ᠬᠤᠪᠣᠷ ᠰᠢᠷᠤᠢ ᠶᠢᠨ ᠳᠡᠭᠡᠳᠦ  ᠰᠢᠨ᠎ᠡ ᠮᠡᠷᠭᠡᠵᠢᠯ ᠤᠨ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ  ᠬᠤᠷᠢᠶ᠎ᠠ ᠠᠵᠤ ᠠᠬᠤᠢᠯᠠᠯ ᠤᠨ ︽ᠬᠠᠤᠯᠢ ᠪᠠᠷ ᠵᠠᠰᠠᠬᠤ ᠪᠡᠶ᠎ᠡ ᠶᠢᠨ ᠪᠠᠢᠴᠠᠭᠠᠯᠲᠠ︾ ᠶᠢᠨ ᠠᠵᠢᠯᠯᠠᠭ᠎ᠠ ᠶᠢ ᠵᠣᠬᠢᠶᠠᠨ  ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2024/6/5
     ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠠᠬᠢᠭᠤᠯᠵᠤ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠬᠠᠷᠢᠶᠠᠲᠤ ᠣᠷᠣᠨ ᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ᠶᠦᠨ ᠱᠧᠩ ᠴᠢᠩᠭ᠎ᠠ ᠰᠣᠷᠢᠨᠵᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠣᠷᠣᠵᠤ᠂ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠶᠢᠨ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠦᠢᠯᠡᠴᠢᠯᠡᠬᠦ ᠪᠠᠶᠢᠳᠠᠯ ᠢ ᠡᠵᠡᠮᠰᠢᠵᠦ᠂ ᠬᠠᠤᠯᠢ ᠴᠠᠭᠠᠵᠠ ᠶᠢᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠨ᠂ ᠣᠷᠣᠰᠢᠵᠤ ᠪᠠᠶᠢᠭ᠎ᠠ ᠬᠠᠤᠯᠢ ᠴᠠᠭᠠᠵᠠ ᠶᠢᠨ ᠲᠦᠭᠰᠢᠭᠦᠷᠢ ᠳᠤ ᠪᠡᠶ᠎ᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠬᠢᠬᠦ ᠶᠢᠨ ᠬᠠᠮᠲᠤ ᠴᠠᠭ ᠲᠤᠨᠢ ᠲᠣᠬᠢᠷᠠᠭᠤᠯᠤᠨ ᠮᠥᠷᠳᠡᠵᠦ᠂ ᠮᠠᠨ ᠤ  ᠤᠷᠤᠨ  ᠤ  ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠳᠤ ᠴᠢᠨᠠᠷ ᠰᠠᠶᠢᠲᠠᠶ ᠬᠠᠤᠯᠢ ᠴᠠᠭᠠᠵᠠ ᠶᠢᠨ ᠦᠢᠯᠡᠴᠢᠯᠡᠭᠡ ᠪᠠ ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ᠃
      ᠥᠪᠥᠷ ᠮᠣᠩᠭᠤᠯ ᠤᠨ ᠰᠢᠩ ᠴᠧᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠲᠠᠬᠢ ᠠᠵᠤ ᠠᠬᠤᠶᠢᠯᠠᠯ ᠤᠨ  ᠦᠢᠯᠡᠳᠪᠦᠷᠢᠯᠡᠯ ᠡᠵᠡᠩᠨᠡᠯᠲᠡ ᠲᠠᠢ ᠬᠤᠯᠪᠣᠭᠳᠠᠬᠤ ᠬᠠᠤᠯᠢ ᠲᠣᠭᠲᠠᠭᠠᠯ ᠢ ᠡᠮᠬᠢᠳᠬᠡᠨ ᠡᠮᠬᠢᠯᠡᠵᠦ᠂ ᠬᠠᠤᠯᠢᠴᠢ ᠠᠴᠠ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠨᠠᠷᠢᠨ ᠨᠢᠮᠪᠠᠶ ᠬᠢᠴᠢᠶᠡᠯ ᠪᠡᠯᠡᠳᠬᠡᠨ᠂ ᠲᠠᠩᠬᠢᠮ ᠳᠤ ᠰᠠᠭᠤᠵᠤ ᠤᠬᠠᠭᠤᠯᠤᠨ ᠲᠠᠶᠢᠯᠪᠤᠷᠢᠯᠠᠪᠠ᠃       ᠤᠬᠠᠭᠤᠯᠤᠨ ᠲᠠᠶᠢᠯᠪᠤᠷᠢᠯᠠᠬᠤ ᠳᠤᠮᠳᠠ᠂ ᠬᠠᠤᠯᠢᠴᠢ ᠠᠴᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠡᠵᠡᠩᠨᠡᠯᠲᠡ᠂ ᠬᠠᠮᠢᠶᠠᠷᠤᠯᠲᠠ ᠶᠢᠨ ᠶᠠᠪᠤᠴᠠ ᠳᠤ ᠪᠠᠶᠢᠩᠭᠤ ᠲᠣᠬᠢᠶᠠᠯᠳᠤᠳᠠᠭ ᠠᠯᠢ ᠣᠯᠠᠨ ᠬᠠᠤᠯᠢ ᠴᠠᠭᠠᠵᠠ ᠶᠢᠨ ᠲᠦᠭᠰᠢᠭᠦᠷᠢ ᠶᠢ ᠦᠨᠳᠦᠰᠦᠯᠡᠨ ᠤᠬᠠᠭᠤᠯᠤᠨ ᠲᠠᠶᠢᠯᠪᠤᠷᠢᠯᠠᠵᠤ᠂ ᠬᠠᠨᠳᠤᠯᠭᠠᠲᠤ ᠴᠢᠨᠠᠷᠲᠠᠶ ᠪᠠᠷ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠬᠠᠪᠰᠤᠷᠤᠨ ᠪᠣᠳᠠᠲᠤ ᠬᠠᠤᠯᠢ ᠴᠠᠭᠠᠵᠠ ᠶᠢᠨ ᠠᠰᠠᠭᠤᠳᠠᠯ ᠢ ᠨᠢ ᠰᠢᠢᠳᠪᠦᠷᠢᠯᠡᠵᠦ ᠥᠭᠪᠡ᠃ ᠡᠭᠦᠨ ᠤ ᠬᠠᠮᠲᠤ᠂ ᠨᠠᠮ ᠤᠨ ᠰᠤᠷᠭᠠᠭᠤᠯᠢ ᠶᠢᠨ ᠸᠠᠩ ᠪᠠᠭᠰᠢ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠵᠢᠴᠢ ᠪᠤᠭᠤᠲᠤ ᠬᠤᠲᠠ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠬᠤᠯᠪᠣᠭᠳᠠᠯ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠡᠷᠭᠡ ᠲᠥᠷᠥ ᠶᠢᠨ ᠪᠣᠳᠣᠯᠭ᠎ᠠ ᠶᠢ ᠨᠠᠷᠢᠨ ᠵᠠᠳᠠᠯᠪᠠ᠃        ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ ᠶᠢᠨ ᠳᠣᠲᠣᠨᠣ ᠦᠢᠯᠡᠴᠢᠯᠡᠭᠡ ᠮᠠᠨ ᠤ ᠠᠵᠤ ᠠᠬᠤᠶᠢᠯᠠᠯ ᠳᠤ ᠠᠪᠴᠤ ᠬᠡᠯᠡᠪᠡᠯ ᠦᠨᠡᠬᠡᠷ ᠰᠡᠳᠬᠢᠯ  ᠳᠤ ᠬᠠᠳᠠᠩᠰᠢᠵᠠᠢ᠃ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠠᠴᠠ ᠪᠢᠳᠡᠨ ᠳᠤ ᠲᠠᠪᠴᠠᠩ ᠪᠠᠶᠢᠭᠤᠯᠤᠨ ᠥᠭᠴᠦ᠂ ᠲᠤᠰᠬᠠᠢ ᠮᠡᠷᠭᠡᠵᠢᠯ ᠤᠨ ᠬᠠᠤᠯᠢᠴᠢ ᠶᠢᠨ ᠪᠦᠯᠬᠦᠮ ᠢᠶᠠᠷ ᠪᠢᠳᠡᠨ ᠢ ᠬᠠᠪᠰᠤᠷᠤᠨ ᠲᠤᠰ ᠪᠡᠶ᠎ᠡ ᠶᠢᠨ ᠠᠰᠠᠭᠤᠳᠠᠯ ᠢ ᠨᠢ ᠪᠠᠶᠢᠴᠠᠭᠠᠨ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ︾ ᠭᠡᠵᠦ ᠬᠡᠯᠡᠪᠡ᠃ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠶᠢᠨ ᠠᠵᠢᠯᠯᠠᠭ᠎ᠠ ᠨᠢ ᠠᠵᠤ ᠠᠬᠤᠶᠢᠯᠠᠯ ᠤᠨ ᠥᠷᠭᠡᠨ ᠳᠡᠯᠭᠡᠷ ᠵᠥᠪᠰᠢᠶᠡᠷᠡᠯ ᠪᠠ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠬᠢᠬᠦ ᠨᠢ ᠠᠵᠤ ᠠᠬᠤᠶᠢᠯᠠᠯ ᠢ ᠪᠦᠲᠦᠮᠵᠢᠲᠡᠶ ᠪᠠᠷ ᠬᠠᠪᠰᠤᠷᠤᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠤᠨ᠂ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠨᠢ ᠯᠠᠪᠲᠠᠶ ᠶᠤᠮ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号