ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠠᠬᠢ ᠱᠤᠤᠭᠢᠶᠠᠨ ᠤ ᠪᠣᠬᠢᠷᠲᠤᠯ ᠢ ᠵᠠᠰᠠᠬᠤ ᠶᠢ ᠴᠢᠩᠭᠠᠳᠬᠠᠵᠤ ᠰᠢᠯᠭᠠᠭᠤᠯᠤᠭᠴᠢ ᠶᠢᠨ ᠰᠢᠯᠭᠠᠯᠲᠠ ᠳᠤ ᠤᠷᠤᠭᠰᠢᠲᠠᠶ ᠪᠠᠶᠢᠬᠤ  ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/6/4
      ᠵᠢᠯ ᠳᠤ ᠨᠢᠭᠡ ᠤᠳᠠᠭ᠎ᠠ ᠶᠠᠪᠤᠭᠳᠠᠬᠤ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠤᠳᠠᠯ ᠦᠭᠡᠢ ᠢᠷᠡᠬᠦ ᠭᠡᠵᠦ ᠪᠠᠢᠨ᠎ᠠ᠂ ᠡᠨᠡ ᠪᠣᠯ ᠰᠢᠯᠭᠠᠭᠤᠯᠤᠭᠴᠢ ᠨᠢᠭᠡᠪᠦᠷᠢ ᠶᠢᠨ ᠬᠥᠮᠦᠨ ᠤ ᠠᠮᠢᠳᠤᠷᠠᠯ ᠤᠨ ᠳᠤᠮᠳᠠᠬᠢ ᠴᠢᠬᠤᠯᠠ ᠴᠠᠭ ᠮᠥᠴᠡ ᠪᠣᠯᠤᠨ᠎ᠠ᠃ ᠲᠡᠳᠡᠨ ᠤ ᠨᠠᠮ ᠵᠢᠮ᠂ ᠡᠮᠬᠢ ᠵᠢᠷᠤᠮ ᠲᠠᠢ ᠣᠷᠴᠢᠨ ᠲᠣᠭᠤᠷᠢᠨ ᠳᠤ ᠰᠡᠳᠬᠢᠯ ᠲᠠᠯᠪᠢᠨ ᠰᠢᠯᠭᠠᠯᠲᠠ ᠳᠤ ᠪᠡᠯᠡᠳᠬᠡᠬᠦ ᠶᠢ ᠪᠠᠲᠤᠯᠠᠬᠤ ᠶᠢᠨ ᠳᠣᠯᠠᠳᠠ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠶᠢᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠢᠳᠡᠪᠬᠢᠲᠡᠶ ᠬᠥᠳᠡᠯᠦᠯᠴᠡᠵᠡᠢ᠃      ᠮᠠᠨ ᠤ ᠶᠡᠭᠡ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠰᠤᠷᠭᠠᠭᠤᠯᠢ ᠶᠢᠨ ᠣᠶᠢᠷ᠎ᠠ ᠬᠠᠪᠢ ᠶᠢᠨ 25 ᠪᠠᠷᠢᠯᠭ᠎ᠠ ᠶᠢᠨ ᠠᠵᠤ ᠠᠬᠤᠶᠢᠯᠠᠯ ᠵᠢᠴᠢ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠠᠵᠤ ᠠᠬᠤᠶᠢᠯᠠᠯ ︽ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠠᠬᠢ ᠱᠤᠤᠭᠢᠶᠠᠨ ᠤ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠬᠤ ᠲᠤᠬᠠᠶ ᠵᠠᠷᠯᠠᠯ︾ ᠢ ᠲᠠᠷᠬᠠᠭᠠᠪᠠ᠃ ᠱᠤᠤᠭᠢᠶᠠᠨ ᠤ ᠪᠣᠬᠢᠷᠲᠤᠯ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠠᠬᠢ ᠣᠷᠴᠢᠨ ᠠᠬᠤᠶ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠰᠢᠯᠭᠠᠭᠤᠯᠬᠤ ᠰᠤᠷᠤᠭᠴᠢᠳ ᠲᠤ ᠰᠠᠶᠢᠨ ᠰᠠᠶᠢᠬᠠᠨ ᠰᠤᠷᠤᠯᠴᠠᠯᠭ᠎ᠠ ᠪᠠ ᠰᠢᠯᠭᠠᠯᠲᠠ ᠶᠢᠨ ᠠᠭᠤᠷ ᠠᠮᠢᠰᠬᠤᠯ ᠢ ᠪᠣᠶ ᠪᠣᠯᠭᠠᠵᠤ ᠥᠭᠭᠦᠨ᠎ᠡ᠃      ᠵᠠᠷᠯᠠᠯ ᠳᠤ ᠲᠣᠳᠣᠷᠬᠠᠶ ᠲᠣᠭᠲᠠᠭᠠᠭᠰᠠᠨ ᠨᠢ᠂ 5 ᠰᠠᠷ᠎ᠠ ᠶᠢᠨ 30 ᠤ ᠡᠳᠦᠷ ᠠᠴᠠ 6 ᠰᠠᠷ᠎ᠠ ᠶᠢᠨ 9 ᠤ ᠡᠳᠦᠷ ᠪᠣᠯᠲᠠᠯ᠎ᠠ᠂ ᠪᠢᠳᠡ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠠᠮᠢᠶᠠᠷᠤᠨ ᠡᠵᠡᠮᠳᠡᠬᠦ ᠬᠤᠭᠤᠴᠠᠭᠠᠨ ᠳᠤ ᠣᠷᠣᠨ᠎ᠠ᠃  ᠡᠨᠡᠬᠦ ᠬᠤᠭᠤᠴᠠᠭᠠᠨ ᠳᠤ᠂ ᠪᠢᠳᠡ ᠪᠠᠷᠢᠯᠭ᠎ᠠ ᠶᠢᠨ ᠠᠵᠢᠯ ᠤᠨ ᠲᠠᠭᠤ ᠱᠤᠤᠬᠢᠶᠠᠨ ᠤ ᠪᠣᠬᠢᠷᠲᠤᠯ ᠢ ᠴᠢᠩᠭ᠎ᠠ ᠬᠢᠵᠠᠭᠠᠷᠯᠠᠵᠤ᠂ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠡᠳᠦᠷ ᠢᠶᠠᠷ ᠪᠠᠷᠢᠯᠭ᠎ᠠ ᠪᠠᠷᠢᠬᠤ ᠦᠶ᠎ᠡ ᠳᠤ ᠡᠷᠬᠡᠪᠰᠢ ᠲᠠᠯᠠᠪᠤᠷ ᠤᠨ ᠵᠠᠭᠠᠭ ᠤᠨ ᠱᠤᠤᠭᠢᠶᠠᠨ ᠢ ᠤᠯᠤᠰ ᠤᠨ ᠪᠠᠷᠢᠮᠵᠢᠶ᠎ᠠ ᠶᠢᠨ ᠳᠣᠲᠣᠷ᠎ᠠ ᠬᠢᠵᠠᠭᠠᠷᠯᠠᠬᠤ ᠶᠢᠨ ᠬᠠᠮᠲᠤ ᠣᠷᠣᠢ ᠶᠢᠨ 18 ᠴᠠᠭ ᠠᠴᠠ ᠳᠠᠷᠠᠭ᠎ᠠ ᠡᠳᠦᠷ ᠤᠨ ᠥᠷᠯᠥᠭᠡ ᠶᠢᠨ 6 ᠴᠠᠭ ᠤᠨ ᠬᠤᠭᠤᠷᠣᠨᠳᠤ ᠶᠠᠮᠠᠷᠪᠠ ᠱᠤᠤᠬᠢᠶᠠᠨ ᠤ ᠪᠣᠬᠢᠷᠲᠤᠯ ᠡᠭᠦᠰᠭᠡᠵᠦ ᠮᠡᠳᠡᠬᠦ ᠠᠵᠢᠯ ᠬᠢᠬᠦ ᠶᠢ ᠴᠢᠩᠭ᠎ᠠ ᠴᠠᠭᠠᠵᠠᠯᠠᠨ᠎ᠠ᠃ ᠡᠭᠦᠨ ᠠᠴᠠ ᠭᠠᠳᠠᠨ᠎ᠠ᠂ ᠪᠢᠳᠡ ᠪᠠᠰᠠ ᠰᠥᠨᠢ ᠶᠢᠨ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠲᠡᠷᠭᠡ ᠬᠥᠰᠬᠡ ᠶᠢᠨ ᠱᠤᠤᠭᠢᠶᠠᠨ ᠠᠷᠠᠳ ᠢ ᠦᠢᠮᠡᠭᠦᠯᠬᠦ  ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠲᠡᠷᠭᠡ ᠬᠥᠰᠬᠡ ᠶᠢ ᠪᠠᠶᠢᠴᠠᠭᠠᠬᠤ ᠪᠠ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠪᠠ᠃      ᠰᠠᠭᠤᠭᠠᠯᠢ ᠠᠷᠠᠳ ᠤᠨ ᠲᠣᠭᠤᠷᠢᠭ ᠪᠣᠯᠤᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ 500  ᠮᠧᠲᠷ ᠤᠨ ᠬᠡᠪᠴᠢᠶᠡᠨ ᠳᠤ ᠬᠤᠭ ᠰᠢᠷᠣᠶ ᠲᠡᠭᠡᠭᠡᠪᠦᠷᠢᠯᠡᠬᠦ ᠶᠢ ᠴᠠᠭᠠᠵᠠᠯᠠᠬᠤ ᠶᠢ ᠬᠡᠷᠡᠭᠵᠢᠭᠦᠯᠵᠦ᠂ ᠰᠢᠯᠭᠠᠭᠴᠢᠳ ᠤᠨ ᠲᠠᠭᠤ ᠱᠤᠤᠭᠢᠶᠠᠨ ᠥᠬᠡᠶ ᠣᠷᠴᠢᠨ ᠲᠣᠭᠤᠷᠢᠨ ᠳᠤ ᠳᠠᠪᠲᠠᠵᠤ ᠠᠮᠠᠷᠠᠬᠤ ᠶᠢ ᠦᠨᠡᠨ ᠬᠦ ᠪᠠᠲᠤᠯᠠᠨ᠎ᠠ᠃ ᠰᠢᠯᠭᠠᠯᠲᠠ ᠶᠢᠨ ᠬᠤᠭᠤᠴᠠᠭᠠᠨ ᠳᠤ᠂ ᠰᠢᠯᠭᠠᠯᠲᠠ ᠶᠢᠨ ᠲᠠᠯᠠᠪᠠᠶ ᠶᠢᠨ ᠡᠷᠬᠢᠨ ᠲᠣᠭᠤᠷᠢᠨ ᠤ 100 ᠮᠧᠲᠷ ᠤᠨ ᠬᠡᠪᠴᠢᠶᠡᠨ ᠳᠤ ᠶᠠᠮᠠᠷᠪᠠ ᠡᠳᠦᠷ ᠪᠠᠷᠢᠯᠭ᠎ᠠ ᠶᠢᠨ ᠠᠵᠢᠯ ᠬᠢᠬᠦ ᠶᠢ ᠴᠠᠭᠠᠵᠠᠯᠠᠵᠤ᠂ ᠰᠢᠯᠭᠠᠯᠲᠠ ᠶᠢᠨ ᠬᠤᠭᠤᠴᠠᠭᠠᠨ ᠳᠤ ᠪᠠᠰᠠ ᠪᠣᠶ ᠪᠥᠬᠦᠶ ᠲᠡᠭᠡᠭᠡᠪᠦᠷᠢ ᠶᠢᠨ ᠠᠵᠢᠯᠯᠠᠭ᠎ᠠ ᠶᠢ ᠲᠦᠷ ᠵᠣᠭᠰᠣᠭᠠᠵᠤ᠂ ᠰᠢᠯᠭᠠᠯᠲᠠ ᠶᠢᠨ ᠰᠤᠷᠤᠭᠴᠢᠳ ᠲᠤ ᠨᠠᠮ ᠲᠣᠭᠲᠠᠭᠤᠨ ᠲᠠᠭᠠᠯᠠᠮᠵᠢᠲᠠᠶ ᠰᠢᠯᠭᠠᠯᠲᠠ ᠶᠢᠨ ᠣᠷᠴᠢᠨ ᠲᠣᠭᠤᠷᠢᠨ ᠢ ᠪᠣᠶ ᠪᠣᠯᠭᠠᠬᠤ ᠪᠠᠷ ᠴᠢᠷᠮᠠᠶᠢᠨ᠎ᠠ᠃      ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠰᠢᠯᠭᠠᠭᠤᠯᠤᠭᠴᠢ ᠨᠢᠭᠡᠪᠦᠷᠢ ᠶᠢᠨ ᠴᠢᠬᠤᠯᠠ ᠴᠢᠨᠠᠷ ᠢ ᠪᠢᠳᠡ ᠭᠦᠨᠵᠡᠭᠡᠶ ᠣᠶᠢᠯᠠᠭᠠᠵᠤ ᠪᠠᠶᠢᠨ᠎ᠠ᠂ ᠡᠶᠢᠮᠦ ᠠᠴᠠ ᠪᠢᠳᠡ ᠡᠨᠡ ᠬᠦ ᠵᠠᠷᠯᠠᠯ ᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠪᠢᠳᠡ ᠪᠠᠰᠠ ᠥᠷᠭᠡᠨ ᠣᠯᠠᠨ ᠬᠤᠲᠠ ᠶᠢᠨ ᠠᠷᠠᠳ ᠤᠨ ᠳᠠᠭᠤ ᠱᠤᠤᠭᠢᠶᠠᠨ ᠢᠶᠠᠷ ᠠᠷᠠᠳ ᠢ ᠦᠢᠮᠡᠭᠦᠯᠦᠭᠰᠡᠨ ᠦᠢᠯᠡ ᠠᠵᠢᠯᠯᠠᠭ᠎ᠠ ᠶᠢ ᠢᠳᠡᠪᠬᠢᠲᠡᠶ ᠪᠠᠷ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠂ ᠪᠢᠳᠡ ᠵᠠᠷᠯᠠᠯ ᠤᠨ ᠲᠣᠭᠲᠠᠭᠠᠯ ᠢ ᠵᠥᠷᠢᠴᠡᠭᠰᠡᠨ ᠨᠢᠭᠡᠴᠡ ᠪᠠ ᠬᠤᠪᠢ ᠬᠥᠮᠦᠨ ᠢ ᠬᠠᠤᠯᠢ ᠶᠣᠰᠣᠭᠠᠷ ᠴᠢᠩᠭ᠎ᠠ ᠬᠦᠨᠳᠦ ᠪᠠᠷ ᠰᠢᠢᠳᠬᠡᠨ᠎ᠡ᠃      ᠬᠠᠮᠤᠭ ᠰᠡᠭᠦᠯ ᠳᠤ᠂ ᠰᠢᠯᠭᠠᠭᠤᠯᠤᠭᠴᠢᠳ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠰᠢᠯᠢᠳᠡᠭ ᠬᠢᠷᠢ ᠪᠦᠲᠦᠮᠵᠢ ᠣᠯᠵᠤ᠂ ᠥᠪᠡᠷ ᠤᠨ ᠠᠮᠢᠳᠤᠷᠠᠯ ᠤᠨ ᠬᠦᠰᠡᠯ ᠵᠡᠭᠦᠳᠦ ᠪᠠᠨ ᠪᠡᠶᠡᠯᠡᠭᠦᠯᠬᠦ ᠶᠢ ᠪᠢᠳᠡ ᠴᠢᠩ ᠰᠡᠳᠬᠢᠯ ᠠᠴᠠ ᠪᠠᠨ ᠢᠷᠥᠭᠡᠶ᠎ᠡ᠃ ᠬᠤᠲᠠ ᠶᠢᠨ ᠬᠠᠮᠢᠶᠠᠷᠤᠯᠲᠠ ᠶᠢᠨ ᠬᠠᠯᠠᠭᠤᠨ ᠤᠲᠠᠰᠤ᠄ 5110025 ᠂ ᠥᠷᠭᠡᠨ ᠣᠯᠠᠨ ᠬᠤᠲᠠ ᠶᠢᠨ ᠠᠷᠠᠳ ᠴᠠᠭ ᠢᠮᠠᠭᠲᠠ ᠪᠢᠳᠡᠨ ᠲᠠᠢ ᠬᠠᠷᠢᠯᠴᠠᠵᠤ᠂ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠳᠤ ᠬᠠᠮᠲᠤ ᠪᠠᠷ ᠠᠶᠠᠯᠠᠯ ᠬᠠᠮᠠᠭᠠᠯᠠᠬᠤ ᠶᠢ ᠪᠠᠶᠠᠷᠯᠠᠨ ᠤᠭᠲᠤᠵᠤ ᠪᠠᠢᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号