ᠪᠥᠬᠦ ᠣᠷᠣᠨ ᠤ ᠡᠯ᠎ᠡ ᠬᠥᠮᠥᠨ ᠬᠡᠷᠡᠭᠯᠡᠬᠦ ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠠᠤᠯᠢ | ᠴᠠᠭᠠᠵᠠ ᠶᠢᠨ ᠬᠢᠨᠠᠯᠲᠠ ᠲᠠᠯᠪᠢᠬᠤ ᠳᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ᠂ ᠬᠥᠳᠡᠯᠮᠦᠷᠢᠴᠢᠳ ᠤᠨ ᠦᠨᠳᠦᠰᠦᠨ | ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠨ᠂ ᠰᠠᠶᠢᠲᠤᠷ ᠬᠥᠭᠵᠢᠭᠦᠯᠬᠦ ᠶᠢᠨ ᠲᠤᠰᠠᠳᠠ᠂ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠠᠤᠯᠢ | ᠴᠠᠭᠠᠵᠠ ᠶᠢᠨ ᠬᠢᠨᠠᠯᠲᠠ ᠲᠠᠯᠪᠢᠬᠤ ᠵᠥᠪᠯᠡᠯ ᠠᠴᠠ ᠪᠥᠬᠦ ᠣᠷᠣᠨ ᠤ ᠡᠯ᠎ᠡ ᠬᠥᠮᠥᠨ ᠬᠡᠷᠡᠭᠯᠡᠬᠦ ᠨᠢᠭᠡᠴᠡ ᠳᠤ ᠳᠣᠣᠷᠠᠬᠢ | ᠮᠡᠲᠦ ᠰᠠᠨᠠᠭᠠᠴᠢᠯᠠᠭ᠎ᠠ ᠶᠢ ᠭᠠᠷᠭᠠᠪᠠ᠄ | ᠨᠢᠭᠡ᠂ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠠᠵᠢᠯᠴᠢᠨ ᠬᠡᠷᠡᠭᠯᠡᠨ᠎ᠡ᠃ ᠬᠥᠳᠡᠯᠮᠦᠷᠢ ᠶᠢᠨ | ᠭᠡᠷ᠎ᠡ ᠶᠢᠨ ᠬᠤᠭᠤᠴᠠᠭ᠎ᠠ᠂ ᠬᠥᠳᠡᠯᠮᠦᠷᠢ ᠶᠢᠨ ᠬᠥᠯᠥᠰᠦ ᠣᠯᠭᠤᠮᠵᠢ᠂ ᠠᠵᠢᠯ ᠤᠨ ᠠᠭᠤᠯᠭ᠎ᠠ ᠪᠠ ᠠᠵᠢᠯᠯᠠᠬᠤ ᠭᠠᠵᠠᠷ | ᠂ ᠠᠵᠢᠯᠯᠠᠬᠤ ᠴᠠᠭ ᠪᠠ ᠠᠮᠠᠷᠠᠯᠲᠠ ᠪᠠ ᠠᠮᠠᠷᠠᠯᠲᠠ ᠶᠢᠨ ᠴᠢᠯᠦᠭᠡ᠂ ᠨᠡᠶᠢᠭᠡᠮ ᠤᠨ ᠳᠠᠭᠠᠳᠬᠠᠯ᠂ ᠬᠥᠳᠡᠯᠮᠦᠷᠢ ᠶᠢᠨ | ᠬᠠᠮᠠᠭᠠᠯᠠᠯᠲᠠ᠂ ᠬᠥᠳᠡᠯᠮᠦᠷᠢ ᠶᠢᠨ ᠨᠥᠬᠦᠴᠡᠯ ᠪᠠ ᠠᠵᠢᠯ ᠮᠡᠷᠭᠡᠵᠢᠯ ᠤᠨ ᠬᠤᠣᠷ ᠬᠥᠨᠥᠭᠡᠯ ᠤᠨ ᠬᠠᠮᠠᠭᠠᠯᠠᠯᠲᠠ | ᠵᠡᠷᠭᠡ ᠶᠢ ᠬᠥᠳᠡᠯᠮᠦᠷᠢ ᠶᠢᠨ ᠭᠡᠷ᠎ᠡ ᠶᠢᠨ ᠠᠭᠤᠯᠭ᠎ᠠ ᠳᠤ ᠣᠷᠣᠭᠤᠯᠤᠨ᠎ᠠ᠃ ᠬᠥᠳᠡᠯᠮᠦᠷᠢᠴᠢᠳ ᠢ ᠬᠠᠯᠠᠮᠵᠢᠯᠠᠨ | ᠬᠠᠶᠢᠷᠠᠯᠠᠵᠤ᠂ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠬᠤ ᠬᠢᠷᠢ ᠲᠦᠪᠰᠢᠨ ᠢ ᠠᠯᠬᠤᠮ ᠠᠯᠬᠤᠮ ᠢᠶᠠᠷ | ᠳᠡᠭᠡᠭᠰᠢᠯᠡᠭᠦᠯᠵᠦ᠂ ᠬᠥᠳᠡᠯᠮᠦᠷᠢᠴᠢᠳ ᠤᠨ ᠠᠵᠤ ᠠᠬᠤᠶᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ | ᠡᠳ᠋ᠯᠡᠬᠦ ᠶᠢ ᠲᠦᠯᠬᠢᠨ ᠬᠥᠳᠡᠯᠮᠦᠷᠢ ᠦᠢᠯᠡᠴᠢᠯᠡᠭᠡ ᠲᠣᠮᠢᠯᠠᠬᠤ᠂ ᠭᠠᠳᠠᠭᠰᠢ ᠳᠠᠭᠠᠭᠠᠴᠢᠯᠠᠭᠤᠯᠬᠤ ᠵᠡᠷᠭᠡ ᠠᠵᠢᠯᠴᠢᠨ | ᠬᠡᠷᠡᠭᠯᠡᠬᠦ ᠠᠷᠭ᠎ᠠ ᠮᠠᠶ᠋ᠢᠭ ᠤᠨ ᠬᠥᠳᠡᠯᠮᠦᠷᠢᠴᠢᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ ᠶᠢᠨ ᠬᠠᠮᠲᠤ | ᠬᠤᠷᠰᠢᠭᠰᠠᠨ ᠨᠢᠭᠡᠴᠢ ᠶᠢᠨ ᠬᠥᠳᠡᠯᠮᠦᠷᠢᠴᠢᠨ ᠤ ᠡᠷᠬᠡ ᠠᠰᠢᠭ ᠢ ᠪᠠᠲᠤᠯᠠᠭᠰᠠᠨ ᠪᠠᠶᠢᠳᠠᠯ ᠳᠤ ᠬᠢᠨᠠᠯᠲᠠ ᠲᠠᠯᠪᠢᠨ᠎ᠠ᠃ | ᠬᠤᠶᠠᠷ᠂ ᠬᠥᠳᠡᠯᠮᠦᠷᠢᠴᠢᠨ ᠤ ᠬᠥᠳᠡᠯᠮᠦᠷᠢ ᠶᠢᠨ ᠬᠥᠯᠥᠰᠦ ᠣᠯᠭᠤᠮᠵᠢ ᠶᠢ ᠴᠠᠭ ᠲᠤᠬᠠᠢ ᠳᠤᠨᠢ ᠲᠤᠭ᠎ᠠ | ᠶᠣᠰᠣᠭᠠᠷ ᠨᠢ ᠥᠭᠭᠦᠨ᠎ᠡ᠃ ᠬᠥᠳᠡᠯᠮᠦᠷᠢ ᠶᠢᠨ ᠬᠥᠯᠥᠰᠦ ᠣᠯᠭᠤᠮᠵᠢ ᠶᠢᠨ ᠪᠠᠷᠢᠮᠵᠢᠶ᠎ᠠ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠵᠤ᠂ ᠬᠥᠳᠡᠯᠮᠦᠷᠢᠴᠢᠨ ᠳᠤ ᠲᠤᠬᠠᠢ ᠶᠢᠨ ᠭᠠᠵᠠᠷ ᠤᠨ ᠨᠠᠭᠠᠲᠤ ᠵᠠᠬ᠎ᠠ ᠶᠢᠨ ᠴᠠᠯᠢᠩ ᠤᠨ | ᠪᠠᠷᠢᠮᠵᠢᠶ᠎ᠠ ᠠᠴᠠ ᠳᠣᠣᠷ᠎ᠠ ᠦᠭᠡᠢ ᠬᠥᠳᠡᠯᠮᠦᠷᠢ ᠶᠢᠨ ᠬᠥᠯᠥᠰᠦ ᠣᠯᠭᠤᠮᠵᠢ ᠶᠢ ᠴᠠᠭ ᠲᠤᠬᠠᠢ ᠳᠤᠨᠢ ᠲᠤᠭ᠎ᠠ | ᠶᠣᠰᠣᠭᠠᠷ ᠥᠭᠬᠦ ᠬᠡᠷᠡᠭᠲᠡᠢ᠃ ᠵᠦᠢ ᠵᠣᠬᠢᠰᠲᠠᠢ ᠴᠠᠯᠢᠩ ᠤᠨ ᠨᠡᠮᠡᠭᠳᠡᠯ ᠤᠨ ᠲᠣᠭᠲᠠᠴᠠ ᠶᠢ ᠪᠠᠶᠢᠭᠤᠯᠵᠤ᠂ | ᠬᠥᠳᠡᠯᠮᠦᠷᠢ ᠶᠢᠨ ᠬᠥᠯᠥᠰᠦ ᠣᠯᠭᠤᠮᠵᠢ ᠶᠢᠨ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠪᠠᠷᠢᠯᠭ᠎ᠠ ᠪᠠᠷᠢᠬᠤ ᠨᠢᠭᠡᠴᠢ ᠨᠢ ︽ᠬᠥᠯᠥᠰᠦᠨ ᠠᠵᠢᠯᠴᠢᠨ ᠤ | ᠴᠠᠯᠢᠩ ᠢ ᠥᠭᠬᠦ ᠶᠢ ᠪᠠᠲᠤᠯᠠᠬᠤ ᠳᠦᠷᠢᠮ︾ ᠤᠨ ᠲᠣᠭᠲᠠᠭᠠᠯ ᠢ ᠦᠨᠳᠦᠰᠦᠯᠡᠨ᠂ ᠬᠥᠯᠥᠰᠦᠨ ᠠᠵᠢᠯᠴᠢᠨ ᠤ | ᠴᠠᠯᠢᠩ ᠤᠨ ᠲᠤᠰᠬᠠᠢ ᠳᠠᠩᠰᠠᠨ ᠡᠷᠦᠬᠡ ᠶᠢ ᠪᠠᠶᠢᠭᠤᠯᠤᠨ ᠬᠡᠷᠡᠭᠯᠡᠵᠦ᠂ ᠬᠥᠯᠥᠰᠦᠨ ᠠᠵᠢᠯᠴᠢᠨ ᠤ ᠴᠠᠯᠢᠩ ᠢ ᠴᠠᠭ | ᠲᠤᠬᠠᠢ ᠳᠤᠨᠢ ᠭᠦᠢᠴᠡᠳ ᠲᠤᠭ᠎ᠠ ᠪᠠᠷ ᠵᠣᠭᠤᠰ ᠤᠨ ᠬᠡᠯᠪᠡᠷᠢ ᠪᠠᠷ ᠥᠭᠭᠦᠨ᠎ᠡ᠃ | ᠭᠤᠷᠪᠠ᠂ ᠨᠡᠶᠢᠭᠡᠮ ᠤᠨ ᠳᠠᠭᠠᠳᠬᠠᠯ ᠢ ᠬᠠᠤᠯᠢ ᠶᠣᠰᠣᠭᠠᠷ ᠲᠤᠰᠢᠶᠠᠨ᠎ᠠ᠃ ᠬᠥᠳᠡᠯᠮᠦᠷᠢ ᠶᠢᠨ ᠪᠠᠲᠤᠯᠠᠭ᠎ᠠ ᠶᠢᠨ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠨᠡᠶᠢᠭᠡᠮ ᠤᠨ | ᠳᠠᠭᠠᠳᠬᠠᠯ ᠳᠤ ᠣᠷᠣᠯᠴᠠᠵᠤ᠂ ᠠᠵᠢᠯᠲᠠᠨ ᠠᠵᠢᠯᠴᠢᠨ ᠤ ᠥᠲᠡᠯᠬᠦ᠂ ᠡᠪᠡᠳᠴᠢᠨ ᠡᠮᠭᠡᠭ᠂ ᠠᠵᠢᠯ ᠠᠴᠠ ᠪᠣᠯᠤᠭᠰᠠᠨ | ᠭᠡᠮᠲᠦᠯ᠂ ᠠᠵᠢᠯ ᠠᠯᠳᠠᠯᠲᠠ᠂ ᠦᠷᠡᠵᠢᠯ ᠵᠡᠷᠭᠡ ᠪᠠᠶᠢᠳᠠᠯ ᠤᠨ ᠳᠣᠣᠷ᠎ᠠ ᠤᠯᠤᠰ ᠪᠠ ᠨᠡᠶᠢᠭᠡᠮ ᠠᠴᠠ ᠬᠠᠤᠯᠢ | ᠶᠣᠰᠣᠭᠠᠷ ᠡᠳ᠋ ᠪᠣᠳᠠᠰ ᠤᠨ ᠲᠤᠰᠠᠯᠠᠮᠵᠢ ᠣᠯᠬᠤ ᠡᠷᠬᠡ ᠶᠢ ᠪᠠᠲᠤᠯᠠᠨ᠎ᠠ᠃ ︽ᠠᠵᠢᠯ ᠠᠴᠠ ᠪᠣᠯᠤᠭᠰᠠᠨ ᠭᠡᠮᠲᠦᠯ ᠢ | ᠥᠪᠡᠷ ᠢᠶᠠᠨ ᠬᠠᠷᠢᠭᠤᠴᠠᠬᠤ︾᠂ ᠨᠡᠶᠢᠭᠡᠮ ᠤᠨ ᠳᠠᠭᠠᠳᠬᠠᠯ ᠳᠤ ᠣᠷᠣᠯᠴᠠᠬᠤ ᠪᠠᠨ ᠪᠣᠯᠢᠬᠤ ᠵᠡᠷᠭᠡ ᠡᠯ᠎ᠡ ᠵᠦᠢᠯ ᠤᠨ | ᠪᠢᠴᠢᠭ ᠢᠶᠠᠷ ᠪᠤᠶᠤ ᠠᠮᠠ ᠪᠠᠷ ᠪᠣᠯᠵᠣᠨ ᠲᠣᠭᠲᠠᠭᠰᠠᠨ ᠠᠵᠢᠯᠯᠠᠭ᠎ᠠ ᠨᠢ ᠴᠥᠮ ᠬᠠᠤᠯᠢ ᠴᠠᠭᠠᠵᠠ ᠶᠢᠨ ᠬᠦᠴᠦᠨ | ᠦᠭᠡᠢ᠃ ᠲᠠᠪᠴᠠᠩ ᠤᠨ ᠠᠵᠤ ᠠᠬᠤᠶᠢᠯᠠᠯ ᠤᠨ ᠬᠥᠮᠥᠨ ᠤ ᠪᠡᠶ᠎ᠡ ᠶᠢᠨ ᠰᠠᠨᠠᠭᠠᠨ ᠳᠤ ᠦᠭᠡᠢ ᠬᠡᠷᠡᠭ᠂ | ᠬᠥᠯᠥᠰᠦᠯᠡᠭᠴᠢ ᠶᠢᠨ ᠬᠠᠷᠢᠭᠤᠴᠠᠯᠭ᠎ᠠ ᠵᠡᠷᠭᠡ ᠬᠤᠳᠠᠯᠳᠤᠭᠠᠨ ᠤ ᠳᠠᠭᠠᠳᠬᠠᠯ ᠬᠤᠳᠠᠯᠳᠤᠨ ᠠᠪᠬᠤ ᠪᠠᠷ ᠳᠠᠮᠵᠢᠭᠤᠯᠤᠨ | ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠤᠨ ᠬᠥᠳᠡᠯᠮᠦᠷᠢᠴᠢᠳ ᠤᠨ ᠪᠠᠲᠤᠯᠠᠭ᠎ᠠ ᠶᠢᠨ ᠬᠢᠷᠢ ᠲᠦᠪᠰᠢᠨ ᠢ | ᠲᠡᠭᠡᠭᠰᠢᠯᠡᠭᠦᠯᠦᠨ᠎ᠡ᠃ | ᠳᠥᠷᠪᠡ᠂ ᠬᠥᠳᠡᠯᠮᠦᠷᠢᠴᠢᠳ ᠤᠨ ᠠᠮᠠᠷᠠᠯᠲᠠ᠂ ᠠᠮᠠᠷᠠᠯᠲᠠ ᠶᠢᠨ ᠴᠢᠯᠦᠭᠡ ᠶᠢ ᠵᠦᠢ ᠵᠣᠬᠢᠰᠲᠠᠢ ᠪᠠᠷ | ᠲᠣᠬᠢᠷᠠᠭᠤᠯᠤᠨ᠎ᠠ᠃ ᠬᠥᠳᠡᠯᠮᠦᠷᠢᠴᠢᠳ ᠤᠨ ᠠᠵᠢᠯ ᠤᠨ ᠬᠡᠮᠵᠢᠶ᠎ᠡ ᠪᠠ ᠬᠥᠳᠡᠯᠮᠦᠷᠢ ᠶᠢᠨ ᠡᠷᠴᠢᠮ ᠢ ᠵᠦᠢ | ᠵᠣᠬᠢᠰᠲᠠᠢ ᠪᠠᠷ ᠲᠣᠬᠢᠷᠠᠭᠤᠯᠵᠤ᠂ ᠠᠵᠢᠯᠯᠠᠬᠤ ᠴᠠᠭ ᠪᠠ ᠠᠮᠠᠷᠠᠯᠲᠠ᠂ ᠠᠮᠠᠷᠠᠯᠲᠠ ᠶᠢᠨ ᠴᠢᠯᠦᠭᠡᠨ ᠤ ᠲᠤᠬᠠᠢ | ᠲᠣᠭᠲᠠᠭᠠᠯ ᠢ ᠵᠢᠷᠤᠮᠯᠠᠬᠤ ᠬᠡᠷᠡᠭᠲᠡᠢ᠃ ᠬᠥᠮᠥᠨ ᠬᠡᠷᠡᠭᠯᠡᠬᠦ ᠨᠢᠭᠡᠴᠢ ᠦᠢᠯᠡᠳᠪᠦᠷᠢᠯᠡᠯ ᠡᠵᠡᠩᠨᠡᠯᠲᠡ ᠶᠢᠨ | ᠬᠡᠷᠡᠭᠴᠡᠭᠡ ᠠᠴᠠ ᠪᠣᠯᠵᠤ᠂ ᠠᠵᠢᠯᠴᠢᠨ ᠤ ᠡᠪᠯᠡᠯ ᠪᠠ ᠬᠥᠳᠡᠯᠮᠦᠷᠢᠴᠢᠨ ᠲᠠᠢ ᠵᠥᠪᠳᠡᠯᠴᠡᠭᠰᠡᠨ ᠤ ᠲᠠᠷᠠᠭ᠎ᠠ ᠠᠵᠢᠯᠯᠠᠬᠤ | ᠴᠠᠭ ᠢ ᠤᠷᠲᠤᠳᠬᠠᠵᠤ ᠪᠣᠯᠣᠨ᠎ᠠ᠂ ᠡ᠊ᠩ ᠤᠨ ᠪᠠᠶᠢᠳᠠᠯ ᠳᠤ ᠡᠳᠦᠷ ᠪᠦᠷᠢ ᠨᠢᠭᠡ ᠴᠠᠭ ᠠᠴᠠ ᠬᠡᠲᠦᠷᠡᠭᠦᠯᠵᠦ ᠪᠣᠯᠬᠤ | ᠦᠭᠡᠢ ᠃ ᠣᠨᠴᠠᠭᠠᠶ ᠰᠢᠯᠲᠠᠭᠠᠨ ᠠᠴᠠ ᠪᠣᠯᠵᠤ ᠠᠵᠢᠯᠯᠠᠬᠤ ᠴᠠᠭ ᠢ ᠤᠷᠲᠤᠳᠬᠠᠬᠤ ᠴᠢᠬᠤᠯᠠᠲᠠᠢ ᠪᠠᠶᠢᠪᠠᠯ᠂ | ᠬᠥᠳᠡᠯᠮᠦᠷᠢᠴᠢᠳ ᠤᠨ ᠪᠡᠶ᠎ᠡ ᠶᠢᠨ ᠡᠷᠡᠭᠦᠯ ᠮᠡᠡᠳᠦ ᠶᠢ ᠪᠠᠲᠤᠯᠠᠬᠤ ᠨᠥᠬᠦᠴᠡᠯ ᠳᠣᠣᠷ᠎ᠠ ᠤᠷᠲᠤᠳᠬᠠᠬᠤ ᠠᠵᠢᠯ ᠤᠨ | ᠴᠠᠭ ᠢ ᠡᠳᠦᠷ ᠪᠦᠷᠢ ᠭᠤᠷᠪᠠᠨ ᠴᠠᠭ ᠠᠴᠠ ᠬᠡᠲᠦᠷᠡᠭᠦᠯᠵᠦ ᠪᠣᠯᠬᠤ ᠤᠶᠢᠭᠡᠢ᠂ ᠭᠡᠪᠡᠴᠦ ᠰᠠᠷ᠎ᠠ ᠪᠦᠷᠢ ᠭᠤᠴᠢᠨ | ᠵᠢᠷᠭᠤᠭᠠᠨ ᠴᠠᠭ ᠠᠴᠠ ᠬᠡᠲᠦᠷᠡᠭᠦᠯᠵᠦ ᠪᠣᠯᠬᠤ ᠤᠶᠢᠭᠡᠢ᠃ | ᠲᠠᠪᠤ᠂ ᠡᠮᠡᠭᠲᠡᠢ ᠠᠵᠢᠯᠲᠠᠨ ᠠᠵᠢᠯᠴᠢᠨ ᠤ ᠡᠷᠡᠭᠦᠯ ᠮᠡᠨᠳᠤ ᠶᠢᠨ ᠡᠷᠬᠡ ᠠᠰᠢᠭ ᠢ ᠬᠠᠮᠠᠭᠠᠯᠠᠨ᠎ᠠ᠃ ᠲᠦᠷᠦ ᠶᠢᠨ | ᠶᠠᠪᠤᠳᠠᠯ ᠤᠨ ᠬᠤᠷᠢᠶᠠᠨ ᠤ ︽ᠡᠮᠡᠭᠲᠡᠢ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠠᠮᠠᠭᠠᠯᠠᠯᠲᠠ ᠶᠢᠨ ᠲᠤᠬᠠᠢ | ᠣᠨᠴᠠᠭᠠᠶ ᠲᠣᠭᠲᠠᠭᠠᠯ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ ᠡᠮᠡᠭᠲᠡᠢ ᠠᠵᠢᠯᠲᠠᠨ | ᠠᠵᠢᠯᠴᠢᠨ ᠤ ᠬᠥᠳᠡᠯᠮᠦᠷᠢ ᠶᠢᠨ ᠳᠤᠮᠳᠠ ᠪᠡᠶ᠎ᠡ ᠮᠠᠬᠠᠪᠤᠳ ᠤᠨ ᠣᠨᠴᠠᠯᠢᠭ ᠠᠴᠠ ᠪᠣᠯᠤᠭᠰᠠᠨ ᠣᠨᠴᠠᠭᠠᠶ ᠬᠦᠴᠢᠷᠳᠡᠯ ᠢ | ᠴᠥᠭᠡᠳᠬᠡᠨ ᠰᠢᠢᠳᠪᠦᠷᠢᠯᠡᠵᠦ᠂ ᠡᠮᠡᠭᠲᠡᠢ ᠠᠵᠢᠯᠲᠠᠨ ᠠᠵᠢᠯᠴᠢᠨ ᠤ ᠡᠷᠡᠭᠦᠯ ᠮᠡᠨᠳᠤ ᠶᠢ ᠬᠠᠮᠠᠭᠠᠯᠠᠨ᠎ᠠ᠃ | ᠵᠢᠷᠭᠤᠭ᠎ᠠ᠂ ᠬᠥᠳᠡᠯᠮᠦᠷᠢ ᠶᠢᠨ ᠬᠠᠷᠢᠴᠠᠭ᠎ᠠ ᠶᠢᠨ ᠠᠰᠠᠭᠤᠳᠠᠯ ᠢ ᠵᠥᠪᠳᠡᠯᠴᠡᠨ ᠰᠢᠢᠳᠪᠦᠷᠢᠯᠡᠨ᠎ᠡ᠃ ᠰᠢᠨ᠎ᠡ | ᠠᠵᠢᠯ ᠣᠯᠭᠤᠯᠲᠠ ᠶᠢᠨ ᠬᠡᠯᠪᠡᠷᠢ ᠶᠢᠨ ᠬᠦᠷᠢᠶᠡᠨ ᠤ ᠠᠵᠤ ᠠᠬᠤᠶᠢᠯᠠᠯ ᠤᠨ ᠠᠵᠢᠯ ᠲᠥᠷᠥᠯ ᠤᠨ ᠴᠢᠨᠠᠷᠲᠠᠢ | ᠬᠠᠮᠲᠤ ᠶᠢᠨ ᠵᠥᠪᠳᠡᠯᠴᠡᠭᠡ ᠶᠢ ᠥᠷᠨᠢᠭᠦᠯᠬᠦ ᠶᠢ ᠬᠥᠲᠥᠯᠥᠨ ᠵᠢᠯᠤᠭᠤᠳᠴᠤ᠂ ᠰᠢᠷᠬᠡᠭ ᠢᠶᠠᠷ ᠪᠤᠳᠤᠬᠤ ᠨᠢᠭᠡᠴᠢ ᠦᠨ᠎ᠡ᠂ | ᠬᠤᠪᠢᠳᠠᠨ ᠠᠪᠬᠤ ᠬᠠᠷᠢᠴᠠᠯ᠂ ᠬᠥᠯᠥᠰᠦ ᠣᠯᠭᠤᠮᠵᠢ ᠥᠭᠬᠦ ᠠᠷᠭ᠎ᠠ᠂ ᠬᠥᠳᠡᠯᠮᠦᠷᠢ ᠶᠢᠨ ᠬᠡᠮᠵᠢᠶ᠎ᠡ ᠪᠠ | ᠬᠥᠳᠡᠯᠮᠦᠷᠢ ᠶᠢᠨ ᠡᠷᠴᠢᠮ᠂ ᠠᠵᠢᠯᠯᠠᠬᠤ ᠴᠠᠭ᠂ ᠬᠥᠳᠡᠯᠮᠦᠷᠢ ᠶᠢᠨ ᠠᠮᠤᠷ ᠲᠦᠪᠰᠢᠨ ᠪᠠ ᠡᠷᠡᠭᠦᠯ ᠬᠠᠮᠠᠭᠠᠯᠠᠯ᠂ | ᠵᠠᠬᠢᠶᠠᠯᠠᠭ᠎ᠠ ᠶᠢᠨ ᠬᠤᠪᠢᠶᠠᠷᠢᠯᠠᠯᠲᠠ᠂ ᠱᠠᠩᠨᠠᠵᠤ ᠲᠣᠷᠭᠠᠬᠤ ᠳᠦᠷᠢᠮ᠂ ᠨᠥᠬᠦᠪᠦᠷᠢ ᠳᠠᠭᠠᠳᠬᠠᠯ ᠵᠡᠷᠭᠡ | ᠬᠥᠳᠡᠯᠮᠦᠷᠢᠴᠢᠨ ᠤ ᠡᠷᠬᠡ ᠠᠰᠢᠭ ᠲᠤ ᠰᠢᠭᠤᠳ ᠬᠤᠯᠪᠣᠭᠳᠠᠬᠤ ᠵᠦᠢᠯᠡᠰ ᠢ ᠰᠢᠨᠵᠢᠯᠡᠬᠦ ᠤᠬᠠᠭᠠᠨᠴᠢ ᠪᠥᠭᠡᠳ ᠵᠦᠢ | ᠵᠣᠬᠢᠰᠲᠠᠢ ᠪᠠᠷ ᠲᠣᠭᠲᠠᠭᠠᠵᠤ᠂ ᠬᠥᠳᠡᠯᠮᠦᠷᠢᠴᠢᠨ ᠤ ᠪᠠᠶᠢᠳᠠᠯ ᠢ ᠮᠡᠳᠡᠬᠦ ᠡᠷᠬᠡ᠂ ᠢᠯᠡᠳᠬᠡᠬᠦ ᠡᠷᠬᠡ ᠪᠠ ᠰᠠᠨᠠᠭᠤᠯᠭ᠎ᠠ | ᠭᠠᠷᠭᠠᠬᠤ ᠡᠷᠬᠡ ᠶᠢ ᠪᠠᠲᠤᠯᠠᠨ᠎ᠠ᠃ ᠠᠵᠤ ᠠᠬᠤᠶᠢᠯᠠᠯ ᠤᠨ ᠠᠷᠠᠳᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ | ᠬᠥᠳᠡᠯᠮᠦᠷᠢᠴᠢᠨ ᠤ ᠲᠤᠰ ᠪᠡᠶ᠎ᠡ ᠶᠢᠨ ᠠᠰᠢᠭ ᠲᠤᠰᠠ ᠳᠤ ᠰᠢᠭᠤᠳ ᠬᠤᠯᠪᠣᠭᠳᠠᠬᠤ ᠳᠦᠷᠢᠮ ᠲᠣᠭᠲᠠᠭᠠᠯ ᠪᠤᠶᠤ | ᠴᠢᠬᠤᠯᠠ ᠶᠡᠭᠡ ᠤᠴᠢᠷ ᠶᠠᠪᠤᠳᠠᠯ ᠢ ᠲᠣᠭᠲᠠᠭᠠᠬᠤ᠂ ᠵᠠᠰᠠᠪᠤᠷᠢ ᠣᠷᠣᠭᠤᠯᠬᠤ ᠪᠤᠶᠤ ᠲᠣᠭᠲᠠᠭᠠᠬᠤ ᠳᠠᠭᠠᠨ | ᠠᠵᠢᠯᠴᠢᠨ ᠤ ᠡᠪᠯᠡᠯ ᠪᠠ ᠬᠥᠳᠡᠯᠮᠦᠷᠢᠴᠢᠨ ᠤ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠤᠨ᠎ᠠ᠃ | | ᠳᠣᠯᠤᠭ᠎ᠠ᠂ ᠬᠥᠳᠡᠯᠮᠦᠷᠢ ᠬᠦᠴᠦ ᠬᠡᠷᠡᠭᠯᠡᠬᠦ ︽ᠬᠠᠤᠯᠢ ᠴᠠᠭᠠᠵᠠ ᠶᠢᠨ ᠪᠡᠶ᠎ᠡ ᠶᠢᠨ ᠪᠠᠶᠢᠴᠠᠭᠠᠯᠲᠠ︾ ᠶᠢ | ᠥᠷᠨᠢᠭᠦᠯᠦᠨ᠎ᠡ᠃ ᠬᠥᠳᠡᠯᠮᠦᠷᠢ ᠶᠢᠨ ᠮᠠᠷᠭᠤᠯᠳᠤᠭᠠᠨ ᠤ ᠵᠥᠷᠢᠴᠡᠯ ᠤᠨ ᠲᠦᠭᠰᠢᠭᠦᠷᠢ ᠳᠤ ᠥᠪᠡᠷ ᠤᠨ ᠪᠠᠶᠢᠴᠠᠭᠠᠯᠲᠠ | ᠬᠢᠵᠦ᠂ ᠬᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠴᠡᠭᠴᠡᠯᠡᠨ ᠵᠠᠰᠠᠬᠤ | ᠬᠡᠷᠡᠭᠲᠡᠢ᠃ ᠬᠡᠷᠪᠡ ᠬᠥᠳᠡᠯᠮᠦᠷᠢ ᠶᠢᠨ ᠮᠠᠷᠭᠤᠯᠳᠤᠭᠠᠨ ᠭᠠᠷᠤᠭᠰᠠᠨ ᠦᠶ᠎ᠡ ᠳᠤ᠂ ᠢᠳᠡᠪᠬᠢᠲᠡᠢ ᠪᠠᠷ ᠵᠥᠪᠳᠡᠯᠴᠡᠬᠦ᠂ | ᠡᠶᠡᠳᠡᠭᠦᠯᠬᠦ ᠠᠷᠭ᠎ᠠ ᠪᠠᠷ ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠣᠶᠤᠨᠴᠢ ᠪᠠᠷ | ᠰᠢᠢᠳᠪᠦᠷᠢᠯᠡᠨ᠎ᠡ᠃ | ᠠᠵᠤ ᠠᠬᠤᠶᠢᠯᠠᠯ ᠪᠣᠯ ᠨᠡᠶᠢᠭᠡᠮ ᠤᠨ ᠬᠥᠭᠵᠢᠯᠲᠡ ᠶᠢᠨ ᠬᠥᠳᠡᠯᠭᠡᠬᠦ ᠬᠦᠴᠦᠨ ᠮᠥᠨ᠂ ᠠᠵᠢᠯᠲᠠᠨ ᠠᠵᠢᠯᠴᠢᠨ ᠪᠣᠯ | ᠠᠵᠤ ᠠᠬᠤᠶᠢᠯᠠᠯ ᠤᠨ ᠬᠥᠭᠵᠢᠯᠲᠡ ᠶᠢᠨ ᠴᠢᠬᠤᠯᠠ ᠰᠠᠭᠤᠷᠢ ᠮᠥᠨ᠂ ᠠᠵᠢᠯᠲᠠᠨ ᠠᠵᠢᠯᠴᠢᠨ ᠤ ᠬᠠᠤᠯᠢ ᠶᠣᠰᠣᠨ ᠤ | ᠡᠷᠬᠡ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ᠂ ᠠᠵᠤ ᠠᠬᠤᠶᠢᠯᠠᠯ ᠤᠨ ᠡᠷᠡᠭᠦᠯ ᠢᠶᠠᠷ | ᠬᠥᠭᠵᠢᠬᠦ ᠶᠢ ᠠᠬᠢᠭᠤᠯᠵᠤ᠂ ᠪᠢᠳᠡᠨ ᠤ ᠬᠠᠮᠲᠤ ᠶᠢᠨ ᠬᠦᠰᠡᠯ ᠮᠥᠨ᠂ ᠪᠢᠳᠡ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠰᠢᠵᠢᠮ ᠢ ᠪᠠᠲᠤ ᠡᠵᠡᠮᠳᠡᠨ ᠪᠠᠲᠤ ᠪᠠᠬᠢ ᠪᠣᠶ | ᠪᠣᠯᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠥᠳᠡᠯᠮᠦᠷᠢ ᠶᠢᠨ ᠬᠠᠤᠯᠢ ᠴᠠᠭᠠᠵᠠ ᠬᠠᠤᠯᠢ | ᠲᠣᠭᠲᠠᠭᠠᠯ ᠢ ᠴᠢᠩᠭ᠎ᠠ ᠲᠤᠤᠱᠯᠠᠭᠤᠯᠤᠨ ᠬᠡᠷᠡᠭᠵᠢᠭᠦᠯᠵᠦ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ | ᠠᠰᠢᠭ ᠢ ᠪᠠᠲᠤᠯᠠᠨ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠬᠠᠮᠲᠤ ᠪᠠᠷ ᠪᠠᠶᠢᠭᠤᠯᠵᠤ᠂ ᠠᠵᠤ | ᠠᠬᠤᠶᠢᠯᠠᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠬᠠᠮᠲᠤ ᠪᠠᠷ ᠠᠬᠢᠭᠤᠯᠵᠤ᠂ ᠮᠠᠨ ᠤ ᠣᠷᠣᠨ ᠤ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠳᠤ ᠪᠠᠲᠤ ᠴᠢᠩᠭ᠎ᠠ | ᠪᠠᠲᠤᠯᠠᠭ᠎ᠠ ᠬᠠᠩᠭᠠᠶ᠎ᠠ᠃ | | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠴᠢᠨ ᠤ | ᠡᠪᠯᠡᠯ ᠤᠨ | ᠬᠥᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠵᠥᠪᠯᠡᠯ | 2024 ᠣᠨ ᠤ 6 ᠰᠠᠷ᠎ᠠ ᠶᠢᠨ 19 ᠊ᠨ᠎ᠠ |