︽ᠬᠤᠶᠠᠷ ᠬᠤᠪᠣᠷ ᠰᠢᠷᠣᠶ ᠶᠢᠨ ᠰᠠᠭᠤᠷᠢᠨ ᠭᠠᠵᠠᠷ︾ ᠤᠨ ᠪᠥᠲᠥᠭᠡᠨ ᠪᠠᠶᠢᠭᠤᠯᠤᠯᠲᠠ ᠶᠢᠨ ᠭᠤᠤᠯ ᠬᠦᠴᠦᠨ ᠴᠡᠷᠢᠭ ᠪᠤᠯᠵᠤ᠂ ︽ᠰᠢᠪᠲᠦᠷᠲᠦ ᠨᠡᠭᠦᠷᠡᠰᠦᠳᠦ᠋ᠷᠦᠭᠴᠢ ᠶᠢᠨ ᠨᠡᠶᠢᠯᠡᠯᠭᠡ ᠲᠤᠩᠭᠠᠭᠴᠢ ᠡᠳ᠋ ᠤᠨ ᠤᠷ᠎ᠠ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠰᠤᠳᠤᠯᠭᠠᠨ ᠵᠢᠴᠢ ᠬᠡᠷᠡᠭᠯᠡᠯᠲᠡ︾ ᠶᠢᠨ ᠲᠥᠷᠥᠯ ᠵᠦᠢᠯ ᠤᠨ ᠵᠢᠱᠢᠶ᠎ᠡ ᠦᠵᠡᠭᠦᠯᠬᠦ ᠱᠤᠭᠤᠮ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢᠨ ᠬᠠᠮᠲᠤ ᠦᠢᠯᠡᠳᠪᠤᠷᠢᠯᠡᠪᠡ
ᠨᠡᠶᠢᠲᠡᠯᠡᠭᠰᠡᠨ ᠴᠠᠭ᠄
2024/6/4
     ᠣᠶᠢᠷ᠎ᠠ ᠳᠤ᠂ ᠤᠮᠠᠷᠠᠲᠤ ᠶᠢᠨ ᠬᠤᠪᠣᠷ ᠰᠢᠷᠣᠶ ᠶᠢᠨ ︽ᠰᠢᠪᠲᠦᠷᠲᠦ ᠨᠡᠭᠦᠷᠡᠰᠦ ᠶᠢᠨ ᠨᠡᠶᠢᠯᠡᠯᠭᠡ ᠲᠤᠨᠤᠮᠠᠯ ᠤᠨ ᠤᠷ᠎ᠠ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠰᠤᠳᠤᠯᠭᠠᠨ ᠵᠢᠴᠢ ᠬᠡᠷᠡᠭᠯᠡᠯᠲᠡ ᠶᠢ ᠴᠢᠩᠭᠠᠷᠠᠭᠤᠯᠬᠤ︾ ᠲᠥᠷᠥᠯ ᠵᠦᠢᠯ ᠤᠨ ᠵᠢᠱᠢᠶ᠎ᠡ ᠦᠵᠡᠭᠦᠯᠬᠦ ᠱᠤᠭᠤᠮ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢᠨ ᠬᠠᠮᠲᠤ ᠠᠮᠵᠢᠯᠲᠠ ᠲᠠᠢ ᠪᠠᠷ ᠰᠢᠯᠵᠢᠭᠦᠯᠦᠨ ᠦᠢᠯᠡᠳᠪᠦᠷᠢᠯᠡᠪᠡ᠃           ᠤᠶᠢᠷ᠎ᠠ ᠶᠢᠨ ᠬᠤᠭᠤᠴᠠᠭᠠᠨ ᠳᠤ᠂ ᠲᠡᠮᠦᠷᠯᠢᠭ ᠪᠣᠯᠪᠠᠰᠤᠷᠠᠭᠤᠯᠬᠤ ᠬᠤᠪᠢᠶᠠᠷᠢ ᠺᠣᠮᠫᠠᠨᠢ ︵ᠬᠤᠸᠠ ᠮᠧᠢ ᠺᠣᠮᠫᠠᠨᠢ︶ ᠬᠤᠪᠣᠷ ᠰᠢᠷᠣᠶ  ᠬᠠᠶᠢᠯᠤᠭᠤᠯᠬᠤ ᠭᠠᠷ ᠤᠷᠠᠯᠠᠯ ᠤᠨ ᠶᠠᠪᠤᠴᠠ ᠳᠤ ᠰᠢᠪᠲᠦᠷᠲᠦ ᠤᠰᠤ ᠦᠯᠡᠭᠦᠳᠡᠯ ᠠᠰᠠᠭᠤᠳᠠᠯ  ᠤᠷᠤᠰᠢᠵᠤ᠂ ᠦᠢᠯᠡᠳᠪᠦᠷᠢᠯᠡᠯ ᠤᠨ  ᠤᠷᠤᠭᠰᠢᠲᠠᠢ ᠶᠠᠪᠤᠭᠳᠠᠬᠤ ᠶᠢ ᠨᠥᠯᠥᠭᠡᠯᠡᠵᠦ᠂ ᠬᠡᠷᠪᠡ ᠰᠢᠪᠲᠦᠷᠲᠦ ᠤᠰᠤᠨ ᠤ ᠦᠯᠡᠭᠦᠳᠡᠯ ᠠᠰᠠᠭᠤᠳᠠᠯ ᠢ ᠰᠢᠢᠳᠪᠦᠷᠢᠯᠡᠬᠦ ᠦᠭᠡᠢ ᠪᠣᠯ ᠠᠵᠤ ᠠᠬᠤᠢ ᠶᠢᠨ ᠬᠤᠬᠢᠷᠠᠯ ᠤᠴᠠᠷᠠᠭᠤᠯᠵᠤ ᠮᠡᠳᠡᠨ᠎ᠡ᠃ ᠳᠡᠭᠡᠷ᠎ᠡ ᠳᠤᠷᠠᠳᠤᠭᠰᠠᠨ ᠰᠢᠯᠲᠠᠭᠠᠨ ᠳᠤ ᠰᠠᠭᠤᠷᠢᠯᠠᠨ᠂ ᠬᠤᠪᠣᠷ ᠰᠢᠷᠣᠢ ᠶᠢᠨ ᠬᠦᠷᠢᠶᠡᠯᠡᠩ ᠤᠨ ᠲᠥᠷᠥᠯ ᠵᠦᠢᠯ ᠢ ᠰᠤᠳᠤᠯᠤᠨ ᠨᠡᠭᠡᠭᠡᠬᠦ ᠪᠦᠯᠬᠦᠮ ᠬᠢᠭᠡᠳ ᠲᠡᠮᠦᠷᠯᠢᠭ ᠬᠠᠶᠢᠯᠤᠭᠤᠯᠬᠤ ᠬᠤᠪᠢᠶᠠᠷᠢ ᠺᠣᠮᠫᠠᠨᠢ ︵ᠬᠤᠸᠠ ᠮᠧᠢ ᠺᠣᠮᠫᠠᠨᠢ︶ ᠲᠠᠢ ᠬᠠᠮᠲᠤᠷᠠᠯᠴᠠᠵᠤ᠂ ᠤᠯᠠᠮᠵᠢᠯᠠᠯᠲᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠡᠵᠡᠯᠡᠬᠦᠨ ᠢᠶᠠᠷ ᠶᠡᠭᠡ᠂ ᠡᠵᠡᠯᠡᠬᠦ ᠲᠠᠯᠠᠪᠠᠶ ᠨᠢ ᠶᠡᠭᠡ᠂ ᠪᠡᠯᠡ ᠣᠷᠣᠭᠤᠯᠤᠯᠲᠠ ᠶᠢᠨ ᠥᠪᠡᠷ ᠤᠨ ᠥᠷᠲᠡᠭ ᠨᠢ ᠥᠨᠳᠥᠷ᠂ ᠲᠥᠬᠦᠭᠡᠷᠦᠮᠵᠢ ᠶᠢᠨ ᠠᠮᠢᠳᠤᠯᠢᠭ ᠬᠡᠮᠵᠢᠶ᠎ᠡ ᠨᠢ ᠳᠣᠣᠷ᠎ᠠ ᠵᠡᠷᠭᠡ ᠬᠡᠮ ᠰᠣᠭᠤᠭ ᠢ ᠢᠯᠠᠨ ᠳᠠᠪᠠᠵᠤ᠂ ᠶᠠᠪᠤᠴᠠ ᠶᠢ ᠨᠠᠷᠢᠯᠢᠭ ᠴᠢᠩᠭᠠᠳᠬᠠᠨ ᠡᠵᠡᠮᠳᠡᠬᠦ ᠪᠠᠷ ᠳᠠᠮᠵᠢᠭᠤᠯᠤᠨ᠂ ᠦᠯᠡᠭᠦᠳᠡᠵᠦ ᠪᠠᠶᠢᠭ᠎ᠠ ᠰᠢᠪᠲᠦᠷᠲᠦ ᠤᠰᠤᠨ ᠤ ᠥᠨᠳᠥᠷ ᠪᠦᠲᠦᠮᠵᠢᠲᠡᠶ ᠲᠤᠩᠭᠠᠬᠤ ᠡᠳ᠋ ᠤᠨ ᠮᠡᠷᠭᠡᠵᠢᠯ ᠤᠨ ᠰᠤᠳᠤᠯᠭᠠᠨ ᠢ ᠠᠮᠵᠢᠯᠲᠠ ᠲᠠᠢ ᠥᠷᠨᠢᠭᠦᠯᠪᠡ ︔ ᠡᠭᠦᠨ ᠤ ᠬᠠᠮᠲᠤ᠂ ᠪᠢᠴᠢᠯ ᠲᠥᠬᠦᠭᠡᠷᠦᠮᠵᠢ ᠶᠢ ᠶᠡᠬᠡᠰᠬᠡᠬᠦ ᠵᠢᠴᠢ ᠪᠢᠴᠢᠯ ᠰᠢᠰᠲ᠋ᠧᠮ ᠤᠨ ᠬᠤᠷᠠᠮᠳᠤᠭᠤᠯᠤᠯ ᠢ ᠬᠢᠵᠦ᠂ ᠲᠤᠩᠭᠠᠬᠤ ᠡᠳ᠋ ᠤᠨ ᠬᠥᠰᠢᠭᠦᠷᠭᠡ ᠶᠢᠨ ᠬᠡᠯᠪᠡᠷᠢᠲᠦ ᠨᠡᠶᠢᠯᠡᠮᠡᠯ ᠲᠣᠨᠤᠭ ᠲᠥᠬᠦᠭᠡᠷᠦᠮᠵᠢ ᠶᠢ ᠤᠯᠠᠮ ᠨᠢᠭᠡ ᠠᠯᠬᠤᠮ ᠰᠤᠳᠤᠯᠤᠨ ᠨᠡᠭᠡᠭᠡᠵᠦ᠂ ᠠᠮᠮᠣᠨᠢ ᠶᠢᠨ ᠡᠬᠢ ᠪᠠᠶᠠᠯᠢᠭ ᠢ ᠵᠦᠶ ᠵᠣᠬᠢᠰᠲᠠᠶ᠂ ᠪᠦᠲᠦᠮᠵᠢᠲᠡᠶ ᠡᠷᠭᠢᠯᠳᠦᠭᠦᠯᠦᠨ ᠠᠰᠢᠭᠯᠠᠵᠤ᠂ ︽ᠲᠤᠷᠰᠢᠯᠲᠠ ᠶᠢᠨ ᠲᠠᠰᠤᠭ︾ ᠠᠴᠠ ︽ᠦᠢᠯᠡᠳᠪᠦᠷᠢᠯᠡᠯ ᠤᠨ ᠱᠤᠭᠤᠮ︾ ᠬᠦᠷᠲᠡᠯᠡᠬᠢ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠪᠡᠶᠡᠯᠡᠭᠦᠯᠪᠡ᠃     ᠣᠶᠢᠯᠠᠭᠠᠭᠰᠠᠨ ᠢᠶᠠᠷ᠂ ᠲᠣᠰ ᠲᠣᠨᠤᠭ ᠲᠥᠬᠦᠭᠡᠷᠦᠮᠵᠢ ᠨᠢ ᠤᠯᠤᠰ ᠤᠨ ᠳᠣᠲᠣᠭᠠᠳᠤ ᠶᠢᠨ ᠠᠩᠬ᠎ᠠ ᠡᠭᠦᠳᠦᠯᠲᠡ ᠳᠤ ᠬᠠᠷᠢᠶᠠᠯᠠᠭᠳᠠᠵᠤ᠂ ᠡᠳᠦᠷ ᠪᠦᠷᠢ 50 ᠲᠣᠨ ᠠᠴᠠ ᠳᠡᠭᠡᠭᠰᠢ ᠰᠢᠪᠲᠦᠷ ᠤᠨ ᠤᠰᠤ ᠶᠢ ᠬᠤᠪᠢᠷᠠᠭᠤᠯᠵᠤ᠂ ᠲᠡᠮᠦᠷᠯᠢᠭ ᠪᠣᠯᠪᠠᠰᠤᠷᠠᠭᠤᠯᠬᠤ ᠬᠤᠪᠢᠶᠠᠷᠢ ᠺᠣᠮᠫᠠᠨᠢ ︵ᠬᠤᠸᠠ ᠮᠧᠶ ᠺᠣᠮᠫᠠᠨᠢ︶ ᠶᠢᠨ ᠰᠢᠪᠲᠦᠷ ᠤᠨ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠰᠠᠶᠢᠨ ᠠᠵᠤ ᠠᠬᠤᠶ ᠪᠠ ᠣᠷᠴᠢᠨ ᠲᠣᠭᠤᠷᠢᠨ ᠤ ᠦᠷ᠎ᠡ ᠠᠰᠢᠭ ᠢ ᠪᠡᠶᠡᠯᠡᠭᠦᠯᠵᠦ᠂ ᠬᠤᠪᠣᠷ ᠰᠢᠷᠣᠶ ᠬᠠᠶᠢᠯᠤᠭᠤᠯᠬᠤ ᠪᠥᠬᠦ ᠶᠠᠪᠤᠴᠠ ᠶᠢᠨ ᠰᠢᠪᠲᠦᠷ ᠤᠨ ᠣᠷᠴᠢᠯ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠵᠡᠷᠭᠡ ᠬᠠᠷᠠᠯᠲᠠ ᠶᠢ ᠤᠯᠠᠮ ᠨᠢᠭᠡ ᠠᠯᠬᠤᠮ ᠪᠡᠶᠡᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠣᠲᠣ ᠪᠣᠯᠲᠠᠯ᠎ᠠ᠂ ᠲᠣᠰ ᠵᠢᠱᠢᠶ᠎ᠡ ᠦᠵᠡᠭᠦᠯᠬᠦ ᠱᠤᠭᠤᠮ ᠵᠠᠯᠭᠠᠭ᠎ᠠ ᠪᠠᠷ ᠠᠵᠢᠯᠯᠠᠵᠤ᠂ ᠲᠥᠬᠦᠭᠡᠷᠦᠮᠵᠢ ᠶᠢᠨ ᠠᠵᠢᠯᠯᠠᠭᠠᠨ ᠰᠠᠶᠢᠨ ᠪᠠᠶᠢᠵᠤ ᠂  ᠦᠢᠯᠡᠳᠪᠦᠷᠢᠯᠡᠭᠰᠡᠨ  ᠦᠢᠯᠡᠳᠭᠦᠨ ᠨᠢ ᠬᠢᠷᠢ ᠲᠡᠩᠴᠡᠵᠤ᠂ ᠨᠢᠭᠡᠨᠲᠡ ᠬᠡᠪ ᠤᠨ ᠶᠣᠰᠣᠭᠠᠷ ᠠᠰᠢᠭᠯᠠᠯᠲᠠ ᠳᠤ ᠣᠷᠣᠭᠤᠯᠤᠭᠰᠠᠨ ᠪᠠᠶᠢᠨ᠎ᠠ᠃    ᠳᠠᠷᠠᠭᠠᠴᠢ ᠶᠢᠨ ᠠᠯᠬᠤᠮ ᠳᠤ᠂ ᠤᠮᠠᠷᠠᠲᠤ ᠶᠢᠨ ᠬᠤᠪᠣᠷ ᠰᠢᠷᠣᠢ ︽ᠲᠦᠷᠪᠡ ᠶᠢ ᠬᠠᠨᠳᠤᠭᠤᠯᠬᠤ︾ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠲᠤᠬᠠᠢ ᠶᠢᠨ ᠲᠠᠯᠠᠪᠠᠢ ᠳᠤ ᠰᠢᠨ᠎ᠡ ᠶᠢ ᠡᠭᠦᠳᠴᠦ ᠦᠷ᠎ᠡ ᠪᠦᠲᠦᠮᠵᠢ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠦᠴᠦ ᠪᠠᠨ ᠲᠥᠪᠯᠡᠷᠡᠭᠦᠯᠦᠨ ᠠᠵᠤ ᠠᠬᠤᠶᠢᠯᠠᠯ ᠤᠨ ︽ᠪᠣᠭᠤᠮᠢ︾ ᠶᠢᠨ ᠠᠰᠠᠭᠤᠳᠠᠯ ᠢ ᠰᠢᠢᠳᠪᠦᠷᠢᠯᠡᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠨ ᠪᠡᠶᠡᠯᠡᠭᠦᠯᠵᠦ᠂ ᠳᠡᠯᠡᠬᠡᠢ ᠶᠢᠨ ᠲᠡᠷᠢᠭᠦᠨ ᠤ ᠬᠤᠪᠣᠷ ᠰᠢᠷᠣᠢ ᠶᠢᠨ ᠲᠠᠭᠠᠭᠤᠯᠤᠬᠴᠢ ᠠᠵᠤ ᠠᠬᠤᠶᠢᠯᠠᠯ ᠢ ᠪᠠᠶᠢᠭᠤᠯᠬᠤ᠂ ︽ᠬᠤᠶᠠᠷ ᠬᠤᠪᠣᠷ ᠰᠢᠷᠣᠢ ᠶᠢᠨ ᠰᠠᠭᠤᠷᠢᠨ︾ ᠤ ᠪᠦᠳᠦᠭᠡᠨ ᠪᠠᠶᠢᠭᠤᠯᠤᠯᠲᠠ ᠶᠢᠨ ᠭᠤᠣᠯ ᠬᠦᠴᠦᠨ ᠪᠣᠯᠬᠤ ᠳᠤ ᠬᠦᠴᠦᠷᠬᠡᠭ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠬᠥᠳᠡᠯᠭᠡᠬᠦ ᠬᠦᠴᠦᠨ ᠨᠡᠮᠡᠷᠢᠯᠡᠨ᠎ᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号