠᠷ | ᠭᠤᠤᠯ ᠰᠡᠳᠦᠪ ᠪᠣᠯᠭᠠᠭᠰᠠᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ | ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠸᠠᠨ ᠱᠦᠶ ᠴᠢᠤᠸᠠᠨ ᠪᠠᠯᠭᠠᠰᠤᠨ ᠤ ᠲᠧᠩ ᠹᠸᠢ ᠨᠡᠶᠢᠭᠡᠮ | ᠲᠣᠭᠤᠷᠢᠭ᠂ ᠲᠧᠩ ᠹᠸᠢ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠲᠠᠢ ᠨᠡᠶᠢᠭᠡᠮ ᠲᠣᠭᠤᠷᠢᠭ ᠤᠨ | ᠨᠠᠰᠤᠲᠠᠶᠢᠴᠤᠳ ᠤᠨ ᠠᠵᠢᠯᠯᠠᠭᠠᠨ ᠤ ᠲᠥᠪ ᠲᠤ ᠭᠦᠨᠵᠡᠭᠡᠶᠢᠷᠡᠵᠦ᠂ ᠬᠥᠨᠳᠡᠯᠡᠨ ᠪᠢᠴᠢᠭᠡᠰᠦ ᠡᠯᠭᠦᠬᠦ᠂ | ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠬᠠᠷᠠᠭᠠᠨ ᠳᠠᠪᠲᠠᠮᠵᠢ ᠪᠠᠷ ᠵᠢᠭᠠᠨ ᠰᠤᠷᠭᠠᠬᠤ ᠵᠡᠷᠭᠡ ᠠᠷᠭ᠎ᠠ | ᠬᠡᠯᠪᠡᠷᠢ ᠪᠠᠷ ᠨᠠᠰᠤᠲᠠᠶᠢᠴᠤᠳ ᠲᠤ ᠨᠠᠰᠤᠲᠠᠶᠢᠴᠤᠳ ᠤᠨ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ | ᠡᠪᠡᠳᠴᠢᠨ ᠪᠠ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠵᠠᠰᠠᠬᠤ ᠤᠷ᠎ᠠ ᠮᠡᠷᠭᠡᠵᠢᠯ ᠢ ᠤᠬᠠᠭᠤᠯᠵᠤ᠂ | ᠰᠣᠨᠣᠷ ᠤᠨ ᠡᠷᠡᠭᠦᠯ ᠮᠡᠨᠳᠦ ᠶᠢᠨ ᠮᠡᠳᠡᠯᠭᠡ᠂ ᠴᠢᠬᠢᠨ ᠡᠪᠡᠳᠴᠢᠨ ᠤ ᠤᠷᠢᠳᠴᠢᠯᠠᠨ ᠰᠡᠷᠭᠡᠶᠢᠯᠡᠵᠦ ᠬᠠᠮᠢᠶᠠᠷᠬᠤ ᠵᠢᠴᠢ | ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠠᠩᠬᠠᠷᠬᠤ ᠵᠦᠢᠯᠡᠰ ᠵᠡᠷᠭᠡ ᠶᠢ ᠲᠦᠭᠡᠮᠡᠯᠵᠢᠭᠦᠯᠵᠦ᠂ | ᠨᠠᠰᠤᠲᠠᠶᠢᠴᠤᠳ ᠤᠨ ᠰᠣᠨᠣᠷ ᠡᠷᠡᠭᠦᠯ ᠮᠡᠨᠳᠦ ᠶᠢ ᠬᠠᠮᠠᠭᠠᠯᠠᠬᠤ ᠦᠵᠡᠯ ᠤᠬᠠᠮᠰᠠᠷ ᠪᠠ ᠴᠢᠳᠠᠪᠤᠷᠢ ᠶᠢ | ᠳᠡᠭᠡᠭᠰᠢᠯᠡᠭᠦᠯᠪᠡ᠃ ᠲᠧᠩ ᠹᠸᠢ ᠵᠠᠮ ᠤᠨ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠲᠤᠬᠠᠶ ᠶᠢᠨ | ᠲᠠᠯᠠᠪᠤᠷ ᠲᠤ ᠨᠠᠰᠤᠲᠠᠶᠢᠴᠤᠳ ᠲᠤ ᠰᠤᠳᠠᠯ ᠪᠠᠷᠢᠵᠤ ᠣᠨᠣᠰᠢᠯᠠᠭᠰᠠᠨ ᠪᠥᠭᠡᠳ ᠨᠠᠰᠤᠲᠠᠶᠢᠴᠤᠳ ᠤᠨ ᠪᠡᠶ᠎ᠡ ᠶᠢᠨ | ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠤ ᠳᠤᠷᠠᠳᠤᠭᠰᠠᠨ ᠠᠰᠠᠭᠤᠳᠠᠯ ᠳᠤ ᠬᠦᠯᠢᠴᠡᠩᠭᠦᠶ ᠪᠠᠷ ᠨᠠᠷᠢᠨ | ᠨᠢᠮᠪᠠᠶ ᠬᠠᠷᠢᠭᠤᠯᠲᠠ ᠥᠭᠴᠦ᠂ ᠣᠨᠣᠰᠢᠯᠠᠨ ᠡᠮᠨᠡᠬᠦ ᠰᠠᠨᠠᠭᠤᠯᠭ᠎ᠠ ᠳᠤᠷᠠᠳᠴᠤ᠂ ᠡᠷᠡᠭᠦᠯ ᠰᠠᠷᠠᠭᠤᠯ ᠠᠮᠢᠳᠤᠷᠠᠯ ᠢ | ᠵᠢᠭᠠᠨ ᠵᠢᠯᠣᠭᠤᠳᠪᠠ᠃ |