ᠵᠢᠩ ᠲᠠᠢ ᠵᠠᠮ ᠤᠨ ᠨᠡᠶᠢᠭᠡᠮ ᠲᠣᠭᠤᠷᠢᠭ ︽ᠵᠢᠵᠢᠭ ᠰᠠᠨᠳᠠᠯᠢ︾ ᠳᠡᠭᠡᠷᠡᠬᠢ ᠪᠣᠯᠪᠠᠰᠤᠨ ᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/29
    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ ᠲᠥᠯᠥᠭᠡ᠂ ᠨᠡᠶᠢᠭᠡᠮ ᠣᠷᠣᠨ ᠤ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠮᠡᠳᠡᠯᠭᠡ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠬᠠᠤᠯᠢ ᠶᠢ ᠮᠡᠳᠡᠬᠦ᠂ ᠬᠠᠤᠯᠢ ᠶᠢ ᠣᠶᠢᠯᠠᠭᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠤᠬᠠᠮᠰᠠᠷ ᠢ ᠨᠡᠮᠡᠭᠳᠡᠭᠦᠯᠦᠨ᠎ᠡ᠃ 2024 ᠣᠨ ᠤ 6 ᠰᠠᠷ᠎ᠠ ᠶᠢᠨ 20  ᠤ ᠡᠳᠦᠷ᠂ ᠵᠢᠩ ᠲᠠᠢ ᠵᠠᠮ ᠤᠨ ᠨᠡᠶᠢᠭᠡᠮ ᠣᠷᠣᠨ ᠤ ᠬᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠯᠠᠨ ᠲᠦᠮᠡᠨ ᠤ ᠠᠵᠢᠯ ᠤᠨ ᠬᠡᠯᠲᠡᠰ ᠲᠠᠢ ᠬᠠᠮᠲᠤᠷᠠᠨ ᠮᠢᠨ ᠰᠢᠨ ᠭᠡᠷ ᠣᠷᠣᠨ ᠤ ᠳᠥᠷᠪᠡᠳᠦᠭᠡᠷ ᠣᠷᠣᠨ ᠤ ᠤᠯᠠᠭᠠᠨ ᠬᠡᠷᠡᠭ ᠵᠥᠪᠯᠡᠬᠦ ᠲᠢᠩᠬᠢᠮ ᠳᠤ ︽ᠵᠢᠵᠢᠭ ᠰᠠᠨᠳᠠᠯᠢ︾ ᠳᠡᠭᠡᠷᠡᠬᠢ ᠪᠣᠯᠪᠠᠰᠤᠨ ᠤ ᠲᠤᠬᠠᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃
    ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠨᠢ ᠢᠷᠭᠡᠨ ᠤ ᠬᠠᠤᠯᠢ ᠶᠢᠨ ᠪᠢᠴᠢᠭ ᠤᠨ ᠲᠣᠭᠤᠷᠢᠨ ᠳᠤ ᠶᠠᠪᠤᠭᠳᠠᠵᠤ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠭᠦᠸᠧ ᠮᠢᠨ ᠬᠠᠤᠯᠢᠴᠢ ᠶᠢ ᠤᠷᠢᠵᠤ ᠰᠠᠭᠤᠭᠠᠯᠢ ᠠᠷᠠᠳ ᠲᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ᠂ ᠥᠮᠴᠢᠲᠡᠨ ᠬᠢᠭᠡᠳ ᠠᠳᠠᠯ ᠠᠬᠤᠢ ᠶᠢᠨ ᠬᠤᠭᠤᠷᠣᠨᠳᠣᠬᠢ ᠵᠢᠭᠤᠷᠠᠯᠳᠤᠭᠠᠨ᠂ ᠮᠡᠬᠡᠯᠡᠯ ᠢ ᠬᠡᠷᠬᠢᠨ ᠰᠡᠷᠭᠡᠶᠢᠯᠡᠬᠦ ᠵᠡᠷᠭᠡ ᠰᠠᠭᠤᠭᠠᠯᠢ ᠠᠷᠠᠳ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠶᠢᠨ ᠠᠰᠠᠭᠤᠳᠠᠯ ᠢ ᠲᠠᠶᠢᠯᠪᠤᠷᠢᠯᠠᠵᠠᠢ᠃ ᠲᠠᠶᠢᠯᠤᠮᠵᠢ ᠳᠤ᠂ ᠬᠠᠤᠯᠢᠴᠢ ᠪᠠᠰᠠ ᠰᠠᠭᠤᠭᠠᠯᠢ ᠠᠷᠠᠳ ᠤᠨ ᠲᠤᠰ ᠪᠡᠶ᠎ᠡ ᠳᠤ ᠲᠤᠯᠭᠠᠷᠠᠭᠰᠠᠨ ᠬᠠᠤᠯᠢ ᠴᠠᠭᠠᠵᠠ ᠶᠢᠨ ᠠᠰᠠᠭᠤᠳᠠᠯ ᠳᠤ ᠨᠠᠷᠢᠨ ᠨᠢᠭᠲᠠ ᠵᠠᠳᠠᠯᠤᠯᠲᠠ ᠬᠢᠵᠦ᠂ ᠶᠠᠷᠢᠯᠴᠠᠭ᠎ᠠ ᠥᠷᠨᠢᠭᠦᠯᠦᠭᠰᠡᠨ ᠪᠥᠭᠡᠳ ᠰᠠᠭᠤᠭᠠᠯᠢ ᠠᠷᠠᠳ ᠤᠨ ᠠᠰᠠᠭᠤᠳᠠᠯ ᠢ ᠨᠢᠭᠡᠳ ᠨᠢᠭᠡ ᠪᠠᠷ ᠬᠠᠷᠢᠭᠤᠯᠵᠤ᠂ ᠰᠠᠭᠤᠭᠠᠯᠢ ᠠᠷᠠᠳ ᠤᠨ ᠰᠡᠳᠬᠢᠯ ᠳᠤ ᠣᠷᠣᠰᠢᠵᠤ ᠪᠠᠶᠢᠭ᠎ᠠ ᠬᠠᠤᠯᠢ ᠴᠠᠭᠠᠵᠠ ᠶᠢᠨ ᠰᠡᠵᠢᠭᠯᠡᠯ ᠢ ᠲᠠᠶᠢᠯᠵᠤ᠂ ᠲᠤᠬᠠᠢ ᠶᠢᠨ ᠲᠠᠯᠠᠪᠤᠷ ᠲᠤ ᠪᠠᠶᠢᠭᠰᠠᠨ ᠰᠠᠭᠤᠭᠠᠯᠢ ᠠᠷᠠᠳ ᠲᠤ ᠨᠢᠭᠡᠨ ᠰᠢᠨ᠎ᠡ ᠬᠡᠯᠪᠡᠷᠢ ᠲᠠᠢ ᠂  ᠠᠮᠢᠳᠤᠯᠢᠭ ︽ᠵᠢᠵᠢᠭ ᠰᠠᠨᠳᠠᠯᠢ ᠪᠠᠷ ᠤᠬᠠᠭᠤᠯᠤᠨ ᠲᠠᠶᠢᠯᠪᠤᠷᠢᠯᠠᠬᠤ︾ ᠠᠵᠢᠯᠯᠠᠭ᠎ᠠ ᠥᠷᠨᠢᠭᠦᠯᠵᠡᠢ᠃     ᠬᠤᠶᠢᠰᠢᠳᠠ᠂ ᠵᠢᠩ ᠲᠠᠢ ᠵᠠᠮ ᠤᠨ ᠨᠡᠶᠢᠭᠡᠮ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠪᠣᠯᠪᠠᠰᠤᠨ ᠭᠡᠷ ᠪᠦᠯᠢ ᠶᠢᠨ ᠰᠢᠨ᠎ᠡ ᠬᠡᠪ ᠰᠤᠷᠲᠠᠯ ᠢ ᠦᠨᠳᠦᠰᠦᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠭᠡᠷ ᠪᠦᠯᠢ ᠶᠢᠨ ᠰᠠᠶᠢᠨ ᠰᠠᠶᠢᠬᠠᠨ ᠵᠠᠩ ᠰᠤᠷᠲᠠᠯ ᠢ ᠶᠡᠬᠡᠪᠡᠷ ᠪᠠᠳᠠᠷᠠᠭᠤᠯᠵᠤ᠂ ᠡᠶ᠎ᠡ ᠵᠣᠬᠢᠴᠠᠩᠭᠤᠢ ᠣᠷᠴᠢᠨ ᠲᠣᠭᠤᠷᠢᠨ᠂ ᠡᠶ᠎ᠡ ᠵᠣᠬᠢᠴᠠᠩᠭᠤᠢ ᠨᠡᠶᠢᠭᠡᠮ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠪᠣᠯᠣᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号