ᠬᠤᠪᠣᠷ ᠰᠢᠷᠣᠶ ᠶᠢᠨ DES ᠪᠤᠳᠤᠭᠲᠤ ᠵᠢᠷᠤᠭ ᠤᠨ ᠳᠡᠯᠭᠡᠴᠡ ᠶᠢᠨ ᠲᠥᠷᠥᠯ ᠵᠦᠢᠯ ᠳᠡᠭᠡᠳᠦ ᠰᠢᠨ᠎ᠡ ᠮᠡᠷᠭᠡᠵᠢᠯ ‍ᠤᠨ‌ᠤᠷᠤᠨ ᠳᠤ  ᠪᠠᠶᠢᠷᠢᠰᠢᠪᠠ
ᠨᠡᠶᠢᠲᠡᠯᠡᠭᠰᠡᠨ ᠴᠠᠭ᠄
2024/6/27
    ᠣᠶᠢᠷ᠎ᠠ ᠳᠤ᠂ ᠥᠪᠥᠷ ᠮᠣᠩᠭᠤᠯ ᠤᠨ ᠭᠦᠸᠧ ᠴᠤᠸᠠᠩ ᠬᠤᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠯᠤᠭ᠎ᠠ ᠤᠷᠤᠨ ᠳᠤ ᠣᠷᠣᠭᠤᠯᠬᠤ ᠬᠡᠯᠡᠯᠴᠡᠭᠡᠷ ᠲᠣᠭᠲᠠᠵᠤ᠂ ᠪᠡᠯᠡ ᠣᠷᠣᠭᠤᠯᠤᠨ ︽ᠬᠤᠪᠣᠷ ᠰᠢᠷᠣᠶ ᠶᠢᠨ DES ᠥᠩᠭᠡᠲᠦ ᠪᠤᠳᠤᠭᠲᠤ ᠳᠡᠯᠭᠡᠴᠡ ᠶᠢᠨ ᠲᠥᠷᠥᠯ ᠵᠦᠢᠯ︾ ᠢ ᠪᠠᠶᠢᠭᠤᠯᠬᠤ ᠪᠠᠷ ᠲᠥᠯᠥᠪᠯᠡᠵᠦ᠂ ᠲᠤᠰ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠦᠷᠢᠶᠡᠨ ᠤ ᠬᠤᠭᠤᠰᠣᠨ ᠢ ᠨᠥᠬᠦᠪᠥᠷᠢᠯᠡᠪᠡ᠃
   
     ᠥᠪᠥᠷ ᠮᠣᠩᠭᠤᠯ ᠤᠨ ᠭᠦᠸᠧ ᠴᠤᠸᠠᠩ ᠬᠤᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠬᠤᠪᠣᠷ ᠰᠢᠷᠣᠢ ᠶᠢᠨ DES ᠥᠩᠭᠡᠲᠦ ᠪᠤᠳᠤᠭᠲᠤ ᠪᠤᠳᠤᠭᠲᠤ ᠤᠰᠤᠨ ᠤ ᠳᠡᠯᠭᠡᠴᠡ ᠶᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠠᠴᠠ ᠦᠵᠦᠭᠦᠷ ᠬᠦᠷᠲᠡᠯᠡᠬᠢ ᠨᠢᠭᠡ ᠴᠣᠭᠴᠠᠵᠢᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ᠎ᠠ᠃ ᠬᠤᠪᠣᠷ ᠰᠢᠷᠣᠶ ᠶᠢᠨ DES ᠴᠠᠬᠢᠯᠭᠠᠨ ᠤ ᠡᠭᠡᠳᠡᠩ ᠪᠡᠭᠡ ᠤᠰᠤᠨ ᠳᠡᠯᠭᠡᠴᠡ ᠨᠢ ᠬᠤᠪᠣᠷ ᠰᠢᠷᠣᠶ ᠶᠢᠨ ᠯᠠᠨᠲ᠋ᠠᠨ ᠤ ᠰᠢᠰᠲ᠋ᠧᠮ ᠤᠨ ᠡᠯᠧᠮᠧᠨ᠋ᠲ ᠤᠨ ᠭᠡᠷᠡᠯ ᠭᠠᠷᠭᠠᠬᠤ᠂ ᠨᠡᠪᠴᠢᠬᠦ᠂ ᠥᠩᠭᠡ ᠨᠡᠮᠡᠬᠦ᠂ ᠰᠡᠷᠭᠡᠭ ᠵᠡᠷᠭᠡ ᠰᠢᠯᠢᠳᠡᠭ ᠣᠨᠴᠠᠯᠢᠭ ᠢ ᠭᠦᠢᠴᠡᠳ ᠪᠠᠳᠠᠷᠠᠭᠤᠯᠵᠤ᠂ ᠬᠠᠷ᠎ᠠ ᠴᠠᠭᠠᠨ ᠪᠡᠬᠡᠲᠦ ᠤᠰᠤᠨ ᠤ ᠬᠠᠯᠬᠠᠪᠴᠢ ᠶᠢᠨ ᠳᠠᠪᠠᠭᠤᠯᠢᠭ ᠢ ᠪᠠᠲᠤᠯᠠᠬᠤ ᠶᠢᠨ ᠬᠠᠮᠲᠤ᠂ ᠨᠠᠩ ᠢᠯᠡᠭᠦᠤ ᠨᠢᠳᠦ ᠪᠠᠨ ᠬᠠᠮᠠᠭᠠᠯᠠᠵᠤ᠂ ᠡᠨᠧᠷᠭᠢ ᠠᠷᠪᠢᠯᠠᠨ᠂ ᠲᠣᠭᠲᠠᠭᠤᠨ᠂ ᠬᠥᠩᠭᠡᠨ ᠠᠪᠰᠠᠷᠬᠠᠨ ᠪᠠᠶᠢᠳᠠᠭ᠃     ᠤᠯᠠᠮᠵᠢᠯᠠᠯᠲᠤ ᠡᠯᠧᠺᠲᠷᠣᠨ ᠪᠡᠭᠡ ᠤᠰᠤᠨ ᠳᠡᠯᠭᠡᠴᠡ ᠲᠠᠢ ᠠᠳᠠᠯᠢ ᠦᠭᠡᠢ᠂ ᠬᠤᠪᠣᠷ ᠰᠢᠷᠣᠶ ᠶᠢᠨ DES ᠴᠠᠬᠢᠯᠭᠠᠨ ᠡᠭᠡᠳᠡᠩ ᠪᠠ ᠪᠡᠭᠡ ᠤᠰᠤᠨ ᠳᠡᠯᠭᠡᠴᠡ ᠲᠠᠢ ᠴᠠᠬᠢᠯᠭᠠᠨ ᠮᠥᠬᠦᠯᠢᠭ ᠨᠢ ᠨᠢᠮᠭᠡᠨ ᠪᠦᠷᠬᠦᠭᠦᠯ ᠳᠡᠭᠡᠷ᠎ᠡ ᠪᠠᠢᠬᠤ ᠦᠭᠡᠢ᠂ ᠬᠠᠷᠢᠨ ITO  ᠰᠢᠯ ᠳᠡᠭᠡᠷ᠎ᠡ ᠪᠠᠢᠨ᠎ᠠ᠂ ᠡᠨᠡ ᠨᠢ ᠲᠡᠭᠦᠨ ᠤ ᠦᠢᠯᠡᠳᠪᠦᠷᠢᠯᠡᠬᠦ ᠤᠷ᠎ᠠ ᠮᠡᠷᠭᠡᠵᠢᠯ ᠤᠨ ᠱᠠᠭᠠᠷᠳᠠᠯᠭ᠎ᠠ ᠶᠢ ᠶᠡᠭᠡ ᠪᠠᠷ ᠪᠠᠭᠤᠷᠠᠭᠤᠯᠵᠤ᠂ ᠪᠠᠰᠠ ᠮᠠᠲ᠋ᠧᠷᠢᠶᠠᠯ ᠤᠨ ᠵᠠᠷᠤᠳᠠᠯ ᠢ 30% ᠠᠴᠠ ᠳᠡᠭᠡᠭᠰᠢ ᠪᠠᠭᠤᠷᠠᠭᠤᠯᠵᠤ ᠪᠣᠯᠤᠨ᠎ᠠ᠃ ᠦᠢᠯᠡᠳᠬᠦᠨ ᠤ ᠴᠢᠳᠠᠮᠵᠢ ᠨᠢ ᠬᠤᠪᠣᠷ ᠰᠢᠷᠣᠶ ᠶᠢᠨ DES ᠴᠠᠬᠢᠯᠭᠠᠨ ᠤ ᠡᠭᠡᠳᠡᠩ ᠤᠰᠤᠨ ᠳᠡᠯᠭᠡᠴᠡ ᠶᠢ ᠤᠶᠤᠨᠲᠤ ᠬᠤᠲᠠ᠂ ᠣᠶᠤᠨᠴᠢ ᠦᠢᠯᠡᠳᠪᠦᠷᠢ᠂ ᠣᠶᠤᠨᠴᠢ ᠲᠡᠭᠡᠭᠡᠪᠦᠷᠢ᠂ ᠣᠶᠤᠨᠴᠢ ᠡᠮᠴᠢᠯᠡᠭᠡ ᠵᠡᠷᠭᠡ ᠲᠣᠭᠠᠨ ᠤ ᠤᠶᠤᠨᠴᠢᠯᠠᠭᠰᠠᠨ ᠪᠦᠲᠦᠭᠡᠨ ᠪᠠᠶᠢᠭᠤᠯᠤᠯᠲᠠ ᠳᠤ ᠥᠷᠭᠡᠨ ᠢᠶᠠᠷ ᠬᠡᠷᠡᠭᠯᠡᠵᠦ᠂ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠰᠢᠨ᠎ᠡ ᠪᠠᠷ ᠬᠥᠭᠵᠢᠭᠰᠡᠨ ᠳᠠᠮᠵᠢᠭᠤᠯᠭ᠎ᠠ ᠶᠢᠨ ᠠᠴᠢᠶᠠᠯᠠᠪᠤᠷᠢ ᠪᠣᠯᠭᠠᠨ᠎ᠠ᠃     ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠭᠠᠵᠠᠷ ᠢ ᠰᠣᠩᠭᠤᠬᠤ ᠨᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠭᠠᠵᠠᠷ ᠤᠨ D3 ᠦᠢᠯᠡᠳᠪᠦᠷᠢ ᠶᠢᠨ ᠲᠠᠰᠤᠭ ᠲᠤ ᠰᠣᠩᠭᠤᠨ᠎ᠠ᠂ ᠣᠳᠣᠬᠠᠨ ᠳᠤ ᠨᠢᠭᠡᠨᠲᠡ ᠡᠯ᠎ᠡ ᠵᠦᠢᠯ ᠤᠨ ᠭᠠᠷᠳᠠᠮ ᠢ ᠭᠦᠢᠴᠡᠳᠬᠡᠬᠦ ᠠᠵᠢᠯ ᠢ ᠪᠡᠶᠡᠯᠡᠭᠦᠯᠵᠦ᠂ ᠨᠢᠭᠡᠨᠲᠡ ᠲᠠᠯᠠᠪᠠᠶ ᠳᠤ ᠣᠷᠣᠵᠤ ᠪᠥᠲᠥᠭᠡᠨ ᠪᠠᠶᠢᠭᠤᠯᠵᠤ᠂ ᠨᠢᠭᠡᠳᠦᠭᠡᠷ ᠬᠤᠭᠤᠴᠠᠭ᠎ᠠ ᠶᠢ 2024 ᠣᠨ ᠤ 12 ᠰᠠᠷ᠎ᠠ ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠵᠢᠱᠢᠵᠦ ᠪᠣᠶ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号