ᠶᠢᠰᠦᠨ ᠵᠢᠯ ᠳᠠᠷᠠᠭᠠᠯᠠᠨ ︽ᠰᠢᠯᠢᠳᠡᠭ ᠬᠢᠨᠠᠨ ᠪᠤᠳᠤᠬᠤ ᠵᠦᠢᠯ︾ ᠳᠤ ᠣᠷᠣᠪᠠ︕ ︽ᠰᠢᠯᠢᠳᠡᠭ︾ ᠬᠠᠮᠢᠭ᠎ᠠ ᠠᠴᠠ ᠢᠷᠡᠭᠰᠡᠨ ᠪᠤᠢ︖
ᠨᠡᠶᠢᠲᠡᠯᠡᠭᠰᠡᠨ ᠴᠠᠭ᠄
2024/6/5
       ᠣᠶᠢᠷ᠎ᠠ ᠳᠤ᠂ ᠪᠤᠭᠤᠲᠤ ᠬᠤᠲᠠ ᠶᠢᠨ ᠬᠢᠨᠠᠨ ᠪᠤᠳᠤᠬᠤ ᠲᠣᠪᠴᠢᠶ᠎ᠠ 2024 ᠣᠨ ᠤ ᠪᠥᠬᠦ ᠬᠤᠲᠠ ᠶᠢᠨ ᠬᠢᠨᠠᠨ ᠪᠤᠳᠤᠬᠤ ᠪᠠᠶᠢᠭᠤᠯᠭ᠎ᠠ ᠶᠢᠨ ᠬᠢᠨᠠᠨ ᠪᠤᠳᠤᠬᠤ ᠰᠢᠯᠢᠳᠡᠭ ᠲᠥᠷᠥᠯ ᠵᠦᠢᠯ ᠢ ᠬᠥᠬᠢᠭᠦᠯᠦᠨ ᠰᠠᠶᠢᠰᠢᠶᠠᠵᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨᠠᠨ ᠪᠤᠳᠤᠬᠤ ᠲᠣᠪᠴᠢᠶ᠎ᠠ ᠳᠠᠬᠢᠨᠲᠠ ᠨᠡᠷᠡᠰ ᠤᠨ ᠵᠢᠭᠰᠠᠭᠠᠯᠲᠠ ᠳᠤ ᠲᠣᠳᠣᠷᠠᠪᠠ᠃ ︽ᠪᠣᠳᠠᠲᠠᠶ ᠠᠵᠢᠯᠯᠠᠬᠤ᠂ ᠬᠠᠷᠢᠭᠤᠴᠠᠯᠭ᠎ᠠ ᠡᠭᠦᠷᠭᠡᠯᠡᠬᠦ᠂ ᠲᠡᠷᠢᠭᠦᠨ ᠤ ᠬᠢ ᠶᠢ ᠲᠡᠮᠡᠴᠡᠨ ᠤᠯᠬᠤ᠂ ᠰᠢᠯᠢᠳᠡᠭ ᠢ ᠡᠭᠦᠳᠬᠦ︾ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢᠶᠠᠷ᠂ ︽ᠡᠮᠦᠨ᠎ᠡ ᠨᠢ ᠶᠠᠪᠤᠵᠤ᠂ ᠵᠣᠷᠢᠭᠲᠠᠶ ᠲᠡᠮᠡᠴᠡᠵᠦ᠂ ᠴᠢᠳᠠᠮᠠᠭᠠᠶ ᠪᠠᠷ ᠠᠵᠢᠯᠯᠠᠬᠤ︾ ᠬᠠᠷᠠᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠤᠲᠠ ᠶᠢᠨ ᠬᠢᠨᠠᠨ ᠪᠤᠳᠤᠬᠤ ᠲᠥᠷᠥᠯ ᠵᠦᠢᠯ ᠤᠨ ᠰᠢᠯᠢᠳᠡᠭ ᠤᠨ ᠰᠢᠯᠭᠠᠷᠠᠭᠤᠯᠤᠯᠲᠠ ᠳᠤ ᠬᠤᠰᠢᠭᠤ ᠰᠢᠶᠠᠨ ᠲᠣᠭᠤᠷᠢᠭ ᠤᠨ ᠰᠢᠯᠢᠳᠡᠭ ᠬᠢᠨᠠᠨ ᠪᠤᠳᠤᠬᠤ ᠲᠥᠷᠥᠯ ᠵᠦᠢᠯ ᠤᠨ ᠬᠤᠶᠠᠳᠤᠭᠠᠷ ᠳᠡᠰ ᠤᠨ ᠱᠠᠩᠨᠠᠯ ᠢᠶᠠᠷ ᠳᠠᠬᠢᠨᠲᠠ ᠦᠨᠡᠯᠡᠭᠳᠡᠪᠡ᠂ ᠡᠨᠡ ᠨᠢ ᠮᠥᠨ ᠴᠦ 2016 ᠣᠨ ᠠᠴᠠ ᠨᠠᠰᠢ ᠵᠠᠯᠭᠠᠭ᠎ᠠ ᠪᠠᠷ ᠶᠢᠰᠦᠨ ᠵᠢᠯ ᠬᠤᠲᠠ ᠶᠢᠨ ᠲᠠᠰ ᠤᠨ ᠰᠢᠯᠢᠳᠡᠭ ᠬᠢᠨᠠᠨ ᠪᠤᠳᠤᠬᠤ ᠲᠥᠷᠥᠯ ᠵᠦᠢᠯ ᠪᠣᠯᠤᠨ᠎ᠠ᠃      ᠤᠢᠢᠷ᠎ᠠ ᠶᠢᠨ ᠵᠢᠯ ᠠᠴᠠ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨᠠᠨ ᠪᠤᠳᠤᠬᠤ ᠲᠣᠪᠴᠢᠶ᠎ᠠ ᠬᠢᠨᠠᠨ ᠪᠤᠳᠤᠬᠤ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠵᠤ᠂ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠨᠢᠭᠡ ᠵᠦᠢᠯ ᠤᠨ ᠣᠶᠢᠯᠠᠭᠠᠭᠳᠠᠬᠤᠨ᠂ ᠨᠢᠭᠡ ᠬᠠᠷᠠᠯᠲᠠ ᠪᠠᠷ ᠵᠢᠯᠤᠭᠤᠳᠤᠯᠭ᠎ᠠ ᠪᠣᠯᠭᠠᠵᠤ᠂ ᠲᠦᠷᠦᠯ ᠵᠦᠢᠯ ᠤᠨ ᠲᠤᠬᠢᠷᠠᠭᠤᠯᠤᠯᠳᠠ ᠶᠢ ᠨᠠᠶᠢᠳᠠᠪᠤᠷᠢᠵᠢᠭᠤᠯᠬᠤ᠂ ᠬᠢᠨᠠᠬᠤ ᠠᠴᠠ ᠡᠮᠦᠨᠡᠬᠢ ᠪᠠᠶᠢᠴᠠᠭᠠᠯᠲᠠ ᠪᠠ ᠬᠢᠨᠠᠨ ᠬᠠᠷᠭᠤᠭᠤᠯᠬᠤ ᠶᠢ ᠴᠢᠩᠭᠠᠳᠬᠠᠭᠰᠠᠨ ᠰᠠᠭᠤᠷᠢᠨ ᠳᠡᠭᠡᠷ᠎ᠡ ᠴᠡᠭᠴᠡᠯᠡᠨ ᠰᠠᠶᠢᠵᠢᠷᠠᠭᠤᠯᠵᠤ᠂ ᠬᠢᠨᠠᠨ ᠪᠤᠳᠤᠬᠤ ᠦᠷ᠎ᠡ ᠪᠦᠲᠦᠭᠡᠯ ᠢ ᠪᠣᠯᠪᠠᠰᠤᠷᠠᠭᠤᠯᠬᠤ ᠵᠡᠷᠭᠡ ᠲᠠᠯ᠎ᠠ ᠠᠴᠠ ᠭᠠᠷᠳᠠᠵᠤ᠂ ᠰᠤᠳᠤᠯᠭᠠᠨ ᠤ ᠬᠡᠯᠪᠡᠷᠢ ᠶᠢᠨ ᠬᠢᠨᠠᠨ ᠪᠤᠳᠤᠯᠳᠠ ᠶᠢ ᠠᠵᠢᠯ ᠤᠨ ᠡᠬᠢᠨ ᠠᠴᠠ ᠨᠢ ᠳᠠᠭᠤᠰᠲᠠᠯ᠎ᠠ ᠲᠤᠭᠤᠰᠢᠯᠠᠭᠤᠯᠵᠤ᠂ ︽ᠲᠦᠷᠪᠡ︾ ᠪᠠᠷ ᠳᠠᠮᠵᠢᠭᠤᠯᠤᠨ ᠬᠢᠨᠠᠨ ᠪᠤᠳᠤᠬᠤ ᠶᠠᠰᠤ ᠴᠢᠨᠠᠷ ᠢ ᠨᠡᠩ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠪᠠ᠃      ᠬᠢᠨᠠᠨ ᠪᠤᠳᠤᠬᠤ ᠶᠠᠰᠤ ᠴᠢᠨᠠᠷ ᠢ ᠪᠠᠲᠤᠳᠬᠠᠬᠤ ᠪᠣᠯ ᠬᠢᠨᠠᠨ ᠪᠤᠳᠤᠬᠤ ᠠᠵᠢᠯ ᠤᠨ ᠠᠮᠢᠨ ᠰᠤᠳᠠᠰᠤ ᠮᠥᠨ      ᠰᠣᠳᠣᠨ ᠬᠢᠨᠠᠨ ᠪᠤᠳᠤᠬᠤ ᠲᠥᠷᠥᠯ ᠵᠦᠢᠯ ᠢ ᠪᠣᠶ ᠪᠣᠯᠭᠠᠬᠤ ᠨᠢ ᠬᠢᠨᠠᠨ ᠪᠤᠳᠤᠬᠤ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ ᠬᠢᠨᠠᠨ ᠪᠤᠳᠤᠬᠤ ᠦᠢᠯᠡᠰ ᠤᠨ ᠬᠥᠭᠵᠢᠯᠲᠡ ᠳᠤ ᠬᠤᠯᠪᠣᠭᠳᠠᠵᠤ ᠪᠠᠶᠢᠳᠠᠭ᠃ ᠬᠢᠨᠠᠨ ᠪᠤᠳᠤᠬᠤ ᠺᠠᠳᠠᠷ ᠡᠷᠬᠡᠪᠰᠢ ᠰᠠᠶᠢᠲᠤᠷ ᠰᠤᠷᠤᠯᠴᠠᠬᠤ᠂ ᠰᠠᠶᠢᠨ ᠠᠰᠠᠭᠤᠬᠤ᠂ ᠰᠢᠷᠭᠠᠭᠤ ᠰᠡᠳᠬᠢᠨ ᠪᠣᠳᠣᠯᠬᠢᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠪᠠᠲᠤᠯᠠᠵᠤ᠂ ᠰᠤᠷᠤᠯᠴᠠᠬᠤ ᠪᠠ ᠥᠪᠡᠷ ᠢ ᠪᠠᠨ ᠳᠡᠭᠡᠭᠰᠢᠯᠡᠭᠦᠯᠬᠦ ᠵᠠᠮ ᠳᠡᠭᠡᠷ᠎ᠡ ᠡᠭᠦᠷᠢᠳᠡ ᠵᠤᠬᠰᠤᠰᠢ ᠦᠭᠡᠢ ᠪᠠᠶᠢᠵᠤ᠂ ᠰᠢᠨ᠎ᠡ ᠴᠠᠭ ᠦᠶ᠎ᠡ ᠰᠢᠨ᠎ᠡ ᠬᠡᠪ ᠪᠠᠶᠢᠳᠠᠯ ᠳᠣᠣᠷᠠᠬᠢ ᠬᠢᠨᠠᠨ ᠪᠤᠳᠤᠬᠤ ᠠᠵᠢᠯ ᠳᠤ ᠲᠠᠰᠤᠷᠠᠯᠳᠠ ᠦᠭᠡᠢ ᠵᠣᠬᠢᠴᠠᠬᠤ ᠶᠢᠨ ᠬᠠᠮᠲᠤ ᠬᠢᠵᠦ ᠳᠡᠶᠢᠯᠬᠦ ᠬᠡᠷᠡᠭᠲᠡᠢ᠂ ᠬᠢᠨᠠᠨ ᠪᠤᠳᠤᠬᠤ ᠠᠰᠠᠭᠤᠳᠠᠯ ᠤᠨ ᠲᠠᠯ᠎ᠠ ᠪᠠᠷ ᠭᠦᠨᠵᠡᠭᠡᠢ ᠮᠥᠷᠲᠡᠭᠡᠨ ᠣᠨᠣᠪᠴᠢᠲᠠᠢ ᠪᠠᠶᠢᠬᠤ ᠬᠡᠷᠡᠭᠲᠡᠢ᠂ ᠠᠭᠤᠯᠭ᠎ᠠ ᠶᠢ ᠪᠠᠰᠠ ᠪᠣᠳᠠᠲᠠᠢ ᠪᠠᠶᠢᠯᠭᠠᠵᠤ᠂ ᠬᠢᠨᠠᠨ ᠪᠤᠳᠤᠬᠤ ᠠᠵᠢᠯ ᠤᠨ ︽ᠨᠢᠭᠡᠨᠲᠡ ᠡᠪᠡᠳᠴᠢᠯᠡᠭᠰᠡᠨ ᠢ ᠵᠠᠰᠠᠵᠤ᠂ ᠡᠪᠡᠳᠴᠢᠯᠡᠬᠦ ᠠᠴᠠ ᠡᠮᠦᠨ᠎ᠡ ᠰᠡᠷᠭᠡᠶᠢᠯᠡᠬᠦ︾ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃      ᠬᠢᠨᠠᠬᠤ ᠠᠴᠠ ᠡᠮᠦᠨ᠎ᠡ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠠᠵᠢᠯ ᠢ ᠰᠠᠶᠢᠲᠤᠷ ᠬᠢᠵᠦ᠂ ᠬᠢᠨᠠᠬᠤ ᠠᠴᠠ ᠡᠮᠦᠨᠡᠬᠢ ᠪᠠᠶᠢᠴᠠᠭᠠᠯᠲᠠ ᠶᠢ ᠪᠣᠳᠠᠲᠠᠢ ᠬᠢᠬᠦ ᠬᠡᠷᠡᠭᠲᠡᠢ     ᠬᠢᠨᠠᠨ ᠪᠣᠳᠣᠬᠤ ᠡᠲᠡᠭᠡᠳ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠰᠠᠯᠠᠭ᠎ᠠ  ᠮᠦᠴᠢᠷ ᠤᠨ ᠲᠥᠯᠥᠪᠵᠢᠭᠦᠯᠭᠡ᠂ ᠲᠥᠷᠥᠯ ᠵᠦᠢᠯ ᠤᠨ ᠲᠥᠯᠥᠪᠯᠡᠭᠡ ᠵᠡᠷᠭᠡ ᠠᠭᠤᠯᠭ᠎ᠠ ᠶᠢ ᠰᠤᠳᠤᠯᠬᠤ ᠪᠠᠷ ᠳᠠᠮᠵᠢᠨ  ᠂ ᠬᠢᠨᠠᠨ ᠪᠣᠳᠣᠬᠤ ᠲᠥᠷᠥᠯ ᠵᠦᠢᠯ ᠤᠨ ᠲᠥᠯᠥᠪᠯᠡᠭᠡ ᠲᠠᠢ ᠤᠶᠠᠯᠳᠤᠭᠤᠯᠤᠨ᠂ ᠡᠮᠦᠨᠡᠬᠢ ᠬᠤᠭᠤᠴᠠᠭᠠᠨ ᠳᠤ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠲᠥᠷᠥᠯ ᠵᠦᠢᠯ ᠵᠢᠴᠢ ᠥᠩᠭᠡᠷᠡᠭᠰᠡᠨ ᠤ ᠨᠢᠭᠡ ᠵᠢᠯ ᠤᠨ ᠬᠢᠨᠠᠨ ᠪᠣᠳᠣᠭᠰᠠᠨ ᠦᠷ᠎ᠡ ᠪᠦᠲᠦᠭᠡᠯ ᠢ ᠭᠦᠨᠵᠡᠭᠡᠶ ᠪᠠᠶᠢᠴᠠᠭᠠᠨ ᠣᠶᠢᠯᠠᠭᠠᠭᠰᠠᠨ ᠰᠠᠭᠤᠷᠢᠨ ᠳᠡᠭᠡᠷ᠎ᠡ᠂ ᠬᠢᠨᠠᠨ ᠪᠣᠳᠣᠬᠤ ᠬᠠᠷᠠᠯᠲᠠ ᠪᠣᠯᠤᠨ ᠭᠤᠤᠯᠳᠠᠯᠭ᠎ᠠ ᠪᠠᠨ ᠲᠣᠳᠣᠷᠬᠠᠶᠢᠯᠠᠬᠤ ᠬᠡᠷᠡᠭᠲᠡᠶ᠃ ᠵᠣᠬᠢᠶᠠᠨ ᠪᠠᠶᠢᠭᠤᠯᠤᠨ ᠬᠡᠷᠡᠭᠵᠢᠭᠦᠯᠬᠦ ᠭᠤᠭᠴᠤᠭ᠎ᠠ ᠳᠤ᠂ ᠬᠢᠨᠠᠨ ᠪᠤᠳᠤᠬᠤ ᠬᠦᠴᠦᠨ ᠢ ᠰᠢᠯᠢᠳᠡᠭ ᠢ ᠡᠭᠦᠳᠬᠦ ᠲᠥᠷᠥᠯ ᠵᠦᠢᠯ ᠲᠡᠶᠢᠰᠢ ᠬᠡᠯᠪᠠᠶᠢᠯᠭᠡᠬᠦ ᠶᠢ ᠠᠬᠢᠭᠤᠯᠵᠤ᠂ ᠬᠢᠨᠠᠨ ᠪᠤᠳᠤᠬᠤ ᠠᠵᠢᠯᠲᠠᠨ ᠤ ᠬᠢᠨᠠᠨ ᠪᠤᠳᠤᠬᠤ ᠲᠤᠷᠰᠢᠯᠭ᠎ᠠ᠂ ᠮᠡᠳᠡᠯᠭᠡ ᠶᠢᠨ ᠪᠦᠲᠦᠴᠡ ᠵᠡᠷᠭᠡ ᠲᠠᠯ᠎ᠠ ᠪᠠᠷ ᠬᠢ ᠰᠢᠯᠢᠳᠡᠭ ᠢ ᠨᠢ ᠬᠠᠷᠢᠯᠴᠠᠨ ᠨᠥᠬᠦᠪᠥᠷᠢᠯᠡᠬᠦ ᠶᠢ ᠴᠢᠬᠤᠯᠠᠴᠢᠯᠠᠵᠤ᠂ ᠰᠠᠶᠢᠨ ᠲᠠᠯ᠎ᠠ ᠶᠢ ᠨᠢ ᠠᠪᠴᠤ ᠰᠠᠭᠠᠷᠠᠤ ᠲᠠᠯ᠎ᠠ ᠪᠠᠨ ᠨᠥᠬᠦᠪᠥᠷᠢᠯᠡᠵᠦ᠂ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠠᠳᠠᠷᠠᠭᠤᠯᠤᠨ᠂ ᠰᠢᠯᠢᠳᠡᠭ ᠢ ᠡᠭᠦᠳᠴᠦ ᠰᠢᠯᠢᠳᠡᠭ ᠢ ᠨᠢ ᠦᠨᠡᠯᠡᠬᠦ ᠠᠵᠢᠯ ᠳᠤ ᠰᠠᠭᠤᠷᠢ ᠲᠠᠯᠪᠢᠵᠤ ᠥᠭᠭᠦᠨ᠎ᠡ᠃      ᠮᠡᠳᠡᠭᠦᠯᠦᠯᠲᠡ ᠶᠢ ᠮᠡᠳᠡᠵᠦ᠂ ᠠᠰᠠᠭᠤᠳᠠᠯ ᠢ ᠢᠯᠡᠷᠡᠭᠦᠯᠬᠦ ᠳᠤ ᠨᠡᠩ ᠣᠨᠣᠪᠴᠢᠲᠠᠢ ᠪᠠᠶᠢᠬᠤ ᠬᠡᠷᠡᠭᠲᠡᠢ      ᠬᠢᠨᠠᠨ ᠪᠤᠳᠤᠬᠤ ᠠᠵᠢᠯ ᠤᠨ ᠭᠤᠤᠯᠳᠠᠯᠭ᠎ᠠ ᠶᠢᠨ ᠲᠣᠭᠤᠷᠢᠨ ᠳᠤ᠂ ᠤᠷᠢᠳᠴᠢᠯᠠᠨ ᠰᠡᠳᠬᠢᠨ ᠰᠦᠪᠡᠭᠴᠢᠯᠡᠵᠦ ᠂ ᠬᠢᠨᠠᠨ ᠪᠤᠳᠤᠭᠰᠠᠨ ᠮᠡᠳᠡᠭᠦᠯᠦᠯᠲᠡ ᠶᠢ ᠪᠣᠳᠠᠲᠠᠶ ᠪᠠᠷ ᠪᠢᠴᠢᠨ᠎ᠡ᠃ ᠬᠢᠨᠠᠬᠤ ᠠᠴᠠ ᠡᠮᠦᠨᠡᠬᠢ ᠪᠠᠶᠢᠴᠠᠭᠠᠯᠲᠠ ᠪᠠ ᠲᠥᠰᠦᠯ ᠢ ᠲᠣᠭᠲᠠᠭᠠᠬᠤ ᠱᠠᠲᠤᠨ ᠳᠤ᠂ ᠰᠡᠳᠬᠢᠴᠡ ᠶᠢᠨ ᠲᠠᠯ᠎ᠠ ᠪᠠᠷ ᠶᠠᠭᠤ ᠶᠢ ᠬᠢᠨᠠᠨ ᠪᠠᠶᠢᠴᠠᠭᠠᠬᠤ᠂ ᠬᠡᠷᠬᠢᠨ ᠬᠢᠨᠠᠨ ᠪᠠᠶᠢᠴᠠᠭᠠᠬᠤ ᠶᠠᠪᠤᠳᠠᠯ ᠢ ᠰᠠᠶᠢᠲᠤᠷ ᠰᠢᠢᠳᠪᠦᠷᠢᠯᠡᠵᠦ᠂ ᠶᠠᠮᠠᠷ ᠠᠰᠠᠭᠤᠳᠠᠯ ᠢ ᠢᠯᠡᠷᠡᠭᠦᠯᠵᠦ᠂ ᠶᠠᠮᠠᠷ ᠰᠠᠨᠠᠭᠤᠯᠭ᠎ᠠ ᠳᠤᠷᠠᠳᠬᠤ ᠳᠤ ᠳᠣᠲᠣᠷ᠎ᠠ ᠪᠠᠨ ᠲᠤᠭ᠎ᠠ ᠲᠠᠢ ᠪᠠᠶᠢᠵᠤ᠂ ᠡᠷᠲᠡ ᠠᠴᠠ ᠤᠷᠢᠳᠴᠢᠯᠠᠨ ᠮᠠᠭᠠᠳᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠢᠨᠠᠨ ᠪᠤᠳᠤᠯᠳᠠ ᠶᠢᠨ ᠮᠡᠳᠡᠭᠦᠯᠦᠯᠲᠡ ᠳᠤ ᠲᠤᠰᠬᠠᠭᠰᠠᠨ ᠠᠰᠠᠭᠤᠳᠠᠯ ᠤᠨ ᠲᠤᠬᠠᠶ ᠪᠤᠰᠤᠳᠴᠢ ᠲᠥᠪ ᠭᠤᠤᠯᠴᠢ᠂ ᠭᠤᠤᠯᠳᠠᠯᠭ᠎ᠠ ᠨᠢ ᠲᠣᠪᠤᠶᠢᠮ᠎ᠠ᠂ ᠥᠭᠦᠯᠡᠭᠰᠡᠨ ᠨᠢ ᠨᠠᠷᠢᠯᠢᠭ ᠣᠨᠣᠴᠠᠲᠠᠶ ᠪᠠᠶᠢᠬᠤ ᠪᠠᠷ ᠴᠢᠷᠮᠠᠶᠢᠵᠤ᠂ ᠪᠣᠳᠠᠲᠤ ᠶᠠᠪᠤᠳᠠᠯ ᠢᠶᠠᠷ ᠦᠭᠡ ᠬᠡᠯᠡᠬᠦ᠂ ᠲᠤᠭ᠎ᠠ ᠪᠠᠷᠢᠮᠲᠠ ᠪᠠᠷ ᠦᠭᠡ ᠬᠡᠯᠡᠬᠦ᠂ ᠠᠰᠠᠭᠤᠳᠠᠯ ᠢᠶᠠᠷ ᠦᠭᠡ ᠬᠡᠯᠡᠯᠴᠡᠬᠦ ᠶᠢ ᠪᠠᠷᠢᠮᠲᠠᠯᠠᠵᠤ᠂ ︽ᠪᠣᠳᠠᠲᠤ ᠶᠠᠪᠤᠳᠠᠯ ᠨᠢ ᠲᠣᠳᠣᠷᠬᠠᠶ᠂ ᠭᠡᠷᠡᠴᠢ ᠪᠠᠷᠢᠮᠲᠠ ᠨᠢ ᠦᠨᠡᠨ ᠪᠣᠳᠠᠲᠠᠶ᠂ ᠶᠠᠰᠤ ᠴᠢᠨᠠᠷ ᠨᠢ ᠪᠠᠷᠢᠮᠵᠢᠶ᠎ᠠ︾ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ᠬᠢᠨᠠᠨ ᠪᠤᠳᠤᠯᠳᠠ ᠶᠢᠨ ᠴᠡᠭᠴᠡᠯᠡᠨ ᠰᠠᠶᠢᠵᠢᠷᠠᠭᠤᠯᠤᠯᠳᠠ ᠶᠢ ᠦᠨᠡᠨ ᠬᠦ ᠴᠢᠩᠭᠠᠳᠬᠠᠵᠤ᠂ ᠬᠢᠨᠠᠯᠳᠠ ᠳᠠᠯᠪᠢᠬᠤ ᠬᠦᠴᠦᠨ ᠴᠢᠳᠠᠪᠤᠷᠢ ᠪᠠᠨ ᠨᠡᠮᠡᠭᠳᠡᠭᠦᠯᠬᠦ ᠬᠡᠷᠡᠭᠳᠡᠢ      ᠬᠢᠨᠠᠨ ᠪᠤᠳᠤᠬᠤ ᠪᠠᠶᠢᠭᠤᠯᠭ᠎ᠠ ᠨᠢ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠬᠤ ᠶᠢᠨ ᠡᠬᠢᠯᠡᠯᠲᠡ ᠮᠥᠷᠲᠡᠭᠡᠨ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠡᠰᠡᠬᠦ ᠶᠢ ᠮᠠᠭᠠᠳᠯᠠᠨ ᠲᠣᠭᠲᠠᠭᠠᠬᠤ ᠡᠴᠦᠰ ᠤᠨ ᠴᠡᠭ ᠮᠥᠨ᠃ ᠬᠢᠨᠠᠨ ᠪᠤᠳᠤᠬᠤ ᠨᠢᠭᠡᠴᠡ ᠶᠢ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠡᠷᠴᠢᠮ ᠢᠶᠠᠨ ᠴᠢᠩᠭᠠᠷᠠᠭᠤᠯᠵᠤ᠂ ᠬᠢᠨᠠᠨ ᠪᠤᠳᠤᠬᠤ ᠴᠡᠭᠴᠡᠯᠡᠨ ᠰᠠᠶᠢᠵᠢᠷᠠᠭᠤᠯᠬᠤ ᠶᠢ ᠬᠢᠨᠠᠨ ᠪᠤᠳᠤᠬᠤ ᠬᠢᠨᠠᠯᠲᠠ ᠲᠠᠯᠪᠢᠬᠤ ᠦᠢᠯᠡᠳᠦᠯ ᠢ ᠪᠦᠲᠦᠮᠵᠢᠲᠡᠢ ᠪᠠᠳᠠᠷᠠᠭᠤᠯᠬᠤ ᠴᠢᠬᠤᠯᠠ ᠭᠤᠭᠴᠤᠭ᠎ᠠ ᠪᠣᠯᠭᠠᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠨ᠂ ᠦᠷᠭᠦᠯᠵᠢᠯᠡᠨ ᠬᠦᠴᠦᠯᠡᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠠᠰᠤᠷᠠᠯᠲᠠ ᠥᠬᠡᠶ ᠪᠣᠳᠠᠲᠠᠶᠢᠵᠢᠭᠤᠯᠵᠤ᠂ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠪᠦᠲᠦᠮᠵᠢᠲᠡᠶ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠪᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号