ᠱᠧᠩ ᠲᠠᠩ ᠵᠠᠮ ᠤᠨ ᠨᠡᠶᠢᠭᠡᠮ ᠲᠣᠭᠤᠷᠢᠭ ︽ᠤᠯᠤᠰ ᠤᠨ ᠪᠠᠲᠤᠯᠠᠨ ᠬᠠᠮᠠᠭᠠᠯᠠᠯᠲᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ ᠬᠡᠦᠬᠡᠳ ᠤᠨ ᠰᠡᠳᠬᠢᠯ ᠢ ᠤᠮᠳᠠᠯᠠᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/29
   ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠡᠨᠴᠢ ᠢᠲᠡᠭᠡᠮᠵᠢᠲᠡᠢ ᠪᠠᠶᠢᠬᠤ᠂ ᠢᠲᠡᠭᠡᠯ ᠲᠠᠢ ᠪᠠᠶᠢᠬᠤ ᠶᠢ ᠡᠷᠬᠢᠮᠯᠡᠨ ᠠᠮᠠᠯᠠᠯᠲᠠ ᠪᠠᠨ ᠪᠠᠷᠢᠮᠲᠠᠯᠠᠬᠤ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠬᠦᠴᠦᠯᠡᠨ ᠪᠣᠶᠢᠵᠢᠭᠤᠯᠵᠤ᠂ ᠵᠠᠯᠠᠭᠤᠴᠤᠳ ᠪᠠᠭᠠᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠡᠪ ᠪᠣᠯᠪᠠᠰᠤᠷᠠᠯ ᠢ  ᠲᠡᠭᠡᠭᠰᠢᠯᠡᠭᠦᠯᠦᠨ ᠢᠳᠡᠷᠡᠭᠦᠨ ᠵᠢᠪᠬᠤᠭ᠎ᠠ ᠲᠠᠢ᠂ ᠡᠷᠡᠭᠦᠯ ᠴᠢᠭᠢᠷᠠᠭ ᠪᠡᠶ᠎ᠡ ᠮᠠᠬᠠᠪᠤᠳ ᠢ ᠬᠥᠮᠥᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠱᠧᠩ ᠲᠠᠩ ᠵᠠᠮ ᠤᠨ ᠨᠡᠶᠢᠭᠡᠮ ᠲᠣᠭᠤᠷᠢᠭ ᠰᠢᠨ ᠶᠤᠸᠠᠢ ᠬᠡᠦᠬᠡᠳ ᠤᠨ ᠴᠡᠴᠡᠷᠯᠢᠭ ᠲᠠᠢ ᠬᠠᠮᠲᠤᠷᠠᠨ ︽ᠤᠯᠤᠰ ᠤᠨ ᠪᠠᠲᠤᠯᠠᠨ ᠬᠠᠮᠠᠭᠠᠯᠠᠯᠲᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ ᠬᠡᠦᠬᠡᠳ ᠤᠨ ᠰᠡᠳᠬᠢᠯ ᠢ ᠤᠮᠳᠠᠯᠠᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃
   ᠠᠵᠢᠯᠯᠠᠭ᠎ᠠ ᠶᠢᠨ ᠳᠤᠮᠳᠠ᠂ ᠬᠡᠷᠡᠯ ᠵᠢᠷᠤᠭ᠂ ᠹᠢᠯᠢᠮ ᠢ ᠨᠡᠪᠲᠡᠷᠡᠭᠦᠯᠬᠦ ᠬᠡᠯᠪᠡᠷᠢ ᠪᠠᠷ ᠳᠠᠮᠵᠢᠭᠤᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠠᠮᠢᠶ᠎ᠠ ᠪᠦᠬᠦᠢ ᠮᠡᠳᠡᠯᠭᠡ ᠶᠢᠨ ᠲᠣᠭᠤᠷᠢᠨ ᠳᠤ ᠬᠠᠮᠲᠤ ᠰᠤᠷᠤᠭᠴᠢᠳ ᠲᠤ ᠨᠢᠭᠡ ᠤᠳᠠᠭᠠᠨ ᠤ ᠭᠤᠶᠢᠳᠠ ᠰᠠᠶᠢᠬᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠮᠡᠳᠡᠯᠭᠡ ᠶᠢᠨ ᠲᠠᠶᠢᠯᠤᠮᠵᠢ ᠶᠢ ᠣᠯᠭᠤᠨ᠂ ᠬᠤᠪᠢᠰᠬᠠᠯᠲᠤ ᠴᠢᠰᠤᠨ ᠰᠤᠳᠠᠰᠤ ᠶᠢ ᠰᠣᠷᠣᠭᠴᠢ ᠨᠢᠭᠡᠪᠦᠷᠢ ᠶᠢᠨ ᠰᠡᠳᠬᠢᠯ ᠳᠤ ᠦᠨᠳᠦᠰᠦᠯᠡᠭᠦᠯᠪᠡ᠃ ᠰᠤᠷᠤᠭᠴᠢ ᠨᠢᠭᠡᠪᠦᠷᠢ ᠳᠤ ᠮᠠᠨ ᠤ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠨᠳᠦᠰᠦᠨ ᠪᠠᠶᠢᠳᠠᠯ᠂ ᠣᠳᠣᠬᠢᠴᠢᠯᠠᠭᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠤᠨ ᠬᠥᠭᠵᠢᠯᠲᠡ ᠶᠢᠨ ᠶᠠᠪᠤᠴᠠ ᠶᠢ ᠣᠶᠢᠯᠠᠭᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠭᠤᠯᠬᠤᠨ ᠪᠠ ᠦᠢᠯᠡᠳᠦᠯ ᠢ ᠦᠨᠡᠨ ᠬᠦ ᠣᠶᠢᠯᠠᠭᠠᠭᠤᠯᠵᠤ᠂ ᠳᠤᠮᠳᠠᠳᠤ ᠤᠯᠤᠰ ᠤᠨ ᠴᠡᠷᠢᠭ ᠤᠨ ᠶᠠᠪᠤᠳᠠᠯ ᠤᠨ ᠬᠦᠴᠦᠷᠬᠡᠭ ᠶᠡᠭᠡ ᠬᠦᠴᠦᠨ ᠢ ᠮᠡᠳᠡᠷᠡᠭᠦᠯᠪᠡ᠃     ᠲᠣᠰ ᠤᠳᠠᠭᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠦᠭᠰᠡᠨ ᠨᠢ ᠬᠠᠷᠢᠶᠠᠲᠤ ᠣᠷᠣᠨ ᠤ ᠵᠠᠯᠠᠭᠤᠴᠤᠳ ᠪᠠᠭᠠᠴᠤᠳ ᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠭᠤᠯᠵᠤ᠂ ᠥᠨᠥᠳᠥᠷ ᠤᠨ ᠵᠣᠯ ᠵᠢᠷᠭᠠᠯᠲᠤ ᠠᠮᠢᠳᠤᠷᠠᠯ ᠬᠢᠯᠪᠠᠷ ᠪᠤᠰᠤ ᠪᠠᠷ ᠢᠷᠡᠭᠰᠡᠨ ᠢ ᠣᠶᠢᠯᠠᠭᠠᠭᠤᠯᠤᠭᠰᠠᠨ ᠪᠠᠶᠢᠨ᠎ᠠ᠃ ᠰᠤᠷᠤᠭᠴᠢᠳ ᠢ ᠡᠬᠡ ᠣᠷᠣᠨᠴᠢ ᠦᠵᠡᠯ ᠢᠶᠠᠷ ᠵᠣᠷᠢᠭ ᠰᠠᠨᠠᠭᠠᠨ ᠤ ᠰᠠᠭᠤᠷᠢ ᠥᠩᠭᠡ ᠪᠠᠨ ᠪᠣᠯᠭᠠᠬᠤ ᠶᠢ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠴᠤ᠂ ᠰᠤᠷᠤᠭᠴᠢᠳ ᠤᠨ ᠡᠬᠡ ᠣᠷᠣᠨ ᠳᠠᠭᠠᠨ ᠵᠢᠳᠬᠦᠬᠦ ᠵᠣᠷᠢᠭ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡᠯᠡᠯ ᠢ ᠴᠢᠩᠭᠠᠳᠬᠠᠬᠤ ᠵᠣᠷᠢᠭ ᠢ ᠬᠦᠭᠵᠢᠭᠡᠪᠡ᠃ ᠠᠭᠤᠤ ᠶᠡᠭᠡ ᠡᠬᠡ ᠣᠷᠣᠨ ᠤ ᠪᠠᠨ ᠡᠩᠬᠡ ᠲᠠᠶᠢᠪᠤᠩ ᠪᠣᠯᠣᠨ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠪᠠᠷ ᠴᠠᠭ ᠢᠮᠠᠭᠲᠠ ᠪᠡᠯᠡᠬᠡᠨ ᠪᠠᠶᠢᠨ᠎ᠠ︕
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号